ᠦᠪᠦᠷ ᠮᠤᠩᠭᠤᠯ᠎ᠤᠨ ᠤᠶᠤᠳᠠᠳ᠎ᠤᠨ ᠦᠳᠦᠨ ᠪᠥᠮᠪᠥᠭᠡ᠎ᠶᠢᠨ ᠤᠷᠤᠯᠳᠤᠭᠠᠨ ᠳᠡᠬᠦᠰᠪᠡ
2026-07-15 10:30:41
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠥᠪᠡᠷᠲᠡᠭᠡᠨ ᠵᠠᠰᠠᠬᠤ ᠣᠷᠣᠨ᠎ᠤ ᠠᠷᠪᠠᠨ  ᠭᠤᠷᠪᠠᠳᠤᠭᠠᠷ ᠬᠤᠭᠤᠴᠠᠭᠠᠨ ᠎ᠤ ᠣᠶᠤᠲᠠᠳ᠎ᠤᠨ  ᠪᠡᠶ᠎ᠠ ᠵᠢᠨ ᠲᠠᠮᠢᠷ᠎ᠤᠨ ᠴᠤᠭᠯᠠᠭᠠᠨ ᠎ᠤ ᠥᠲᠥᠨ ᠪᠥᠮᠪᠥᠭᠡ᠎ᠶᠢᠨ ᠲᠥᠷᠥᠯ ᠤ᠋ᠨ ᠤᠷᠤᠯᠳᠤᠭᠠᠨ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠳᠤ ᠦᠨᠳᠦᠷᠯᠡᠪᠡ᠃ ᠪᠦᠬᠦ ᠣᠷᠣᠨ᠎ᠤ 46 ᠶᠡᠬᠡ ᠳᠡᠭᠡᠳᠦ ᠰᠤᠷᠭᠠᠭᠤᠯᠢ᠎ᠶᠢᠨ ᠲᠥᠯᠥᠭᠡᠯᠡᠭᠴᠢᠳ᠎ᠦᠨ ᠪᠦᠯᠬᠦᠮ᠎ᠤᠨ ᠲᠠᠮᠢᠷᠴᠢᠳ 169 ᠤᠳᠠᠭ᠎ᠠ ᠵᠢᠨ ᠬᠠᠮᠲᠤ᠎ᠶᠢᠨ ᠤᠷᠤᠯᠳᠤᠭᠠᠨ᠂ 532 ᠤᠳᠠᠭ᠎ᠠ ᠵᠢᠨ ᠲᠠᠩ ᠲᠦᠷᠦᠯ᠎ᠤᠨ ᠤᠷᠤᠯᠳᠤᠭᠠᠨ ᠳ᠋ᠤ ᠰᠢᠷᠦᠬᠦᠨ ᠦᠷᠢᠰᠦᠯᠳᠦᠪᠡ᠃

ᠲᠣᠰ ᠤᠷᠤᠯᠳᠤᠭᠠᠨ᠎ᠳᠤ ᠡᠷᠡᠭᠲᠡᠢ᠎ᠶᠢᠨ ᠪᠦᠯᠬᠦᠮ᠂ ᠡᠮᠡᠭᠲᠡᠢ᠎ᠶᠢᠨ ᠪᠦᠯᠬᠦᠮ᠂ ᠡᠷᠡᠭᠲᠡᠢ ᠎ᠶᠢᠨ ᠲᠠᠩᠭᠠᠷ ᠴᠣᠬᠢᠬᠤ᠂ ᠡᠮᠡᠭᠲᠡᠢ᠎ᠶᠢᠨ ᠲᠠᠩᠭᠠᠷ ᠴᠣᠬᠢᠬᠤ᠂ ᠡᠷᠡᠭᠲᠡᠢ᠎ᠶᠢᠨ ᠬᠣᠣᠰᠯᠠᠨ ᠴᠣᠬᠢᠬᠤ᠂ ᠡᠮᠡᠭᠲᠡᠢ᠎ᠶᠢᠨ ᠬᠣᠣᠰᠯᠠᠨ ᠴᠣᠬᠢᠬᠤ᠂ ᠬᠣᠯᠢᠮᠠᠭ ᠬᠣᠣᠰᠯᠠᠨ ᠴᠣᠬᠢᠬᠤ ᠵᠡᠷᠭᠡ ᠲᠤᠯᠤᠭᠠᠨ ᠤᠷᠤᠯᠳᠤᠭᠠᠨ᠎ᠤ ᠵᠦᠢᠯ᠎ᠢ ᠲᠣᠬᠢᠷᠠᠭᠤᠯᠵᠤ᠂ ᠵᠢᠩᠬᠢᠨᠢ ᠠᠩᠭᠢ᠎ᠶᠢᠨ ᠬᠡᠳᠦ ᠲᠡᠰ᠎ᠤᠨ ᠳᠤᠭᠤᠢᠯᠠᠩ᠂ ᠵᠢᠩᠬᠢᠨᠢ ᠠᠩᠭᠢ᠎ᠶᠢᠨ ᠰᠤᠷᠭᠠᠭᠤᠯᠢ᠎ᠶᠢᠨ ᠬᠦᠷᠢᠶᠡᠨ᠎ᠦ ᠳᠤᠭᠤᠢᠯᠠᠩ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ ᠳᠡᠭᠡᠳᠦ ᠵᠡᠷᠭᠡ᠎ᠶᠢᠨ ᠲᠤᠰᠬᠠᠢ ᠮᠡᠷᠭᠡᠵᠢᠯ᠎ᠦᠨ ᠰᠤᠷᠭᠠᠭᠤᠯᠢ᠎ᠶᠢᠨ ᠬᠡᠳᠦ ᠲᠡᠰ᠎ᠤᠨ ᠳᠤᠭᠤᠢᠯᠠᠩ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ ᠳᠡᠭᠡᠳᠦ ᠵᠡᠷᠭᠡ᠎ᠶᠢᠨ ᠲᠤᠰᠬᠠᠢ ᠮᠡᠷᠭᠡᠵᠢᠯ᠎ᠦᠨ ᠰᠤᠷᠭᠠᠭᠤᠯᠢ᠎ᠶᠢᠨ ᠬᠦᠷᠢᠶᠡᠨ᠎ᠦ ᠳᠤᠭᠤᠢᠯᠠᠩ ᠵᠡᠷᠭᠡ ᠳᠥᠷᠪᠡᠨ ᠤᠷᠤᠯᠳᠤᠭᠠᠨ᠎ᠤ ᠳᠤᠭᠤᠢᠯᠠᠩ ᠲᠣᠬᠢᠷᠠᠭᠤᠯᠪᠠ᠃

ᠵᠢᠩᠬᠢᠨᠢ ᠠᠩᠭᠢ᠎ᠶᠢᠨ ᠬᠡᠳᠦ ᠲᠡᠰ᠎ᠤᠨ ᠳᠤᠭᠤᠢᠯᠠᠩ ᠳ᠋ᠤ ᠥᠪᠥᠷ ᠮᠣᠩᠭᠣᠯ᠎ᠤᠨ ᠪᠠᠭ᠍ᠰᠢ ᠎ᠶᠢᠨ ᠶᠡᠬᠡ ᠰᠤᠷᠭᠠᠭᠤᠯᠢ ᠵᠢᠨ ᠡᠷᠡᠭᠲᠡᠢ᠎ᠶᠢᠨ ᠪᠦᠯᠬᠦᠮ᠂ ᠡᠮᠡᠭᠲᠡᠢ᠎ᠶᠢᠨ ᠪᠦᠯᠬᠦᠮ  ᠮᠠᠩᠯᠠᠢᠯᠠᠵᠤ ;ᠵᠢᠩᠬᠢᠨᠢ ᠠᠩᠭᠢ᠎ᠶᠢᠨ ᠰᠤᠷᠭᠠᠭᠤᠯᠢ᠎ᠶᠢᠨ ᠬᠦᠷᠢᠶᠡᠨ᠎ᠦ ᠳᠤᠭᠤᠢᠯᠠᠩ᠎ᠳᠤ ᠥᠪᠥᠷ ᠮᠣᠩᠭᠣᠯ ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ ᠵᠢᠨ ᠡᠷᠡᠭᠲᠡᠢ᠎ᠶᠢᠨ ᠪᠦᠯᠬᠦᠮ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠵᠢᠨ ᠡᠮᠡᠭᠲᠡᠢ᠎ᠶᠢᠨ ᠪᠦᠯᠬᠦᠮ ᠲᠤᠰ ᠲᠤᠰ ᠮᠠᠩᠯᠠᠢᠯᠠᠵᠠᠢ᠃ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ ᠳᠡᠭᠡᠳᠦ ᠵᠡᠷᠭᠡ᠎ᠶᠢᠨ ᠲᠤᠰᠬᠠᠢ ᠮᠡᠷᠭᠡᠵᠢᠯ᠎ᠦᠨ ᠰᠤᠷᠭᠠᠭᠤᠯᠢ᠎ᠶᠢᠨ ᠬᠡᠳᠦ ᠲᠡᠰ᠎ᠤᠨ ᠳᠤᠭᠤᠢᠯᠠᠩ᠎ᠳ᠋ᠤ ᠲᠦᠩᠯᠢᠶᠣᠣ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠡᠷᠡᠭᠲᠡᠢ᠎ᠶᠢᠨ ᠪᠦᠯᠬᠦᠮ᠂ ᠡᠮᠡᠭᠲᠡᠢ᠎ᠶᠢᠨ ᠪᠦᠯᠬᠦᠮ ᠲᠤᠰ ᠲᠤᠰ ᠮᠠᠩᠯᠠᠢᠯᠠᠵᠤ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ ᠳᠡᠭᠡᠳᠦ ᠵᠡᠷᠭᠡ᠎ᠶᠢᠨ ᠲᠤᠰᠬᠠᠢ ᠮᠡᠷᠭᠡᠵᠢᠯ᠎ᠦᠨ ᠰᠤᠷᠭᠠᠭᠤᠯᠢ᠎ᠶᠢᠨ ᠬᠦᠷᠢᠶᠡᠨ᠎ᠦ ᠳᠤᠭᠤᠢᠯᠠᠩ᠎ᠳᠤ ᠬᠥᠬᠡᠬᠣᠲᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠵᠢᠨ ᠡᠷᠡᠭᠲᠡᠢ᠎ᠶᠢᠨ ᠪᠦᠯᠬᠦᠮ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠵᠢᠨ ᠡᠮᠡᠭᠲᠡᠢ᠎ᠶᠢᠨ ᠪᠦᠯᠬᠦᠮ ᠲᠤᠰ ᠲᠤᠰ ᠮᠠᠩᠯᠠᠢᠯᠠᠵᠠᠢ᠃ ᠲᠤᠰ ᠤᠳᠠᠭ᠎ᠠ᠎ᠶᠢᠨ ᠤᠷᠤᠯᠳᠤᠭᠠᠨ᠎ᠳᠤ ᠨᠡᠢ᠍ᠢᠲᠡ 79 ᠠᠯᠲᠠᠨ ᠮᠧᠳᠠᠯ᠂ 78 ᠮᠥᠩᠭᠥᠨ ᠮᠧᠳᠠᠯ᠂ 76 ᠬᠦᠷᠡᠯ ᠮᠧᠳᠠᠯ ᠲᠤᠬᠢᠷᠠᠭᠤᠯᠵᠤ᠂ ᠮᠠᠨ᠎ᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠤᠶᠤᠳᠠᠳ᠎ᠤᠨ ᠴᠤᠭ ᠵᠢᠪᠬᠤᠭ᠎ᠠ ᠪᠠ ᠤᠷᠤᠯᠳᠤᠭᠠᠨ᠎ᠤ ᠲᠦᠪᠰᠢᠨ᠎ᠢ ᠬᠠᠷᠠᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号