ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠣᠶ᠎ᠶᠢ ᠪᠠᠶᠠᠷᠯᠠᠨ ᠪᠡᠯᠭᠡᠯᠡᠵᠤ᠂ ᠲᠤᠬᠠᠢ ᠵᠢᠨ ᠭᠠᠵᠠᠷ ᠤᠨ ᠦᠨᠳᠦᠰᠦᠲᠡᠨ᠎ᠨᠦᠭᠦᠳ᠎ᠦᠨ ᠮᠠᠯᠴᠢᠨ ᠲᠠᠷᠢᠶᠠᠴᠢᠨ ᠲᠦᠮᠡᠨ ᠦ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭ᠍ᠵᠢᠭᠤᠯᠥᠨ᠂ ᠪᠦᠬᠦ ᠪᠠᠯᠭᠠᠰᠤᠨ᠎ᠤ ᠺᠠᠳ᠋ᠷ ᠣᠯᠠᠨ ᠲᠦᠮᠡᠨ ᠦ ᠥᠭᠡᠳᠡᠯᠡᠨ ᠳᠠᠪᠰᠢᠬᠤ᠂ ᠪᠦᠯᠬᠦᠮᠳᠡᠨ ᠲᠡᠮᠡᠴᠡᠬᠦ ᠰᠢᠨ᠎ᠡ ᠴᠠᠭ ᠦᠶ᠎ᠡ᠎ᠶᠢᠨ ᠴᠤᠭ ᠵᠢᠪᠬᠤᠭ᠎ᠠ ᠵᠢ ᠳᠡᠯᠭᠡᠨ ᠦᠵᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠵᠤ ᠪᠣᠳᠠᠲᠠᠢᠵᠢᠭᠤᠯᠥᠨ᠂ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠬᠥ ᠵᠢᠨ ᠲᠥᠯᠥᠭᠡ᠂ 7 ᠰᠠᠷ᠎ᠠ ᠶᠢᠨ 9 ᠤ᠋ ᠡᠳᠦᠷ ᠲᠦᠩᠯᠢᠶᠣᠣ ᠬᠣᠲᠠ᠎ᠶᠢᠨ ᠬᠣᠷᠴᠢᠨ ᠵᠡᠭᠦᠨ ᠭᠠᠷᠤᠨ ᠬᠣᠢᠲᠤ ᠬᠣᠰᠢᠭᠤᠨ ᠤ ᠴᠢᠯᠠᠭᠤᠲᠤ ᠪᠠᠯᠭᠠᠰᠤ ᠳᠤᠮᠳᠠᠳᠤ᠎ᠶᠢᠨ ᠦᠨᠳᠦᠰᠦᠲᠡᠨ᠎ᠦ ᠬᠠᠮᠲᠤ ᠶᠢᠨ ᠴᠣᠭᠴᠠ᠎ᠶᠢᠨ ᠤᠬᠠᠮᠰᠠᠷ ᠢ ᠪᠠᠲᠤ ᠴᠤᠭᠴᠠᠯᠠᠬᠤ《ᠰᠡᠳᠬᠢᠯ᠎ᠢᠶᠡᠨ ᠨᠢᠭᠡᠳᠬᠡᠵᠦ᠂ ᠰᠦᠭ ᠰᠦᠨᠡᠰᠦ ᠪᠡᠨ ᠱᠤᠭᠤᠬᠤ》 ᠰᠢᠷᠢᠰ ᠠᠵᠢᠯᠯᠠᠭ᠎ᠠ ᠪᠠᠨ ᠡᠬᠢᠯᠡᠭᠥᠯᠪᠡ᠃
ᠲᠤᠰ ᠰᠢᠷᠢᠰ ᠠᠵᠢᠯᠯᠠᠭ᠎ᠠ ᠤᠯᠠᠨ ᠲᠦᠮᠡᠨ᠎ᠦ ᠦᠵᠡᠵᠦ ᠰᠣᠨᠢᠷᠬᠠᠬᠤ ᠳᠤᠷᠠᠲᠠᠢ ᠰᠣᠶᠣᠯ᠂ ᠪᠡᠶ᠎ᠡ᠎ᠶᠢᠨ ᠲᠠᠮᠢᠷ᠎ᠤᠨ ᠲᠦᠷᠦᠯ ᠵᠦᠢᠯ᠎ᠢᠶᠡᠷ ᠭᠣᠣᠯ ᠠᠴᠢᠶᠠᠯᠠᠪᠤᠷᠢ ᠪᠣᠯᠭᠠᠵᠠᠢ᠃ᠠᠩᠬᠠᠨ᠎ᠤ ᠠᠵᠢᠯᠯᠠᠭ᠎ᠠ ᠪᠤᠯᠬᠤ ᠠᠭᠤᠳᠠᠮ ᠲᠠᠯᠠᠪᠠᠢ᠎ᠶᠢᠨ ᠪᠥᠵᠢᠭ᠎ᠦᠨ ᠤᠷᠤᠯᠳᠤᠭᠠᠨ᠎ᠳᠤ ᠪᠦᠬᠦ ᠪᠠᠯᠭᠠᠰᠤᠨ᠎ᠤ 12 ᠭᠠᠴᠠᠭᠠᠨ᠎ᠤ 13 ᠲᠥᠯᠥᠭᠡᠯᠡᠭᠴᠢᠳ᠎ᠦᠨ ᠠᠩᠭᠢ ᠡᠭᠡᠯᠵᠢᠯᠡᠨ ᠳᠠᠢᠰᠠᠨ ᠳ᠋ᠤ ᠭᠠᠷᠴᠥ᠂ ᠢᠷᠠᠭᠤ ᠰᠠᠢᠬᠠᠨ ᠬᠥᠭ ᠠᠶᠠᠰ᠎ᠤᠨ ᠳᠤᠮᠳᠠ ᠤᠷᠠᠨ ᠰᠠᠢᠬᠠᠨ ᠪᠥᠵᠢᠭ ᠵᠢᠡᠨ ᠣᠷᠭᠢᠯᠤᠮ᠎ᠠ ᠬᠠᠯᠠᠭᠤᠨ ᠰᠡᠳᠬᠢᠯᠭᠡ᠎ᠪᠡᠷ ᠲᠤᠬᠯᠠᠭᠰᠨᠨ ᠪᠠᠢᠨ᠎ᠠ᠃
ᠳᠠᠷᠠᠭ᠎ᠠ ᠨᠢ ᠳᠡᠭᠡᠰᠥ ᠲᠠᠲᠠᠬᠤ ᠤᠷᠤᠯᠳᠤᠭᠠᠨ ᠢᠳᠡ ᠬᠥᠭ ᠲᠠᠢ ᠶᠠᠪᠤᠬᠳᠠᠪᠠ᠃ᠲᠤᠬᠠᠢ ᠵᠢᠨ ᠲᠠᠯᠠᠪᠠᠢ ᠳ᠋ᠤ ᠤᠤᠬᠠᠢᠯᠠᠨ ᠬᠠᠰᠬᠢᠷᠬᠤ ᠲᠠᠭᠤᠨ ᠲᠠᠰᠤᠷᠠᠯᠳᠠ ᠦᠭᠡᠢ ᠴᠤᠤᠷᠢᠶᠠᠳᠤᠵᠤ᠂ ᠥᠪᠡᠷ ᠥᠪᠡᠷ᠎ᠤᠨ ᠲᠥᠯᠥᠭᠡᠯᠡᠭᠴᠢᠳ᠎ᠤᠨ ᠠᠩᠬᠢ ᠪᠠᠨ ᠵᠤᠷᠢᠬᠵᠢᠭᠤᠯᠵᠤ ᠤᠷᠮᠠᠰᠢᠭᠤᠯᠤᠨ᠂ ᠲᠤᠬᠠᠢ ᠵᠢᠨ ᠭᠠᠵᠠᠷ᠎ᠤᠨ ᠮᠠᠯᠴᠢᠨ ᠲᠦᠮᠡᠨ᠎ᠦ ᠪᠦᠯᠬᠦᠮᠳᠡᠨ ᠬᠠᠮᠵᠢᠯᠴᠠᠵᠤ᠂ ᠲᠡᠷᠢᠭᠦᠨ᠎ᠦ ᠬᠢ ᠪᠣᠯᠬᠤ᠎ᠪᠠᠷ ᠡᠷᠡᠯᠬᠡᠭᠯᠡᠨ ᠲᠡᠮᠡᠴᠡᠬᠦ ᠡᠷᠴᠢ ᠵᠤᠷᠢᠬ᠂ ᠴᠤᠭ ᠵᠢᠪᠬᠤᠭ᠎ᠠ ᠵᠢ ᠢᠯᠡᠷᠡᠭᠦᠯᠵᠡᠢ᠃
ᠲᠤᠰ ᠰᠢᠷᠢᠰ ᠠᠵᠢᠯᠯᠠᠭ᠎ᠠ ᠨᠢ ᠰᠣᠶᠣᠯ ᠪᠡᠶ᠎ᠡ᠎ᠶᠢᠨ ᠲᠠᠮᠢᠷ᠎ᠢᠶᠠᠷ ᠬᠥᠭᠥᠷᠭᠡ ᠪᠣᠯᠭᠠᠵᠤ᠂ ᠪᠦᠬᠦ ᠪᠠᠯᠭᠠᠰᠤᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠬᠠᠷᠢᠯᠴᠠᠨ ᠶᠠᠪᠤᠯᠴᠠᠵᠤ ᠬᠠᠷᠢᠯᠴᠠᠨ ᠠᠭᠤᠰᠤᠯᠴᠠᠬᠤ ᠥᠷᠭᠡᠨ ᠠᠭᠤᠳᠠᠮ ᠲᠠᠪᠴᠠᠩ᠎ᠢ ᠬᠠᠩᠭᠠᠨ᠂ ᠪᠠᠶᠠᠷ ᠪᠠᠶᠠᠰᠥᠯᠳᠥ ᠠᠵᠢᠯᠯᠠᠭ᠎ᠠ ᠪᠡᠷ ᠳᠠᠮᠵᠢᠨ᠂ 《ᠳᠤᠮᠳᠠᠳᠤ᠎ᠶᠢᠨ ᠦᠨᠳᠦᠰᠦᠲᠡᠨ ᠨᠢᠭᠡ ᠭᠡᠷ᠎ᠦᠨ ᠬᠥᠮᠥᠰ ᠮᠡᠲᠦ ᠳᠤᠲᠤᠨᠤ》 ᠭᠡᠬᠦ ᠤᠢᠯᠠᠭᠠᠭᠳᠠᠬᠤᠨ᠎ᠢ ᠴᠢᠯᠠᠭᠤᠲᠤ ᠨᠤᠳᠤᠬ᠎ᠤᠨ ᠥᠩ ᠰᠢᠮᠡᠯᠢᠭ ᠬᠥᠷᠥᠰᠥᠨ᠎ᠳᠦ ᠭᠦᠨ ᠦᠨᠳᠦᠰᠦᠯᠡᠭᠦᠯᠥᠭᠰᠡᠨ ᠪᠠᠢᠨ᠎ᠠ᠃
ᠴᠢᠯᠠᠭᠤᠲᠤ ᠪᠠᠯᠭᠠᠰᠤᠨ᠎ᠤ ᠨᠠᠮ᠎ᠤᠨ ᠬᠣᠷᠢᠶ᠎ᠠ᠎ᠵᠢᠨ ᠱᠦᠵᠢ ᠯᠢ ᠰᠢᠶᠣᠣ ᠶᠦᠩ᠄《ᠲᠣᠰ ᠤᠳᠠᠭᠠᠨ ᠤ ᠠᠵᠢᠯᠯᠠᠭ᠎ᠠ ᠪᠡᠷ ᠳᠠᠮᠵᠢᠨ᠂ ᠮᠠᠯᠴᠢᠨ ᠲᠠᠷᠢᠶᠠᠴᠢᠳ᠎ᠲᠦ ᠤᠢᠷ᠎ᠠ ᠬᠠᠪᠢ ᠳ᠋ᠤᠨᠢ ᠰᠣᠶᠣᠯ ᠤᠨ ᠦᠢᠯᠡᠴᠢᠯᠡᠭᠡ ᠡᠳ᠋ᠯᠡᠭᠦᠯᠦᠭᠰᠡᠨ ᠢᠶᠡᠷ ᠪᠠᠷᠠᠬᠤ ᠦᠭᠡᠢ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠪᠠ ᠡᠯ᠎ᠡ ᠭᠠᠴᠠᠭᠠᠨ ᠤ ᠬᠣᠭᠣᠷᠣᠨᠳᠣᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶᠢ ᠴᠢᠩᠭᠠᠳᠬᠠᠵᠤ᠂ ᠬᠥᠳᠡᠭᠡ ᠶᠢᠨ ᠪᠣᠯᠪᠠᠰᠤᠨ ᠰᠤᠷᠲᠠᠯ᠎ᠢ ᠤᠯᠠᠮ ᠨᠢᠭᠡ ᠠᠯᠬᠤᠮ ᠳᠡᠯᠭᠡᠷᠡᠭᠥᠯᠵᠠᠢ᠂ ᠳᠠᠷᠠᠭᠠᠴᠢ᠎ᠪᠡᠷ ᠪᠢᠳᠡ ᠤᠯᠠᠨ ᠲᠦᠮᠡᠨ᠎ᠦ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ ᠶᠢ ᠪᠠᠢᠩᠭᠤ ᠥᠷᠨᠢᠭᠦᠯᠵᠦ᠂ ᠪᠦᠬᠦ ᠪᠠᠯᠭᠠᠰᠤᠨ᠎ᠤ ᠡᠶ᠎ᠡ ᠨᠠᠢᠷᠠᠮᠳᠠᠭᠤ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ ᠤ ᠪᠦᠲᠦᠭᠡᠨ ᠪᠠᠢᠭᠤᠯᠤᠯᠲᠠ ᠳᠤ ᠲᠠᠰᠤᠷᠠᠯᠳᠡ ᠦᠭᠡᠢ ᠠᠮᠢᠵᠢᠷᠠᠯ ᠤᠨ ᠬᠦᠴᠦᠨ ᠨᠡᠮᠡᠷᠢᠯᠡᠨ᠎ᠡ》ᠭᠡᠵᠦ ᠰᠤᠷᠪᠤᠯᠵᠢᠯᠠᠭᠴᠢ ᠳᠤ ᠬᠡᠯᠡᠭᠰᠡᠨ ᠪᠠᠢᠨ᠎ᠠ᠃