ᠲᠥᠷᠥ᠎ᠶᠢᠨ ᠶᠠᠪᠤᠳᠠᠯ᠎ᠤᠨ ᠬᠣᠷᠢᠶ᠎ᠠ 《ᠤᠯᠤᠰ ᠠᠷᠠᠳ᠎ᠦᠨ ᠡᠷᠡᠭᠦᠯ ᠮᠡᠨᠳᠦ᠎ᠶᠢᠨ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠦᠪᠵᠢᠭᠦᠯᠭᠡ》 ᠵᠢ ᠳᠠᠷᠤᠮᠠᠯᠯᠠᠨ ᠲᠠᠷᠬᠠᠭᠠᠵᠠᠢ
2026-07-16 10:46:29
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠥᠷᠥ᠎ᠶᠢᠨ ᠶᠠᠪᠤᠳᠠᠯ᠎ᠤᠨ ᠬᠣᠷᠢᠶ᠎ᠠ ᠲᠦᠷᠦᠭᠦᠬᠡᠨ 《ᠤᠯᠤᠰ ᠠᠷᠠᠳ᠎ᠦᠨ ᠡᠷᠡᠭᠦᠯ ᠮᠡᠨᠳᠦ᠎ᠶᠢᠨ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠦᠪᠵᠢᠭᠦᠯᠭᠡ》 (ᠳᠣᠷᠣᠭ᠍ᠰᠢ 《ᠲᠥᠯᠦᠪᠵᠢᠭᠦᠯᠭᠡ》 ᠭᠡᠵᠦ ᠳᠦᠬᠦᠮᠴᠢᠯᠡᠨ᠎ᠡ) ᠵᠢ ᠳᠠᠷᠤᠮᠠᠯᠯᠠᠨ ᠲᠠᠷᠬᠠᠭᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠡᠷᠡᠭᠦᠯ ᠡᠩᠬᠡ ᠳᠤᠮᠳᠠᠳᠤ ᠤᠯᠤᠰ᠎ᠢ ᠲᠦᠷᠭᠡᠪᠴᠢᠯᠡᠨ ᠪᠦᠲᠦᠭᠡᠨ ᠪᠠᠶ᠋ᠢᠭᠤᠯᠬᠤ ᠲᠤᠬᠠᠢ ᠪᠠᠢᠷᠢᠯᠠᠭᠤᠯᠤᠯᠲᠠ ᠬᠢᠪᠡ ᠃

《ᠲᠥᠯᠦᠪᠵᠢᠭᠦᠯᠭᠡ》 ᠳ᠋ᠤ᠌᠂ ᠰᠢ᠎ᠶᠢᠨ ᠫᠢᠩ ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠤᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠳᠠᠯᠠᠵᠤ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ᠎ᠶᠢᠨ ᠬᠥᠭᠵᠢᠯᠲᠡ᠎ᠶᠢᠨ ᠵᠠᠮ᠎ᠢᠶᠠᠷ ᠭᠤᠢᠪᠢᠰᠢ ᠦᠭᠡᠢ ᠵᠠᠮᠨᠠᠵᠤ᠂ ᠰᠢᠨ᠎ᠡ ᠴᠠᠭ ᠦᠶ᠎ᠡ᠎ᠶᠢᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ᠎ᠶᠢᠨ ᠠᠵᠢᠯ᠎ᠤᠨ ᠴᠢᠭᠯᠡᠯᠲᠡ᠎ᠶᠢ ᠭᠤᠢᠪᠢᠰᠢ ᠦᠭᠡᠢ ᠲᠤᠭᠤᠰᠢᠯᠠᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠬᠥᠭᠵᠢᠯᠲᠡ᠎ᠶᠢᠨ ᠠᠷᠭ᠎ᠠ ᠬᠡᠯᠪᠡᠷᠢ ᠨᠢ ᠡᠷᠡᠭᠦᠯ ᠮᠡᠨᠳᠦ᠎ᠪᠡᠷ ᠭᠣᠣᠯ ᠪᠣᠯᠭᠠᠬᠤ᠎ᠶᠢ ᠨᠡᠩ ᠴᠢᠬᠤᠯᠠᠴᠢᠯᠠᠬᠤ᠂ ᠦᠢᠯᠡᠴᠢᠯᠡᠭᠡᠨ᠎ᠦ ᠰᠢᠰᠲ᠋ᠸᠮ ᠨᠢ ᠶᠠᠰᠤ ᠴᠢᠨᠠᠷ ᠦᠷ᠎ᠡ ᠠᠰᠢᠭ᠋᠎ᠢ ᠳᠡᠭᠡᠭᠰᠢᠯᠡᠭᠦᠯᠬᠦ᠎ᠶᠢ ᠨᠡᠩ ᠴᠢᠬᠤᠯᠠᠴᠢᠯᠠᠬᠤ᠂ ᠥᠭᠡᠷᠡᠴᠢᠯᠡᠯᠲᠡ ᠵᠠᠰᠠᠯᠲᠠ ᠨᠢ ᠰᠢᠰᠲ᠋ᠸᠮ᠎ᠤᠨ ᠬᠠᠮᠵᠢᠯᠴᠠᠭ᠎ᠠ᠎ᠶᠢ ᠨᠡᠩ ᠴᠢᠬᠤᠯᠠᠴᠢᠯᠠᠬᠤ᠎ᠶᠢ ᠠᠬᠢᠭᠤᠯᠵᠤ᠂ ᠡᠷᠡᠭᠦᠯ ᠮᠡᠨᠳᠦ᠎ᠶᠢᠨ ᠦᠢᠯᠡᠴᠢᠯᠡᠭᠡᠨ᠎ᠦ ᠲᠡᠩᠴᠡᠭᠦᠷᠢᠲᠦ ᠴᠢᠨᠠᠷ ᠪᠠ ᠬᠦᠷᠦᠯᠴᠡᠬᠦᠢᠴᠡ ᠴᠢᠨᠠᠷ᠎ᠢ ᠴᠢᠩᠭᠠᠳᠬᠠᠵᠤ᠂ ᠠᠷᠠᠳ ᠣᠯᠠᠨ᠎ᠤ ᠰᠠᠨᠠᠭᠠᠴᠢᠯᠠᠭ᠎ᠠ᠎ᠲᠠᠢ ᠡᠷᠡᠭᠦᠯ ᠮᠡᠨᠳᠦ᠎ᠶᠢ ᠨᠠᠩ ᠢᠯᠡᠭᠦᠦ ᠴᠢᠬᠤᠯᠠᠴᠢᠯᠠᠬᠤ᠎ᠶᠢ ᠠᠬᠢᠭᠤᠯᠵᠤ᠂ ᠡᠷᠡᠭᠦᠯ ᠮᠡᠨᠳᠦ᠎ᠳᠦ ᠠᠰᠢᠭ᠍ᠲᠠᠢ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠋ ᠪᠠ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠠᠭᠪᠤᠷ᠎ᠢ ᠲᠦᠷᠭᠡᠳᠬᠡᠨ ᠪᠣᠶ ᠪᠣᠯᠭᠠᠵᠤ᠂ ᠤᠯᠤᠰ ᠠᠷᠠᠳ ᠎ᠦᠨ ᠡᠷᠡᠭᠦᠯ ᠮᠡᠨᠳᠦ᠎ᠶᠢᠨ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠡᠷᠡᠭᠦᠯ ᠮᠡᠨᠳᠦ᠎ᠶᠢᠨ ᠰᠠᠭᠤᠷᠢ᠎ᠶᠢ ᠪᠡᠬᠢᠵᠢᠭᠦᠯᠦᠨ᠎ᠡ ᠭᠡᠵᠦ ᠴᠢᠬᠤᠯᠠᠴᠢᠯᠠᠪᠠ᠃

《ᠲᠥᠯᠦᠪᠵᠢᠭᠦᠯᠭᠡ》 ᠳ᠋ᠤ᠌᠂ 2030 ᠣᠨ ᠪᠣᠯᠬᠤ᠎ᠳᠤ᠂ ᠡᠷᠡᠭᠦᠯ ᠮᠡᠨᠳᠦ᠎ᠶᠢ ᠤᠷᠢᠳ᠎ᠵᠢᠡᠷ ᠬᠥᠭᠵᠢᠭᠦᠯᠬᠦ ᠪᠠᠢᠯᠳᠤᠬᠤ ᠪᠣᠳᠣᠯᠭ᠎ᠠ᠎ᠶᠢᠨ ᠳᠦᠷᠢᠮ᠎ᠦᠨ ᠰᠢᠰᠲᠧᠮ᠎ᠢ ᠠᠯᠬᠤᠮ ᠠᠯᠬᠤᠮ᠎ᠢᠶᠠᠷ ᠪᠠᠢᠭᠤᠯᠵᠤ᠂ ᠡᠷᠡᠭᠦᠯ ᠮᠡᠨᠳᠦ᠎ᠶᠢ ᠠᠬᠢᠭᠤᠯᠬᠤ ᠲᠥᠷᠥ᠎ᠶᠢᠨ ᠪᠣᠳᠣᠯᠭ᠎ᠠ᠎ᠶᠢᠨ ᠳᠦᠷᠢᠮ᠎ᠦᠨ ᠰᠢᠰᠲᠧᠮ᠎ᠢ ᠨᠡᠩ ᠲᠡᠭᠦᠯᠳᠡᠷᠵᠢᠭᠦᠯᠵᠦ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ᠎ᠤᠨ ᠳᠦᠷᠢᠮ᠎ᠢ ᠨᠡᠩ ᠲᠡᠭᠦᠯᠳᠡᠷᠵᠢᠭᠦᠯᠵᠦ᠂ ᠣᠯᠠᠨ ᠨᠡᠶ᠋ᠢᠲᠡ᠎ᠶᠢᠨ ᠡᠷᠡᠭᠦᠯ ᠬᠠᠮᠠᠭᠠᠯᠠᠯ ᠠᠮᠤᠷ ᠲᠦᠪᠰᠢᠨ᠎ᠦ ᠪᠠᠲᠤᠯᠠᠭ᠎ᠠ᠎ᠶᠢᠨ ᠴᠢᠳᠠᠪᠤᠷᠢ ᠪᠠ ᠦᠨᠳᠦᠰᠦᠨ ᠱᠠᠲᠤᠨ᠎ᠤ ᠡᠪᠡᠳᠴᠢᠨ ᠰᠡᠷᠭᠡᠢᠯᠡᠵᠦ ᠡᠪᠡᠳᠴᠢᠨ ᠵᠠᠰᠠᠬᠤ᠂ ᠡᠷᠡᠭᠦᠯ ᠮᠡᠨᠳᠦ᠎ᠶᠢᠨ ᠬᠠᠮᠢᠶᠠᠷᠤᠯᠲᠠ᠎ᠶᠢᠨ ᠴᠢᠳᠠᠪᠤᠷᠢ ᠵᠢ ᠢᠯᠡᠳᠲᠡ ᠳᠡᠭᠡᠭᠰᠢᠯᠡᠬᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠤᠯᠠᠮ ᠰᠢᠯᠢᠳᠡᠭᠵᠢᠭᠦᠯᠵᠦ᠂ ᠣᠯᠠᠨ ᠳᠡᠰ ᠳᠠᠪᠬᠤᠷᠭ᠎ᠠ᠎ᠶᠢᠨ ᠡᠮᠴᠢᠯᠡᠭᠡᠨ᠎ᠦ ᠪᠠᠲᠤᠯᠠᠭ᠎ᠠ᠎ᠶᠢᠨ ᠰᠢᠰᠲᠧᠮ᠎ᠢ ᠤᠯᠠᠮ ᠨᠢᠭᠡ ᠠᠯᠬᠤᠮ ᠳᠡᠭᠦᠯᠳᠡᠷᠵᠢᠬᠦᠯᠵᠦ᠂ ᠠᠷᠠᠳ ᠲᠦᠮᠡᠨ᠎ᠦ ᠠᠮᠢ ᠨᠠᠰᠤ ᠡᠷᠡᠭᠦᠯ ᠮᠡᠨᠳᠤ᠎ᠳᠦ ᠬᠠᠨᠳᠤᠭᠤᠯᠤᠭᠰᠠᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠬᠥᠭᠵᠢᠭᠦᠯᠬᠦ ᠪᠠᠢᠷᠢᠰᠢᠯ᠎ᠢ ᠦᠨᠳᠦᠰᠦᠨ᠎ᠳᠡᠭᠡᠨ ᠪᠦᠷᠢᠯᠳᠦᠭᠦᠯᠵᠦ᠂ ᠮᠠᠨ᠎ᠤ ᠤᠯᠤᠰ᠎ᠤᠨ ᠳᠡᠯᠡᠬᠡᠢ᠎ᠶᠢᠨ ᠤᠯᠠᠮᠵᠢᠯᠠᠯᠲᠤ ᠡᠮ ᠡᠮᠨᠡᠯᠭᠡ᠎ᠶᠢᠨ ᠬᠥᠭᠵᠢᠯᠲᠡ᠎ᠳᠡᠬᠢ ᠬᠥᠲᠥᠯᠥᠨ ᠳᠠᠭᠠᠭᠤᠯᠬᠤ ᠪᠠᠢᠷᠢ ᠰᠠᠭᠤᠷᠢ᠎ᠶᠢ ᠤᠯᠠᠮ ᠨᠢᠭᠡ ᠠᠯᠬᠤᠮ ᠪᠡᠬᠢᠵᠢᠭᠦᠯᠵᠦ᠂ ᠡᠷᠡᠭᠦᠯ ᠡᠩᠬᠡ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ ᠰᠢᠢᠳᠪᠦᠷᠢᠲᠦ ᠴᠢᠨᠠᠷᠲᠠᠢ ᠠᠬᠢᠴᠠ᠎ᠲᠠᠢ ᠪᠣᠯᠵᠤ᠂ ᠬᠥᠮᠥᠨ ᠳᠤᠮᠳᠠᠴᠢ᠎ᠶᠢᠨ ᠵᠢᠱ᠌ᠢᠭᠰᠡᠨ ᠨᠠᠰᠤᠨ ᠬᠤᠲᠤᠭ 80 ᠨᠠᠰᠤᠨ᠎ᠳᠤ ᠬᠦᠷᠴᠦ᠂ ᠭᠣᠣᠯ ᠪᠣᠯᠬᠤ ᠡᠷᠡᠭᠦᠯ ᠮᠡᠡᠳᠦ᠎ᠶᠢᠨ ᠭᠦᠢᠴᠡᠳᠬᠡᠯ ᠲᠣᠭ᠎ᠠ᠎ᠶᠢ ᠥᠨᠳᠥᠷ ᠣᠷᠣᠯᠭ᠎ᠠ᠎ᠲᠠᠢ ᠤᠯᠤᠰ᠎ᠤᠨ ᠡᠩᠨᠡᠭᠡᠨ᠎ᠳᠦ ᠣᠷᠣᠭᠤᠯᠵᠤ᠂ 2035 ᠣᠨ᠎ᠳᠤ ᠡᠷᠡᠭᠦᠯ ᠡᠩᠬᠡ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ᠎ᠳᠤ ᠪᠠᠲᠤ ᠪᠡᠬᠢ ᠰᠠᠭᠤᠷᠢ᠎ᠶᠢ ᠲᠠᠯᠪᠢᠵᠤ ᠥᠭᠭᠦᠨ᠎ᠡ ᠭᠡᠵᠦ ᠳᠤᠷᠠᠳᠪᠠ᠃

《ᠲᠥᠯᠦᠪᠵᠢᠭᠦᠯᠭᠡ》 ᠨᠢ ᠪᠦᠬᠦ ᠬᠥᠮᠥᠰ᠎ᠦᠨ ᠪᠦᠬᠦ ᠲᠠᠯ᠎ᠠ᠎ᠶᠢᠨ ᠪᠦᠬᠦ ᠦᠶᠡᠯᠡᠯ᠎ᠦᠨ ᠡᠷᠡᠭᠦᠯ ᠮᠡᠨᠳᠦ᠎ᠶᠢᠨ ᠦᠢᠯᠡᠴᠢᠯᠡᠭᠡ᠎ᠶᠢ ᠰᠢᠯᠢᠳᠡᠭᠵᠢᠭᠦᠯᠬᠦ᠂ ᠥᠨᠳᠥᠷ ᠲᠦᠪᠰᠢᠨ ᠪᠦᠬᠦᠢ ᠡᠷᠡᠭᠦᠯ ᠬᠠᠮᠠᠭᠠᠯᠠᠯ ᠡᠷᠡᠭᠦᠯ ᠮᠡᠨᠳᠦ ᠠᠮᠤᠷ ᠲᠦᠪᠰᠢᠨ᠎ᠦ ᠬᠠᠯᠬᠠᠪᠴᠢ᠎ᠶᠢ ᠦᠷᠭᠦᠯᠵᠢᠯᠡᠨ ᠪᠡᠬᠢᠵᠢᠭᠦᠯᠬᠦ᠂ ᠴᠢᠨᠠᠷ ᠰᠠᠢᠲᠠᠢ ᠥᠨᠳᠥᠷ ᠪᠦᠲᠦᠮᠵᠢᠲᠡᠢ ᠪᠦᠬᠦᠯᠢ ᠴᠣᠭᠴᠠᠲᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠰᠢᠰᠲ᠋ᠸᠮ᠎ᠢ ᠲᠦᠷᠭᠡᠨ ᠲᠡᠭᠦᠯᠳᠡᠷᠵᠢᠭᠦᠯᠬᠦ᠂ ᠡᠷᠡᠭᠦᠯ ᠬᠠᠮᠠᠭᠠᠯᠠᠯ ᠡᠷᠡᠭᠦᠯ ᠴᠢᠭᠢᠷᠠᠭ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠬᠥᠳᠡᠯᠭᠡᠬᠦ ᠡᠨ᠋ᠸᠷᠬᠢ ᠵᠢ ᠬᠦᠴᠦᠯᠡᠨ ᠪᠣᠢᠵᠢᠭᠤᠯᠬᠤ᠂ ᠡᠷᠡᠭᠦᠯ ᠮᠡᠨᠳᠦ᠎ᠪᠡᠷ ᠭᠣᠣᠯ ᠪᠣᠯᠭᠠᠭᠰᠠᠨ ᠥᠨᠳᠥᠷ ᠪᠦᠲᠦᠮᠵᠢᠲᠡᠢ ᠵᠠᠰᠠᠯᠲᠠ᠎ᠶᠢ ᠭᠦᠨᠵᠡᠭᠡᠢ ᠠᠬᠢᠭᠤᠯᠬᠤ ᠵᠡᠷᠭᠡ 5 ᠲᠠᠯ᠎ᠠ᠎ᠶᠢᠨ ᠳᠤᠭᠤᠷᠢᠨ᠎ᠳᠦ᠂ 24 ᠵᠦᠢᠯ᠎ᠦᠨ ᠭᠣᠣᠯᠳᠠᠯᠭ᠎ᠠ᠎ᠲᠠᠢ ᠡᠭᠦᠷᠭᠡ᠎ᠶᠢ ᠪᠠᠢᠷᠢᠯᠠᠭᠤᠯᠵᠠᠢ᠃ ᠡᠭᠦᠨ᠎ᠦ ᠬᠠᠮᠲᠤ᠂ ᠴᠢᠨᠠᠷ ᠰᠠᠢᠲᠠᠢ ᠡᠷᠡᠭᠦᠯ ᠮᠡᠨᠳᠦ᠎ᠶᠢᠨ ᠦᠢᠯᠡᠴᠢᠯᠡᠭᠡ᠂ ᠥᠨᠳᠥᠷ  ᠲᠦᠪᠰᠢᠨ ᠪᠦᠬᠦᠢ ᠡᠷᠡᠭᠦᠯ ᠬᠠᠮᠠᠭᠠᠯᠠᠯ ᠡᠷᠡᠭᠦᠯ ᠮᠡᠨᠳᠦ ᠠᠮᠤᠷ ᠲᠦᠪᠰᠢᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠦᠢᠯᠡᠴᠢᠯᠡᠭᠡᠨ᠎ᠦ ᠰᠢᠰᠲᠧᠮ᠎ᠤᠨ ᠣᠳᠣᠬᠢᠴᠢᠯᠠᠯᠳᠠ᠎ᠶᠢᠨ ᠪᠦᠲᠦᠭᠡᠨ ᠪᠠᠢᠭᠤᠯᠤᠯᠲᠠ᠂ ᠠᠷᠠᠳ ᠲᠦᠮᠡᠨ᠎ᠦ ᠠᠮᠢ ᠨᠠᠰᠤ ᠡᠷᠡᠭᠦᠯ ᠮᠡᠨᠳᠦ᠎ᠳᠦ ᠬᠠᠨᠳᠤᠭᠤᠯᠤᠭᠰᠠᠨ ᠴᠢᠬᠤᠯᠠ ᠶᠡᠬᠡ ᠰᠢᠨ᠎ᠡ ᠡᠭᠦᠳᠦᠯᠲᠡ᠂ ᠠᠯᠪᠠᠨ ᠡᠴᠡ ᠪᠠᠢᠭᠤᠯᠤᠭᠰᠠᠨ ᠡᠮᠨᠡᠯᠭᠡ᠎ᠶᠢᠨ ᠬᠣᠷᠢᠶ᠎ᠠ᠎ᠶᠢᠨ ᠥᠭᠡᠷᠡᠴᠢᠯᠡᠯᠲᠡ ᠬᠢᠭᠡᠳ ᠴᠢᠨᠠᠷ ᠰᠠᠢᠲᠠᠢ ᠬᠥᠭᠵᠢᠯᠲᠡ ᠵᠡᠷᠭᠡ ᠴᠢᠬᠤᠯᠠ ᠶᠡᠬᠡ ᠢᠨᠵᠧᠨᠧᠷᠢᠩ ᠪᠠ ᠲᠥᠷᠥᠯ ᠵᠦᠢᠯ ᠵᠢᠴᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠡᠮ ᠡᠮᠨᠡᠯᠭᠡ ᠡᠷᠡᠭᠦᠯ ᠬᠠᠮᠠᠭᠠᠯᠠᠯ᠎ᠤᠨ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢᠨ ᠵᠢᠯᠤᠭᠣᠳᠬᠤ ᠵᠠᠷᠴᠢᠮ᠎ᠢ ᠳᠤᠷᠠᠳᠤᠨ ᠭᠠᠷᠭᠠᠪᠠ ᠃

《ᠲᠥᠯᠦᠪᠵᠢᠭᠦᠯᠭᠡ》 ᠳ᠋ᠤ᠌᠂ ᠨᠠᠮ᠎ᠤᠨ ᠤᠳᠤᠷᠢᠳᠤᠯᠭ᠎ᠠ᠎ᠶᠢ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠠᠵᠢᠯ᠎ᠤᠨ ᠪᠥᠬᠥ ᠶᠠᠪᠤᠴᠠ ᠡᠯ᠎ᠡ ᠲᠠᠯ᠎ᠠ᠎ᠳᠤ ᠳᠤᠭᠤᠰᠢᠯᠠᠭᠤᠯᠬᠤ ᠵᠢ ᠪᠠᠷᠢᠮᠲᠠᠯᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ 《〈ᠡᠷᠡᠭᠦᠯ ᠡᠩᠬᠡ ᠳᠤᠮᠳᠠᠳᠤ ᠤᠯᠤᠰ 2030〉 ᠲᠥᠯᠦᠪᠵᠢᠭᠦᠯᠭᠡ᠎ᠶᠢᠨ ᠬᠥᠲᠥᠯᠪᠦᠷᠢ》 ᠲᠠᠢ ᠤᠶᠠᠯᠳᠤᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠲᠥᠯᠦᠪᠵᠢᠭᠦᠯᠭᠡ᠎ᠶᠢᠨ ᠬᠡᠷᠡᠭᠵᠢᠭᠦᠯᠦᠯᠲᠡ᠎ᠶᠢ ᠠᠬᠢᠭᠤᠯᠬᠤ ᠬᠡᠷᠡᠭᠲᠡᠢ᠃ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠨᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠎ᠪᠠᠨ ᠴᠢᠩᠭᠠᠳᠬᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠥᠯᠦᠪᠵᠢᠭᠦᠯᠭᠡ ᠵᠢ ᠬᠡᠷᠡᠭᠵᠢᠭᠦᠯᠦᠭᠰᠡᠨ ᠪᠠᠢᠳᠠᠯ᠎ᠢ ᠬᠢᠨᠠᠨ ᠬᠡᠮᠵᠢᠬᠦ ᠪᠠ ᠦᠨᠡᠯᠡᠨ ᠵᠢᠱ᠌ᠢᠬᠦ ᠠᠵᠢᠯ᠎ᠢ ᠥᠷᠨᠢᠭᠦᠯᠵᠦ᠂ ᠪᠣᠳᠠᠲᠠᠢ ᠪᠠᠢᠳᠠᠯ᠎ᠢ ᠦᠨᠳᠦᠰᠦᠯᠡᠨ ᠡᠭᠦᠷᠭᠡ ᠠᠷᠭ᠎ᠠ ᠬᠡᠮᠵᠢᠶ᠎ᠡ᠎ᠶᠢ ᠰᠤᠳᠤᠯᠤᠨ ᠰᠢᠯᠢᠳᠡᠭᠵᠢᠭᠦᠯᠵᠦ᠂ ᠲᠥᠯᠦᠪᠵᠢᠭᠦᠯᠭᠡ᠎ᠶᠢᠨ ᠡᠯ᠎ᠡ ᠵᠦᠢᠯ᠎ᠦᠨ ᠡᠭᠦᠷᠭᠡ᠎ᠶᠢ ᠪᠤᠳᠠᠳᠠᠢᠵᠢᠭᠤᠯᠤᠨ ᠨᠠᠢᠳᠠᠪᠤᠷᠢᠵᠢᠭᠤᠯᠬᠤ᠎ᠶᠢ ᠦᠨᠡᠨ᠎ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ ᠃

(ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 7 ᠰᠠᠷ᠎ᠠ᠎ᠶᠢᠨ 13᠎ᠤ᠋ ᠴᠠᠬᠢᠯᠭᠠᠨ ᠮᠡᠳᠡᠭᠡ)  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号