7 ᠰᠠᠷ᠎ᠠ᠎ᠶᠢᠨ 5 ᠤ᠋ ᠡᠳᠦᠷ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠡᠴᠡ ᠭᠣᠣᠯᠯᠠᠨ ᠡᠷᠬᠢᠯᠡᠭᠰᠡᠨ 《ᠳᠤᠮᠳᠠᠳᠤ ᠤᠯᠤᠰ᠎ᠤᠨ ᠪᠡᠶ᠎ᠡ᠎ᠪᠡᠨ ᠳᠠᠭᠠᠭᠠᠭᠰᠠᠨ ᠬᠢᠯᠢ ᠬᠢᠵᠠᠭᠠᠷ᠎ᠤᠨ ᠰᠤᠳᠤᠯᠤᠯ᠎ᠤᠨ ᠮᠡᠳᠡᠯᠭᠡ᠎ᠶᠢᠨ ᠰᠢᠰᠲ᠋ᠧᠮ ᠪᠣᠯᠣᠨ ᠡᠷᠬᠢᠨ ᠲᠣᠭᠣᠷᠢᠨ᠎ᠤ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ》 ᠳᠡᠭᠡᠳᠦ ᠲᠡᠰ᠎ᠤᠨ ᠶᠠᠷᠢᠶᠠᠨ᠎ᠤ ᠲᠠᠪᠴᠠᠩ ᠵᠢᠴᠢ ᠳᠤᠮᠳᠠᠳᠤ ᠮᠣᠩᠭᠣᠯ ᠤᠷᠤᠰ᠎ᠤᠨ ᠬᠥᠭᠵᠢᠯᠲᠡ᠎ᠶᠢᠨ ᠰᠤᠳᠤᠯᠭᠠᠨ᠎ᠤ ᠬᠦᠷᠢᠶᠡᠯᠡᠩ ᠤ᠋ᠨ ᠫᠠᠢᠰᠠ ᠰᠡᠬᠦᠬᠦ ᠶᠣᠰᠣᠯᠠᠯ ᠬᠥᠬᠡᠬᠣᠲᠠ᠎ᠳᠤ ᠶᠠᠪᠤᠭᠳᠠᠪᠠ᠃
ᠶᠠᠷᠢᠶᠠᠨ᠎ᠤ ᠲᠠᠪᠴᠠᠩ ᠳᠡᠭᠡᠷ᠎ᠡ᠂ ᠤᠯᠠᠨ ᠲᠤᠰᠬᠠᠢ ᠮᠡᠷᠭᠡᠵᠢᠯᠲᠡᠨ ᠡᠷᠳᠡᠮᠲᠡᠳ ᠤᠭᠰᠠᠭᠠᠳᠠᠨ ᠵᠦᠢ᠂ ᠬᠥᠮᠥᠨ ᠲᠥᠷᠥᠯᠬᠢᠲᠡᠨ᠎ᠦ ᠰᠤᠳᠤᠯᠤᠯ᠂ ᠬᠠᠭᠤᠴᠢ ᠰᠤᠳᠤᠯᠤᠯ᠂ ᠲᠡᠦᠬᠡ᠎ᠶᠢᠨ ᠤᠬᠠᠭᠠᠨ᠂ ᠨᠡᠢᠭᠡᠮ᠎ᠦᠨ ᠤᠬᠠᠭᠠᠨ᠂ ᠤᠯᠤᠰ ᠲᠦᠷᠦ᠎ᠶᠢᠨ ᠤᠬᠠᠭᠠᠨ᠂ ᠭᠠᠵᠠᠷ ᠵᠦᠢ᠎ᠶᠢᠨ ᠤᠬᠠᠭᠠᠨ᠂ ᠠᠮᠢ ᠠᠬᠤᠢ᠎ᠶᠢᠨ ᠤᠬᠠᠭᠠᠨ᠂ ᠠᠵᠤ ᠠᠬᠤᠢ᠎ᠶᠢᠨ ᠤᠬᠠᠭᠠᠨ ᠵᠡᠷᠭᠡ ᠰᠢᠨᠵᠢᠯᠡᠭᠡᠨ᠎ᠦ ᠰᠠᠯᠠᠭ᠎ᠠ ᠠᠯᠤᠰᠯᠠᠭᠰᠠᠨ ᠬᠠᠷᠠᠭᠠᠰᠤ ᠡᠴᠡ ᠬᠢᠯᠢ ᠬᠢᠵᠠᠭᠠᠷ᠎ᠤᠨ ᠵᠠᠰᠠᠯᠲᠠ᠂ ᠣᠷᠣᠨ ᠪᠦᠰᠡ ᠤᠯᠤᠰ᠎ᠤᠨ ᠢᠯᠭᠠᠯ ᠤᠨ ᠰᠤᠳᠤᠯᠭᠠᠨ᠂ ᠳᠤᠮᠳᠠᠳᠤ ᠮᠣᠩᠭᠣᠯ ᠤᠷᠤᠰ᠎ᠤᠨ ᠬᠠᠮᠲᠤᠷᠠᠯᠴᠠᠭ᠎ᠠ ᠪᠣᠯᠣᠨ ᠡᠷᠬᠢᠨ ᠲᠣᠭᠣᠷᠢᠨ ᠤ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠪᠠᠢᠭᠤᠯᠤᠯᠲᠠ ᠵᠡᠷᠭᠡ ᠵᠥᠪᠯᠡᠬᠦ ᠰᠡᠳᠦᠪ ᠦᠨ ᠲᠤᠭᠤᠷᠢᠨ ᠳ᠋ᠤ ᠲᠡᠦᠬᠡ ᠪᠣᠯᠣᠨ ᠣᠳᠣᠬᠢ ᠪᠠᠢᠳᠠᠯ᠂ ᠤᠨᠤᠯ ᠠᠷᠭ᠎ᠠ ᠵᠢᠴᠢ ᠰᠤᠳᠤᠯᠭᠠᠨ᠎ᠤ ᠬᠦᠷᠢᠶᠡᠨ᠎ᠦ ᠰᠣᠯᠪᠢᠴᠠᠯ ᠠᠭᠤᠰᠤᠯᠴᠠᠯ ᠵᠡᠷᠭᠡ᠎ᠶᠢᠨ ᠲᠣᠭᠣᠷᠢᠨ ᠳᠤ ᠭᠦᠨᠵᠡᠭᠡᠢ ᠰᠤᠳᠤᠯᠤᠨ ᠶᠠᠷᠢᠯᠴᠠᠵᠠᠢ᠃ ᠪᠡᠭᠡᠵᠢᠩ ᠶᠡᠬᠡ ᠰᠤᠷᠭᠠᠭᠤᠯᠢ᠂ ᠴᠢᠩᠬᠤᠸᠠ ᠶᠡᠬᠡ ᠰᠤᠷᠭᠠᠭᠤᠯᠢ᠂ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭᠠᠭᠤᠯᠢ᠂ ᠵᠦᠩᠱᠠᠨ ᠶᠡᠬᠡ ᠰᠤᠷᠭᠠᠭᠤᠯᠢ᠂ ᠰᠢᠶᠠᠮᠧᠨ ᠶᠡᠬᠡ ᠰᠤᠷᠭᠠᠭᠤᠯᠢ᠂ ᠰᠧᠴᠦᠸᠠᠨ ᠶᠡᠬᠡ ᠰᠤᠷᠭᠠᠭᠤᠯᠢ᠂ ᠯᠠᠨᠵᠧᠦ ᠶᠡᠬᠡ ᠰᠤᠷᠭᠠᠭᠤᠯᠢ ᠵᠡᠷᠭᠡ ᠤᠯᠤᠰ᠎ᠤᠨ ᠳᠣᠲᠣᠭᠠᠳᠤ᠎ᠶᠢᠨ ᠲᠡᠷᠢᠭᠦᠨ ᠵᠡᠷᠭᠡ᠎ᠶᠢᠨ ᠶᠡᠬᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶᠢᠨ 40 ᠭᠠᠷᠤᠢ ᠨᠠᠷᠠᠲᠤ ᠲᠤᠰᠬᠠᠢ ᠮᠡᠷᠭᠡᠵᠢᠯᠲᠡᠨ ᠡᠷᠳᠡᠮᠲᠡᠳ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃
ᠳᠤᠮᠳᠠᠳᠤ ᠮᠣᠩᠭᠣᠯ ᠤᠷᠤᠰ᠎ᠤᠨ ᠬᠥᠭᠵᠢᠯᠲᠡ᠎ᠶᠢᠨ ᠰᠤᠳᠤᠯᠭᠠᠨ᠎ᠤ ᠬᠦᠷᠢᠶᠡᠯᠡᠩ ᠪᠤᠯ ᠤᠯᠤᠰ ᠤᠨ ᠤᠮᠠᠷᠠᠰᠢ ᠨᠡᠭᠡᠭᠡᠯᠲᠡ ᠬᠢᠬᠦ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠣᠷᠢᠨ᠎ᠳᠤ ᠡᠷᠳᠡᠮ ᠰᠢᠨᠵᠢᠯᠡᠭᠡᠨ᠎ᠦ ᠨᠥᠯᠥᠭᠡᠯᠡᠬᠦ ᠬᠦᠴᠦᠨ ᠪᠠ ᠰᠢᠢᠳᠪᠦᠷᠢᠲᠦ ᠪᠣᠳᠣᠯᠭ᠎ᠠ᠎ᠶᠢᠨ ᠯᠠᠪᠯᠠᠯᠲᠠ᠎ᠶᠢᠨ ᠦᠨ᠎ᠡ ᠦᠷᠳᠡᠭ᠎ᠲᠠᠢ ᠴᠢᠬᠤᠯᠠ ᠦᠷ᠎ᠡ ᠪᠦᠲᠦᠭᠡᠯ᠎ᠢ ᠪᠤᠢ ᠪᠤᠯᠭᠠᠵᠤ᠂ ᠤᠯᠠᠨ ᠤᠯᠤᠰ ᠤᠨ ᠬᠠᠷᠠᠭ᠎ᠠ᠎ᠲᠠᠢ᠂ ᠬᠢᠯᠢ ᠬᠢᠵᠠᠭᠠᠷ᠎ᠤᠨ ᠵᠠᠰᠠᠯᠲᠠ᠎ᠶᠢᠨ ᠰᠤᠳᠤᠯᠭᠠᠨ᠎ᠤ ᠳᠡᠭᠡᠳᠦ ᠲᠡᠰ ᠤᠨ ᠴᠢᠳᠠᠪᠤᠷᠢᠲᠠᠨ᠎ᠢ ᠬᠥᠮᠥᠵᠢᠭᠦᠯᠵᠦ᠂ ᠬᠢᠯᠢ ᠬᠢᠵᠠᠭᠠᠷ᠎ᠤᠨ ᠰᠤᠳᠤᠯᠭᠠᠨ᠂ ᠣᠷᠣᠨ ᠪᠦᠰᠡ ᠤᠯᠤᠰ᠎ᠤᠨ ᠢᠯᠭᠠᠯ᠎ᠤᠨ ᠰᠤᠳᠤᠯᠭᠠᠨ ᠪᠠ ᠳᠤᠮᠳᠠᠳᠤ ᠤᠯᠤᠰ᠎ᠤᠨ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠰᠢᠰᠲ᠋ᠧᠮ᠎ᠤᠨ ᠪᠠᠢᠭᠤᠯᠤᠯᠲᠠ ᠳᠤᠮᠳᠠ ᠴᠢᠬᠤᠯᠠ ᠶᠡᠬᠡ ᠪᠡᠯᠭᠡ ᠲᠡᠮᠳᠡᠭ᠎ᠦᠨ ᠴᠢᠨᠠᠷᠲᠠᠢ ᠦᠷ᠎ᠡ ᠪᠦᠲᠦᠭᠡᠯ᠎ᠢ ᠴᠢᠷᠮᠠᠢᠨ ᠭᠠᠷᠭᠠᠬᠤ ᠪᠣᠯᠣᠨ᠎ᠠ᠃