ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠦᠷᠦᠨᠭᠭᠡ ᠵᠢᠨ ᠬᠠᠮᠢᠶᠠᠷᠤᠯᠳᠠ ᠵᠢᠨ ᠲᠦᠷᠢᠮ᠎ᠤᠨ ᠰᠢᠰᠲᠸᠮ᠎ᠢ ᠲᠡᠭᠦᠯᠳᠡᠷᠵᠢᠭᠦᠯᠬᠦ ᠲᠤᠬᠠᠢ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ ᠵᠢᠨ ᠠᠯᠪᠠᠨ ᠲᠢᠩᠬᠢᠮ ᠲᠦᠷᠦ᠎ᠶᠢᠨ ᠶᠠᠪᠤᠳᠠᠯ᠎ᠤᠨ ᠬᠣᠷᠢᠶ᠎ᠡ ᠵᠢᠨ ᠠᠯᠪᠠᠨ ᠲᠢᠩᠬᠢᠮ᠎ᠦᠨ ᠰᠠᠨᠠᠯ
2026-07-15 11:00:39
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

            (2026 ᠣᠨ᠎ᠤ 7 ᠰᠠᠷ᠎ᠠ᠎ᠶᠢᠨ 4᠎ᠤ᠋ ᠡᠳᠦᠷ)


ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠬᠠᠮᠢᠶᠠᠷᠤᠯᠲᠠ᠎ᠶᠢᠨ ᠳᠦᠷᠢᠮ᠎ᠦᠨ ᠰᠢᠰᠲᠧᠮ᠎ᠢ ᠲᠡᠭᠦᠯᠳᠡᠷᠵᠢᠭᠦᠯᠵᠦ᠂ ᠪᠥᠬᠥ ᠠᠷᠠᠳ᠎ᠤᠨ ᠥᠮᠴᠢᠯᠡᠯᠳᠦ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠥᠮᠴᠢᠯᠡᠭᠴᠢ᠎ᠶᠢᠨ ᠡᠭᠦᠷᠭᠡ ᠬᠠᠷᠢᠭᠤᠴᠠᠯᠭ᠎ᠠ᠎ᠶᠢ ᠨᠢᠭᠡᠳᠦᠯᠲᠡᠢ ᠭᠦᠢᠴᠡᠳᠬᠡᠬᠦ᠎ᠶᠢ ᠨᠠᠢᠳᠠᠪᠤᠷᠢᠵᠢᠭᠤᠯᠵᠤ᠂ ᠪᠠᠢᠭᠠᠯᠢ᠎ᠶᠢᠨ ᠡᠬᠢ ᠪᠠᠶᠠᠯᠢᠭ᠋᠎ᠤᠨ ᠠᠮᠤᠷ ᠲᠦᠪᠰᠢᠨ᠂ ᠥᠨᠳᠥᠷ ᠪᠦᠲᠦᠮᠵᠢᠲᠡᠶ᠂ ᠡᠭᠦᠷᠢᠳᠡ ᠠᠰᠢᠭ᠍ᠯᠠᠬᠤ ᠪᠠ ᠡᠳ᠋ ᠬᠥᠷᠥᠩᠭᠡ᠎ᠶᠢᠨ ᠥᠷᠲᠡᠭ᠎ᠢ ᠪᠠᠲᠤᠯᠠᠵᠤ ᠥᠷᠲᠡᠭ᠎ᠢ ᠨᠡᠮᠡᠭᠳᠡᠭᠦᠯᠬᠦ᠎ᠶᠢ ᠠᠬᠢᠭᠤᠯᠬᠤ᠎ᠶᠢᠨ ᠲᠦᠯᠦᠭᠡ᠂ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠵᠤ᠂ ᠡᠳᠦᠭᠡ ᠳᠤᠤᠷᠠᠬᠢ ᠰᠠᠨᠠᠯ᠎ᠢ ᠳᠤᠷᠠᠳᠪᠠ᠃

ᠨᠢᠭᠡ᠂ ᠶᠡᠷᠦᠩᠬᠡᠢ ᠱᠠᠭᠠᠷᠳᠠᠯᠭ᠎ᠠ

ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠳᠥᠷᠪᠡᠳᠦᠭᠡᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠪᠦᠬᠦ ᠲᠠᠯ᠎ᠠ ᠪᠡᠷ ᠲᠤᠭᠤᠰᠢᠯᠠᠭᠤᠯᠵᠤ᠂ ᠨᠤᠮᠢᠨ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠥᠨ ᠬᠠᠢᠷᠬᠠᠨ ᠮᠥᠨ ᠭᠡᠬᠦ ᠣᠢᠯᠠᠭᠠᠭᠳᠠᠬᠤᠨ᠎ᠢ ᠪᠠᠲᠤ ᠪᠡᠬᠢ ᠪᠤᠶ ᠪᠣᠯᠭᠠᠨ ᠦᠢᠯᠡᠳᠦᠯᠭᠡᠵᠢᠭᠦᠯᠵᠦ᠂ ᠪᠠᠢᠭᠠᠯᠢ᠎ᠶᠢ ᠬᠦᠨᠳᠦᠳᠬᠡᠵᠦ᠂ ᠪᠠᠢᠭᠠᠯᠢ ᠲᠠᠢ ᠵᠤᠬᠢᠴᠠᠨ᠂ ᠪᠠᠢᠭᠠᠯᠢ᠎ᠶᠢ ᠬᠠᠮᠠᠭᠠᠯᠠᠵᠤ᠂ ᠴᠢᠨᠠᠷ ᠰᠠᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢᠨ ᠬᠠᠷᠢᠴᠠᠭ᠎ᠠ᠎ᠶᠢ ᠰᠠᠢᠲᠤᠷ ᠰᠢᠢᠳᠪᠦᠷᠢᠯᠡᠵᠦ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠥᠮᠴᠢᠯᠡᠯ᠎ᠦᠨ ᠡᠷᠬᠡ᠎ᠶᠢᠨ ᠳᠦᠷᠢᠮ᠎ᠢ ᠲᠡᠭᠦᠯᠳᠡᠷᠵᠢᠭᠦᠯᠬᠦ᠎ᠪᠡᠷ ᠭᠤᠤᠯ ᠰᠢᠵᠢᠮ ᠪᠤᠯᠭᠠᠵᠤ᠂ ᠪᠠᠢᠭᠠᠯᠢ᠎ᠶᠢᠨ ᠡᠬᠢ ᠪᠠᠶᠠᠯᠢᠭ᠋᠎ᠤᠨ ᠪᠦᠬᠦᠯᠢ ᠴᠣᠭᠴᠠ᠎ᠶᠢᠨ ᠬᠠᠮᠠᠭᠠᠯᠠᠯᠲᠠ᠎ᠶᠢ ᠴᠢᠩᠭᠠᠳᠬᠠᠵᠤ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠥᠨᠳᠥᠷ ᠪᠦᠲᠦᠮᠵᠢᠲᠡᠶ ᠲᠣᠬᠢᠷᠠᠭᠤᠯᠤᠯᠲᠠ᠎ᠶᠢ ᠠᠬᠢᠭᠤᠯᠵᠤ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠥᠮᠴᠢᠯᠡᠭᠴᠢ᠎ᠶᠢᠨ ᠡᠷᠬᠡ ᠠᠰᠢᠭ᠋᠎ᠢ ᠬᠠᠮᠠᠭᠠᠯᠠᠵᠤ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠬᠠᠮᠢᠶᠠᠷᠤᠯᠲᠠ᠎ᠶᠢᠨ ᠪᠠᠢᠭᠤᠯᠤᠯ ᠲᠣᠭᠲᠡᠴᠡ᠎ᠶᠢ ᠪᠦᠷᠢᠨᠰᠢᠭᠦᠯᠵᠦ᠂ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠡᠬᠢ ᠪᠠᠶᠠᠯᠢᠭ᠋᠎ᠤᠨ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ ᠰᠠᠬᠢᠵᠤ᠂ ᠬᠥᠮᠥᠨ ᠬᠢᠭᠡᠳ ᠪᠠᠢᠭᠠᠯᠢ᠎ᠶᠢᠨ ᠡᠶ᠎ᠡ ᠵᠣᠬᠢᠴᠠᠨᠭᠭᠤᠢ ᠬᠠᠮᠲᠤ ᠣᠷᠣᠰᠢᠬᠤ ᠣᠳᠣᠬᠢᠴᠢᠯᠠᠯᠲᠠ᠎ᠶᠢ ᠠᠬᠢᠭᠤᠯᠬᠤ᠎ᠳᠤ ᠬᠦᠴᠦᠲᠡᠢ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠨ᠎ᠠ᠃

ᠭᠣᠣᠯ ᠬᠠᠷᠠᠯᠲᠠ ᠪᠣᠯ᠄ 2030 ᠣᠨ ᠪᠣᠯᠬᠤ᠎ᠳᠤ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠬᠠᠮᠢᠶᠠᠷᠤᠯᠲᠠ᠎ᠶᠢᠨ ᠳᠦᠷᠢᠮ᠎ᠦᠨ ᠰᠢᠰᠲᠧᠮ᠎ᠢ ᠨᠠᠩ ᠪᠦᠷᠢᠨᠰᠢᠭᠦᠯᠵᠦ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠭᠤᠤᠯ ᠴᠣᠭᠴᠠ ᠵᠢ ᠨᠠᠩ ᠲᠣᠳᠣᠷᠬᠠᠢ᠂ ᠡᠳ᠋ ᠬᠥᠷᠥᠩᠭᠡ᠎ᠶᠢᠨ ᠦᠨᠳᠦᠰᠦᠨ ᠪᠠᠢᠳᠠᠯ᠎ᠢ ᠨᠠᠩ ᠲᠣᠳᠣᠷᠬᠠᠢ᠂ ᠪᠦᠬᠦᠯᠢ ᠴᠣᠭᠴᠠ᠎ᠶᠢᠨ ᠬᠠᠮᠠᠭᠠᠯᠠᠯᠲᠠ᠎ᠶᠢ ᠨᠠᠩ ᠬᠦᠴᠦᠲᠡᠢ᠂ ᠡᠳ᠋ ᠬᠥᠷᠥᠩᠭᠡ᠎ᠶᠢᠨ ᠲᠣᠬᠢᠷᠠᠭᠤᠯᠤᠯᠲᠠ᠎ᠶᠢ ᠨᠠᠩ ᠥᠨᠳᠥᠷ ᠪᠦᠲᠦᠮᠵᠢᠲᠡᠶ᠂ ᠬᠢᠨᠠᠨ ᠰᠢᠯᠭᠠᠵᠤ ᠬᠢᠨᠠᠯᠲᠠ ᠲᠠᠯᠪᠢᠬᠤ᠎ᠶᠢ ᠨᠠᠩ ᠢᠯᠡᠭᠦᠦ ᠲᠡᠭᠦᠯᠳᠡᠷᠵᠢᠭᠦᠯᠵᠤ᠂ ᠡᠯ᠎ᠡ ᠲᠥᠷᠥᠯ᠎ᠦᠨ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ ᠪᠠ ᠪᠥᠬᠥ ᠤᠯᠤᠰ᠎ᠤᠨ ᠭᠠᠵᠠᠷ ᠰᠢᠷᠣᠢ᠎ᠶᠢᠨ ᠣᠷᠣᠨ ᠵᠠᠢ᠎ᠶᠢ ᠪᠦᠲᠦᠮᠵᠢᠲᠡᠶ ᠬᠠᠮᠠᠭᠠᠯᠠᠵᠤ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠬᠠᠮᠢᠶᠠᠷᠤᠯᠲᠠ᠎ᠶᠢᠨ ᠲᠦᠪᠰᠢᠨ᠎ᠢ ᠢᠯᠡᠳᠲᠡ ᠳᠡᠭᠡᠭᠰᠢᠯᠡᠬᠦᠯᠦᠨ᠎ᠡ᠃ 2035 ᠣᠨ ᠪᠣᠯᠬᠤ᠎ᠳᠤ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠬᠠᠮᠢᠶᠠᠷᠤᠯᠲᠠ᠎ᠶᠢᠨ ᠪᠠᠢᠭᠤᠯᠤᠯ ᠲᠣᠭᠲᠡᠴᠡ᠎ᠶᠢᠨ ᠠᠵᠢᠯᠯᠠᠭᠠᠨ᠎ᠢ ᠰᠢᠯᠤᠭᠤᠳᠬᠠᠵᠦ᠂ ᠰᠢᠰᠲᠧᠮ ᠨᠢ ᠪᠦᠷᠢᠨ ᠲᠡᠭᠦᠯᠳᠡᠷ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠬᠠᠮᠢᠶᠠᠷᠤᠯᠲᠠ᠎ᠶᠢᠨ ᠳᠦᠷᠢᠮ᠎ᠦᠨ ᠰᠢᠰᠲᠧᠮ᠎ᠢ ᠪᠥᠬᠥ ᠲᠠᠯ᠎ᠠ᠎ᠪᠠᠷ ᠪᠠᠢᠭᠤᠯᠵᠤ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠬᠠᠮᠢᠶᠠᠷᠤᠯᠲᠠ᠎ᠶᠢᠨ ᠲᠦᠪᠰᠢᠨ᠎ᠢ  ᠪᠦᠬᠦ ᠲᠠᠯ᠎ᠠ ᠪᠡᠷ ᠳᠡᠭᠡᠭᠰᠢᠯᠡᠬᠦᠯᠦᠨ᠎ᠡ᠃

ᠬᠣᠶᠠᠷ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠦᠨᠳᠦᠰᠦᠨ ᠪᠠᠢᠳᠠᠯ᠎ᠢ ᠲᠣᠳᠣᠷᠬᠠᠢ ᠣᠢᠯᠠᠭᠠᠨ᠎ᠠ

(ᠨᠢᠭᠡ) ᠪᠠᠢᠭᠠᠯᠢ᠎ᠶᠢᠨ ᠡᠬᠢ ᠪᠠᠶᠠᠯᠢᠭ᠋᠎ᠢ ᠨᠢᠭᠡᠳᠦᠯᠲᠡᠢ ᠪᠠᠢᠴᠠᠭᠠᠵᠤ ᠬᠢᠨᠠᠨ ᠬᠡᠮᠵᠢᠵᠦ ᠦᠨᠡᠯᠡᠬᠦ ᠳᠦᠷᠢᠮ᠎ᠢ ᠲᠡᠭᠦᠯᠳᠡᠷᠵᠢᠭᠦᠯᠦᠨ᠎ᠡ᠃ ᠭᠠᠵᠠᠷ ᠰᠢᠷᠣᠢ᠂ ᠠᠭᠤᠷᠬᠠᠢ᠎ᠶᠢᠨ ᠭᠠᠷᠤᠯᠲᠠ᠂ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠤᠰᠤ᠂ ᠲᠠᠯᠠᠢ ᠲᠠᠩᠭᠢᠰ᠂ ᠴᠦᠯᠯᠡᠷᠬᠡᠭ ᠭᠠᠵᠠᠷ ᠵᠡᠷᠭᠡ ᠡᠯ᠎ᠡ ᠲᠦᠷᠦᠯ᠎ᠦᠨ ᠪᠠᠢᠭᠠᠯᠢ᠎ᠶᠢᠨ ᠡᠬᠢ ᠪᠠᠶᠠᠯᠢᠭ᠋ ᠵᠢᠴᠢ ᠤᠯᠤᠰ᠎ᠤᠨ ᠴᠡᠴᠡᠷᠯᠢᠭ ᠵᠡᠷᠭᠡ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢ ᠬᠠᠮᠤᠷᠴᠤ᠂ ᠨᠢᠭᠡᠳᠦᠯᠲᠡᠢ ᠪᠠᠢᠴᠠᠭᠠᠯᠲᠠ᠎ᠶᠢᠨ ᠪᠠᠷᠢᠮᠵᠢᠶ᠎ᠠ᠎ᠶᠢᠨ ᠰᠢᠰᠲᠧᠮ᠎ᠢ ᠲᠡᠭᠦᠯᠳᠡᠷᠵᠢᠭᠦᠯᠦᠨ᠎ᠡ᠃ ᠤᠯᠤᠰ᠎ᠤᠨ ᠨᠤᠲᠤᠭ ᠳᠡᠪᠢᠰᠬᠡᠷ᠎ᠦᠨ ᠪᠠᠢᠴᠠᠭᠠᠯᠲᠠ ᠵᠢᠴᠢ ᠣᠨ᠎ᠤ ᠬᠤᠪᠢᠷᠠᠭᠤᠯᠤᠯᠲᠠ᠎ᠶᠢᠨ ᠪᠠᠢᠴᠠᠭᠠᠯᠲᠠ᠂ ᠪᠠᠢᠭᠠᠯᠢ᠎ᠶᠢᠨ ᠡᠬᠢ ᠪᠠᠶᠠᠯᠢᠭ᠋᠎ᠤᠨ ᠲᠤᠰᠬᠠᠢ ᠪᠠᠢᠴᠠᠭᠠᠯᠲᠠ ᠪᠠ ᠬᠢᠨᠠᠨ ᠬᠡᠮᠵᠢᠯᠲᠡ᠂ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠬᠥᠳᠡᠯᠦᠩᠭᠦᠢ ᠬᠢᠨᠠᠨ ᠬᠡᠮᠵᠢᠯᠲᠡ ᠵᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠲᠡᠯᠡᠶ ᠲᠠᠩᠭᠢᠰ᠎ᠤᠨ ᠶᠡᠷᠦᠩᠬᠡᠢᠯᠡᠭᠰᠡᠨ ᠪᠠᠢᠴᠠᠭᠠᠯᠲᠠ ᠵᠢ ᠰᠢᠰᠲᠸᠮᠴᠢᠯᠡᠨ ᠦᠷᠨᠢᠭᠦᠯᠵᠤ᠂ ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠴᠦᠯᠯᠡᠷᠬᠡᠭ ᠭᠠᠵᠠᠷ᠎ᠤᠨ ᠪᠠᠢᠴᠠᠭᠠᠯᠲᠠ ᠬᠢᠨᠠᠨ ᠬᠡᠮᠵᠢᠯᠲᠡ᠎ᠶᠢ ᠰᠢᠯᠢᠳᠡᠭᠵᠢᠭᠦᠯᠬᠦ ᠵᠡᠷᠭᠡ ᠪᠡᠷ ᠪᠠᠢᠭᠠᠯᠢ᠎ᠶᠢᠨ ᠡᠬᠢ ᠪᠠᠶᠠᠯᠢᠭ᠋᠎ᠤᠨ ᠦᠨᠳᠦᠰᠦᠨ ᠪᠠᠢᠳᠠᠯ᠎ᠢ ᠪᠥᠬᠥ ᠲᠠᠯ᠎ᠠ᠎ᠪᠠᠷ ᠡᠵᠡᠮᠰᠢᠨ᠎ᠡ᠃ ᠰᠢᠨ᠎ᠡ ᠬᠡᠯᠪᠡᠷᠢ᠎ᠶᠢᠨ ᠰᠠᠭᠤᠷᠢ ᠬᠡᠮᠵᠢᠨ ᠵᠢᠷᠤᠭᠯᠠᠯᠲᠠ᠎ᠶᠢᠨ ᠰᠢᠰᠲᠧᠮ᠎ᠦᠨ ᠪᠠᠢᠭᠤᠯᠤᠯᠲᠠ᠎ᠶᠢ ᠠᠬᠢᠭᠤᠯᠵᠤ᠂ ᠨᠢᠭᠡᠳᠦᠯᠲᠡᠢ ᠴᠠᠭ ᠬᠤᠭᠤᠴᠠᠭ᠎ᠠ ᠪᠠ ᠣᠷᠣᠨ ᠵᠠᠢ᠎ᠶᠢᠨ ᠰᠠᠭᠤᠷᠢ ᠪᠠᠷᠢᠮᠵᠢᠶ᠎ᠠ᠎ᠳᠤ ᠰᠠᠭᠤᠷᠢᠯᠠᠨ ᠪᠠᠢᠭᠠᠯᠢ᠎ᠶᠢᠨ ᠡᠬᠢ ᠪᠠᠶᠠᠯᠢᠭ᠋᠎ᠤᠨ ᠬᠠᠮᠢᠶᠠᠷᠤᠯᠲᠠ ᠪᠠ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠲᠥᠯᠦᠪᠵᠢᠭᠦᠯᠭᠡ᠎ᠶᠢᠨ 《ᠨᠢᠭᠡ ᠵᠢᠷᠤᠭ ᠲᠦᠰᠦᠪ》 ᠢ᠋ ᠪᠠᠢᠭᠤᠯᠤᠨ᠎ᠠ᠃ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠰᠠᠭᠤᠷᠢ ᠮᠡᠳᠡᠭᠡ ᠵᠠᠩᠭᠢ᠎ᠶᠢᠨ ᠲᠠᠪᠴᠠᠩ᠎ᠳᠤ ᠰᠠᠭᠤᠷᠢᠯᠠᠨ ᠪᠠᠢᠴᠠᠭᠠᠵᠤ ᠬᠢᠨᠠᠨ ᠬᠡᠮᠵᠢᠭᠰᠡᠨ ᠲᠣᠭ᠎ᠠ ᠪᠠᠷᠢᠮᠲᠠ᠎ᠶᠢ ᠵᠠᠳᠠᠯᠤᠨ ᠦᠨᠡᠯᠡᠬᠦ᠎ᠶᠢ ᠴᠢᠩᠭᠠᠳᠬᠠᠵᠤ᠂ ᠪᠠᠢᠭᠠᠯᠢ᠎ᠶᠢᠨ ᠡᠬᠢ ᠪᠠᠶᠠᠯᠢᠭ᠋᠎ᠢ ᠪᠠᠢᠴᠠᠭᠠᠵᠤ ᠬᠢᠨᠠᠨ ᠬᠡᠮᠵᠢᠭᠰᠡᠨ ᠦᠷ᠎ᠡ ᠪᠦᠲᠦᠭᠡᠯ᠎ᠢ ᠬᠡᠷᠡᠭᠯᠡᠬᠦ ᠪᠠ ᠬᠠᠮᠲᠤ᠎ᠪᠠᠷ ᠡᠳ᠋ᠯᠡᠬᠦ ᠲᠣᠭᠲᠡᠴᠡ᠎ᠶᠢ ᠪᠦᠷᠢᠨᠰᠢᠭᠦᠯᠦᠨ᠎ᠡ᠃ ᠪᠠᠢᠴᠠᠭᠠᠵᠤ ᠬᠢᠨᠠᠨ ᠬᠡᠮᠵᠢᠬᠦ ᠠᠵᠢᠯ᠎ᠤᠨ ᠲᠣᠭᠠᠴᠢᠯᠠᠯᠲᠠ ᠲᠡᠢᠰᠢ  ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠨ ᠠᠬᠢᠭᠤᠯᠤᠨ᠎ᠠ᠃

(ᠬᠣᠶᠠᠷ) ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢ ᠪᠠᠢᠴᠠᠭᠠᠵᠤ ᠪᠦᠷᠢᠳᠬᠡᠵᠤ ᠬᠠᠷᠭᠤᠭᠤᠯᠤᠨ ᠪᠤᠳᠤᠬᠤ ᠳᠦᠷᠢᠮ᠎ᠢ ᠪᠦᠷᠢᠨᠰᠢᠭᠦᠯᠦᠨ᠎ᠡ᠃ ᠪᠠᠢᠭᠠᠯᠢ᠎ᠶᠢᠨ ᠡᠬᠢ ᠪᠠᠶᠠᠯᠢᠭ᠋᠎ᠤᠨ ᠪᠠᠢᠴᠠᠭᠠᠯᠲᠠ᠂ ᠤᠯᠤᠰ᠎ᠤᠨ ᠭᠠᠵᠠᠷ ᠰᠢᠷᠣᠢ᠎ᠶᠢᠨ ᠣᠷᠣᠨ ᠵᠠᠢ᠎ᠶᠢᠨ ᠬᠢᠨᠠᠨ ᠬᠡᠮᠵᠢᠯᠲᠡ᠂ ᠡᠷᠬᠡ ᠵᠢ ᠨᠤᠲᠠᠯᠠᠬᠤ ᠳᠠᠩᠰᠠᠯᠠᠯᠲᠠ᠂ ᠲᠠᠰ ᠬᠤᠪᠢᠶᠠᠨ ᠲᠠᠰ ᠲᠣᠭᠲᠠᠭᠠᠨ ᠦᠨᠡᠯᠡᠬᠦ ᠵᠡᠷᠭᠡ ᠦᠷ᠎ᠡ ᠪᠦᠲᠦᠭᠡᠯ᠎ᠢ ᠠᠭᠤᠰᠤᠯᠴᠠᠭᠤᠯᠤᠨ ᠬᠡᠷᠡᠭᠯᠡᠵᠦ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢ ᠪᠠᠢᠴᠠᠭᠠᠬᠤ ᠠᠵᠢᠯ᠎ᠢ ᠲᠣᠭᠲᠠᠮᠠᠯ ᠬᠤᠭᠤᠴᠠᠭ᠎ᠠ᠎ᠲᠠᠢ ᠥᠷᠨᠢᠭᠦᠯᠵᠦ᠂ ᠪᠣᠳᠠᠲᠤ ᠪᠣᠳᠠᠰ᠎ᠤᠨ ᠬᠡᠮᠵᠢᠶ᠎ᠡ᠎ᠶᠢ ᠪᠠᠢᠴᠠᠭᠠᠵᠤ ᠲᠣᠳᠣᠯᠠᠨ᠂ ᠥᠷᠲᠡᠭ᠎ᠦᠨ ᠬᠡᠮᠵᠢᠶ᠎ᠡ᠎ᠶᠢ ᠬᠠᠷᠭᠤᠭᠤᠯᠤᠨ ᠪᠤᠳᠤᠬᠤ ᠵᠢ ᠰᠦᠪᠡᠭᠴᠢᠯᠡᠵᠤ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠰᠠᠭᠤᠷᠢ ᠲᠣᠭ᠎ᠠ᠎ᠶᠢ ᠲᠤᠳᠤᠷᠬᠠᠢ ᠣᠢᠯᠠᠭᠠᠵᠤ᠂ ᠬᠡᠷᠡᠭᠯᠡᠬᠦ ᠡᠷᠬᠡ᠎ᠶᠢᠨ ᠪᠠᠢᠳᠠᠯ᠎ᠢ ᠢᠯᠭᠠᠨ ᠲᠤᠳᠤᠷᠬᠠᠢᠯᠠᠨ᠎ᠠ᠃ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢ ᠪᠠᠢᠴᠠᠭᠠᠭᠰᠠᠨ ᠦᠷ᠎ᠡ ᠪᠦᠲᠦᠭᠡᠯ᠎ᠦᠨ ᠣᠨ᠎ᠤ ᠰᠢᠨᠡᠳᠬᠡᠬᠦ ᠲᠣᠭᠲᠡᠴᠡ᠎ᠶᠢ ᠪᠠᠢᠭᠤᠯᠵᠤ᠂ ᠪᠠᠢᠴᠠᠭᠠᠭᠰᠠᠨ ᠦᠷ᠎ᠡ ᠪᠦᠲᠦᠭᠡᠯ᠎ᠢ ᠵᠠᠳᠠᠯᠤᠨ ᠬᠡᠷᠡᠭᠯᠡᠬᠦ᠎ᠶᠢ ᠴᠢᠩᠭᠠᠳᠬᠠᠨ᠎ᠠ᠃ ᠪᠦᠬᠦ ᠠᠷᠠᠳ᠎ᠤᠨ ᠥᠮᠴᠢᠯᠡᠯᠳᠦ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢ ᠪᠦᠷᠢᠳᠬᠡᠬᠦ ᠲᠦᠷᠢᠮ᠎ᠢ ᠪᠦᠷᠢᠨᠰᠢᠭᠦᠯᠦᠨ᠎ᠡ᠃ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠥᠷᠢ ᠦᠭᠴᠡᠭᠡ ᠵᠢᠨ ᠬᠦᠰᠦᠨᠦᠭ᠎ᠢ ᠨᠠᠢᠷᠠᠭᠤᠯᠤᠨ ᠵᠣᠬᠢᠶᠠᠬᠤ ᠳᠦᠷᠢᠮ᠎ᠢ ᠲᠡᠭᠦᠯᠳᠡᠷᠵᠢᠭᠦᠯᠬᠦ᠎ᠶᠢᠨ ᠬᠠᠮᠲᠤ ᠪᠠᠢᠨᠭᠭᠤᠵᠢᠭᠤᠯᠤᠨ ᠨᠠᠢᠷᠠᠭᠤᠯᠤᠨ ᠵᠤᠬᠢᠶᠠᠬᠤ ᠵᠢ ᠠᠬᠢᠭᠤᠯᠤᠨ᠎ᠠ᠃ ᠪᠠᠢᠭᠠᠯᠢ᠎ᠶᠢᠨ ᠬᠥᠷᠥᠩᠭᠡ᠎ᠶᠢᠨ ᠬᠠᠷᠭᠤᠭᠤᠯᠤᠨ ᠪᠤᠳᠤᠬᠤ ᠵᠢ ᠰᠦᠪᠡᠭᠴᠢᠯᠡᠨ ᠥᠷᠨᠢᠭᠦᠯᠦᠨ᠎ᠡ᠃

ᠭᠤᠷᠪᠠ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠥᠮᠴᠢᠯᠡᠬᠦ ᠡᠷᠬᠡ᠎ᠶᠢᠨ ᠳᠦᠷᠢᠮ᠎ᠢ ᠪᠦᠷᠢᠨᠰᠢᠭᠦᠯᠦᠨ᠎ᠡ

(ᠭᠤᠷᠪᠠ) ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠠᠰᠢᠭ᠋ ᠤᠯᠬᠤ ᠪᠤᠳᠠᠰ᠎ᠤᠨ ᠡᠷᠬᠡ ᠵᠡᠷᠭᠡ ᠡᠷᠬᠡ᠎ᠶᠢᠨ ᠰᠢᠰᠲᠧᠮ᠎ᠢ ᠪᠦᠷᠢᠨᠰᠢᠭᠦᠯᠦᠨ᠎ᠡ᠃ ᠡᠬᠢ ᠪᠠᠶᠠᠯᠢᠭ᠋᠎ᠢ ᠨᠡᠶ᠋ᠢᠲᠡ᠎ᠳᠦ ᠥᠮᠴᠢᠯᠡᠭᠦᠯᠬᠦ᠂ ᠪᠣᠳᠠᠰ᠎ᠤᠨ ᠡᠷᠬᠡ᠎ᠶᠢ ᠬᠠᠤᠯᠢ᠎ᠪᠠᠷ ᠲᠣᠭᠲᠠᠭᠠᠬᠤ᠎ᠶᠢ ᠪᠠᠷᠢᠮᠲᠠᠯᠠᠵᠤ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠬᠡᠷᠡᠭᠯᠡᠬᠦ ᠡᠷᠬᠡ᠎ᠶᠢ ᠬᠠᠤᠯᠢ ᠶᠣᠰᠣᠭᠠᠷ ᠲᠣᠭᠲᠠᠭᠠᠨ ᠬᠠᠮᠠᠭᠠᠯᠠᠵᠤ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠥᠮᠴᠢᠯᠡᠬᠦ ᠡᠷᠬᠡ ᠪᠠ ᠬᠡᠷᠡᠭᠯᠡᠬᠦ ᠡᠷᠬᠡ᠎ᠶᠢ ᠰᠠᠯᠭᠠᠬᠤ᠎ᠶᠢ ᠠᠬᠢᠭᠤᠯᠤᠨ᠎ᠠ᠃ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠡᠷᠬᠡ᠎ᠶᠢᠨ ᠰᠢᠰᠲᠧᠮ᠎ᠢ ᠪᠠᠢᠭᠤᠯᠤᠨ ᠲᠡᠭᠦᠯᠳᠡᠷᠵᠢᠭᠦᠯᠵᠦ᠂ ᠬᠠᠷᠠᠭᠠᠯᠵᠠᠭᠰᠠᠨ ᠡᠷᠬᠡ᠎ᠶᠢᠨ ᠠᠭᠤᠯᠭ᠎ᠠ ᠪᠠ ᠬᠡᠷᠡᠭᠵᠢᠭᠦᠯᠬᠦ ᠠᠷᠭ᠎ᠠ ᠮᠠᠶᠢᠭ᠋᠎ᠢ ᠲᠣᠳᠣᠷᠬᠠᠢᠯᠠᠵᠤ᠂ ᠡᠬᠢ ᠪᠠᠶᠠᠯᠢᠭ᠋᠎ᠤᠨ ᠲᠦᠷᠦᠯ ᠵᠦᠢᠯ ᠰᠣᠯᠪᠢᠴᠠᠨ ᠳᠠᠪᠬᠤᠴᠠᠬᠤ ᠦᠶ᠎ᠡ᠎ᠳᠦ ᠡᠷᠬᠡ ᠨᠢ ᠲᠣᠳᠣᠷᠬᠠᠢ ᠪᠤᠰᠤ ᠪᠠᠢᠬᠤ ᠵᠡᠷᠭᠡ ᠠᠰᠠᠭᠤᠳᠠᠯ᠎ᠢ ᠰᠢᠢᠳᠪᠦᠷᠢᠯᠡᠨ᠎ᠡ᠃ ᠭᠦᠨ ᠳᠠᠪᠬᠤᠷᠭ᠎ᠠ᠎ᠶᠢᠨ ᠭᠠᠵᠠᠷ ᠳᠣᠣᠷᠠᠬᠢ ᠣᠷᠣᠨ ᠵᠠᠢ᠎ᠶᠢᠨ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ ᠬᠡᠷᠡᠭᠯᠡᠬᠦ ᠡᠷᠬᠡ᠎ᠶᠢ ᠲᠤᠰᠠᠭᠠᠷ ᠪᠠᠶ᠋ᠢᠭᠤᠯᠬᠤ᠎ᠶᠢ ᠰᠦᠪᠡᠭᠴᠢᠯᠡᠵᠦ᠂ ᠲᠥᠯᠥᠪᠵᠢᠭᠦᠯᠦᠨ ᠬᠠᠮᠠᠭᠠᠯᠠᠵᠤ ᠠᠰᠢᠭ᠍ᠯᠠᠬᠤ ᠠᠷᠭ᠎ᠠ ᠮᠠᠶᠢᠭ᠋ ᠯᠤᠭ᠎ᠠ ᠬᠠᠷᠠᠭᠠᠯᠵᠠᠭᠰᠠᠨ ᠭᠠᠵᠠᠷ ᠳᠣᠣᠷᠠᠬᠢ ᠣᠷᠣᠨ ᠵᠠᠢ᠎ᠶᠢᠨ ᠡᠷᠬᠡ᠎ᠶᠢᠨ ᠰᠢᠰᠲᠧᠮ᠎ᠢ ᠲᠡᠭᠦᠯᠳᠡᠷᠵᠢᠭᠦᠯᠦᠨ᠎ᠡ᠃ ᠤᠯᠤᠰ᠎ᠤᠨ ᠥᠮᠴᠢᠯᠡᠯ᠎ᠦᠨ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ᠎ᠶᠢ ᠪᠠᠶ᠋ᠢᠭᠤᠯᠬᠤ᠎ᠶᠢ ᠠᠬᠢᠭᠤᠯᠵᠤ᠂ ᠤᠯᠤᠰ᠎ᠤᠨ ᠥᠮᠴᠢᠯᠡᠯ᠎ᠦᠨ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠡᠷᠬᠡ ᠵᠢᠨ ᠰᠢᠰᠲᠸᠮ᠎ᠢ ᠪᠦᠷᠢᠨᠰᠢᠭᠦᠯᠦᠨ᠎ᠡ᠃ ᠳᠠᠯᠠᠢ᠎ᠶᠢ ᠳᠡᠪᠢᠰᠴᠦ ᠡᠬᠡ ᠬᠠᠭᠤᠷᠠᠢ ᠪᠣᠯᠭᠠᠭᠰᠠᠨ᠎ᠤ ᠳᠠᠷᠠᠭᠠᠬᠢ ᠳᠠᠯᠠᠢ᠎ᠶᠢᠨ ᠣᠷᠣᠨ᠎ᠤ ᠬᠡᠷᠡᠭᠯᠡᠬᠦ ᠡᠷᠬᠡ᠎ᠶᠢ ᠭᠠᠵᠠᠷ ᠰᠢᠷᠣᠢ᠎ᠶᠢᠨ ᠬᠡᠷᠡᠭᠯᠡᠬᠦ ᠡᠷᠬᠡ ᠪᠣᠯᠭᠠᠨ ᠬᠤᠪᠢᠷᠠᠭᠤᠯᠬᠤ᠎ᠶᠢ ᠵᠣᠯᠭᠠᠭᠤᠯᠬᠤ ᠲᠣᠭᠲᠡᠴᠡ᠎ᠶᠢ ᠲᠡᠭᠦᠯᠳᠡᠷᠵᠢᠭᠦᠯᠦᠨ᠎ᠡ᠃ ᠰᠠᠭᠤᠭᠠᠯᠢ ᠠᠷᠠᠳ ᠦᠭᠡᠢ ᠲᠠᠯᠠᠢ᠎ᠶᠢᠨ ᠠᠷᠠᠯ᠎ᠤᠨ ᠡᠷᠬᠡ᠎ᠶᠢᠨ ᠰᠢᠰᠲᠧᠮ᠎ᠢ ᠪᠠᠢᠭᠤᠯᠤᠨ᠎ᠠ᠃ ᠤᠰᠤ ᠬᠡᠷᠡᠭᠯᠡᠬᠦ ᠡᠷᠬᠡ᠎ᠶᠢᠨ ᠥᠭᠡᠷᠡᠴᠢᠯᠡᠯᠲᠡ᠎ᠶᠢ ᠬᠠᠤᠯᠢ ᠲᠣᠭᠲᠠᠭᠠᠯ ᠶᠣᠰᠣᠭᠠᠷ ᠠᠬᠢᠭᠤᠯᠵᠤ᠂ ᠡᠯ᠎ᠡ ᠣᠷᠣᠨ ᠪᠦᠰᠡ ᠪᠣᠯᠣᠨ ᠡᠯ᠎ᠡ ᠲᠥᠷᠥᠯ᠎ᠦᠨ ᠤᠰᠤ ᠲᠠᠲᠠᠵᠤ ᠬᠡᠷᠡᠭᠯᠡᠬᠦ ᠡᠷᠦᠬᠡ᠎ᠶᠢᠨ ᠤᠰᠤ ᠬᠡᠷᠡᠭᠯᠡᠬᠦ ᠡᠷᠬᠡ᠎ᠶᠢᠨ ᠵᠠᠭᠠᠭ ᠬᠢᠵᠠᠭᠠᠷ᠎ᠢ ᠲᠣᠳᠣᠷᠬᠠᠢᠯᠠᠨ᠎ᠠ᠃

(ᠳᠥᠷᠪᠡ) ᠪᠠᠢᠭᠠᠯᠢ᠎ᠶᠢᠨ ᠡᠬᠢ ᠪᠠᠶᠠᠯᠢᠭ᠋ ᠪᠠ ᠥᠯᠥ ᠬᠥᠳᠡᠯᠬᠦ ᠬᠥᠷᠥᠩᠭᠡ᠎ᠶᠢᠨ ᠨᠢᠭᠡᠳᠦᠯᠲᠡᠢ ᠡᠷᠬᠡ᠎ᠶᠢ ᠨᠤᠲᠠᠯᠠᠬᠤ ᠳᠡᠩᠰᠡᠯᠡᠯᠲᠠ᠎ᠶᠢ ᠪᠥᠬᠥ ᠲᠠᠯ᠎ᠠ᠎ᠪᠠᠷ ᠠᠬᠢᠭᠤᠯᠤᠨ᠎ᠠ᠃ ᠪᠠᠢᠭᠠᠯᠢ᠎ᠶᠢᠨ ᠡᠬᠢ ᠪᠠᠶᠠᠯᠢᠭ᠋᠎ᠤᠨ ᠡᠷᠬᠡ᠎ᠶᠢ ᠨᠤᠲᠠᠯᠠᠬᠤ ᠳᠠᠩᠰᠠᠯᠠᠯᠲᠠ ᠵᠢᠨ ᠳᠦᠷᠢᠮ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠤᠰᠤᠨ ᠤᠷᠤᠰᠬᠠᠯ᠂ ᠤᠢ ᠰᠢᠭᠤᠢ᠂ ᠠᠭᠤᠯᠠ ᠳᠠᠪᠠᠭ᠎ᠠ᠂ ᠨᠤᠲᠤᠭ ᠪᠡᠯᠴᠢᠭᠡᠷ᠂ ᠠᠲᠠᠷ ᠭᠠᠵᠠᠷ᠂ ᠭᠣᠣᠯ᠎ᠤᠨ ᠲᠠᠩ᠂ ᠲᠠᠯᠠᠢ᠎ᠶᠢᠨ ᠣᠷᠣᠨ᠂ ᠰᠠᠭᠤᠭᠠᠯᠢ ᠠᠷᠠᠳ ᠦᠭᠡᠢ ᠲᠠᠯᠠᠢ᠎ᠶᠢᠨ ᠠᠷᠠᠯ ᠵᠢᠴᠢ ᠬᠠᠳᠠᠭᠠᠯᠠᠭᠳᠡᠴᠡ᠎ᠶᠢ ᠬᠠᠢᠨ ᠲᠣᠳᠣᠯᠠᠭᠰᠠᠨ ᠠᠭᠤᠷᠬᠠᠢ᠎ᠶᠢᠨ ᠭᠠᠷᠤᠯᠲᠠ᠎ᠶᠢᠨ ᠡᠬᠢ ᠪᠠᠶᠠᠯᠢᠭ᠋ ᠵᠡᠷᠭᠡ ᠪᠠᠢᠭᠠᠯᠢ᠎ᠶᠢᠨ ᠡᠬᠢ ᠪᠠᠶᠠᠯᠢᠭ᠋ ᠪᠠ ᠤᠯᠤᠰ᠎ᠤᠨ ᠴᠡᠴᠡᠷᠯᠢᠭ᠂ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠂ ᠪᠠᠢᠭᠠᠯᠢ᠎ᠶᠢᠨ ᠴᠡᠴᠡᠷᠯᠢᠭ (ᠠᠯᠳᠠᠷᠲᠤ ᠦᠵᠡᠮᠵᠢ᠎ᠶᠢᠨ ᠣᠷᠣᠨ ᠪᠠᠭᠲᠠᠨ᠎ᠠ) ᠵᠡᠷᠭᠡ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠨᠢᠭᠡᠳᠦᠯᠲᠡᠢ ᠡᠷᠬᠡ᠎ᠶᠢ ᠨᠤᠲᠠᠯᠠᠬᠤ ᠳᠠᠩᠰᠠᠯᠠᠯᠲᠠ ᠵᠢᠨ ᠠᠵᠢᠯ᠎ᠢ ᠠᠬᠢᠭᠤᠯᠵᠤ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠥᠮᠴᠢᠯᠡᠬᠦ ᠡᠷᠬᠡ᠎ᠶᠢᠨ ᠭᠤᠤᠯ ᠴᠣᠭᠴᠠ ᠪᠠ ᠡᠷᠬᠡ᠎ᠶᠢᠨ ᠬᠠᠷᠢᠶᠠᠯᠠᠯ᠎ᠤᠨ ᠵᠠᠭᠠᠭ ᠱᠤᠭᠤᠮ᠎ᠢ ᠲᠣᠳᠣᠷᠬᠠᠢ ᠪᠣᠯᠭᠠᠨ᠎ᠠ᠃ ᠥᠯᠥ ᠬᠥᠳᠡᠯᠬᠦ ᠬᠥᠷᠥᠩᠭᠡ᠎ᠶᠢ ᠨᠢᠭᠡᠳᠦᠯᠲᠡᠢ ᠳᠡᠩᠰᠡᠯᠡᠬᠤ ᠥᠭᠡᠷᠡᠴᠢᠯᠡᠯᠲᠡ᠎ᠶᠢᠨ ᠦᠷ᠎ᠡ ᠪᠦᠲᠦᠭᠡᠯ᠎ᠢ ᠪᠡᠬᠢᠵᠢᠭᠦᠯᠵᠦ᠂ ᠳᠡᠩᠰᠡᠯᠡᠬᠤ᠎ᠶᠢ ᠵᠢᠷᠤᠮᠵᠢᠭᠤᠯᠬᠤ ᠲᠦᠪᠰᠢᠨ ᠪᠠ ᠲᠥᠬᠥᠮ ᠦᠵᠡᠭᠦᠯᠬᠦ ᠬᠡᠮᠵᠢᠶ᠎ᠡ᠎ᠶᠢ ᠳᠡᠭᠡᠭᠰᠢᠯᠡᠭᠦᠯᠦᠨ᠎ᠡ᠃ ᠬᠥᠳᠡᠭᠡ ᠲᠣᠰᠬᠣᠨ᠎ᠤ ᠬᠠᠮᠲᠤ᠎ᠶᠢᠨ ᠭᠠᠵᠠᠷ ᠰᠢᠷᠣᠢ᠎ᠶᠢᠨ ᠦᠮᠴᠢᠯᠡᠬᠦ ᠡᠷᠬᠡ᠎ᠶᠢᠨ ᠳᠠᠩᠰᠠᠯᠠᠯᠲᠠ ᠵᠢᠨ ᠦᠷ᠎ᠡ ᠪᠦᠲᠦᠭᠡᠯ᠎ᠢ ᠰᠢᠨᠡᠴᠢᠯᠡᠵᠤ ᠬᠡᠷᠡᠭᠯᠡᠬᠦ ᠵᠢ ᠭᠦᠨᠵᠡᠭᠡᠢᠷᠡᠭᠦᠯᠦᠨ᠎ᠡ᠃ ᠤᠢ ᠮᠣᠳᠣᠨ᠎ᠤ ᠡᠷᠬᠡ᠎ᠶᠢᠨ ᠲᠦᠷᠦᠯ᠂ ᠲᠠᠯᠠᠢ᠎ᠶᠢᠨ ᠣᠷᠣᠨ᠎ᠢ ᠬᠡᠷᠡᠭᠯᠡᠬᠦ ᠡᠷᠬᠡ ᠪᠠ ᠰᠠᠭᠤᠭᠠᠯᠢ ᠠᠷᠠᠳ ᠦᠭᠡᠢ ᠲᠠᠯᠠᠢ᠎ᠶᠢᠨ ᠠᠷᠠᠯ᠎ᠤᠨ ᠬᠡᠷᠡᠭᠯᠡᠬᠦ ᠡᠷᠬᠡ᠎ᠶᠢᠨ ᠦᠯᠦ ᠬᠥᠳᠡᠯᠬᠦ ᠬᠥᠷᠥᠩᠭᠡ᠎ᠶᠢᠨ ᠳᠠᠩᠰᠠᠯᠠᠯᠲᠠ᠎ᠶᠢ ᠵᠢᠷᠤᠮᠵᠢᠭᠤᠯᠤᠨ ᠥᠨᠳᠥᠷ ᠪᠦᠲᠦᠮᠵᠢᠲᠡᠶ ᠰᠠᠢᠲᠤᠷ ᠬᠢᠨ᠎ᠡ᠃ ᠭᠠᠵᠠᠷ ᠰᠢᠷᠣᠢ᠎ᠶᠢᠨ ᠬᠠᠷᠢᠶᠠᠯᠠᠯ᠎ᠤᠨ ᠳ᠋ᠠᠢᠲ᠋ᠠ ᠬᠥᠮᠥᠷᠭᠡ᠎ᠶᠢ ᠲᠦᠷᠭᠡᠳᠬᠡᠨ ᠲᠡᠭᠦᠯᠳᠡᠷᠵᠢᠭᠦᠯᠵᠦ᠂ ᠨᠢᠭᠡᠳᠦᠯᠲᠡᠢ ᠥᠮᠴᠢᠯᠡᠬᠦ ᠡᠷᠬᠡ᠎ᠶᠢᠨ ᠰᠠᠭᠤᠷᠢ ᠵᠠᠭᠪᠤᠷ᠎ᠢ ᠪᠣᠶ ᠪᠣᠯᠭᠠᠬᠤ᠎ᠶᠢ ᠠᠬᠢᠭᠤᠯᠤᠨ᠎ᠠ᠃

ᠳᠥᠷᠪᠡ᠂ ᠪᠠᠢᠭᠠᠯᠢ᠎ᠶᠢᠨ ᠡᠬᠢ ᠪᠠᠶᠠᠯᠢᠭ᠋᠎ᠤᠨ ᠪᠦᠬᠦᠯᠢ ᠴᠣᠭᠴᠠ᠎ᠶᠢᠨ ᠬᠠᠮᠠᠭᠠᠯᠠᠯᠲᠠ ᠵᠢ ᠴᠢᠨᠭᠭᠠᠳᠬᠠᠨ᠎ᠠ

(ᠲᠠᠪᠤ) ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠥᠷᠲᠡᠭ᠎ᠢ ᠪᠠᠲᠤᠯᠠᠨ ᠨᠡᠮᠡᠭᠳᠡᠭᠦᠯᠬᠦ᠎ᠶᠢ ᠠᠬᠢᠭᠤᠯᠤᠨ᠎ᠠ᠃ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠬᠠᠮᠢᠶᠠᠷᠤᠯᠲᠠ᠎ᠶᠢᠨ ᠭᠦᠢᠴᠡᠳᠬᠡᠯ ᠲᠣᠭ᠎ᠠ᠎ᠶᠢᠨ ᠰᠢᠰᠲᠧᠮ᠎ᠢ ᠪᠠᠶ᠋ᠢᠭᠤᠯᠬᠤ᠎ᠶᠢᠨ ᠬᠠᠮᠲᠤ ᠵᠢᠯᠤᠭᠣᠳᠬᠤ ᠦᠢᠯᠡᠳᠦᠯ᠎ᠢ ᠪᠠᠳᠠᠷᠠᠭᠤᠯᠵᠤ᠂ ᠪᠦᠬᠦᠯᠢ ᠴᠣᠭᠴᠠ᠎ᠶᠢᠨ ᠬᠠᠮᠠᠭᠠᠯᠠᠯᠲᠠ ᠪᠠ ᠵᠦᠢ ᠵᠣᠬᠢᠰᠲᠠᠢ ᠠᠰᠢᠭ᠍ᠯᠠᠯᠲᠠ᠎ᠶᠢ ᠴᠢᠨᠭᠭᠠᠷᠠᠭᠤᠯᠵᠤ᠂ ᠲᠠᠷᠢᠶᠠᠨ ᠭᠠᠵᠠᠷ ᠪᠠ ᠡᠭᠦᠷᠢᠳᠡ᠎ᠶᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ ᠬᠣᠷᠢᠭ᠎ᠠ ᠱᠤᠭᠤᠮ᠎ᠤᠨ ᠬᠢᠵᠠᠭᠠᠷᠯᠠᠯ᠎ᠢ ᠴᠢᠨᠭᠭᠠᠷᠠᠭᠤᠯᠵᠤ᠂ ᠬᠣᠲᠠ ᠪᠠᠯᠭᠠᠰᠤ᠎ᠶᠢᠨ ᠨᠡᠭᠡᠭᠡᠨ ᠬᠥᠭᠵᠢᠭᠦᠯᠦᠯᠲᠡ᠎ᠶᠢᠨ ᠵᠠᠭᠠᠭ ᠬᠢᠵᠠᠭᠠᠷ᠎ᠤᠨ ᠬᠠᠮᠢᠶᠠᠷᠤᠯᠲᠠ ᠡᠵᠡᠮᠳᠡᠯ᠎ᠢ ᠴᠢᠩᠳᠠᠯᠠᠨ᠎ᠠ᠃ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠵᠤ ᠬᠡᠷᠡᠭᠵᠢᠭᠦᠯᠬᠦ᠎ᠲᠠᠢ ᠤᠶᠠᠯᠳᠤᠭᠤᠯᠵᠤ᠂ ᠭᠠᠵᠠᠷ ᠰᠢᠷᠣᠢ᠎ᠶᠢ ᠬᠣᠯᠢᠯᠳᠤᠭᠤᠯᠤᠨ ᠨᠡᠭᠡᠭᠡᠨ ᠠᠰᠢᠭ᠍ᠯᠠᠬᠤ᠂ ᠣᠷᠣᠨ ᠵᠠᠢ᠎ᠶᠢ ᠨᠡᠢᠯᠡᠭᠦᠯᠦᠨ ᠠᠰᠢᠭ᠍ᠯᠠᠬᠤ ᠪᠠ ᠭᠠᠵᠠᠷ ᠰᠢᠷᠣᠢ᠎ᠶᠢᠨ ᠬᠡᠷᠡᠭᠯᠡᠯᠲᠡ᠎ᠶᠢ ᠬᠠᠤᠯᠢ ᠶᠣᠰᠣᠭᠠᠷ ᠵᠦᠢ ᠵᠣᠬᠢᠰᠲᠠᠢ ᠬᠤᠪᠢᠷᠠᠭᠤᠯᠬᠤ᠎ᠶᠢ ᠠᠬᠢᠭᠤᠯᠤᠨ᠎ᠠ᠃ ᠭᠤᠤᠯ ᠴᠣᠭᠴᠠ᠎ᠶᠢᠨ ᠴᠢᠳᠠᠮᠵᠢᠲᠤ ᠣᠷᠣᠨ᠎ᠤ ᠳᠦᠷᠢᠮ᠎ᠦᠨ ᠰᠢᠰᠲᠧᠮ᠎ᠢ ᠪᠦᠷᠢᠨᠰᠢᠭᠦᠯᠵᠦ᠂ ᠡᠯ᠎ᠡ ᠭᠠᠵᠠᠷ ᠣᠷᠣᠨ᠎ᠢ ᠬᠥᠲᠥᠯᠥᠨ ᠵᠢᠯᠤᠭᠣᠳᠴᠤ ᠡᠬᠢ ᠪᠠᠶᠠᠯᠢᠭ᠋᠎ᠤᠨ ᠲᠠᠪᠠᠭᠤᠯᠢᠬ ᠲᠠᠭᠠᠨ ᠰᠠᠭᠤᠷᠢᠯᠠᠨ ᠬᠠᠷᠢᠴᠠᠭᠤᠯᠤᠭᠰᠠᠨ ᠳᠠᠪᠠᠭᠤᠯᠢᠭ᠋᠎ᠢᠶᠠᠨ ᠪᠠᠳᠠᠷᠠᠭᠤᠯᠵᠤ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠦᠷᠳᠡᠭ᠎ᠢ ᠭᠦᠢᠴᠡᠳ ᠠᠭᠤᠳᠠᠯᠤᠨ ᠳᠡᠭᠡᠭᠰᠢᠯᠡᠭᠦᠯᠦᠨ᠎ᠡ᠃ ᠪᠠᠢᠭᠠᠯᠢ᠎ᠶᠢᠨ ᠡᠬᠢ ᠪᠠᠶᠠᠯᠢᠭ᠋᠎ᠢ ᠨᠡᠭᠡᠭᠡᠨ ᠠᠰᠢᠭ᠍ᠯᠠᠬᠤ ᠪᠦᠬᠦ ᠶᠠᠪᠤᠴᠠ᠎ᠳᠤ ᠠᠮᠢ ᠠᠬᠤᠢ᠎ᠶᠢ ᠬᠠᠮᠠᠭᠠᠯᠠᠨ ᠰᠡᠷᠭᠦᠭᠡᠬᠦ ᠪᠠ ᠰᠢᠰᠲᠧᠮ᠎ᠲᠠᠢ ᠵᠠᠰᠠᠬᠤ᠎ᠶᠢ ᠴᠢᠨᠭᠭᠠᠷᠠᠭᠤᠯᠵᠤ᠂ ᠵᠠᠬ᠎ᠠ ᠳᠡᠯᠭᠡᠭᠦᠷᠴᠢᠯᠡᠭᠰᠡᠨ ᠤᠯᠠᠨ ᠡᠰᠢᠴᠢᠯᠡᠭᠰᠡᠨ ᠣᠷᠣᠭᠤᠯᠤᠯᠲᠠ᠎ᠶᠢᠨ ᠲᠣᠭᠲᠡᠴᠡ᠎ᠶᠢ ᠪᠦᠷᠢᠨᠰᠢᠭᠦᠯᠵᠤ᠂ ᠬᠠᠮᠠᠭᠠᠯᠠᠨ ᠰᠡᠷᠭᠦᠭᠡᠬᠦ᠎ᠪᠡᠷ ᠳᠠᠮᠵᠢᠭᠤᠯᠤᠨ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠦᠷᠳᠡᠭ᠎ᠢ ᠪᠠᠲᠤᠯᠠᠵᠤ ᠦᠷᠳᠡᠭ᠎ᠢ ᠨᠡᠮᠡᠭᠳᠡᠭᠦᠯᠬᠦ᠎ᠶᠢ ᠠᠬᠢᠭᠤᠯᠤᠨ᠎ᠠ᠃ ᠠᠮᠢ ᠠᠬᠤᠢ᠎ᠶᠢᠨ ᠪᠦᠲᠦᠭᠡᠭᠳᠡᠬᠦᠨ᠎ᠦ ᠥᠷᠲᠡᠭ᠎ᠢ ᠪᠡᠶᠡᠯᠡᠭᠦᠯᠬᠦ ᠲᠣᠭᠲᠡᠴᠡ᠎ᠶᠢ ᠲᠡᠭᠦᠯᠳᠡᠷᠵᠢᠭᠦᠯᠵᠦ᠂ ᠡᠬᠢ ᠪᠠᠶᠠᠯᠢᠭ᠋᠎ᠤᠨ ᠡᠷᠬᠡ ᠠᠰᠢᠭ᠋᠎ᠤᠨ ᠭᠦᠢᠴᠡᠳᠬᠡᠯ ᠲᠣᠭ᠎ᠠ᠎ᠶᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠲᠣᠭᠲᠡᠴᠡ᠂ ᠡᠬᠡ ᠬᠠᠭᠤᠷᠠᠢ᠎ᠶᠢᠨ ᠪᠠᠢᠭᠠᠯᠢ᠎ᠶᠢᠨ ᠡᠷᠭᠢ᠎ᠶᠢᠨ ᠱᠤᠭᠤᠮ᠎ᠢ ᠡᠵᠡᠯᠡᠨ ᠬᠡᠷᠡᠭᠯᠡᠬᠦ ᠪᠠ ᠵᠠᠰᠠᠨ ᠰᠡᠷᠭᠦᠭᠡᠬᠦ᠎ᠶᠢ ᠲᠡᠩᠴᠡᠭᠦᠷᠢᠲᠡᠢ ᠪᠠᠢᠯᠭᠠᠬᠤ ᠲᠣᠭᠲᠡᠴᠡ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠤᠨ ᠳᠣᠲᠣᠷᠠᠬᠢ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠢ ᠰᠤᠯᠠᠯᠠᠨ ᠪᠤᠴᠠᠭᠠᠬᠤ ᠭᠦᠢᠴᠡᠳᠬᠡᠯ ᠲᠣᠭ᠎ᠠ᠎ᠶᠢ ᠠᠷᠠᠯᠵᠢᠶᠠᠯᠠᠬᠤ᠎ᠶᠢ ᠤᠷᠮᠠᠰᠢᠭᠤᠯᠬᠤ ᠲᠣᠭᠲᠡᠴᠡ᠎ᠶᠢ ᠰᠦᠪᠡᠭᠴᠢᠯᠡᠨ ᠪᠠᠢᠭᠤᠯᠵᠤ᠂ ᠬᠠᠮᠠᠭᠠᠯᠠᠯᠲᠠ᠎ᠶᠢᠨ ᠥᠪᠡᠷ᠎ᠦᠨ ᠥᠷᠲᠡᠭ᠎ᠢ ᠬᠠᠮᠲᠤ᠎ᠪᠠᠷ ᠳᠠᠭᠠᠭᠠᠬᠤ᠂ ᠠᠮᠢ ᠠᠬᠤᠢ᠎ᠶᠢᠨ ᠦᠷ᠎ᠡ ᠠᠰᠢᠭ᠋᠎ᠢ ᠬᠠᠮᠲᠤ᠎ᠪᠠᠷ ᠡᠳ᠋ᠯᠡᠬᠦ᠎ᠶᠢ ᠪᠡᠶᠡᠯᠡᠭᠦᠯᠦᠨ᠎ᠡ᠃

(ᠵᠢᠷᠭᠤᠭ᠎ᠠ) ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢ ᠨᠥᠭᠡᠴᠡᠯᠡᠨ ᠬᠠᠮᠢᠶᠠᠷᠴᠤ ᠬᠠᠮᠠᠭᠠᠯᠠᠬᠤ ᠲᠣᠭᠲᠠᠴᠠ᠎ᠶᠢ ᠰᠢᠯᠢᠳᠡᠭᠵᠢᠭᠦᠯᠦᠨ᠎ᠡ᠃ ᠭᠠᠵᠠᠷ ᠰᠢᠷᠣᠢ᠎ᠶᠢᠨ ᠨᠥᠭᠡᠴᠡᠯᠡᠯᠲᠡ᠎ᠶᠢᠨ ᠲᠡᠰ ᠬᠤᠪᠢᠶᠠᠭᠰᠠᠨ ᠬᠠᠮᠢᠶᠠᠷᠤᠯᠲᠠ᠎ᠶᠢ ᠲᠡᠭᠦᠯᠳᠡᠷᠵᠢᠭᠦᠯᠵᠦ᠂ ᠬᠡᠷᠡᠭᠯᠡᠬᠦ ᠡᠷᠬᠡ ᠲᠠᠢ ᠬᠦᠮᠦᠨ᠎ᠢ ᠨᠢ ᠲᠣᠭᠲᠠᠭᠠᠭᠠᠳᠤᠢ ᠪᠤᠢ ᠪᠦᠬᠦᠢ ᠤᠯᠤᠰ᠎ᠤᠨ ᠥᠮᠴᠢᠯᠡᠯ᠎ᠦᠨ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠢ ᠨᠥᠭᠡᠴᠡᠯᠡᠯᠲᠡ᠎ᠶᠢᠨ ᠬᠠᠮᠢᠶᠠᠷᠤᠯᠲᠠ᠎ᠳᠤ ᠣᠷᠣᠭᠤᠯᠤᠨ᠎ᠠ᠃ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢ ᠶᠡᠷᠦᠩᠬᠡᠢᠯᠡᠨ ᠬᠣᠷᠢᠶᠠᠨ ᠬᠠᠳᠠᠭᠠᠯᠠᠬᠤ᠎ᠶᠢ ᠰᠦᠪᠡᠭᠴᠢᠯᠡᠨ ᠥᠷᠨᠢᠭᠦᠯᠵᠦ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢ ᠨᠥᠭᠡᠴᠡᠯᠡᠬᠦ ᠲᠥᠯᠥᠪᠯᠡᠭᠡ᠎ᠶᠢ ᠲᠣᠭᠲᠠᠭᠠᠨ᠂ ᠨᠥᠭᠡᠴᠡᠯᠡᠯᠳᠡ᠎ᠶᠢᠨ ᠡᠳ᠋ ᠬᠥᠷᠥᠩᠭᠡ᠎ᠶᠢ ᠬᠠᠮᠢᠶᠠᠷᠤᠨ ᠬᠠᠮᠠᠭᠠᠯᠠᠬᠤ᠎ᠶᠢ ᠲᠥᠷᠥᠯ ᠬᠤᠪᠢᠶᠠᠨ ᠬᠡᠷᠡᠭᠵᠢᠭᠦᠯᠵᠦ᠂ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠣᠨᠴᠠᠯᠢᠭ᠋᠎ᠢᠶᠠᠷ ᠢᠯᠡᠷᠬᠡᠢ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠳᠦ ᠭᠣᠣᠯᠳᠠᠭᠤ ᠡᠳᠦᠷ ᠲᠤᠲᠤᠮ᠎ᠤᠨ ᠬᠠᠮᠢᠶᠠᠷᠤᠨ ᠬᠠᠮᠠᠭᠠᠯᠠᠬᠤ᠎ᠶᠢ ᠬᠡᠷᠡᠭᠵᠢᠭᠦᠯᠵᠦ᠂ ᠡᠵᠡᠩᠨᠡᠯᠲᠡ᠎ᠶᠢᠨ ᠴᠢᠨᠠᠷᠲᠠᠢ ᠣᠨᠴᠠᠯᠢᠭ᠋᠎ᠢᠶᠠᠷ ᠢᠯᠡᠷᠬᠡᠢ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠳᠦ ᠴᠢᠬᠤᠯᠠ ᠪᠦᠬᠦᠢ ᠡᠮᠦᠨᠡᠬᠢ ᠬᠤᠭᠤᠴᠠᠭᠠᠨ᠎ᠤ ᠨᠡᠭᠡᠭᠡᠨ ᠬᠥᠭᠵᠢᠭᠦᠯᠦᠯᠲᠡ ᠪᠠ ᠲᠦᠷ ᠴᠠᠭ᠎ᠤᠨ ᠠᠰᠢᠭ᠍ᠯᠠᠯᠲᠠ ᠬᠢᠵᠦ ᠪᠣᠯᠣᠨ᠎ᠠ᠃ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠲᠤᠰᠬᠠᠢ ᠡᠵᠡᠩᠨᠡᠯᠲᠡ᠎ᠶᠢᠨ ᠪᠠᠢᠭᠤᠯᠤᠮᠵᠢ᠂ ᠤᠯᠤᠰ᠎ᠤᠨ ᠥᠮᠴᠢᠯᠡᠯᠲᠦ ᠣᠶ ᠰᠢᠭᠤᠢ ᠪᠤᠶᠤ ᠲᠠᠷᠢᠶᠠᠯᠠᠩ᠎ᠤᠨ ᠡᠵᠡᠩᠨᠡᠯᠲᠡ᠎ᠶᠢᠨ ᠨᠢᠭᠡᠴᠢ ᠵᠡᠷᠭᠡ ᠨᠥᠬᠥᠴᠡᠯ᠎ᠳᠦ ᠨᠡᠢᠴᠡᠬᠦ ᠭᠣᠣᠯ ᠴᠣᠭᠴᠠ ᠡᠴᠡ ᠣᠨᠴᠠ ᠲᠣᠭᠲᠠᠭᠠᠭᠰᠠᠨ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢ ᠬᠠᠮᠢᠶᠠᠷᠴᠤ ᠬᠠᠮᠠᠭᠠᠯᠠᠬᠤ ᠵᠡᠷᠭᠡ ᠠᠵᠢᠯ᠎ᠢ ᠡᠭᠦᠷᠭᠡᠯᠡᠬᠦ᠎ᠶᠢ ᠰᠦᠪᠡᠭᠴᠢᠯᠡᠨ᠎ᠡ᠃

ᠲᠠᠪᠤ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠥᠨᠳᠥᠷ ᠦᠷ᠎ᠡ ᠪᠦᠲᠦᠮᠵᠢᠲᠡᠶ ᠳᠤᠬᠢᠷᠠᠭᠤᠯᠤᠯᠳᠠ ᠵᠢ ᠠᠬᠢᠭᠤᠯᠤᠨ᠎ᠠ

(ᠳᠣᠯᠣᠭ᠎ᠠ) ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠵᠠᠬ᠎ᠠ ᠳᠡᠯᠭᠡᠭᠦᠷ᠎ᠦᠨ ᠳᠦᠷᠢᠮ ᠪᠠ ᠳᠤᠭᠳᠠᠭᠠᠯ᠎ᠢ ᠲᠡᠭᠦᠯᠳᠡᠷᠵᠢᠭᠦᠯᠦᠨ᠎ᠡ᠃ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢ ᠲᠥᠯᠥᠪᠦᠷᠢ ᠲᠠᠢ ᠪᠡᠷ ᠬᠡᠷᠡᠭᠯᠡᠬᠦ ᠳᠦᠷᠢᠮ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢ ᠬᠤᠪᠢᠶᠠᠷᠢᠯᠠᠨ ᠰᠠᠯᠭᠠᠬᠤ᠂ ᠰᠢᠯᠵᠢᠭᠦᠯᠦᠨ ᠬᠤᠳᠠᠯᠳᠤᠬᠤ᠂ ᠲᠦᠷᠢᠶᠡᠰᠦᠯᠡᠭᠦᠯᠬᠦ᠂ ᠬᠠᠩᠰᠢᠯᠠᠨ ᠪᠡᠯᠡ ᠭᠠᠷᠭᠠᠬᠤ (ᠬᠤᠪᠢ ᠣᠷᠣᠭᠤᠯᠬᠤ)᠂ ᠬᠣᠯᠪᠤᠭᠠᠯᠠᠨ ᠡᠵᠡᠩᠨᠡᠬᠦ ᠪᠠ ᠳᠠᠭᠠᠭᠠᠴᠢᠯᠠᠨ ᠡᠵᠡᠩᠨᠡᠬᠦ ᠵᠡᠷᠭᠡ ᠲᠣᠬᠢᠷᠠᠭᠤᠯᠬᠤ ᠳᠦᠷᠢᠮ᠎ᠢ ᠬᠠᠤᠯᠢ ᠲᠣᠭᠲᠠᠭᠠᠯ ᠶᠣᠰᠣᠭᠠᠷ ᠪᠠᠢᠭᠤᠯᠤᠨ ᠪᠦᠷᠢᠨᠰᠢᠭᠦᠯᠵᠦ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢ ᠲᠣᠬᠢᠷᠠᠭᠤᠯᠬᠤ ᠬᠠᠮᠢᠶ᠎ᠠ ᠪᠦᠬᠦᠢ ᠭᠡᠷ᠎ᠡ᠎ᠶᠢ ᠲᠡᠭᠦᠯᠳᠡᠷᠵᠢᠭᠦᠯᠦᠨ᠂ ᠡᠯ᠎ᠡ ᠲᠠᠯ᠎ᠠ᠎ᠶᠢᠨ ᠡᠷᠬᠡ ᠡᠭᠦᠷᠭᠡ ᠬᠠᠷᠢᠭᠤᠴᠠᠯᠭ᠎ᠠ᠎ᠶᠢ ᠲᠣᠳᠣᠷᠬᠠᠢᠯᠠᠬᠤ᠎ᠶᠢᠨ ᠬᠠᠮᠲᠤ ᠪᠥᠬᠥ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠤ ᠬᠠᠮᠢᠶᠠᠷᠤᠯᠲᠠ᠎ᠶᠢ ᠬᠡᠷᠡᠭᠵᠢᠭᠦᠯᠦᠨ᠎ᠡ᠃ ᠤᠯᠤᠰ᠎ᠤᠨ ᠥᠮᠴᠢᠯᠡᠯ᠎ᠦᠨ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠦᠨ᠎ᠡ ᠲᠥᠯᠥᠪᠦᠷᠢ᠎ᠲᠠᠢ᠎ᠪᠡᠷ ᠬᠡᠷᠡᠭᠯᠡᠬᠦ ᠳᠦᠷᠢᠮ᠎ᠢ ᠰᠦᠪᠡᠭᠴᠢᠯᠡᠨ ᠪᠠᠢᠭᠤᠯᠤᠨ᠎ᠠ᠃ ᠠᠭᠤᠷᠬᠠᠢ᠎ᠶᠢᠨ ᠦᠢᠯᠡᠰ᠎ᠦᠨ ᠡᠷᠬᠡ᠎ᠶᠢ ᠥᠷᠢᠰᠦᠯᠳᠦᠭᠡᠨ᠎ᠦ ᠴᠢᠨᠠᠷᠲᠠᠢ᠎ᠪᠠᠷ ᠰᠢᠯᠵᠢᠭᠦᠯᠦᠨ ᠥᠭᠬᠦ᠎ᠶᠢ ᠪᠦᠬᠦ ᠲᠠᠯ᠎ᠠ᠎ᠪᠠᠷ ᠠᠬᠢᠭᠤᠯᠵᠤ᠂ ᠬᠡᠯᠡᠯᠴᠡᠭᠡᠷ᠎ᠢᠶᠡᠷ ᠰᠢᠯᠵᠢᠭᠦᠯᠦᠨ ᠥᠭᠬᠦ᠎ᠶᠢ ᠴᠢᠩᠭ᠎ᠠ ᠡᠵᠡᠮᠳᠡᠨ᠎ᠡ᠃ ᠲᠡᠯᠡᠢ᠎ᠶᠢᠨ ᠣᠷᠣᠨ᠎ᠢ ᠬᠡᠷᠡᠭᠯᠡᠬᠦ ᠡᠷᠬᠡ᠎ᠶᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠬᠠᠷᠢᠴᠠᠯ᠎ᠢ ᠠᠯᠬᠤᠮ ᠠᠯᠬᠤᠮ᠎ᠢᠶᠠᠷ ᠳᠡᠭᠡᠭᠰᠢᠯᠡᠬᠦᠯᠦᠨ᠎ᠡ᠃ ᠤᠰᠤ ᠬᠡᠷᠡᠭᠯᠡᠬᠦ ᠡᠷᠬᠡ᠎ᠶᠢᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠪᠣᠢᠵᠢᠭᠤᠯᠤᠨ ᠵᠢᠷᠤᠮᠵᠢᠭᠤᠯᠤᠨ᠎ᠠ᠃ ᠬᠠᠤᠯᠢ ᠲᠣᠭᠲᠠᠭᠠᠯ ᠶᠣᠰᠣᠭᠠᠷ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢ ᠲᠡᠰ ᠬᠤᠪᠢᠶᠠᠨ ᠦᠨ᠎ᠠ ᠬᠠᠩᠰᠢ ᠵᠢ ᠵᠢᠱ᠌ᠢᠬᠦ ᠳᠦᠷᠢᠮ᠎ᠢ ᠲᠣᠭᠲᠠᠭᠠᠵᠤ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠦᠨ᠎ᠡ ᠬᠠᠩᠰᠢ᠎ᠶᠢᠨ ᠰᠢᠰᠲᠧᠮ᠎ᠢ ᠪᠦᠷᠢᠨᠰᠢᠭᠦᠯᠦᠨ᠎ᠡ᠃ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠠᠷᠠᠯᠵᠢᠶᠠᠨ᠎ᠤ ᠲᠣᠭᠲᠠᠴᠠ᠎ᠶᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ᠎ᠦᠨ ᠪᠠᠢᠳᠠᠯ᠎ᠢ ᠬᠥᠳᠡᠯᠦᠩᠭᠦᠢ ᠪᠡᠷ ᠬᠢᠨᠠᠨ ᠬᠡᠮᠵᠢᠵᠦ ᠬᠢᠨᠠᠨ ᠬᠠᠮᠢᠶᠠᠷᠬᠤ᠎ᠶᠢ ᠴᠢᠩᠭᠠᠳᠬᠠᠵᠤ᠂ ᠵᠠᠬ᠎ᠠ ᠳᠡᠯᠭᠡᠭᠦᠷ᠎ᠦᠨ ᠢᠲᠡᠭᠡᠮᠵᠢ᠎ᠶᠢᠨ ᠰᠢᠰᠲᠧᠮ᠎ᠢ ᠪᠠᠢᠭᠤᠯᠵᠤ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠵᠠᠬ᠎ᠠ ᠳᠡᠯᠭᠡᠭᠦᠷ᠎ᠦᠨ ᠡᠮᠬᠢ ᠲᠢᠭᠯᠢᠮ᠎ᠢ ᠬᠠᠮᠠᠭᠠᠯᠠᠨ᠎ᠠ᠃

(ᠨᠠᠢ᠍ᠮᠠ) ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠲᠣᠬᠢᠷᠠᠭᠤᠯᠤᠯᠲᠠ᠎ᠶᠢᠨ ᠰᠢᠨ᠎ᠡ ᠵᠠᠭᠪᠤᠷ ᠰᠢᠨ᠎ᠡ ᠠᠷᠭ᠎ᠠ ᠵᠠᠮ᠎ᠢ ᠪᠠᠢᠭᠤᠯᠤᠨ᠎ᠠ᠃ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠦᠪᠵᠢᠭᠦᠯᠭᠡ᠂ ᠤᠯᠤᠰ᠎ᠤᠨ ᠭᠠᠵᠠᠷ ᠰᠢᠷᠣᠢ᠎ᠶᠢᠨ ᠣᠷᠣᠨ ᠵᠠᠢ᠎ᠶᠢᠨ ᠲᠥᠯᠦᠪᠵᠢᠭᠦᠯᠭᠡ᠎ᠶᠢ ᠦᠨᠳᠦᠰᠦᠯᠡᠨ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠲᠣᠬᠢᠷᠠᠭᠤᠯᠤᠯᠲᠠ᠎ᠶᠢᠨ ᠲᠥᠰᠥᠯ᠎ᠢ ᠰᠦᠪᠡᠭᠴᠢᠯᠡᠨ ᠨᠠᠢᠷᠠᠭᠤᠯᠤᠨ ᠵᠣᠬᠢᠶᠠᠵᠤ᠂ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ᠂ ᠡᠵᠡᠩᠨᠡᠯᠲᠡ᠎ᠶᠢᠨ ᠴᠢᠨᠠᠷᠲᠠᠢ ᠡᠳ᠋ ᠬᠥᠷᠥᠩᠭᠡ᠎ᠶᠢ ᠢᠯᠭᠠᠨ ᠰᠠᠯᠭᠠᠵᠤ᠂ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠤᠯᠤᠰ᠎ᠤᠨ ᠭᠠᠵᠠᠷ ᠰᠢᠷᠣᠢ᠎ᠶᠢᠨ ᠣᠷᠣᠨ ᠵᠠᠢ᠎ᠶᠢᠨ ᠲᠥᠯᠦᠪᠵᠢᠭᠦᠯᠭᠡ᠎ᠳᠦ ᠨᠥᠭᠡᠴᠡᠯᠡᠬᠦ ᠬᠡᠰᠡᠭ ᠲᠤᠭᠤᠷᠢᠭ᠂ ᠲᠣᠬᠢᠷᠠᠭᠤᠯᠬᠤ ᠨᠢᠭᠡᠴᠢ᠎ᠶᠢ ᠬᠤᠪᠢᠶᠠᠷᠢᠯᠠᠨ ᠲᠣᠭᠲᠠᠭᠠᠵᠤ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠨᠥᠭᠡᠴᠡᠯᠡᠬᠦ᠂ ᠲᠣᠬᠢᠷᠠᠭᠤᠯᠬᠤ᠂ ᠥᠷᠲᠡᠭ᠎ᠢ ᠪᠡᠶᠡᠯᠡᠭᠦᠯᠬᠦ᠂ ᠠᠰᠢᠭ᠋ ᠣᠷᠣᠯᠭ᠎ᠠ᠎ᠶᠢ ᠬᠠᠮᠢᠶᠠᠷᠬᠤ ᠵᠡᠷᠭᠡ ᠠᠭᠤᠯᠭ᠎ᠠ᠎ᠶᠢ ᠨᠢᠭᠡᠳᠦᠯᠲᠡᠢ ᠲᠥᠯᠥᠪᠵᠢᠬᠦᠯᠦᠨ ᠲᠦᠰᠦᠪᠯᠡᠵᠦ᠂ ᠡᠳ᠋ ᠬᠥᠷᠥᠩᠭᠡ᠎ᠶᠢᠨ ᠬᠠᠮ ᠴᠤᠬᠴᠠ ᠵᠢ ᠪᠦᠷᠢᠯᠳᠦᠭᠦᠯᠦᠨ᠎ᠡ᠃ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠲᠣᠬᠢᠷᠠᠭᠤᠯᠤᠯᠲᠠ᠎ᠶᠢᠨ ᠲᠥᠰᠥᠯ ᠬᠢᠭᠡᠳ ᠤᠯᠤᠰ᠎ᠤᠨ ᠭᠠᠵᠠᠷ ᠰᠢᠷᠣᠢ᠎ᠶᠢᠨ ᠣᠷᠣᠨ ᠵᠠᠢ᠎ᠶᠢᠨ ᠲᠥᠯᠦᠪᠵᠢᠭᠦᠯᠭᠡ᠎ᠶᠢᠨ ᠬᠠᠮᠵᠢᠯᠴᠠᠭ᠎ᠠ᠎ᠶᠢ ᠴᠢᠩᠭᠠᠳᠬᠠᠵᠤ᠂ ᠨᠠᠷᠢᠨ ᠲᠥᠯᠦᠪᠵᠢᠭᠦᠯᠭᠡ᠎ᠶᠢᠨ ᠬᠣᠯᠪᠣᠭᠳᠠᠯ ᠪᠦᠬᠦᠢ ᠭᠠᠵᠠᠷ ᠰᠢᠷᠣᠢ ᠪᠠ ᠣᠷᠣᠨ ᠵᠠᠢ᠎ᠶᠢᠨ ᠬᠡᠷᠡᠭᠯᠡᠯᠲᠡ᠎ᠶᠢᠨ ᠰᠢᠨᠵᠢ ᠴᠢᠨᠠᠷ᠂ ᠨᠡᠭᠡᠭᠡᠨ ᠬᠥᠭᠵᠢᠭᠦᠯᠬᠦ ᠡᠷᠴᠢᠮ ᠵᠡᠷᠭᠡ ᠱᠠᠭᠠᠷᠳᠠᠯᠭ᠎ᠠ᠎ᠶᠢ ᠨᠠᠢᠳᠠᠪᠤᠷᠢᠵᠢᠭᠤᠯᠬᠤ᠎ᠲᠠᠢ ᠤᠶᠠᠯᠳᠤᠭᠤᠯᠤᠨ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠲᠣᠬᠢᠷᠠᠭᠤᠯᠤᠯᠲᠠ᠎ᠶᠢᠨ ᠬᠡᠪᠴᠢᠶ᠎ᠡ᠂ ᠬᠡᠷᠡᠭᠴᠡᠭᠡ᠂ ᠪᠦᠲᠦᠴᠡ᠂ ᠬᠡᠯᠪᠡᠷᠢ ᠪᠠᠢᠳᠠᠯ᠂ ᠠᠷᠭ᠎ᠠ ᠮᠠᠶᠢᠭ᠋᠂ ᠴᠠᠭ᠎ᠤᠨ ᠳᠠᠷᠠᠭᠠᠯᠠᠯ᠎ᠢ ᠲᠣᠳᠣᠷᠬᠠᠢ ᠪᠣᠯᠭᠠᠬᠤ᠎ᠶᠢᠨ ᠬᠠᠮᠲᠤ ᠨᠠᠷᠢᠯᠢᠭ᠍ᠵᠢᠭᠤᠯᠤᠨ᠎ᠠ᠃ ᠤᠯᠠᠨ ᠡᠯᠧᠮᠧᠨ᠋ᠲ᠎ᠲᠠᠢ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠬᠠᠮ ᠴᠤᠬᠴᠠ ᠵᠢ ᠲᠣᠬᠢᠷᠠᠭᠤᠯᠬᠤ ᠳᠦᠷᠢᠮ ᠪᠠ ᠦᠨ᠎ᠠ ᠬᠠᠩᠰᠢ ᠵᠢ ᠵᠢᠱ᠌ᠢᠬᠦ ᠮᠡᠷᠭᠡᠵᠢᠯ᠎ᠦᠨ ᠰᠢᠰᠲᠧᠮ᠎ᠢ ᠲᠡᠭᠦᠯᠳᠡᠷᠵᠢᠭᠦᠯᠵᠦ᠂ ᠣᠨᠴᠠ ᠲᠣᠭᠲᠠᠭᠠᠭᠰᠠᠨ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠬᠡᠪᠴᠢᠶᠡᠨ᠎ᠳᠦ ᠠᠳᠠᠯᠢ ᠨᠢᠭᠡᠨ ᠬᠡᠷᠡᠭᠯᠡᠬᠦ ᠭᠤᠤᠯ ᠴᠣᠭᠴᠠ ᠡᠴᠡ ᠤᠯᠠᠨ ᠲᠦᠷᠦᠯ᠎ᠦᠨ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢ ᠪᠦᠬᠦᠯᠢ ᠴᠣᠭᠴᠠ᠎ᠪᠠᠷ ᠨᠢ ᠬᠡᠷᠡᠭᠯᠡᠬᠦ ᠴᠢᠬᠤᠯᠠᠲᠠᠢ ᠪᠠᠢᠪᠠᠯ᠂ ᠬᠠᠮ ᠴᠤᠬᠴᠠ ᠪᠡᠷ ᠨᠢ ᠲᠣᠬᠢᠷᠠᠭᠤᠯᠬᠤ᠎ᠶᠢ ᠬᠠᠤᠯᠢ ᠶᠣᠰᠣᠭᠠᠷ ᠬᠡᠷᠡᠭᠵᠢᠭᠦᠯᠵᠦ ᠪᠣᠯᠣᠨ᠎ᠠ᠃ ᠡᠯ᠎ᠡ ᠲᠥᠷᠥᠯ᠎ᠦᠨ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠬᠡᠷᠡᠭᠯᠡᠬᠦ ᠨᠥᠬᠥᠴᠡᠯ᠂ ᠨᠡᠭᠡᠭᠡᠨ ᠬᠥᠭᠵᠢᠭᠦᠯᠬᠦ ᠱᠠᠭᠠᠷᠳᠠᠯᠭ᠎ᠠ᠂ ᠡᠬᠢᠯᠡᠯᠲᠡ᠎ᠶᠢᠨ ᠦᠨ᠎ᠡ᠂ ᠠᠰᠢᠭ᠋ ᠣᠷᠣᠯᠭ᠎ᠠ᠎ᠶᠢ ᠬᠠᠷᠭᠤᠭᠤᠯᠤᠨ ᠪᠤᠳᠤᠬᠤ ᠪᠠ ᠠᠮᠢ ᠠᠬᠤᠢ᠎ᠶᠢᠨ ᠬᠠᠮᠠᠭᠠᠯᠠᠯᠲᠠ ᠰᠡᠷᠭᠦᠭᠡᠯᠲᠡ᠎ᠶᠢᠨ ᠱᠠᠭᠠᠷᠳᠠᠯᠭ᠎ᠠ ᠵᠡᠷᠭᠡ᠎ᠶᠢ ᠬᠠᠮ ᠴᠤᠬᠴᠠ᠎ᠶᠢᠨ ᠲᠣᠬᠢᠷᠠᠭᠤᠯᠤᠯᠲᠠ᠎ᠶᠢᠨ ᠲᠥᠰᠥᠯ᠎ᠳᠦ ᠣᠷᠣᠭᠤᠯᠵᠤ᠂ ᠬᠠᠮᠲᠤ ᠳ᠋ᠤᠨᠢ ᠨᠡᠢᠭᠡᠮ ᠨᠡᠶ᠋ᠢᠲᠡ᠎ᠳᠦ ᠵᠠᠷᠯᠠᠨ ᠨᠡᠢᠲᠡᠯᠡᠵᠦ᠂ ᠡᠳ᠋ ᠬᠥᠷᠥᠩᠭᠡ᠎ᠶᠢᠨ ᠲᠣᠬᠢᠷᠠᠭᠤᠯᠤᠯᠲᠠ᠎ᠶᠢᠨ ᠭᠡᠷ᠎ᠡ ᠲᠣᠭᠲᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠦᠳ ᠡᠭᠦᠷᠭᠡ ᠬᠠᠷᠢᠭᠤᠴᠠᠯᠭ᠎ᠠ᠎ᠶᠢᠨ ᠶᠣᠰᠣᠭᠠᠷ ᠬᠢᠨᠠᠨ ᠬᠠᠮᠢᠶᠠᠷᠤᠨ᠎ᠠ᠃ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠬᠠᠮ ᠴᠤᠬᠴᠠ ᠵᠢᠨ ᠲᠣᠬᠢᠷᠠᠭᠤᠯᠭ᠎ᠠ᠎ᠶᠢᠨ ᠠᠰᠢᠭ᠋ ᠣᠯᠵᠠᠪᠤᠷᠢ᠎ᠶᠢ ᠡᠬᠢ ᠪᠠᠶᠠᠯᠢᠭ᠋᠎ᠤᠨ ᠲᠥᠷᠥᠯ ᠵᠦᠢᠯ᠎ᠢᠶᠡᠷ ᠬᠠᠷᠭᠤᠭᠤᠯᠤᠨ ᠪᠤᠳᠤᠬᠤ ᠠᠷᠭ᠎ᠠ᠎ᠶᠢ ᠰᠦᠪᠡᠭᠴᠢᠯᠡᠨ ᠰᠤᠳᠤᠯᠬᠤ᠎ᠶᠢᠨ ᠬᠠᠮᠲᠤ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠠᠰᠢᠭ᠋ ᠣᠯᠵᠠᠪᠤᠷᠢ᠎ᠶᠢᠨ ᠬᠤᠪᠢᠶᠠᠷᠢᠯᠠᠯᠲᠠ ᠪᠠ ᠬᠠᠮᠢᠶᠠᠷᠤᠯᠲᠠ᠎ᠶᠢᠨ ᠳᠦᠷᠢᠮ ᠯᠦ᠍ᠭᠡ ᠰᠠᠢᠲᠤᠷ ᠵᠣᠯᠭᠠᠭᠤᠯᠤᠨ᠎ᠠ᠃

ᠵᠢᠷᠭᠤᠭ᠎ᠠ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠳᠦ ᠬᠢᠨᠠᠯᠲᠠ ᠲᠠᠯᠪᠢᠵᠤ ᠰᠢᠯᠭᠠᠨ ᠬᠢᠨᠠᠬᠤ᠎ᠶᠢ ᠳᠡᠭᠦᠯᠳᠡᠷᠵᠢᠬᠦᠯᠦᠨ᠎ᠡ

(ᠶᠢᠰᠦ) ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠠᠰᠢᠭ᠋ ᠣᠷᠣᠯᠭ᠎ᠠ᠎ᠶᠢᠨ ᠬᠠᠮᠢᠶᠠᠷᠤᠯᠳᠠ ᠵᠢ ᠴᠢᠩᠭᠠᠳᠬᠠᠨ᠎ᠠ᠃ ᠪᠦᠬᠦ ᠠᠷᠠᠳ᠎ᠤᠨ ᠦᠮᠴᠢᠯᠡᠯᠳᠦ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠠᠰᠢᠭ᠋ ᠣᠷᠣᠯᠭ᠎ᠠ᠎ᠶᠢᠨ ᠨᠢᠭᠡᠳᠦᠯᠲᠡᠢ ᠬᠠᠮᠢᠶᠠᠷᠤᠯᠲᠠ᠎ᠶᠢᠨ ᠳᠦᠷᠢᠮ᠎ᠢ ᠪᠠᠢᠭᠤᠯᠵᠤ᠂ ᠬᠠᠮᠢᠶ᠎ᠠ ᠪᠦᠬᠦᠢ ᠣᠷᠣᠯᠭ᠎ᠠ᠎ᠶᠢ ᠪᠦᠬᠦᠨ᠎ᠢ ᠵᠠᠰᠠᠭ᠎ᠤᠨ ᠣᠷᠳᠣᠨ᠎ᠤ ᠲᠦᠰᠦᠪ᠎ᠲᠦ ᠤᠷᠤᠭᠤᠯᠤᠨ᠎ᠠ᠃ ᠪᠦᠬᠦ ᠠᠷᠠᠳ᠎ᠤᠨ ᠦᠮᠴᠢᠯᠡᠯᠳᠦ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠠᠰᠢᠭ᠋ ᠣᠷᠣᠯᠭ᠎ᠠ᠎ᠶᠢᠨ ᠥᠪᠡᠷ᠎ᠦᠨ ᠦᠷᠲᠡᠭ᠎ᠢ ᠬᠠᠷᠭᠤᠭᠤᠯᠤᠨ ᠪᠤᠳᠤᠬᠤ ᠳᠦᠷᠢᠮ᠎ᠢ ᠪᠦᠷᠢᠨᠰᠢᠭᠦᠯᠵᠦ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠠᠰᠢᠭ᠋ ᠣᠷᠣᠯᠭ᠎ᠠ᠎ᠶᠢᠨ ᠬᠠᠮᠢᠶᠠᠷᠤᠯᠳᠠ ᠵᠢ ᠴᠢᠩᠭᠠᠳᠬᠠᠨ᠎ᠠ᠃ ᠬᠥᠳᠡᠭᠡ ᠲᠣᠰᠬᠣᠨ᠎ᠤ ᠬᠠᠮᠲᠤ᠎ᠶᠢᠨ ᠡᠵᠡᠩᠨᠡᠯᠲᠡ᠎ᠶᠢᠨ ᠴᠢᠨᠠᠷᠲᠠᠢ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠢ ᠵᠠᠬ᠎ᠠ ᠳᠡᠯᠭᠡᠭᠦᠷ᠎ᠲᠦ ᠣᠷᠣᠭᠤᠯᠤᠭᠰᠠᠨ ᠦᠷᠳᠡᠭ᠎ᠤᠨ ᠨᠡᠮᠡᠭᠳᠡᠯ᠎ᠦᠨ ᠠᠰᠢᠭ᠋ ᠣᠷᠣᠯᠭ᠎ᠠ᠎ᠶᠢᠨ ᠬᠤᠪᠢᠶᠠᠷᠢᠯᠠᠯᠲᠠ᠎ᠶᠢᠨ ᠳᠤᠭᠳᠠᠴᠠ ᠵᠢ ᠪᠦᠷᠢᠨᠰᠢᠬᠦᠯᠦᠨ᠎ᠡ᠃

(ᠠᠷᠪᠠ) ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠬᠠᠮᠢᠶᠠᠷᠤᠯᠲᠠ ᠬᠢᠨᠠᠯᠲᠠ᠎ᠶᠢ ᠴᠢᠩᠭᠠᠷᠠᠭᠤᠯᠤᠨ᠎ᠠ᠃ ᠪᠦᠬᠦ ᠠᠷᠠᠳ᠎ᠤᠨ ᠦᠮᠴᠢᠯᠡᠯᠳᠦ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠥᠮᠴᠢᠯᠡᠯ᠎ᠦᠨ ᠡᠷᠬᠡ᠎ᠶᠢᠨ ᠡᠬᠢ ᠪᠠᠶᠠᠯᠢᠭ᠋᠎ᠤᠨ ᠨᠠᠷᠢᠨ ᠳᠠᠩᠰᠠ᠎ᠶᠢᠨ ᠬᠠᠮᠢᠶᠠᠷᠤᠯᠲᠠ᠎ᠶᠢᠨ ᠠᠷᠭ᠎ᠠ᠎ᠶᠢ ᠲᠣᠭᠲᠠᠭᠠᠵᠤ᠂ ᠥᠮᠴᠢᠯᠡᠯ᠎ᠦᠨ ᠡᠷᠬᠡ᠎ᠶᠢᠨ ᠡᠬᠢ ᠪᠠᠶᠠᠯᠢᠭ᠋᠎ᠤᠨ ᠨᠠᠷᠢᠨ ᠳᠠᠩᠰᠠ᠎ᠶᠢ ᠨᠠᠢᠷᠠᠭᠤᠯᠤᠨ ᠵᠣᠬᠢᠶᠠᠵᠤ᠂ ᠭᠣᠣᠯ ᠴᠣᠭᠴᠠ᠂ ᠡᠳᠡᠭᠡᠳ᠂ ᠡᠷᠬᠡ ᠡᠭᠦᠷᠭᠡ ᠬᠠᠷᠢᠭᠤᠴᠠᠯᠭ᠎ᠠ ᠵᠡᠷᠭᠡ ᠵᠢ ᠳᠤᠳᠤᠷᠬᠠᠢᠯᠠᠨ᠎ᠠ᠃᠎ᠪᠠᠢᠭᠠᠯᠢ᠎ᠶᠢᠨ ᠡᠬᠢ ᠪᠠᠶᠠᠯᠢᠭ᠋᠎ᠢ ᠬᠠᠮᠠᠭᠠᠯᠠᠨ ᠠᠰᠢᠭ᠍ᠯᠠᠬᠤ ᠪᠦᠬᠦ ᠶᠠᠪᠤᠴᠠ᠎ᠶᠢᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠭᠤᠤᠯ ᠴᠣᠭᠴᠠ᠎ᠶᠢᠨ ᠬᠠᠮᠠᠭᠠᠯᠠᠯᠲᠠ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠤᠨ᠎ᠠ᠃ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠬᠠᠮᠢᠶᠠᠷᠤᠯᠲᠠ᠎ᠶᠢᠨ ᠬᠠᠷᠢᠭᠤᠴᠠᠯᠭ᠎ᠠ᠎ᠶᠢᠨ ᠰᠢᠯᠭᠠᠨ ᠬᠢᠨᠠᠬᠤ᠎ᠶᠢ ᠨᠢᠭᠡᠳᠦᠯᠲᠡᠢ ᠲᠥᠯᠥᠪᠵᠢᠬᠦᠯᠦᠨ ᠥᠷᠨᠢᠭᠦᠯᠵᠦ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠭᠣᠣᠯ ᠴᠣᠭᠴᠠ᠎ᠶᠢ ᠰᠢᠯᠭᠠᠨ ᠬᠢᠨᠠᠵᠤ ᠦᠨᠡᠯᠡᠬᠦ ᠵᠢ ᠰᠦᠪᠡᠭᠴᠢᠯᠡᠨ᠎ᠡ᠃ ᠤᠯᠤᠰ᠎ᠤᠨ ᠪᠠᠢᠭᠠᠯᠢ᠎ᠶᠢᠨ ᠡᠬᠢ ᠪᠠᠶᠠᠯᠢᠭ᠋᠎ᠢ ᠬᠢᠨᠠᠨ ᠪᠠᠢᠴᠠᠭᠠᠬᠤ ᠲᠣᠭᠲᠠᠴᠠ᠎ᠶᠢᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠲᠤᠰᠢᠶᠠᠯ ᠬᠠᠷᠢᠭᠤᠴᠠᠯᠭ᠎ᠠ᠎ᠶᠢᠨ ᠶᠣᠰᠣᠭᠠᠷ ᠪᠦᠬᠦ ᠠᠷᠠᠳ᠎ᠤᠨ ᠦᠮᠴᠢᠯᠡᠯᠳᠦ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠥᠮᠴᠢᠯᠡᠭᠴᠢ᠎ᠶᠢᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠪᠠ ᠡᠷᠬᠡ ᠠᠰᠢᠭ᠋᠎ᠢᠶᠠᠨ ᠬᠠᠮᠠᠭᠠᠯᠠᠭᠰᠠᠨ ᠪᠠᠢᠳᠠᠯ᠎ᠳᠤ ᠬᠢᠨᠠᠯᠳᠠ ᠳᠠᠯᠪᠢᠨ᠎ᠠ᠃ ᠤᠯᠤᠰ᠎ᠤᠨ ᠥᠮᠴᠢᠯᠡᠯ᠎ᠦᠨ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠬᠣᠬᠢᠷᠠᠯ᠎ᠢ ᠲᠥᠯᠥᠬᠦ ᠲᠣᠭᠲᠠᠴᠠ ᠵᠢ ᠰᠦᠪᠡᠭᠴᠢᠯᠡᠬᠦ᠎ᠶᠢᠨ ᠬᠠᠮᠲᠤ ᠪᠠᠢᠴᠠᠭᠠᠬᠤ ᠠᠵᠢᠯ᠎ᠤᠨ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠳᠦᠷᠢᠮ᠂ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠲᠥᠯᠥᠪᠦᠷᠢ᠎ᠶᠢᠨ ᠳᠦᠷᠢᠮ᠎ᠲᠠᠢ ᠰᠠᠢᠲᠤᠷ ᠵᠣᠯᠭᠠᠭᠤᠯᠵᠤ᠂ ᠥᠮᠴᠢᠯᠡᠭᠴᠢ᠎ᠶᠢᠨ ᠲᠤᠰᠢᠶᠠᠯ ᠬᠠᠷᠢᠭᠤᠴᠠᠯᠭ᠎ᠠ᠎ᠶᠢ ᠭᠦᠢᠴᠡᠳᠬᠡᠬᠦ ᠭᠣᠣᠯ ᠴᠣᠭᠴᠠ ᠵᠢᠴᠢ ᠬᠠᠮᠢᠶᠠᠷᠤᠨ ᠬᠠᠮᠠᠭᠠᠯᠠᠬᠤ ᠠᠵᠢᠯ᠎ᠢ ᠡᠭᠦᠷᠭᠡᠯᠡᠬᠦ ᠭᠣᠣᠯ ᠴᠣᠭᠴᠠ ᠨᠢ ᠬᠠᠤᠯᠢ᠎ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠤᠶᠤ ᠨᠠᠷᠢᠨ ᠳᠠᠩᠰᠠ᠎ᠶᠢᠨ ᠬᠠᠮᠢᠶᠠᠷᠤᠯᠲᠠ᠎ᠶᠢᠨ ᠵᠦᠢᠯᠡᠰ᠎ᠢ ᠦᠨᠳᠦᠰᠦᠯᠡᠨ᠂ ᠡᠳ᠋ ᠬᠥᠷᠥᠩᠭᠡ᠎ᠶᠢᠨ ᠬᠣᠬᠢᠷᠠᠯ᠎ᠢ ᠢᠯᠡᠷᠡᠭᠦᠯᠬᠦ᠂ ᠬᠢᠨᠠᠨ ᠬᠠᠷᠭᠤᠭᠤᠯᠬᠤ᠂ ᠲᠥᠯᠥᠪᠦᠷᠢ ᠠᠪᠬᠤ ᠪᠠ ᠮᠡᠳᠡᠭᠦᠯᠬᠦ ᠬᠠᠷᠢᠭᠤᠴᠠᠯᠭ᠎ᠠ᠎ᠶᠢ ᠡᠭᠦᠷᠭᠡᠯᠡᠵᠦ᠂ ᠡᠷᠬᠡ᠎ᠳᠦ ᠬᠠᠯᠳᠠᠭ᠍ᠴᠢ᠎ᠶᠢ ᠬᠠᠯᠳᠠᠯᠭ᠎ᠠ᠎ᠪᠠᠨ ᠵᠣᠭᠰᠤᠭᠠᠬᠤ ᠵᠢ ᠱᠠᠭᠠᠷᠳᠠᠬᠤ᠂ ᠤᠤᠯ᠎ᠤᠨ ᠪᠠᠢᠳᠠᠯ᠎ᠢ ᠰᠡᠷᠭᠦᠭᠡᠬᠦ᠂ ᠬᠣᠬᠢᠷᠠᠯ᠎ᠢ ᠲᠥᠯᠥᠭᠦᠯᠬᠦ ᠪᠠ ᠵᠠᠭᠠᠯᠳᠤᠭ᠍ᠴᠢ᠎ᠶᠢᠨ ᠬᠤᠪᠢ᠎ᠪᠠᠷ ᠰᠢᠭᠦᠬᠦ ᠬᠣᠷᠢᠶᠠᠨ᠎ᠳᠤ ᠵᠠᠭᠠᠯᠳᠤᠯᠭ᠎ᠠ ᠭᠠᠷᠭᠠᠬᠤ ᠬᠠᠤᠯᠢ ᠶᠣᠰᠣᠨ ᠤ᠋ ᠡᠷᠬᠡ᠎ᠲᠠᠢ᠃

(ᠠᠷᠪᠠᠨ ᠨᠢᠭᠡ) ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢ ᠨᠢᠭᠡᠳᠦᠯᠲᠡᠢ ᠮᠡᠳᠡᠭᠦᠯᠬᠦ ᠳᠦᠷᠢᠮ᠎ᠢ ᠲᠡᠭᠦᠯᠳᠡᠷᠵᠢᠭᠦᠯᠦᠨ᠎ᠡ᠃ ᠵᠠᠰᠠᠭ᠎ᠤᠨ ᠣᠷᠳᠣᠨ ᠡᠴᠡ ᠠᠳᠠᠯᠢ ᠱᠠᠲᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠳᠤ ᠤᠯᠤᠰ᠎ᠤᠨ ᠥᠮᠴᠢᠯᠡᠯ᠎ᠦᠨ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠬᠠᠮᠢᠶᠠᠷᠤᠯᠲᠠ᠎ᠶᠢᠨ ᠪᠠᠢᠳᠠᠯ᠎ᠢ ᠳᠤᠰᠬᠠᠢ ᠮᠡᠳᠡᠬᠦᠯᠬᠦ ᠳᠤᠭᠳᠠᠴᠠ ᠵᠢ ᠳᠡᠭᠦᠯᠳᠡᠷᠵᠢᠬᠦᠯᠦᠨ᠎ᠡ᠃ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠬᠠᠮᠢᠶᠠᠷᠤᠯᠲᠠ ᠵᠢᠴᠢ ᠡᠭᠦᠷᠭᠡ ᠲᠤᠰᠢᠶᠠᠯ᠎ᠢᠶᠠᠨ ᠭᠦᠢᠴᠡᠳᠬᠡᠭᠰᠡᠨ ᠪᠠᠢᠳᠠᠯ᠎ᠢ ᠮᠡᠳᠡᠭᠦᠯᠬᠦ ᠲᠣᠭᠲᠠᠴᠠ᠎ᠶᠢ ᠪᠠᠢᠭᠤᠯᠤᠨ᠎ᠠ᠃ ᠤᠯᠤᠰ᠎ᠤᠨ ᠥᠮᠴᠢᠯᠡᠯ᠎ᠦᠨ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠪᠠᠢᠳᠠᠯ ᠪᠠ ᠬᠠᠮᠢᠶᠠᠷᠤᠯᠲᠠ᠎ᠶᠢᠨ ᠪᠠᠢᠳᠠᠯ᠎ᠢ ᠨᠡᠢᠭᠡᠮ ᠨᠡᠶ᠋ᠢᠲᠡ᠎ᠳᠦ ᠬᠠᠤᠯᠢ ᠶᠣᠰᠣᠭᠠᠷ ᠨᠡᠢᠲᠡᠯᠡᠵᠦ᠂ ᠨᠡᠢᠭᠡᠮ᠎ᠦᠨ ᠬᠢᠨᠠᠯᠲᠠ᠎ᠶᠢ ᠬᠦᠯᠢᠶᠡᠨ᠎ᠡ᠃

ᠳᠣᠯᠣᠭ᠎ᠠ᠂ ᠵᠣᠬᠢᠶᠠᠨ ᠪᠠᠢᠭᠤᠯᠵᠤ ᠬᠡᠷᠡᠭᠵᠢᠭᠦᠯᠬᠦ᠎ᠶᠢ ᠴᠢᠩᠭᠠᠳᠬᠠᠨ᠎ᠠ

ᠨᠠᠮ᠎ᠤᠨ ᠲᠥᠪ ᠬᠣᠷᠢᠶ᠎ᠠ᠎ᠶᠢᠨ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠬᠠᠮᠢᠶᠠᠷᠤᠯᠲᠠ᠎ᠶᠢᠨ ᠠᠵᠢᠯ᠎ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠳᠠᠯᠠᠨ᠎ᠠ᠃ ᠲᠥᠪ᠎ᠡᠴᠡ ᠨᠢᠭᠡᠳᠦᠯᠲᠡᠢ ᠲᠥᠯᠥᠪᠵᠢᠬᠦᠯᠬᠦ᠂ ᠮᠤᠵᠢ ᠡᠴᠡ ᠶᠡᠷᠦᠩᠬᠡᠢ ᠬᠠᠷᠢᠭᠤᠴᠠᠯᠭ᠎ᠠ᠎ᠶᠢ ᠡᠭᠦᠷᠭᠡᠯᠡᠬᠦ᠂ ᠬᠣᠲᠠ ᠰᠢᠶᠠᠨ ᠡᠴᠡ ᠨᠠᠢᠳᠠᠪᠤᠷᠢᠵᠢᠭᠤᠯᠤᠯᠲᠠ᠎ᠶᠢ ᠠᠳᠬᠤᠬᠤ ᠱᠠᠭᠠᠷᠳᠠᠯᠭ᠎ᠠ ᠶᠣᠰᠣᠭᠠᠷ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠬᠠᠮᠢᠶᠠᠷᠤᠯᠲᠠ᠎ᠶᠢᠨ ᠠᠵᠢᠯ᠎ᠢ ᠵᠣᠬᠢᠶᠠᠨ ᠪᠠᠢᠭᠤᠯᠵᠤ ᠵᠣᠬᠢᠴᠠᠭᠤᠯᠬᠤ᠎ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠢᠨ ᠵᠠᠰᠠᠭ᠎ᠤᠨ ᠠᠵᠢᠯ᠎ᠤᠨ ᠪᠦᠳᠦᠮᠵᠢ᠎ᠶᠢᠨ ᠳᠤᠬᠠᠢ ᠵᠦᠪ ᠦᠵᠡᠯᠲᠡ᠎ᠶᠢ ᠪᠤᠢ ᠪᠤᠯᠭᠠᠨ ᠦᠢᠯᠡᠳᠦᠯᠭᠡᠵᠢᠭᠦᠯᠵᠦ᠂ ᠨᠢᠭ᠍ᠲᠠ ᠬᠠᠮᠳᠤᠷᠠᠯᠴᠠᠨ ᠬᠠᠮᠵᠢᠯᠴᠠᠵᠤ᠂ ᠪᠦᠬᠦ ᠬᠡᠯᠬᠢᠶ᠎ᠡ᠎ᠶᠢᠨ ᠬᠠᠮᠵᠢᠯᠴᠠᠭ᠎ᠠ᠎ᠪᠠᠷ ᠨᠢᠭᠡ ᠴᠣᠭᠴᠠᠵᠢᠭᠤᠯᠤᠭᠰᠠᠨ ᠵᠠᠰᠠᠯᠲᠠ᠎ᠶᠢ ᠠᠬᠢᠭᠤᠯᠵᠤ᠂ ᠡᠯ᠎ᠡ ᠲᠦᠷᠦᠯ᠎ᠦᠨ ᠠᠶᠤᠯ ᠲᠦᠭᠰᠢᠭᠦᠷᠢ᠎ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠎ᠶᠢ ᠴᠢᠩᠭᠠᠳᠬᠠᠵᠤ᠂ ᠠᠶᠤᠯ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠴᠢᠳᠠᠪᠤᠷᠢ᠎ᠶᠢ ᠳᠡᠭᠡᠭᠰᠢᠯᠡᠭᠦᠯᠵᠦ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠬᠠᠮᠢᠶᠠᠷᠤᠯᠲᠠ᠎ᠶᠢᠨ ᠡᠯ᠎ᠡ ᠵᠦᠢᠯ᠎ᠦᠨ ᠳᠦᠷᠢᠮ᠎ᠢ ᠪᠤᠳᠠᠳᠠᠢᠵᠢᠭᠤᠯᠤᠨ ᠨᠠᠢᠳᠠᠪᠤᠷᠢᠵᠢᠭᠤᠯᠬᠤ᠎ᠶᠢ ᠪᠠᠲᠤᠯᠠᠬᠤ ᠬᠡᠷᠡᠭᠲᠡᠢ᠃ ᠰᠠᠬᠢᠯᠭ᠎ᠠ ᠪᠠᠲᠤ ᠶᠣᠰᠣ᠌ ᠳᠦᠷᠢᠮ᠎ᠢ ᠴᠢᠩᠳᠠᠯᠠᠵᠤ᠂ ᠬᠢᠨᠠᠯᠲᠠ ᠲᠠᠯᠪᠢᠬᠤ ᠰᠠᠬᠢᠯᠭ᠎ᠠ ᠪᠠᠲᠤ᠎ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ᠎ᠶᠢ ᠴᠢᠩᠭᠠᠳᠬᠠᠵᠤ᠂ ᠪᠠᠢᠭᠠᠯᠢ᠎ᠶᠢᠨ ᠡᠬᠢ ᠪᠠᠶᠠᠯᠢᠭ᠋᠎ᠤᠨ ᠬᠦᠷᠢᠶᠡᠨ᠎ᠳᠡᠬᠢ ᠰᠤᠷᠲᠠᠯ᠎ᠢ ᠲᠥᠪ ᠪᠣᠯᠭᠠᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠡᠯ᠎ᠢ ᠡᠰᠡᠷᠭᠦᠴᠡᠬᠦ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠬᠦ ᠬᠡᠷᠡᠭᠲᠡᠢ᠃ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠬᠦᠷᠢᠶᠡᠨ᠎ᠳᠡᠬᠢ ᠬᠠᠤᠯᠢ ᠲᠣᠭᠲᠠᠭᠠᠯᠲᠠ᠎ᠶᠢ ᠲᠡᠭᠦᠯᠳᠡᠷᠵᠢᠭᠦᠯᠵᠦ᠂ ᠬᠠᠤᠯᠢ᠎ᠶᠢ ᠴᠢᠩᠭ᠎ᠠ ᠬᠡᠷᠡᠭᠵᠢᠭᠦᠯᠵᠦ᠂ ᠲᠥᠪ ᠭᠣᠣᠯᠴᠢ᠎ᠪᠠᠷ ᠬᠠᠤᠯᠢ ᠪᠠᠷᠢᠬᠤ ᠬᠡᠷᠡᠭᠳᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠤᠯᠭᠠᠭᠤᠷᠢᠯᠠᠬᠤ ᠴᠢᠳᠠᠪᠤᠷᠢ᠎ᠶᠢ ᠳᠡᠭᠡᠭᠰᠢᠯᠡᠭᠦᠯᠵᠦ᠂ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠬᠠᠮᠢᠶ᠎ᠠ ᠪᠦᠬᠦᠢ ᠰᠢᠨᠵᠢᠯᠡᠭᠡᠨ᠎ᠦ ᠰᠠᠯᠠᠭ᠎ᠠ ᠪᠠ ᠴᠢᠳᠠᠪᠤᠷᠢᠲᠠᠨ᠎ᠤ ᠡᠩᠨᠡᠭᠡ᠎ᠶᠢᠨ ᠪᠠᠢᠭᠤᠯᠤᠯᠲᠠ᠎ᠶᠢ ᠴᠢᠩᠭᠠᠳᠬᠠᠬᠤ ᠬᠡᠷᠡᠭᠳᠡᠢ᠃ ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠬᠠᠮᠢᠶᠠᠷᠤᠯᠲᠠ᠎ᠶᠢᠨ ᠮᠡᠳᠡᠭᠡ ᠵᠠᠩᠭᠢᠵᠢᠯᠲᠠ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠮᠡᠳᠡᠭᠡ ᠵᠠᠩᠬᠢ ᠵᠢ ᠬᠠᠮᠳᠤ ᠪᠡᠷ ᠡᠳ᠋ᠯᠡᠬᠦ ᠵᠢ ᠠᠬᠢᠭᠤᠯᠤᠨ᠎ᠠ᠃ ᠪᠤᠬᠢᠷᠳᠤᠯ ᠦᠭᠡᠢ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ ᠶᠠᠰᠤ ᠴᠢᠨᠠᠷ ᠦᠷ᠎ᠡ ᠠᠰᠢᠭ᠋᠎ᠢ ᠳᠡᠭᠡᠭᠰᠢᠯᠡᠭᠦᠯᠵᠦ᠂ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢ ᠬᠥᠲᠥᠯᠥᠨ ᠵᠢᠯᠤᠭᠣᠳᠴᠤ ᠪᠠᠢᠭᠠᠳ ᠵᠠᠬ᠎ᠠ ᠳᠡᠯᠭᠡᠭᠦᠷᠴᠢᠯᠡᠬᠦ ᠪᠠ ᠬᠠᠤᠯᠢ᠎ᠪᠠᠷ ᠵᠠᠰᠠᠬᠤ ᠵᠠᠷᠴᠢᠮ ᠶᠣᠰᠣᠭᠠᠷ ᠪᠠᠢᠭᠠᠯᠢ᠎ᠶᠢᠨ ᠡᠬᠢ ᠪᠠᠶᠠᠯᠢᠭ᠋᠎ᠢ ᠬᠠᠮᠠᠭᠠᠯᠠᠬᠤ ᠪᠠ ᠠᠰᠢᠭ᠍ᠯᠠᠬᠤ ᠵᠡᠷᠭᠡ ᠬᠦᠷᠢᠶ᠎ᠡ᠎ᠳᠠᠬᠢ ᠮᠥᠩᠭᠥᠨ ᠭᠦᠢᠯᠭᠡᠭᠡᠨ᠎ᠦ ᠳᠡᠮᠵᠢᠯᠭᠡ᠎ᠶᠢ ᠨᠡᠮᠡᠭᠳᠡᠭᠦᠯᠦᠨ᠎ᠡ᠃ ᠤᠷᠮᠠᠰᠢᠭᠤᠯᠬᠤ ᠲᠣᠭᠲᠠᠴᠠ᠎ᠶᠢ ᠪᠠᠢᠭᠤᠯᠵᠤ᠂ ᠡᠯ᠎ᠡ ᠭᠠᠵᠠᠷ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ ᠵᠦᠷᠢᠶᠡᠴᠢᠯᠡᠭᠰᠡᠨ ᠥᠭᠡᠷᠡᠴᠢᠯᠡᠯᠲᠡ᠎ᠶᠢᠨ ᠰᠦᠪᠡᠭᠴᠢᠯᠡᠯᠲᠡ ᠥᠷᠨᠢᠭᠦᠯᠬᠦ᠎ᠶᠢ ᠵᠣᠷᠢᠭ᠍ᠵᠢᠭᠤᠯᠤᠨ᠎ᠠ᠃ ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠣᠰ ᠰᠠᠨᠠᠯ᠎ᠢ ᠬᠡᠷᠡᠭᠵᠢᠭᠦᠯᠬᠦ ᠶᠠᠪᠤᠴᠠ᠎ᠳᠤ ᠢᠯᠡᠷᠡᠭᠰᠡᠨ ᠰᠢᠨ᠎ᠡ ᠪᠠᠢᠳᠠᠯ ᠰᠢᠨ᠎ᠡ ᠠᠰᠠᠭᠤᠳᠠᠯ᠎ᠢ ᠴᠠᠭ ᠲᠤᠬᠠᠢ ᠳ᠋ᠤᠨᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠴᠢᠬᠤᠯᠠ ᠶᠡᠬᠡ ᠵᠦᠢᠯ᠎ᠢ ᠴᠠᠭ ᠲᠤᠬᠠᠢ ᠳ᠋ᠤᠨᠢ ᠲᠡᠰ ᠳᠠᠷᠠᠭᠠᠯᠠᠯ ᠶᠣᠰᠣᠭᠠᠷ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ᠎ᠳᠤ ᠮᠡᠳᠡᠭᠦᠯᠦᠨ ᠵᠢᠭᠠᠪᠤᠷᠢ ᠠᠪᠬᠤ ᠬᠡᠷᠡᠭᠳᠡᠢ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ 7 ᠰᠠᠷ᠎ᠠ᠎ᠶᠢᠨ 13᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号