7 ᠰᠠᠷ᠎ᠠ᠎ᠶ᠋ᠢᠨ 10 ᠤ᠋ ᠡᠳᠦᠷ᠂ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠡᠮᠡᠭᠲᠡᠶ᠋ᠢᠴᠦᠳ᠎ᠤᠨ ᠬᠤᠯᠪᠤᠭ᠎ᠠ᠎ᠶ᠋ᠢᠨ ᠠᠷᠪᠠᠨ ᠬᠤᠶᠠᠳᠤᠭᠠᠷ ᠬᠤᠭᠤᠴᠠᠭᠠᠨ᠎ᠤ ᠠᠷᠪᠠᠨ ᠭᠤᠷᠪᠠᠳᠤᠭᠠᠷ ᠤᠳᠠᠭ᠎ᠠ᠎ᠶ᠋ᠢᠨ ᠭᠦᠢᠴᠡᠳᠬᠡᠬᠦ᠌ ᠵᠥᠪᠯᠡᠯ᠎ᠤᠨ ᠬᠤᠷᠠᠯ ᠬᠥᠬᠡᠬᠤᠲᠠ᠎ᠳᠤ ᠬᠤᠷᠠᠯᠳᠤᠪᠠ᠃ ᠬᠤᠷᠠᠯ ᠲᠡᠭᠡᠷ᠎ᠡ᠂ 2026 ᠣᠨ᠎ᠤ ᠲᠡᠭᠡᠷ᠎ᠡ ᠬᠠᠭᠠᠰ ᠵᠢᠯ᠎ᠤᠨ ᠠᠵᠢᠯ᠎ᠢ ᠳ᠋ᠦᠩᠨᠡᠨ᠂ ᠲᠠᠷᠠᠭᠠᠴᠢ᠎ᠶ᠋ᠢᠨ ᠠᠯᠬᠤᠮ᠎ᠤᠨ ᠭᠤᠤᠯᠳᠠᠯᠭ᠎ᠠ᠎ᠲᠠᠢ ᠡᠭᠦᠷᠭᠡ᠎ᠪᠡᠨ ᠪᠠᠶ᠋ᠢᠷᠢᠯᠠᠭᠤᠯᠪᠠ᠃ ᠬᠤᠷᠠᠯ᠎ᠠᠴᠠ᠂ ᠳᠡᠭᠡᠷ᠎ᠡ ᠬᠠᠭᠠᠰ ᠵᠢᠯ᠎ᠳᠤ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠤᠷᠢᠶ᠎ᠠ ᠪᠣᠯᠤᠨ ᠪᠦᠬᠦ᠌ ᠤᠯᠤᠰ᠎ᠤᠨ ᠡᠮᠡᠭᠲᠡᠶ᠋ᠢᠴᠦᠳ᠎ᠤᠨ ᠬᠤᠯᠪᠤᠭ᠎ᠠ᠎ᠶ᠋ᠢᠨ ᠪᠠᠲᠤ᠌ ᠴᠢᠩᠭ᠎ᠠ ᠤᠳᠤᠷᠢᠳᠤᠯᠭ᠎ᠠ ᠳᠣᠤᠷ᠎ᠠ᠂ ᠪᠦᠬᠦ᠌ ᠣᠷᠤᠨ᠎ᠤ ᠡᠯ᠎ᠡ ᠱᠠᠲᠤᠨ᠎ᠤ ᠡᠮᠡᠭᠲᠡᠶ᠋ᠢᠴᠦᠳ᠎ᠤᠨ ᠬᠤᠯᠪᠤᠭ᠎ᠠ᠎ᠶ᠋ᠢᠨ ᠵᠣᠬᠢᠶᠠᠨ ᠪᠠᠶ᠋ᠢᠭᠤᠯᠤᠯᠲᠠ᠎ᠶ᠋ᠢᠨ ᠡᠯ᠎ᠡ ᠵᠦᠢᠯ᠎ᠤᠨ ᠠᠵᠢᠯ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠣᠯᠵᠠᠢ ᠬᠡᠵᠦ ᠵᠢᠭᠠᠵᠤ ᠭᠠᠷᠭᠠᠪᠠ᠃
ᠬᠤᠷᠠᠯ᠎ᠠᠴᠠ᠂ ᠪᠦᠬᠦ᠌ ᠣᠷᠤᠨ᠎ᠤ ᠡᠮᠡᠭᠲᠡᠶ᠋ᠢᠴᠦᠳ᠎ᠤᠨ ᠬᠤᠯᠪᠤᠭ᠎ᠠ᠎ᠶ᠋ᠢᠨ ᠭᠦᠢᠴᠡᠳᠬᠡᠬᠦ᠌ ᠵᠥᠪᠯᠡᠯ ᠪᠣᠯᠤᠨ ᠡᠯ᠎ᠡ ᠱᠠᠲᠤᠨ᠎ᠤ ᠡᠮᠡᠭᠲᠡᠶ᠋ᠢᠴᠦᠳ᠎ᠤᠨ ᠬᠤᠯᠪᠤᠭ᠎ᠠ᠎ᠶ᠋ᠢᠨ ᠵᠣᠬᠢᠶᠠᠨ ᠪᠠᠶ᠋ᠢᠭᠤᠯᠤᠯᠲᠠ ᠡᠮᠡᠭᠲᠡᠶ᠋ᠢᠴᠦᠳ ᠬᠡᠦᠬᠡᠳ᠎ᠤᠨ ᠭᠡᠷ ᠪᠦᠯᠢ᠎ᠶ᠋ᠢᠨ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ᠎ᠶ᠋ᠢ ᠨᠡᠩ ᠰᠠᠶ᠋ᠢᠲᠤᠷ ᠬᠠᠩᠭᠠᠬᠤ᠎ᠪᠠᠷ ᠤᠳᠤᠷᠢᠳᠤᠮᠵᠢ ᠪᠣᠯᠭᠠᠵᠤ᠂ ᠡᠮᠡᠭᠲᠡᠶ᠋ᠢᠴᠦᠳ᠎ᠤᠨ ᠬᠤᠯᠪᠤᠭ᠎ᠠ᠎ᠶ᠋ᠢᠨ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ᠎ᠪᠠᠷ ᠬᠥᠳᠡᠯᠭᠡᠬᠦ᠌ ᠬᠦᠴᠦᠨ ᠪᠣᠯᠭᠠᠵᠤ᠂ ᠪᠦᠬᠦ᠌ ᠣᠷᠤᠨ᠎ᠤ ᠥᠷᠭᠡᠨ ᠤᠯᠠᠨ ᠡᠮᠡᠭᠲᠡᠶ᠋ᠢᠴᠦᠳ᠎ᠢ ᠪᠦᠯᠬᠦᠮᠳᠡᠭᠦᠯᠦᠨ ᠳᠠᠭᠠᠭᠤᠯᠵᠤ ᠪᠠᠶ᠋ᠢᠭᠠᠳ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶ᠋ᠢᠨ ᠴᠢᠨᠠᠷ ᠰᠠᠶ᠋ᠢᠲᠠᠢ ᠬᠡᠷᠡᠭᠵᠢᠭᠦᠯᠦᠭᠳᠡᠬᠦ᠎ᠳᠤ ᠡᠮᠡᠭᠲᠡᠶ᠋ᠢᠴᠦᠳ᠎ᠤᠨ ᠬᠦᠴᠦᠨ ᠴᠢᠳᠠᠯ᠎ᠢᠶᠠᠨ ᠡᠷᠭᠦᠬᠦ᠌ ᠬᠡᠷᠡᠭᠲᠡᠢ; ᠤᠯᠤᠰ ᠲᠥᠷᠦ᠎ᠶ᠋ᠢᠨ ᠪᠠᠶ᠋ᠢᠷᠢ ᠲᠣᠭᠲᠠᠭᠠᠯᠲᠠ᠎ᠶ᠋ᠢ ᠪᠠᠲᠤ᠌ ᠡᠵᠡᠮᠳᠡᠵᠦ᠍᠂ ᠤᠨᠤᠯ᠎ᠢ ᠪᠤᠳᠠᠳᠠᠢ ᠳ᠋ᠦ ᠦᠢᠯᠡᠳᠦᠯᠭᠡᠵᠢᠭᠦᠯᠬᠦ᠎ᠶ᠋ᠢ ᠴᠢᠩᠭᠠᠳᠭᠠᠬᠤ ᠬᠡᠷᠡᠭᠲᠡᠢ; ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭᠴᠠ᠎ᠶ᠋ᠢᠨ ᠤᠬᠠᠮᠰᠠᠷ᠎ᠢ ᠪᠠᠲᠤ᠌ ᠴᠣᠭᠴᠠᠯᠠᠬᠤ ᠭᠤᠤᠯ ᠰᠢᠵᠢᠮ᠎ᠢ ᠡᠵᠡᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭᠴᠠ᠎ᠶ᠋ᠢᠨ ᠪᠠᠶ᠋ᠢᠭᠤᠯᠤᠯᠲᠠ᠎ᠶ᠋ᠢ ᠭᠦᠨᠵᠡᠭᠡᠶ᠋ᠢᠷᠡᠭᠦᠯᠵᠦ᠂ ᠡᠮᠡᠭᠲᠡᠶ᠋ᠢᠴᠦᠳ᠎ᠤᠨ ᠠᠵᠢᠯ᠎ᠤᠨ ᠤᠯᠤᠰ ᠲᠥᠷᠦᠴᠢ ᠴᠢᠨᠠᠷ᠎ᠢ ᠡᠵᠡᠮᠰᠢᠵᠦ᠍᠂ ᠦᠵᠡᠯ ᠰᠠᠨᠠᠭ᠎ᠠ ᠤᠯᠤᠰ ᠲᠥᠷᠦ᠎ᠶ᠋ᠢᠨ ᠵᠢᠯᠤᠭᠤᠳᠤᠮᠵᠢ᠎ᠶ᠋ᠢ ᠴᠢᠩᠭᠠᠳᠭᠠᠬᠤ ᠬᠡᠷᠡᠭᠲᠡᠢ; ᠴᠢᠨᠠᠷ ᠰᠠᠶ᠋ᠢᠲᠠᠢ ᠬᠥᠭᠵᠢᠯᠲᠡ᠎ᠶ᠋ᠢᠨ ᠭᠤᠤᠯ ᠰᠡᠳᠦᠪ᠎ᠢ ᠡᠵᠡᠮᠳᠡᠵᠦ᠍᠂ ᠡᠮᠡᠭᠲᠡᠶ᠋ᠢᠴᠦᠳ᠎ᠤᠨ ᠭᠠᠪᠢᠶ᠎ᠠ ᠪᠠᠶ᠋ᠢᠭᠤᠯᠵᠤ ᠳᠡᠰ ᠳᠡᠪᠰᠢᠬᠦ᠎ᠶ᠋ᠢ ᠠᠬᠢᠭᠤᠯᠬᠤ ᠬᠡᠷᠡᠭᠲᠡᠢ; 《ᠬᠥᠮᠦᠨ᠎ᠳᠤ ᠪᠠᠯᠠ ᠣᠷᠤᠭᠤᠯᠬᠤ》 ᠴᠢᠬᠤᠯᠠ ᠪᠠᠶ᠋ᠢᠷᠢᠯᠠᠭᠤᠯᠤᠯᠲᠠ᠎ᠶ᠋ᠢ ᠡᠵᠡᠮᠳᠡᠵᠦ᠍᠂ 《ᠬᠤᠶᠠᠷ ᠬᠥᠲᠦᠯᠪᠦᠷᠢ》 ᠶ᠋ᠢᠨ ᠬᠠᠷᠠᠯᠲᠠ ᠡᠭᠦᠷᠭᠡ᠎ᠶ᠋ᠢ ᠪᠣᠳᠠᠲᠠᠢ᠎ᠪᠠᠷ ᠠᠳᠭᠤᠬᠤ ᠬᠡᠷᠡᠭᠲᠡᠢ; ᠦᠨᠳᠦᠰᠦᠨ ᠱᠠᠲᠤᠨ᠎ᠤ ᠵᠠᠰᠠᠯᠲᠠ᠎ᠶ᠋ᠢᠨ ᠥᠭᠡᠷᠡᠴᠢᠯᠡᠯᠲᠡ᠎ᠶ᠋ᠢᠨ ᠱᠠᠭᠠᠷᠳᠠᠯᠭ᠎ᠠ᠎ᠶ᠋ᠢ ᠡᠵᠡᠮᠳᠡᠵᠦ᠍᠂ ᠬᠡᠷ᠎ᠤᠨ ᠬᠥᠮᠦᠵᠢᠯ ᠬᠡᠷ᠎ᠤᠨ ᠰᠤᠷᠲᠠᠯ ᠬᠢᠭᠡᠳ ᠬᠡᠤᠬᠡᠳ᠎ᠤᠨ ᠠᠵᠢᠯ᠎ᠢ ᠭᠦᠨᠵᠡᠭᠡᠢ ᠬᠢᠬᠦ ᠬᠡᠷᠡᠭᠲᠡᠢ᠃ ᠡᠷᠬᠡ ᠠᠰᠢᠭ᠎ᠢᠶᠠᠨ ᠬᠠᠮᠠᠭᠠᠯᠠᠬᠤ ᠦᠨᠳᠦᠰᠦᠨ ᠡᠭᠦᠷᠭᠡ ᠬᠠᠷᠢᠭᠤᠴᠠᠯᠭ᠎ᠠ᠎ᠶ᠋ᠢ ᠡᠵᠡᠮᠳᠡᠵᠦ᠍᠂ ᠡᠮᠡᠭᠲᠡᠶ᠋ᠢᠴᠦᠳ ᠬᠡᠤᠬᠡᠳ᠎ᠤᠨ ᠡᠷᠬᠡ ᠠᠰᠢᠭ᠎ᠤᠨ ᠪᠠᠲᠤᠯᠠᠭ᠎ᠠ᠎ᠶ᠋ᠢ ᠪᠣᠳᠠᠲᠠᠶ᠋ᠢᠵᠢᠭᠤᠯᠬᠤ ᠬᠡᠷᠡᠭᠲᠡᠢ; ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠪᠠᠬᠢᠯᠡᠯᠲᠡ᠎ᠶ᠋ᠢ ᠪᠦᠲᠦᠭᠡᠨ ᠪᠠᠶ᠋ᠢᠭᠤᠯᠬᠤ ᠡᠭᠦᠷᠭᠡ ᠬᠠᠷᠢᠭᠤᠴᠠᠯᠭ᠎ᠠ᠎ᠶ᠋ᠢ ᠡᠵᠡᠮᠳᠡᠵᠦ᠍᠂ ᠭᠠᠳᠠᠭᠠᠳᠤ᠎ᠯᠤᠭ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠥᠷᠭᠡᠳᠬᠡᠬᠦ ᠬᠡᠷᠡᠭᠲᠡᠢ;ᠤᠯᠤᠰ ᠲᠥᠷᠦᠴᠢ ᠴᠢᠨᠠᠷ᠂ ᠲᠡᠷᠢᠭᠦᠨ᠎ᠤ ᠴᠢᠨᠠᠷ᠂ ᠤᠯᠠᠨ ᠲᠦᠮᠡᠨᠴᠢ ᠴᠢᠨᠠᠷᠲᠠᠢ ᠱᠠᠭᠠᠷᠳᠠᠯᠭ᠎ᠠ᠎ᠶ᠋ᠢ ᠡᠵᠡᠮᠳᠡᠵᠦ᠍᠂ ᠨᠠᠮ᠎ᠤᠨ ᠪᠠᠶ᠋ᠢᠭᠤᠯᠤᠯᠲᠠ ᠪᠣᠯᠤᠨ ᠥᠭᠡᠷᠡᠴᠢᠯᠡᠯᠲᠡ ᠬᠥᠭᠵᠢᠯᠲᠡ᠎ᠶ᠋ᠢ ᠠᠬᠢᠭᠤᠯᠵᠤ᠂ ᠡᠯ᠎ᠡ ᠵᠦᠢᠯ᠎ᠤᠨ ᠠᠵᠢᠯ᠎ᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ᠎ᠶ᠋ᠢ ᠪᠠᠲᠤᠯᠠᠬᠤ ᠬᠡᠷᠡᠭᠲᠡᠢ ᠭᠡᠵᠦ᠍ ᠱᠠᠭᠠᠷᠳᠠᠪᠠ᠃
ᠬᠤᠷᠠᠯ᠎ᠲᠡᠭᠡᠷ᠎ᠡ᠂ ᠰᠦᠨ ᠠᠢ ᠹᠠᠩ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠡᠮᠡᠭᠲᠡᠶ᠋ᠢᠴᠦᠳ᠎ᠤᠨ ᠬᠤᠯᠪᠤᠭ᠎ᠠ᠎ᠶ᠋ᠢᠨ ᠠᠷᠪᠠᠨ ᠬᠤᠶᠠᠳᠤᠭᠠᠷ ᠬᠤᠭᠤᠴᠠᠭᠠᠨ᠎ᠤ ᠲᠡᠷᠢᠭᠦᠯᠡᠭᠴᠢ᠎ᠪᠠᠷ ᠰᠣᠩᠭᠤᠭᠳᠠᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号