ᠣᠯᠠᠨ ᠲᠦᠮᠡᠨ᠎ᠦ ᠵᠡᠮᠳᠡᠭ᠎ᠤᠨ ᠦᠨᠡᠯᠡᠨ ᠲᠤᠭᠳᠠᠭᠠᠯᠳᠠ ᠬᠢᠯᠭᠡᠬᠦ ᠬᠠᠮᠢᠶ᠎ᠠ ᠪᠦᠬᠦᠢ ᠲᠤᠬᠠᠢᠯᠠᠭᠰᠠᠨ ᠠᠵᠢᠯ ᠢ ᠣᠢᠷ᠎ᠠ ᠬᠠᠪᠢ᠎ᠳᠠᠭᠠᠨ ᠭᠦᠢᠴᠡᠳᠬᠡᠬᠦ᠎ᠳᠦ ᠲᠥᠬᠥᠮ ᠦᠵᠡᠭᠦᠯᠬᠦ᠎ᠶᠢᠨ ᠲᠥᠯᠥᠭᠡ᠂ ᠬᠥᠬᠡᠬᠣᠲᠠ ᠵᠢᠨ ᠬᠠᠮᠢᠶ᠎ᠠ ᠪᠦᠬᠦᠢ ᠰᠠᠯᠠᠭ᠎ᠠ ᠮᠦᠴᠢᠷ ᠡᠴᠡ ᠬᠥᠬᠡᠬᠣᠲᠠ᠎ᠶᠢᠨ ᠭᠤᠷᠪᠠᠳᠤᠭᠠᠷ ᠡᠮᠨᠡᠯᠭᠡ᠎ᠶᠢᠨ ᠬᠣᠷᠢᠶ᠎ᠠ (ᠬᠣᠲᠠ ᠵᠢᠨ ᠤᠶᠤᠨ ᠮᠡᠳᠡᠷᠡᠯ᠎ᠦᠨ ᠡᠷᠡᠭᠦᠯ ᠬᠠᠮᠠᠭᠠᠯᠠᠯ᠎ᠤᠨ ᠲᠥᠪ) ᠵᠢ ᠬᠣᠲᠠ᠎ᠶᠢᠨ ᠲᠠᠰ᠎ᠤᠨ ᠵᠡᠮᠳᠡᠭ᠎ᠤᠨ ᠦᠨᠡᠯᠡᠨ ᠲᠤᠭᠳᠠᠭᠠᠯᠳᠠ ᠬᠢᠬᠦ ᠲᠤᠭᠳᠠᠭᠰᠠᠨ ᠪᠠᠢᠭᠤᠯᠤᠮᠵᠢ ᠪᠡᠷ ᠲᠤᠬᠲᠠᠭᠠᠪᠠ᠃
ᠲᠣᠰ ᠪᠠᠢᠭᠤᠯᠤᠮᠵᠢ ᠨᠢ ᠣᠶᠤᠨ ᠴᠢᠳᠠᠪᠤᠷᠢ᠂ ᠤᠶᠤᠨ ᠮᠡᠳᠡᠷᠡᠯ᠎ᠦᠨ ᠲᠥᠷᠥᠯ᠎ᠦᠨ ᠵᠡᠮᠳᠡᠭ᠎ᠤᠨ ᠦᠨᠡᠯᠡᠨ ᠲᠣᠭᠲᠠᠭᠠᠯᠳᠠ ᠬᠢᠬᠦ ᠬᠠᠮᠢᠶ᠎ᠠ ᠪᠦᠬᠦᠢ ᠲᠤᠬᠠᠢᠯᠠᠭᠰᠠᠨ ᠠᠵᠢᠯ᠎ᠢ ᠲᠤᠰᠬᠠᠢᠯᠠᠨ ᠭᠥᠯᠢᠶᠡᠨ ᠠᠪᠴᠤ ᠰᠢᠢᠳᠪᠦᠷᠢᠯᠡᠬᠦ ᠪᠤᠯᠤᠨ᠎ᠠ᠃ ᠲᠤᠬᠠᠢᠯᠠᠬᠰᠠᠨ ᠠᠵᠢᠯ᠎ᠢ ᠬᠦᠯᠢᠶᠡᠨ ᠠᠪᠴᠤ ᠬᠦᠢᠴᠡᠳᠭᠡᠬᠦ ᠴᠠᠭ (ᠭᠠᠷᠠᠭ᠎ᠤᠨ ᠨᠢᠭᠡᠨ ᠪᠤᠯᠭᠠᠨ᠎ᠤ ᠦᠳᠡ᠎ᠵᠢᠨ ᠬᠤᠢᠨ᠎ᠠ)᠂ ᠯᠠᠪᠯᠠᠭ᠎ᠠ᠎ᠵᠢᠨ ᠬᠠᠯᠠᠮᠰᠢᠯ ᠤᠲᠠᠰᠦ ᠵᠢ ᠢᠯᠡ ᠨᠡᠢᠲᠡᠯᠡᠨ᠂ ᠤᠯᠠᠨ ᠲᠦᠮᠡᠨ᠎ᠤ ᠤᠷᠢᠳᠴᠢᠯᠠᠨ ᠮᠠᠲᠸᠷᠢᠶᠠᠯ ᠴᠤᠬᠯᠠᠭᠤᠯᠬᠤ᠂ ᠬᠦᠢᠴᠡᠳᠭᠡᠬᠦ ᠪᠡᠷ ᠪᠤᠯᠵᠤᠬᠤ᠎ᠳᠤ ᠲᠦᠬᠦᠮ ᠦᠵᠡᠬᠦᠯᠪᠡ᠃ ᠡᠨᠡ ᠨᠢ ᠬᠥᠬᠡᠬᠣᠲᠠ᠎ᠶᠢᠨ ᠵᠡᠮᠳᠡᠭ᠎ᠤᠨ ᠦᠨᠡᠯᠡᠨ ᠲᠣᠭᠲᠠᠭᠠᠯᠳᠠ ᠬᠢᠬᠦ ᠦᠢᠯᠡᠴᠢᠯᠡᠭᠡᠨ᠎ᠦ ᠰᠢᠰᠲᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠭᠦᠨ᠎ᠡᠴᠡ ᠡᠮᠦᠨᠡᠬᠢ ᠲᠤᠰᠬᠠᠢ ᠦᠨᠡᠯᠡᠨ ᠲᠣᠭᠲᠠᠭᠠᠬᠤ ᠦᠢᠯᠡᠴᠢᠯᠡᠭᠡᠨ᠎ᠦ ᠪᠠᠢᠷᠢᠰᠢᠭᠤᠯᠤᠯᠲᠠ᠎ᠶᠢᠨ ᠳᠤᠲᠠᠭᠤᠳᠠᠯ᠎ᠢ ᠨᠥᠬᠥᠪᠦᠷᠢᠯᠡᠵᠦ᠂ ᠣᠶᠤᠨ ᠤᠬᠠᠭᠠᠨ᠂ ᠣᠶᠤᠨ ᠮᠡᠳᠡᠷᠡᠯ᠎ᠦᠨ ᠲᠥᠷᠥᠯ᠎ᠦᠨ ᠵᠡᠮᠳᠡᠭ ᠣᠯᠠᠨ ᠲᠦᠮᠡᠨ᠎ᠦ ᠪᠠᠢᠭᠤᠯᠤᠮᠵᠢ ᠠᠯᠤᠰᠯᠠᠨ ᠭᠦᠶᠦᠬᠦ ᠪᠠᠢᠳᠠᠯ᠎ᠢ ᠪᠦᠲᠦᠮᠵᠢᠲᠡᠶ ᠪᠠᠭᠠᠰᠬᠠᠵᠤ᠂ ᠬᠠᠮᠢᠶ᠎ᠠ ᠪᠦᠬᠦᠢ ᠬᠥᠮᠥᠰ᠎ᠲᠦ ᠤᠢᠷ᠎ᠠ ᠬᠠᠪᠢ ᠳ᠋ᠤᠨᠢ ᠨᠠᠩ ᠲᠤᠰᠬᠠᠢ ᠮᠡᠷᠭᠡᠵᠢᠯ᠎ᠦᠨ᠂ ᠨᠠᠩ ᠳᠥᠭᠥᠮ ᠳᠥᠲᠡ ᠦᠨᠡᠯᠡᠨ ᠲᠣᠭᠲᠠᠭᠠᠯᠳᠠ ᠬᠢᠯᠭᠡᠬᠦ ᠦᠢᠯᠡᠴᠢᠯᠡᠭᠡ ᠬᠦᠷᠲᠡᠭᠡᠵᠦ᠂ ᠵᠡᠮᠳᠡᠭ᠎ᠢ ᠲᠤᠰᠠᠯᠠᠬᠤ ᠦᠢᠯᠡᠴᠢᠯᠡᠭᠡᠨ ᠦ 《ᠡᠴᠦᠰ᠎ᠦᠨ ᠨᠢᠭᠡ ᠺᠢᠯᠣᠮᠧᠲᠷ》 ᠢ᠋ ᠦᠨᠡᠨ ᠬᠦ᠌ ᠨᠡᠪᠲᠡᠷᠡᠭᠦᠯᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号