ᠣᠢᠷ᠎ᠠ᠎ᠳᠤ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ᠲᠥᠷᠥᠯ ᠵᠦᠢᠯ (ᠴᠡᠴᠡᠭ᠎ᠦᠨ ᠲᠣᠭᠣᠰᠣᠨ᠎ᠤ ᠬᠠᠷᠰᠢᠮᠠᠳᠠᠭᠠᠢ ᠴᠢᠨᠠᠷ᠎ᠢ ᠰᠡᠷᠭᠡᠢᠯᠡᠨ ᠵᠠᠰᠠᠬᠤ) ᠤ᠋ᠨ 《ᠲᠤᠨᠭᠬᠠᠭ ᠨᠡᠢᠲᠡᠯᠡᠵᠦ ᠮᠠᠩᠯᠠᠢᠯᠠᠭᠴᠢ ᠡᠯᠰᠡᠬᠦ》 ᠲᠥᠷᠥᠯ ᠵᠦᠢᠯ᠎ᠦᠨ ᠥᠪᠥᠷ ᠮᠣᠩᠭᠣᠯ᠎ᠤᠨ ᠭᠠᠵᠠᠷ ᠣᠷᠣᠨ᠎ᠤ ᠴᠡᠴᠡᠭ᠎ᠦᠨ ᠲᠣᠭᠣᠰᠣᠨ᠎ᠤ ᠬᠠᠷᠰᠢᠮᠠᠳᠠᠭᠠᠢ ᠴᠢᠨᠠᠷ᠎ᠢ ᠰᠡᠷᠭᠡᠢᠯᠡᠨ ᠡᠵᠡᠮᠳᠡᠬᠦ ᠵᠢᠴᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠰᠢᠰᠲᠧᠮ᠎ᠤᠨ ᠪᠠᠢᠭᠤᠯᠤᠯᠲᠠ ᠵᠢᠨ ᠬᠥᠬᠡᠬᠣᠲᠠ᠎ᠶᠢᠨ ᠬᠣᠲᠠ᠎ᠶᠢᠨ ᠲᠡᠬᠦᠷᠭᠡ ᠵᠢᠨ 1000 ᠮᠦ᠍ ᠵᠢᠨ ᠲᠤᠷᠰᠢᠯᠲᠠ᠎ᠶᠢᠨ ᠵᠠᠭᠪᠤᠷ᠎ᠲᠤ ᠵᠢᠯᠣᠭᠣᠴᠢ ᠦᠭᠡᠢ ᠨᠢᠰᠬᠡᠯᠶ᠋ᠢᠡᠷ ᠡᠮ ᠰᠦᠷᠴᠢᠬᠦ ᠠᠵᠢᠯ᠎ᠢ ᠥᠷᠨᠢᠭᠦᠯᠵᠦ᠂ ᠥᠪᠥᠷ ᠮᠣᠩᠭᠣᠯ᠎ᠤᠨ ᠰᠢᠷᠠᠯᠵᠢ᠎ᠵᠢᠨ ᠲᠦᠷᠦᠯ᠎ᠤᠨ ᠤᠷᠭᠤᠮᠠᠯ᠎ᠤᠨ ᠴᠡᠴᠡᠭ᠎ᠤᠨ ᠲᠤᠭᠤᠰᠤᠨ᠎ᠤ ᠬᠠᠷᠰᠢᠮᠠᠳᠠᠭᠠᠢ ᠴᠢᠨᠠᠷ᠎ᠢ ᠡᠬᠢ ᠡᠬᠦᠰᠦᠯ ᠡᠴᠡ ᠨᠢ ᠬᠣᠷᠢᠭ᠍ᠯᠠᠬᠤ ᠲᠤᠷᠰᠢᠯᠲᠠ᠎ᠵᠢᠨ ᠠᠵᠢᠯ᠎ᠢ ᠡᠬᠢᠯᠡᠬᠦᠯᠵᠡᠢ᠃
ᠤᠢᠯᠠᠭᠠᠭᠰᠠᠨ᠎ᠶ᠋ᠢᠡᠷ ᠂ 2025 ᠣᠨ᠎ᠳᠤ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ ᠲᠣᠰ ᠴᠢᠬᠤᠯᠠ ᠶᠡᠬᠡ ᠵᠢᠱ᠌ᠢᠶ᠎ᠡ ᠦᠵᠡᠭᠦᠯᠬᠦ ᠲᠥᠷᠥᠯ ᠵᠦᠢᠯ᠎ᠢ ᠡᠬᠢᠯᠡᠭᠦᠯᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠦᠢᠯᠡᠴᠢᠯᠡᠭᠡᠨ᠎ᠦ ᠲᠥᠪ ᠲᠦᠷᠦᠭᠦᠯᠡᠨ᠂ ᠳᠤᠮᠳᠠᠳᠤ ᠤᠯᠤᠰ᠎ᠤᠨ ᠴᠠᠭ ᠠᠭᠤᠷ᠎ᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠂ ᠹᠦᠳᠠᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶᠢᠨ ᠬᠣᠷᠢᠶ᠎ᠠ ᠵᠡᠷᠭᠡ ᠠᠷᠪᠠᠨ ᠨᠢᠭᠡᠴᠢ᠎ᠲᠠᠢ ᠬᠠᠮᠲᠤᠷᠠᠨ ᠬᠡᠷᠡᠭᠵᠢᠭᠦᠯᠵᠦ᠂ 500 ᠲᠦᠮᠡᠨ ᠲᠥᠭᠥᠷᠢᠭ᠎ᠦᠨ ᠲᠤᠰᠬᠠᠢ ᠪᠡᠯᠡ ᠮᠥᠩᠭᠥ ᠤᠷᠤᠭᠤᠯᠬᠤᠵᠦᠪᠰᠢᠶᠡᠷᠡᠯᠢ ᠤᠯᠵᠠᠢ᠃
ᠲᠤᠰ ᠲᠥᠷᠥᠯ ᠵᠦᠢᠯ᠎ᠦᠨ ᠪᠦᠯᠬᠦᠮ᠎ᠤᠨ ᠬᠢᠨ ᠴᠡᠴᠡᠭ᠎ᠦᠨ ᠲᠣᠭᠣᠰᠣ᠌᠎ᠶᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠳ᠋ᠠᠢᠲ᠋ᠠ ᠬᠥᠮᠥᠷᠭᠡ᠎ᠳᠦ ᠲᠦᠰᠢᠭᠯᠡᠨ᠂ ᠲᠣᠰ ᠭᠠᠵᠠᠷ᠎ᠤᠨ ᠰᠢᠷᠠᠯᠵᠢ᠎ᠶᠢᠨ ᠲᠥᠷᠥᠯ᠎ᠦᠨ ᠤᠷᠭᠤᠮᠠᠯ᠎ᠤᠨ ᠤᠷᠭᠤᠯᠳᠠ ᠵᠢᠨ ᠵᠢᠮ᠎ᠡ ᠶᠣᠰᠣ᠌ ᠵᠢᠴᠢ ᠲᠤᠬᠠᠢ᠎ᠶᠢᠨ ᠴᠠᠭ᠎ᠤᠨ ᠬᠢᠨᠠᠨ ᠬᠡᠮᠵᠢᠭᠰᠡᠨ ᠲᠣᠭ᠎ᠠ ᠪᠠᠷᠢᠮᠲᠠ᠎ᠲᠠᠢ ᠪᠠᠨ ᠤᠶᠠᠯᠳᠤᠭᠤᠯᠤᠨ᠂ ᠰᠢᠷᠠᠯᠵᠢ ᠵᠢᠨ ᠴᠡᠴᠡᠭ ᠲᠡᠯᠪᠢᠯᠡᠬᠦᠠᠴᠠ ᠡᠮᠦᠨᠡᠬᠢ ᠬᠣᠶᠠᠷ ᠭᠠᠷᠠᠭ ᠪᠣᠯ ᠬᠠᠮᠤᠭ᠎ᠤᠨ ᠰᠠᠢᠨ ᠡᠮ ᠰᠦᠷᠴᠢᠬᠦ ᠬᠤᠭᠤᠴᠠᠭ᠎ᠠ ᠪᠣᠯᠣᠨ᠎ᠠ᠂ ᠡᠮᠲᠦ ᠪᠣᠳᠠᠰ᠎ᠢᠶᠠᠷ ᠳᠠᠮᠵᠢᠭᠤᠯᠤᠨ ᠰᠢᠷᠠᠯᠵᠢ᠎ᠶᠢᠨ ᠴᠡᠴᠡᠭ ᠦᠨ ᠪᠠᠭ ᠪᠠ ᠴᠡᠴᠡᠭ᠎ᠦᠨ ᠲᠣᠭᠣᠰᠣ᠌᠎ᠶᠢᠨ ᠪᠣᠶ ᠪᠣᠯᠬᠤ᠎ᠶᠢ ᠡᠬᠢ ᠦᠨᠳᠦᠰᠦ᠎ᠡᠴᠡ ᠨᠢ ᠪᠠᠭᠠᠰᠬᠠᠵᠤ ᠪᠤᠯᠬᠤ ᠵᠢ ᠮᠡᠳᠡᠵᠡᠢ᠃
ᠲᠣᠰ ᠤᠳᠠᠭ᠎ᠠ ᠵᠢᠨ ᠲᠤᠷᠰᠢᠯᠲᠠ᠎ᠵᠢᠨ ᠲᠣᠭ᠎ᠠ ᠪᠠᠷᠢᠮᠲᠠ᠎ᠶᠢᠨ ᠦᠷ᠎ᠡ ᠪᠦᠲᠦᠭᠡᠯ᠎ᠳᠦ ᠲᠦᠰᠢᠭᠯᠡᠨ᠂ ᠲᠥᠷᠥᠯ ᠵᠦᠢᠯ᠎ᠦᠨ ᠪᠦᠯᠬᠦᠮ᠎ᠤᠨ ᠬᠢᠨ ᠥᠪᠥᠷ ᠮᠣᠩᠭᠣᠯ᠎ᠤᠨ ᠡᠯ᠎ᠡ ᠨᠡᠢᠲᠡᠯᠢᠭ ᠣᠷᠣᠨ ᠪᠦᠰᠡ᠎ᠶᠢᠨ ᠰᠢᠷᠠᠯᠵᠢ᠎ᠶᠢᠨ ᠤᠷᠭᠤᠴᠠ ᠵᠢᠨ ᠪᠠᠢᠳᠠᠯ ᠵᠢᠴᠢ ᠠᠭᠤᠷ ᠠᠮᠢᠰᠬᠤᠯ᠎ᠤᠨ ᠣᠨᠴᠠᠯᠢᠭ᠋᠎ᠲᠤ ᠤᠯᠠᠮ ᠨᠢᠭᠡ ᠠᠯᠬᠤᠮ ᠰᠢᠰᠲᠧᠮᠲᠦ ᠴᠢᠨᠠᠷᠲᠠᠢ ᠰᠤᠳᠤᠯᠭᠠᠨ ᠥᠷᠨᠢᠭᠦᠯᠵᠦ᠂ ᠭᠠᠵᠠᠷ ᠣᠷᠣᠨ ᠬᠤᠪᠢᠶᠠᠨ ᠡᠮ ᠰᠦᠷᠴᠢᠬᠦ ᠬᠠᠮᠤᠭ᠎ᠤᠨ ᠰᠠᠢᠨ ᠬᠤᠭᠤᠴᠠᠭ᠎ᠠ ᠪᠠ ᠪᠠᠷᠢᠮᠵᠢᠶ᠎ᠠ᠎ᠶᠢ ᠨᠠᠷᠢᠯᠢᠭ᠍ᠵᠢᠭᠤᠯᠤᠨ᠂ ᠪᠥᠬᠥ ᠣᠷᠣᠨ ᠪᠦᠰᠡ᠎ᠶᠢᠨ ᠰᠢᠷᠠᠯᠵᠢ᠎ᠶᠢᠨ ᠲᠣᠭᠣᠰᠣᠨ᠎ᠤ ᠡᠬᠢ ᠡᠭᠦᠰᠦᠯ᠎ᠢ ᠬᠠᠮᠢᠶᠠᠷᠤᠨ ᠡᠵᠡᠮᠳᠡᠬᠦ ᠮᠡᠷᠭᠡᠵᠢᠯ᠎ᠦᠨ ᠰᠢᠰᠲᠧᠮ᠎ᠢ ᠲᠡᠭᠦᠯᠳᠡᠷᠵᠢᠭᠦᠯᠪᠡ᠃