ᠳᠡᠯᠭᠡᠷ ᠵᠤᠨ ᠤ ᠳᠤᠯᠤᠭᠠᠨ ᠰᠠᠷ᠎ᠠ ᠳ᠋ᠤ᠂ ᠪᠠᠭᠠᠷᠢᠨ ᠪᠠᠷᠠᠭᠤᠨ ᠬᠣᠰᠢᠭᠤᠨ᠎ᠤ ᠰᠢᠷᠠᠮᠥ᠋ᠷᠡᠨ ᠰᠤᠮᠤ᠎ᠶᠢᠨ ᠳᠠᠯᠠᠨᠳᠠᠢ ᠭᠠᠴᠠᠭ᠎ᠠ᠎ᠳᠤ ᠬᠦᠷᠬᠦ᠎ᠳᠤ᠂ ᠤᠯᠠᠭᠠᠨ ᠥᠨᠭᠭᠡ ᠵᠢᠨ ᠴᠠᠨ᠎ᠠ ᠴᠡᠴᠡᠭ ᠰᠠᠯᠬᠢᠨ ᠤ᠋ ᠠᠶᠠᠰ ᠵᠢᠡᠷ ᠮᠢᠷᠠᠯᠵᠠᠵᠤ᠂ ᠠᠨᠭᠭᠢᠯᠤᠮᠠ ᠰᠠᠢᠬᠠᠨ ᠦᠨᠦᠷ ᠬᠠᠩᠬᠤᠯᠤᠨ᠂ ᠦᠵᠡᠰᠬᠦᠯᠡᠩᠲᠦ ᠰᠠᠢᠬᠠᠨ ᠬᠥᠳᠡᠭᠡ ᠨᠤᠲᠤᠭ᠎ᠤᠨ ᠭᠤᠶᠤ ᠰᠠᠢᠬᠠᠨ ᠦᠵᠡᠮᠵᠢᠬᠠᠷᠠᠭᠠᠨ ᠳ᠋ᠤ ᠲᠤᠳᠤᠷᠠᠨ᠎ᠠ᠃
《ᠴᠠᠨ᠎ᠠ ᠴᠡᠴᠡᠭ᠎ᠤᠨ ᠠᠯᠢ ᠬᠡᠰᠡᠭ ᠨᠢ ᠴᠤ᠌ ᠪᠦᠷ ᠡᠷᠳᠡᠨᠢ ᠰᠢᠦ᠂ ᠲᠡᠷᠡ ᠨᠢ ᠡᠮ᠎ᠤᠨ ᠮᠠᠲᠧᠷᠢᠶᠠᠯ᠂ ᠠᠵᠤ ᠠᠬᠤᠢ ᠵᠢᠨ ᠪᠦᠲᠦᠭᠡᠭᠳᠡᠬᠦᠨ ᠪᠤᠯᠬᠤ ᠮᠦᠷᠲᠡᠭᠡᠨ ᠪᠠᠰᠠ ᠦᠵᠡᠮᠦᠷᠢᠰᠠᠢᠲᠠᠢ ᠪᠠᠢᠵᠤ᠂ ᠨᠢᠭᠡ ᠮᠦ᠍ ᠴᠠᠨ᠎ᠠ ᠴᠡᠴᠡᠭ᠎ᠤᠨ ᠠᠰᠢᠭ᠋ ᠣᠷᠤᠯᠭ᠎ᠠ ᠨᠢ ᠬᠡᠳᠦᠨ ᠮᠦ᠍ ᠤᠯᠠᠮᠵᠢᠯᠠᠯᠲᠤ ᠲᠠᠷᠢᠮᠠᠯ ᠤ᠋ᠨ ᠠᠰᠢᠭ ᠤᠷᠤᠯᠭ᠎ᠠ᠎ᠡᠴᠡ ᠬᠤᠯᠠ ᠳᠠᠪᠠᠳᠠᠭ 》 ᠭᠡᠵᠦ ᠰᠢᠷᠠᠮᠦ᠋ᠷᠡᠨ ᠰᠤᠮᠤ᠎ᠶᠢᠨ ᠹᠧᠩ ᠬᠠᠢ ᠲᠠᠷᠢᠶᠠᠯᠠᠩ ᠮᠠᠯᠵᠢᠯ᠎ᠤᠨ ᠲᠠᠯᠠᠪᠠᠢ᠎ᠶᠢᠨ ᠬᠠᠷᠢᠭᠤᠴᠠᠯᠭᠠᠲᠠᠨ ᠵᠧᠩ ᠹᠧᠩ ᠬᠠᠢ ᠨᠡᠯᠦᠭᠡᠷ ᠶᠡᠬᠡ ᠴᠡᠴᠡᠭ᠎ᠤᠨ ᠳᠠᠯᠠᠢ᠎ᠶᠢ ᠬᠠᠷᠠᠭᠠᠳ ᠪᠠᠶᠠᠷᠲᠠᠢᠬᠠᠨ ᠬᠡᠯᠡᠨ᠎ᠠ᠃
2020 ᠣᠨ᠎ᠳᠤ᠂ ᠵᠧᠩ ᠹᠧᠩ ᠬᠠᠢ ᠰᠢᠷᠨᠮᠦ᠋ᠷᠡᠨ ᠰᠤᠮᠤ᠎ᠶᠢᠨ ᠭᠡᠷᠡᠯ ᠤ᠋ᠨ ᠲᠤᠰᠤᠯᠲᠠ ᠭᠦᠢᠴᠡᠳ᠂ ᠬᠥᠷᠥᠰᠥ ᠰᠢᠷᠤᠢ ᠥᠩ ᠰᠢᠮᠡᠯᠢᠭ᠂ ᠠᠭᠤᠷ ᠠᠮᠢᠰᠬᠤᠯ ᠲᠣᠬᠢᠷᠠᠮᠵᠢᠲᠠᠢ ᠪᠠᠢᠭᠠᠯᠢ᠎ᠶᠢᠨ ᠨᠥᠬᠥᠴᠡᠯ ᠳ᠋ᠤ ᠵᠤᠬᠢᠴᠠᠭᠤᠯᠤᠨ᠂ 30 ᠭᠠᠷᠤᠢ ᠮᠦ᠍ ᠴᠠᠨ᠎ᠠ ᠴᠡᠴᠡᠭ᠎ᠢ ᠲᠤᠷᠰᠢᠨ ᠲᠠᠷᠢᠵᠤ᠂ ᠣᠳᠤ ᠪᠤᠯᠬᠤ ᠳ᠋ᠤ 7 ᠵᠢᠯ ᠤ᠋ᠨ ᠨᠢᠭᠤᠷ ᠢ᠋ ᠦᠵᠡᠵᠦ ᠪᠠᠢᠬᠤ ᠮᠦᠷᠲᠡᠭᠡᠨ ᠴᠠᠨ᠎ᠠ ᠴᠡᠴᠡᠭ ᠨᠢ ᠴᠡᠴᠡᠭᠯᠡᠨ ᠳᠡᠯᠭᠡᠷᠡᠬᠦ ᠬᠤᠭᠤᠴᠠᠭᠠᠨ ᠳ᠋ᠠᠭᠠᠨ ᠤᠷᠤᠵᠤ᠂ ᠲᠡᠷᠡ ᠴᠤ᠌ ᠲᠤᠬᠠᠢ᠎ᠶᠢᠨ ᠭᠠᠵᠠᠷ᠎ᠤᠨ ᠵᠢᠡᠨ ᠣᠨᠴᠠᠯᠢᠭ᠍ᠲᠤ ᠲᠠᠷᠢᠮᠠᠯ ᠲᠠᠷᠢᠵᠤ ᠤᠷᠭᠤᠭᠤᠯᠬᠤ ᠴᠢᠳᠠᠪᠤᠷᠢᠲᠠᠨ ᠪᠣᠯᠪᠠ᠃
ᠳᠣᠯᠤᠭᠠᠨ ᠵᠢᠯ᠎ᠤᠨ ᠤᠷᠭᠤᠯᠲᠠ᠎ᠪᠠᠷ ᠳᠡᠮᠵᠢᠨ᠂ ᠴᠠᠨ᠎ᠠ ᠴᠡᠴᠡᠭ᠎ᠤᠨ ᠦᠨᠳᠦᠰᠦ ᠡᠰᠢ ᠨᠢ ᠪᠦᠲᠦᠭᠦᠷᠡᠵᠤ᠂ ᠠᠰᠢᠭ ᠲᠠᠢ ᠪᠦᠷᠢᠯᠳᠦᠭᠦᠨ᠎ᠦ ᠠᠭᠤᠯᠤᠭᠳᠠᠴᠠ ᠨᠢ ᠨᠡᠮᠡᠭᠳᠡᠵᠦ᠂ ᠨᠠᠮᠤᠷ ᠬᠤᠷᠢᠶᠠᠵᠤ ᠮᠠᠯᠲᠠᠨ ᠴᠡᠪᠡᠷᠯᠡᠵᠦ ᠬᠠᠲᠠᠭᠠᠬ᠍ᠰᠠᠨᠤ ᠳᠠᠷᠠᠭ᠎ᠠ ᠪᠦᠭᠦ ᠤᠯᠤᠰ᠎ᠤᠨ ᠡᠯ᠎ᠡ ᠭᠠᠵᠠᠷ᠎ᠤᠨ ᠡᠮ᠎ᠤᠨ ᠮᠠᠲᠧᠷᠢᠶᠠᠯ᠎ᠤᠨ ᠵᠠᠬ᠎ᠠ ᠳᠡᠯᠭᠡᠭᠦᠷ᠎ᠲᠤ ᠪᠣᠷᠣᠯᠠᠭᠤᠯᠵᠤ᠂ ᠵᠢᠱ᠌ᠢᠯᠲᠡ᠎ᠪᠠᠷ ᠭᠠᠭᠴᠠ ᠦᠨᠳᠦᠰᠦ ᠡᠰᠢᠳ᠋ᠤᠨᠢ ᠲᠦᠰᠢᠭᠯᠡᠨ ᠮᠦ᠍ ᠪᠦᠷᠢ᠎ᠡᠴᠡ 4 ᠲᠦᠮᠡᠨ ᠲᠥᠭᠥᠷᠢᠭ᠎ᠤᠨ ᠠᠰᠢᠭ᠋ ᠣᠷᠤᠯᠭᠠᠤᠯᠬᠤ ᠪᠤᠯᠤᠨ᠎ᠠ᠃ ᠴᠠᠨ᠎ᠠ ᠴᠡᠴᠡᠭ᠎ᠤᠨ ᠦᠷ᠎ᠡ ᠵᠢᠨ ᠲᠣᠰᠣᠨ ᠤ᠋ ᠠᠭᠤᠯᠤᠭᠳᠠᠴᠠ ᠨᠢ ᠥᠨᠳᠥᠷ᠂ ᠲᠣᠰᠣ᠌ ᠰᠢᠬᠠᠬᠤ ᠪᠤᠶᠤ ᠰᠢᠷ ᠪᠤᠳᠤᠭ ᠦᠢᠯᠡᠳᠬᠦ᠎ᠳᠦ ᠬᠡᠷᠡᠭᠯᠡᠵᠦ ᠪᠤᠯᠬᠤ ᠤᠴᠢᠷ ᠡᠴᠡ ᠲᠤᠢᠯ᠎ᠤᠨ ᠥᠨᠳᠥᠷ ᠠᠵᠤ ᠠᠬᠤᠢ᠎ᠶᠢᠨ ᠦᠨ᠎ᠡ ᠥᠷᠲᠡᠭ᠎ᠲᠠᠢ᠃ ᠪᠦᠷᠢᠳᠬᠡᠯ᠎ᠢ ᠦᠨᠳᠦᠰᠦᠯᠡᠪᠡᠯ᠂ ᠮᠦ᠍ ᠪᠦᠷᠢ᠎ᠡᠴᠡ 200 ᠵᠢᠩ ᠦᠷ᠎ᠡ ᠬᠤᠷᠢᠶᠠᠵᠤ᠂ ᠮᠦ᠍ ᠪᠦᠷᠢ᠎ᠶᠢᠨ ᠣᠷᠤᠯᠭ᠎ᠠ᠎ᠵᠢ ᠴᠥᠮ 2000 ᠰᠢᠬᠠᠮ ᠲᠥᠭᠥᠷᠢᠭ ᠨᠡᠮᠡᠭᠳᠡᠭᠦᠯᠵᠦ᠂ ᠦᠨᠡᠨ ᠬᠦ᠌ 《 ᠨᠢᠭᠡ ᠮᠦ᠍ ᠲᠠᠷᠢᠶᠠᠨ ᠭᠠᠵᠠᠷ ᠡᠴᠡ ᠬᠣᠶᠠᠷ ᠬᠤᠪᠢ ᠣᠷᠤᠯᠭ᠎ᠠ ᠤᠯᠬᠤ 》 ᠵᠢ ᠪᠡᠶᠡᠯᠡᠭᠦᠯᠵᠠᠢ᠃
ᠭᠤᠶᠤ ᠰᠠᠢᠬᠠᠨ ᠴᠡᠴᠡᠭ᠎ᠤᠨ ᠦᠵᠡᠮᠵᠢ ᠨᠢ ᠴᠤ᠌ ᠣᠷᠤᠯᠭ᠎ᠠ᠎ᠵᠢ ᠨᠡᠮᠡᠭᠳᠡᠭᠦᠯᠬᠦ ᠰᠢᠨ᠎ᠡ ᠴᠡᠭ ᠪᠣᠯᠪᠠ᠃ ᠵᠢᠯ ᠪᠦᠷᠢ᠎ᠶᠢᠨ 5 ᠰᠠᠷ᠎ᠠ᠎ᠶᠢᠨ ᠳᠤᠮᠳᠠᠴᠢ᠎ᠡᠴᠡ 6 ᠰᠠᠷ᠎ᠠ᠎ᠶᠢᠨ ᠳᠤᠮᠳᠠᠴᠢ ᠪᠤᠯᠲᠠᠯ᠎ᠠ᠂ ᠴᠠᠨ᠎ᠠ ᠴᠡᠴᠡᠭ ᠨᠢ ᠥᠩᠭᠡ ᠢᠯᠭᠠᠷᠠᠨ ᠳᠡᠯᠭᠡᠷᠡᠵᠦ᠂ ᠮᠠᠰᠢ ᠣᠯᠠᠨ ᠵᠢᠭᠤᠯᠴᠢᠯᠠᠭᠰᠠᠳ᠎ᠤ᠋ᠨ ᠪᠠᠬ᠎ᠠ ᠵᠢ ᠲᠠᠲᠠᠵᠤ᠂ ᠡᠨᠡ ᠬᠡᠰᠡᠭ ᠴᠠᠨ᠎ᠠ ᠴᠡᠴᠡᠭ ᠨᠢ ᠨᠢᠭᠡᠨᠲᠡ ᠲᠤᠬᠠᠢ᠎ᠶᠢᠨ ᠭᠠᠵᠠᠷ᠎ᠤᠨ ᠬᠤᠸᠠᠷ ᠴᠡᠴᠡᠭ ᠰᠤᠨᠢᠷᠬᠠᠬᠤ ᠵᠠᠪᠠᠯ ᠤᠴᠢᠬᠤ ᠤᠷᠤᠨ ᠪᠣᠯᠵᠤ᠂ ᠲᠤᠬᠠᠢ᠎ᠶᠢᠨ ᠭᠠᠵᠠᠷ᠎ᠤᠨ ᠬᠡᠷᠡᠭᠯᠡᠭᠡ᠎ᠶᠢ ᠪᠦᠲᠦᠮᠵᠢᠲᠡᠢ ᠳᠠᠢᠴᠢᠯᠠᠪᠠ᠃
《 ᠴᠠᠨ᠎ᠠ ᠴᠡᠴᠡᠭ ᠨᠢ ᠬᠦᠢᠲᠡᠨ ᠪᠠ ᠭᠠᠩ ᠬᠠᠭᠤᠷᠠᠢ᠎ᠳᠤ ᠲᠡᠰᠪᠦᠷᠢᠲᠡᠢ᠂ ᠠᠷᠠᠴᠢᠯᠠᠨ ᠳᠤᠳᠤᠮᠳᠠᠬᠤ᠎ᠳᠤ ᠳᠥᠭᠦᠮ᠂ ᠨᠢᠭᠡ ᠤᠳᠠᠭ᠎ᠠ ᠲᠠᠷᠢᠪᠠᠯ ᠣᠯᠠᠨ ᠵᠢᠯ ᠠᠰᠢᠭ᠋ ᠣᠯᠵᠤ ᠪᠤᠯᠤᠨ᠎ᠠ᠂ ᠲᠤᠰ ᠭᠠᠵᠠᠷ᠎ᠤᠨ ᠠᠭᠤᠷ ᠠᠮᠢᠰᠬᠤᠯ ᠪᠣᠯᠣᠨ ᠬᠥᠷᠥᠰᠥ ᠰᠢᠷᠤᠢ᠎ᠳᠦ ᠮᠠᠰᠢ ᠲᠣᠬᠢᠷᠠᠮᠵᠢᠲᠠᠢ ᠪᠠᠢᠳᠠᠭ 》 ᠭᠡᠵᠦ ᠵᠧᠩ ᠹᠧᠩ ᠬᠠᠢ ᠬᠡᠯᠡᠪᠡ᠃ ᠳᠣᠯᠤᠭᠠᠨ ᠵᠢᠯ᠎ᠤᠨ ᠲᠠᠷᠢᠵᠤ ᠤᠷᠭᠤᠭᠤᠯᠤᠭᠰᠠᠨ ᠲᠤᠷᠰᠢᠯᠭ᠎ᠠ ᠨᠢ ᠲᠡᠭᠦᠨ᠎ᠳᠤ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ᠂ ᠳᠤᠰᠤᠯᠭᠠᠨ ᠤᠰᠤᠯᠠᠬᠤ᠂ ᠪᠤᠭᠢᠷᠲᠤᠯ ᠥᠭᠡᠢ ᠪᠡᠷ ᠡᠪᠡᠳᠴᠢᠨ ᠬᠣᠷᠣᠬᠠᠢ᠎ᠶᠢᠨ ᠬᠥᠨᠥᠭᠡᠯ᠎ᠢ ᠰᠡᠷᠭᠡᠢᠯᠡᠨ ᠡᠵᠡᠮᠳᠡᠬᠦ ᠵᠡᠷᠭᠡ ᠣᠲᠤᠬᠢᠴᠢᠯᠠᠭᠰᠠᠨ ᠲᠠᠷᠢᠵᠤ ᠤᠷᠭᠤᠭᠤᠯᠬᠤ ᠮᠡᠷᠭᠡᠵᠢᠯ᠎ᠢ ᠪᠣᠯᠪᠠᠰᠤᠷᠠᠩᠭᠤᠢ ᠡᠵᠡᠮᠰᠢᠭᠦᠯᠵᠡᠢ᠃ ᠲᠡᠭᠦᠵᠦ ᠬᠤᠷᠢᠶᠠᠬᠤ ᠴᠠᠭ ᠪᠤᠯᠬᠤ ᠪᠦᠷᠢ ᠲᠡᠷᠡ ᠴᠥᠮ ᠡᠷᠭᠢᠨ ᠲᠣᠭᠣᠷᠢᠨ᠎ᠤ ᠲᠣᠰᠬᠤᠨ᠎ᠤ ᠠᠷᠠᠳ᠎ᠢ ᠭᠥᠯᠢᠶᠡᠨ ᠠᠪᠴᠤ ᠣᠢᠷ᠎ᠠ ᠬᠠᠪᠢ᠎ᠳᠠᠭᠠᠨ ᠬᠥᠯᠥᠰᠦᠨ ᠠᠵᠢᠯ ᠭᠢᠬᠦ ᠵᠢ ᠠᠬᠢᠭᠤᠯᠵᠤ᠂ ᠬᠥᠷᠰᠢ ᠵᠡᠷᠭᠡᠯᠡᠳᠡᠭᠡ ᠶ᠋ᠢᠨ ᠤᠯᠠᠨ ᠲᠦᠮᠡᠨ ᠢ᠋ ᠲᠠᠶ᠋ᠢᠴᠢᠯᠠᠨ ᠭᠡᠷ᠎ᠤᠨ ᠬᠢᠨᠢ ᠤᠢᠷᠠᠯᠴᠠᠭ᠎ᠠ ᠠᠵᠢᠯ ᠣᠯᠭᠣᠨ ᠣᠷᠤᠯᠭ᠎ᠠ᠎ᠶᠢ ᠨᠢ ᠨᠡᠮᠡᠭᠳᠡᠭᠦᠯᠵᠤ ᠪᠤᠢ᠃
ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠶᠠᠨ ᠳ᠋ᠤ᠌ ᠂ ᠰᠢᠷᠨᠮᠦ᠋ᠷᠡᠨ ᠰᠤᠮᠤᠲᠤᠬᠠᠢ ᠵᠢᠨ ᠭᠠᠵᠠᠷ᠎ᠤᠨ ᠡᠬᠢ ᠪᠠᠶᠠᠯᠢᠭ᠋᠎ᠤᠨ ᠳᠠᠪᠠᠭᠤᠯᠢᠭ᠋᠎ᠢ ᠭᠦᠨᠵᠡᠭᠡᠢ ᠠᠭᠤᠳᠠᠯᠵᠤ᠂ ᠣᠨᠴᠠᠯᠢᠭ᠍ᠲᠤ ᠲᠠᠷᠢᠮᠠᠯ᠎ᠤᠨ ᠠᠵᠤ ᠦᠢᠯᠡᠰ᠎ᠢ ᠶᠡᠬᠡ ᠪᠡᠷ ᠬᠥᠭᠵᠢᠭᠦᠯᠵᠦ᠂ ᠮᠠᠯᠴᠢᠨ ᠲᠠᠷᠢᠶᠠᠴᠢᠳ᠎ᠢ ᠬᠥᠲᠥᠯᠥᠨ ᠵᠢᠯᠤᠭᠣᠳᠴᠤ 《 ᠠᠮᠢ ᠠᠬᠤᠢ + ᠠᠵᠤ ᠠᠬᠤᠢ + ᠦᠵᠡᠮᠦᠷᠢ 》 ᠵᠢ ᠠᠭᠤᠰᠤᠯᠴᠠᠭᠤᠯᠤᠨ ᠬᠥᠭᠵᠢᠬᠦᠯᠬᠦ ᠵᠠᠭᠪᠤᠷ᠎ᠢ ᠴᠣᠭᠴᠠᠯᠠᠨ ᠪᠠᠢᠭᠤᠯᠪᠠ᠃ ᠴᠠᠨ᠎ᠠ ᠴᠡᠴᠡᠭ᠎ᠤᠨ ᠠᠵᠤ ᠦᠢᠯᠡᠰ ᠪᠣᠯ ᠳᠠᠷᠤᠢ ᠲᠡᠭᠦᠨ᠎ᠤ ᠳᠣᠲᠣᠷᠠᠬᠢ ᠠᠮᠢᠳᠤᠯᠢᠭ᠋ ᠪᠤᠲᠠᠲᠠᠢ ᠦᠢᠯᠡᠳᠦᠯᠭᠡ ᠪᠠᠢᠵᠤ᠂ ᠠᠮᠢ ᠠᠬᠤᠢ᠎ᠶᠢ ᠰᠠᠬᠢᠨ ᠬᠠᠮᠠᠭᠠᠯᠠᠵᠤ᠂ ᠭᠠᠵᠠᠷ ᠰᠢᠷᠣᠢ᠎ᠶᠢᠨ ᠡᠬᠢ ᠪᠠᠶᠠᠯᠢᠭ᠋ ᠢ᠋ ᠠᠮᠢᠯᠠᠭᠤᠯᠤᠬ᠍ᠰᠠᠨ ᠪᠥᠭᠡᠳ ᠤᠯᠠᠨ ᠲᠦᠮᠡᠨ᠎ᠤ ᠣᠷᠤᠯᠭ᠎ᠠ᠎ᠶᠢ ᠨᠡᠮᠡᠭᠳᠡᠭᠦᠯᠬᠦ ᠠᠷᠭ᠎ᠠ ᠵᠠᠮ᠎ᠢ ᠴᠤ᠌ ᠥᠷᠭᠡᠳᠬᠡᠵᠦ ᠥᠭᠴᠡᠢ᠃