ᠳᠡᠭᠡᠷ᠎ᠡ ᠬᠠᠭᠠᠰ ᠵᠢᠯ ᠳ᠋ᠤ ᠥᠪᠥᠷ ᠮᠣᠩᠭᠣᠯ 3637.93 ᠲᠦᠮᠡᠨ ᠮᠤ᠌ ᠨᠤᠲᠤᠭ ᠪᠡᠯᠴᠢᠭᠡᠷ ᠤ᠋ᠨ ᠬᠥᠨᠥᠭᠡᠯᠲᠤ ᠠᠮᠢᠳᠤ ᠪᠣᠳᠠᠰ ᠢ᠋ ᠰᠡᠷᠭᠡᠢᠯᠡᠨ ᠵᠠᠰᠠᠪᠠ
2026-07-15 09:32:24
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠡᠨᠡ ᠵᠢᠯ ᠤ᠋ᠨ ᠳᠡᠭᠡᠷ᠎ᠡ ᠬᠠᠭᠠᠰ ᠵᠢᠯ ᠳ᠋ᠤ᠂ ᠥᠪᠥᠷ ᠮᠣᠩᠭᠣᠯ ᠤ᠋ᠨ ᠡᠯ᠎ᠡ ᠱᠠᠲᠤᠨ᠎ᠤ ᠣᠶ ᠰᠢᠭᠤᠢ ᠪᠠ ᠨᠤᠲᠤᠭ ᠪᠡᠯᠴᠢᠭᠡᠷ ᠤ᠋ᠨ ᠰᠠᠯᠠᠭ᠎ᠠ ᠮᠥᠴᠢᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠶᠡᠷᠦᠩᠬᠡᠢᠯᠡᠨ ᠰᠡᠷᠭᠡᠢᠯᠡᠨ ᠡᠵᠡᠮᠳᠡᠬᠦ᠂ ᠤᠬᠠᠭᠤᠯᠵᠤ ᠬᠥᠲᠥᠯᠥᠨ ᠵᠢᠯᠤᠭᠣᠳᠬᠤ ᠪᠡᠷ ᠴᠢᠬᠤᠯᠠ ᠭᠠᠷᠳᠠᠴᠠ ᠪᠣᠯᠭᠠᠵᠤ᠂ ᠨᠤᠲᠤᠭ ᠪᠡᠯᠴᠢᠭᠡᠷ ᠤ᠋ᠨ ᠬᠦᠨᠦᠭᠡᠯᠲᠤ ᠠᠮᠢᠳᠤ ᠪᠣᠳᠠᠰ ᠢ᠋ ᠰᠡᠷᠭᠡᠢᠯᠡᠨ ᠵᠠᠰᠠᠬᠤ ᠠᠵᠢᠯ ᠢ᠋ ᠯᠠᠪᠳᠠᠭᠤᠨ ᠪᠠᠲᠤᠲᠠᠢ ᠡᠮᠬᠢ ᠵᠢᠷᠤᠮ᠎ᠲᠠᠢ ᠠᠬᠢᠭᠤᠯᠵᠤ᠂ ᠨᠡᠶ᠋ᠢᠲᠡ 3637.93 ᠲᠦᠮᠡᠨ ᠮᠤ᠌ ᠶ᠋ᠢ ᠰᠡᠷᠭᠡᠢᠯᠡᠨ ᠵᠠᠰᠠᠵᠤ᠂ ᠡᠭᠦᠨ ᠳ᠋ᠤ ᠨᠤᠲᠤᠭ ᠪᠡᠯᠴᠢᠭᠡᠷ ᠤ᠋ᠨ ᠬᠤᠯᠤᠭᠠᠨ᠎ᠠ᠎ᠶᠢᠨ ᠬᠥᠨᠥᠭᠡᠯ 1727.39 ᠲᠦᠮᠡᠨ ᠮᠤ᠌᠂ ᠬᠣᠷᠣᠬᠠᠢ᠎ᠶᠢᠨ ᠬᠥᠨᠥᠭᠡᠯ 1910.54 ᠲᠦᠮᠡᠨ ᠮᠤ᠌ ᠪᠠᠢᠵᠤ᠂ ᠭᠠᠮᠰᠢᠭ᠋ ᠢ᠋ ᠰᠡᠷᠭᠡᠢᠯᠡᠵᠦ ᠭᠠᠮᠰᠢᠭ᠋ ᠢ᠋ ᠪᠠᠭᠠᠰᠬᠠᠬᠤ ᠠᠵᠢᠯ ᠢᠳᠡᠪᠬᠢᠲᠡᠢ ᠦᠷ᠎ᠡ ᠪᠦᠲᠦᠮᠵᠢ ᠣᠯᠪᠠ᠃

ᠡᠯ᠎ᠡ ᠭᠠᠵᠠᠷ ᠤ᠋ᠨ ᠬᠢᠨ ᠳᠥᠷᠪᠡᠳᠦᠭᠡᠷ ᠳᠡᠰ ᠤ᠋ᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲᠧᠮ ᠳ᠋ᠤ ᠲᠦᠰᠢᠭᠯᠡᠨ᠂ 7 ᠠᠢᠮᠠᠭ ᠬᠣᠲᠠ᠎ᠶᠢᠨ 20 ᠬᠢᠯᠢ᠎ᠶᠢᠨ ᠬᠣᠰᠢᠭᠤ ᠰᠢᠶᠠᠨ ᠳ᠋ᠤ ᠬᠦᠨᠵᠡᠭᠡᠢᠷᠡᠵᠤ᠂ ᠬᠡᠷᠡᠯᠵᠡᠭᠡᠨ᠎ᠡ᠂ ᠬᠦᠮᠡᠯᠢ ᠲᠠᠭᠠᠨ᠎ᠠ ᠵᠢᠨ ᠰᠢᠪᠠᠵᠢ ᠬᠤᠷᠤᠬᠠᠢ ᠵᠡᠷᠭᠡ ᠬᠤᠯᠤᠭᠠᠨ᠎ᠠ ᠬᠣᠷᠣᠬᠠᠢ᠎ᠶᠢᠨ ᠬᠥᠨᠥᠭᠡᠯ ᠢ᠋ ᠪᠠᠢᠴᠠᠭᠠᠨ ᠬᠡᠮᠵᠢᠬᠦ ᠠᠵᠢᠯ ᠢ᠋ ᠨᠠᠷᠢᠨ ᠬᠢᠨᠠᠮᠠᠭᠠᠢ ᠰᠠᠢᠲᠤᠷ ᠬᠢᠵᠦ᠂ ᠬᠡᠮᠵᠢᠨ ᠮᠡᠳᠡᠭᠦᠯᠬᠦ ᠣᠨᠣᠪᠴᠢ᠎ᠶᠢᠨ ᠬᠡᠮᠵᠢᠶ᠎ᠡ ᠶ᠋ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ 24 ᠴᠠᠭ ᠵᠢᠡᠷ ᠵᠢᠵᠢᠭᠦᠷᠯᠡᠬᠦ ᠳᠦᠷᠢᠮ ᠢ᠋ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠬᠢᠭᠡᠳ ᠲᠠᠷᠢᠶᠠᠯᠠᠩ ᠤ᠋ᠨ ᠴᠠᠭ ᠠᠭᠤᠷ ᠤ᠋ᠨ ᠲᠥᠪ᠎ᠲᠠᠢ ᠬᠠᠮᠲᠤᠷᠠᠨ᠂ 《2026 ᠣᠨ᠎ᠤ ᠥᠪᠥᠷ ᠮᠣᠩᠭᠣᠯ ᠤ᠋ᠨ ᠨᠤᠲᠤᠭ ᠪᠡᠯᠴᠢᠭᠡᠷ ᠤ᠋ᠨ ᠴᠠᠷᠴᠠᠬᠠᠢ᠎ᠶᠢᠨ ᠡᠭᠦᠰᠦᠭᠰᠡᠨ ᠴᠠᠭ ᠠᠭᠤᠷ ᠤ᠋ᠨ ᠵᠡᠷᠭᠡ ᠳᠡᠰ ᠤ᠋ᠨ ᠤᠷᠢᠳᠴᠢᠯᠠᠭᠰᠠᠨ ᠮᠡᠳᠡᠭᠡ》 ᠶ᠋ᠢ ᠬᠠᠮᠲᠤᠷᠠᠨ ᠨᠡᠢᠲᠡᠯᠡᠵᠦ᠂ ᠦᠨᠳᠦᠰᠦᠨ ᠱᠠᠲᠤᠨ᠎ᠤ ᠰᠡᠷᠭᠡᠢᠯᠡᠨ ᠵᠠᠰᠠᠬᠤ ᠪᠠᠢᠭᠤᠯᠤᠮᠵᠢ᠎ᠶᠢ ᠵᠢᠯᠣᠭᠣᠳᠤᠨ᠂ ᠮᠠᠯᠴᠢᠳ ᠴᠠᠷᠴᠠᠬᠠᠢ᠎ᠶᠢᠨ ᠬᠥᠨᠥᠭᠡᠯ ᠢ᠋ ᠢᠯᠡᠷᠡᠭᠦᠯᠪᠡᠯ ᠴᠠᠭ ᠲᠤᠬᠠᠢ ᠳ᠋ᠤᠨᠢ ᠳᠡᠭᠡᠭᠰᠢ ᠮᠡᠳᠡᠭᠦᠯᠬᠦ ᠪᠠ ᠮᠠᠯ ᠠᠵᠤ ᠠᠬᠤᠢ᠎ᠶᠢᠨ ᠦᠢᠯᠡᠳᠪᠦᠷᠢᠯᠡᠯ ᠤ᠋ᠨ ᠠᠮᠤᠷ ᠲᠦᠪᠰᠢᠨ ᠢ᠋ ᠦᠨᠡᠨ ᠬᠦ᠌ ᠪᠠᠲᠤᠯᠠᠭᠰᠠᠨ ᠪᠠᠢᠨ᠎ᠠ᠃

ᠪᠦᠬᠦ ᠣᠷᠣᠨ᠎ᠳᠤ ᠰᠡᠷᠭᠡᠢᠯᠡᠨ ᠡᠵᠡᠮᠳᠡᠬᠦ ᠡᠩᠨᠡᠭᠡᠨ᠎ᠦ ᠪᠠᠢᠭᠤᠯᠤᠯᠲᠠ ᠪᠣᠯᠣᠨ ᠡᠳ᠋ ᠪᠣᠳᠠᠰ ᠤ᠋ᠨ ᠨᠥᠭᠡᠴᠡᠯᠡᠯᠲᠡ᠎ᠶᠢ ᠴᠢᠩᠭᠠᠳᠬᠠᠵᠤ᠂ ᠲᠤᠰᠬᠠᠢᠵᠢᠭ᠍ᠰᠠᠨ ᠰᠡᠷᠭᠡᠢᠯᠡᠨ ᠡᠵᠡᠮᠳᠡᠬᠦ ᠡᠩᠨᠡᠭᠡ 82 ᠲᠤᠭᠤᠢᠯᠠᠩ᠂ 733 ᠬᠥᠮᠥᠨ᠎ᠤ ᠬᠦᠴᠦᠨ ᠤᠷᠤᠭᠤᠯᠵᠦ᠂ 291 ᠢᠵᠢ ᠲᠣᠮᠣ᠌ ᠬᠡᠯᠪᠡᠷᠢ᠎ᠶᠢᠨ ᠡᠮ ᠰᠦᠷᠴᠢᠬᠦ ᠪᠠᠭᠠᠵᠢ᠂ 750 ᠭᠠᠷᠤᠢ ᠲᠣᠨ ᠡᠮ ᠤ᠋ᠨ ᠵᠦᠢᠯ (ᠣᠢᠷ᠎ᠠ᠎ᠶᠢᠨ ᠬᠤᠭᠤᠴᠠᠭᠠᠨ᠎ᠳᠤ ᠬᠤᠳᠠᠯᠳᠤᠨ ᠠᠪᠬᠤ ᠪᠡᠷ ᠪᠠᠢᠭ᠎ᠠ ᠪᠠᠭᠲᠠᠨ᠎ᠠ)᠂ 146 ᠪᠠᠴᠢᠮ ᠪᠠᠢᠳᠠᠯ ᠢ᠋ ᠠᠷᠭᠠᠴᠠᠭᠠᠬᠤ ᠵᠢᠯᠣᠭᠣᠴᠢ ᠦᠭᠡᠢ ᠨᠢᠰᠬᠡᠯ ᠢ᠋ ᠨᠥᠭᠡᠴᠡᠯᠡᠵᠤ᠂ ᠰᠡᠷᠭᠡᠢᠯᠡᠬᠦ᠎ᠡᠴᠡ ᠡᠮᠦᠨᠡᠬᠢ ᠡᠯ᠎ᠡ ᠵᠦᠢᠯ ᠤ᠋ᠨ ᠪᠡᠯᠡᠳᠬᠡᠯ ᠠᠵᠢᠯ ᠢ᠋ ᠪᠦᠬᠦ ᠬᠦᠴᠦᠨ ᠵᠢᠡᠷ ᠵᠢᠡᠨ ᠰᠠᠢᠲᠤᠷ ᠬᠢᠪᠡ᠃ ᠪᠣᠬᠢᠷᠲᠤᠯ ᠦᠭᠡᠢ ᠰᠡᠷᠭᠡᠢᠯᠡᠨ ᠡᠵᠡᠮᠳᠡᠬᠦ᠎ᠪᠡᠷ ᠭᠣᠣᠯ ᠪᠤᠯᠭᠠᠭᠰᠠᠨ᠂ ᠬᠢᠮᠢ᠎ᠶᠢᠨ ᠰᠡᠷᠭᠡᠢᠯᠡᠨ ᠵᠠᠰᠠᠯᠲᠠ ᠪᠡᠷ ᠬᠠᠪᠰᠤᠷᠤᠮᠵᠢ ᠪᠣᠯᠭᠠᠭᠰᠠᠨ ᠶᠡᠷᠦᠩᠬᠡᠢᠯᠡᠨ ᠰᠡᠷᠭᠡᠢᠯᠡᠨ ᠡᠵᠡᠮᠳᠡᠬᠦ ᠰᠢᠰᠲᠧᠮ ᠢ᠋ ᠲᠠᠰᠤᠷᠠᠯᠲᠠ ᠦᠭᠡᠢ ᠲᠡᠭᠦᠯᠳᠡᠷᠵᠢᠭᠦᠯᠵᠦ᠂ 3223.13 ᠲᠦᠮᠡᠨ ᠮᠤ᠌ ᠪᠣᠬᠢᠷᠲᠤᠯ ᠦᠭᠡᠢ ᠰᠡᠷᠭᠡᠢᠯᠡᠨ ᠡᠵᠡᠮᠳᠡᠬᠦ᠎ᠶᠢ ᠪᠡᠶᠡᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号