ᠥᠪᠥᠷ ᠮᠣᠩᠭᠣᠯ ᠤ᠋ᠨ ᠵᠡᠭᠦᠨ ᠬᠡᠰᠡᠭ ᠤ᠋ᠨ ᠭᠠᠵᠠᠷ ᠤᠷᠤᠨ ᠤ᠋ ᠡᠨᠡ ᠵᠢᠯ ᠤ᠋ᠨ ᠭᠠᠳᠠᠭᠰᠢ ᠬᠦᠷᠭᠡᠭᠰᠡᠨ ᠴᠠᠬᠢᠯᠭᠠᠨ ᠤ᠋ ᠬᠡᠮᠵᠢᠶ᠎ᠡ ᠮᠢᠩᠭᠠᠨ ᠳ᠋ᠦᠩᠰᠢᠭᠤᠷ ᠭᠷᠠᠳᠦ᠋ᠰ ᠢ᠋ ᠳᠠᠪᠠᠪᠠ
2026-07-16 10:48:14
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

 ᠤᠯᠤᠰ ᠤ᠋ᠨ ᠴᠠᠬᠢᠯᠭᠠᠨ ᠲᠣᠣᠷ ᠤ᠋ᠨ ᠥᠪᠥᠷ ᠮᠣᠩᠭᠣᠯ ᠤ᠋ᠨ ᠵᠡᠭᠦᠨ ᠬᠡᠰᠡᠭ ᠤ᠋ᠨ ᠴᠠᠬᠢᠯᠭᠠᠨ ᠬᠦᠴᠦᠨ ᠤ᠋ ᠺᠤᠮᠫᠠᠨᠢ ᠶ᠋ᠢᠨ ᠮᠡᠳᠡᠭᠡ ᠵᠢ ᠦᠨᠳᠦᠰᠦᠯᠡᠪᠡᠯ᠂ 6 ᠰᠠᠷ᠎ᠠ ᠶ᠋ᠢᠨ 29 ᠤ᠋ ᠡᠳᠦᠷ ᠤ᠋ᠨ 24 ᠴᠠᠭ ᠪᠣᠯᠲᠠᠯ᠎ᠠ᠂ ᠤᠯᠤᠰ ᠤ᠋ᠨ ᠴᠠᠬᠢᠯᠭᠠᠨ ᠲᠣᠣᠷ ᠤ᠋ᠨ ᠥᠪᠥᠷ ᠮᠣᠩᠭᠣᠯ ᠤ᠋ᠨ ᠵᠡᠭᠦᠨ ᠬᠡᠰᠡᠭ ᠤ᠋ᠨ ᠴᠠᠬᠢᠯᠭᠠᠨ ᠬᠦᠴᠦᠨ ᠺᠤᠮᠫᠠᠨᠢ ᠶ᠋ᠢᠨ ᠡᠨᠡ ᠵᠢᠯ ᠤ᠋ᠨ ᠭᠠᠳᠠᠭᠰᠢ ᠬᠦᠷᠭᠡᠭᠰᠡᠨ ᠴᠠᠬᠢᠯᠭᠠᠨ ᠤ᠋ ᠬᠡᠮᠵᠢᠶ᠎ᠠ 1000 ᠳ᠋ᠦᠩᠰᠢᠭᠤᠷ ᠭᠷᠠᠳᠦ᠋ᠰ ᠢ᠋ ᠳᠠᠪᠠᠪᠠ᠃ ᠡᠭᠦᠨ ᠳ᠋ᠤ ᠂ ᠣᠨᠴᠠ ᠥᠨᠳᠥᠷ ᠬᠦᠴᠦᠳᠡᠯᠲᠦ᠍ ᠴᠠᠬᠢᠯᠭᠠᠨ ᠲᠤᠤᠷ ᠤ᠋ᠨ ᠭᠠᠳᠠᠭᠰᠢ ᠬᠦᠷᠭᠡᠯᠲᠡ ᠶ᠋ᠢᠨ ᠬᠡᠮᠵᠢᠶ᠎ᠡ 931.21 ᠳ᠋ᠦᠩᠰᠢᠭᠤᠷ ᠭᠷᠠᠳᠦ᠋ᠰ ᠲᠦ᠍ ᠬᠦᠷᠴᠦ᠍᠂ ᠨᠢᠳᠦᠨᠦᠨ ᠤ᠋ ᠠᠳᠠᠯᠢ ᠬᠤᠭᠤᠴᠠᠭᠠᠨ ᠤ᠋ ᠬᠢ ᠡᠴᠡ 3.54% ᠪᠡᠷ ᠨᠡᠮᠡᠭᠳᠡᠵᠦ᠍᠂ ᠲᠡᠦᠬᠡ ᠶ᠋ᠢᠨ ᠠᠳᠠᠯᠢ ᠬᠤᠭᠤᠴᠠᠭᠠᠨ ᠤ᠋ ᠰᠢᠨ᠎ᠡ ᠲᠡᠮᠳᠡᠭᠯᠡᠯ ᠢ᠋ ᠡᠭᠦᠳᠪᠡ ᠃

2014 ᠣᠨ ᠳ᠋ᠤ ᠥᠪᠥᠷ ᠮᠣᠩᠭᠣᠯ ᠠᠨᠭᠬᠠᠳᠠᠭᠴᠢ ᠵᠤᠷᠪᠤᠰ ᠣᠨᠴᠠ ᠥᠨᠳᠥᠷ ᠬᠦᠴᠦᠳᠡᠯᠲᠦ᠍ ᠴᠠᠬᠢᠯᠭᠠᠨ ᠢ᠋ ᠭᠠᠳᠠᠭᠰᠢ ᠬᠦᠷᠭᠡᠬᠦ᠌ ᠨᠡᠪᠲᠡᠷᠡᠯ ᠵᠠᠮ ᠢ᠋ ᠡᠬᠢᠯᠡᠭᠦᠯᠦᠨ ᠪᠦᠲᠦᠭᠡᠨ ᠪᠠᠶ᠋ᠢᠭᠤᠯᠤᠭᠰᠠᠨ ᠡᠴᠡ ᠨᠠᠭᠠᠰᠢ᠂ ᠣᠳᠣᠬᠠᠨ ᠳ᠋ᠤ ᠨᠢᠭᠡᠨᠲᠡ ᠱᠠᠨᠳᠦ᠋ᠩ᠂ ᠲᠢᠶᠠᠨᠵᠢᠨ᠂ ᠱᠠᠨ ᠰᠢ᠂ ᠵᠢᠶᠠᠩᠰᠦ ᠵᠡᠷᠭᠡ ᠭᠠᠵᠠᠷ ᠲᠦ᠍ ᠬᠠᠨᠳᠤᠭᠤᠯᠤᠭᠰᠠᠨ 8 ᠵᠤᠷᠪᠤᠰ ᠣᠨᠴᠠ ᠥᠨᠳᠥᠷ ᠬᠦᠴᠦᠳᠡᠯᠲᠦ᠍ ᠴᠠᠬᠢᠯᠭᠠᠨ ᠬᠦᠷᠭᠡᠬᠦ᠌ ᠨᠡᠪᠲᠡᠷᠡᠯ ᠵᠠᠮ ᠵᠢᠴᠢ ᠢᠵᠢ ᠪᠦᠷᠢᠳᠦᠭᠦᠯᠦᠭᠰᠡᠨ ᠲᠥᠪᠯᠡᠷᠡᠭᠦᠯᠬᠦ᠌ ᠴᠠᠬᠢᠯᠭᠠᠨ ᠤ᠋ ᠲᠣᠣᠷ ᠤ᠋ᠨ ᠪᠠᠷᠢᠯᠭ᠎ᠠ ᠵᠢ ᠪᠠᠶ᠋ᠢᠭᠤᠯᠵᠤ᠂ ᠡᠮᠦᠨ᠎ᠡ ᠤᠮᠠᠷ᠎ᠠ ᠵᠢ ᠬᠣᠯᠪᠣᠭᠰᠠᠨ ᠥᠪᠥᠷ ᠮᠣᠩᠭᠣᠯ ᠤ᠋ᠨ ᠴᠠᠬᠢᠯᠭᠠᠨ ᠢ᠋ ᠭᠠᠳᠠᠭᠰᠢ ᠬᠦᠷᠭᠡᠬᠦ᠌ ᠲᠣᠮᠣ ᠨᠡᠪᠲᠡᠷᠡᠯ ᠵᠠᠮ ᠢ᠋ ᠪᠣᠶ ᠪᠣᠯᠭᠠᠪᠠ᠃ ᠡᠭᠦᠨ ᠤ᠋ ᠬᠠᠮᠲᠤ᠌᠂ ᠥᠪᠥᠷ ᠮᠣᠩᠭᠣᠯ ᠶᠠᠭ ᠣᠨᠴᠠ ᠥᠨᠳᠥᠷ ᠬᠦᠴᠦᠳᠡᠯᠲᠦ᠍ ᠴᠠᠬᠢᠯᠭᠠᠨ ᠤ᠋ ᠢᠨᠵᠧᠨᠧᠷᠢᠩ ᠤ᠋ᠨ ᠪᠥᠲᠥᠭᠡᠨ ᠪᠠᠶ᠋ᠢᠭᠤᠯᠤᠯᠲᠠ ᠶ᠋ᠢᠨ ᠠᠬᠢᠴᠠ᠎ᠪᠠᠨ ᠲᠦᠷᠭᠡᠳᠬᠡᠵᠦ᠍᠂ 《ᠵᠢᠷᠭᠤᠭᠠᠨ ᠬᠤᠪᠢᠰᠤᠮᠠᠯ ᠬᠦᠶᠦᠳᠡᠯᠳᠦ ᠵᠢᠷᠭᠤᠭᠠᠨ ᠲᠤᠭᠳᠠᠮᠠᠯ ᠬᠦᠶᠦᠳᠡᠯᠳᠦ》 12 ᠵᠦᠢᠯ ᠤ᠋ᠨ ᠰᠢᠨ᠎ᠡ ᠪᠡᠷ ᠪᠠᠶ᠋ᠢᠭᠤᠯᠬᠤ ᠣᠨᠴᠠ ᠥᠨᠳᠥᠷ ᠬᠦᠴᠦᠳᠡᠯᠲᠦ᠍ ᠴᠠᠬᠢᠯᠭᠠᠨ ᠤ᠋ ᠢᠨᠵᠧᠨᠧᠷᠢᠩ ᠢ᠋ ᠨᠠᠢᠳᠠᠪᠤᠷᠢᠵᠢᠭᠤᠯᠬᠤ ᠵᠢ ᠠᠬᠢᠭᠤᠯᠵᠤ ᠪᠠᠢᠨ᠎ᠠ᠃ ᠡᠭᠦᠨ ᠳ᠋ᠤ ᠡᠶᠡᠷᠬᠦ ᠰᠦᠬᠡᠷᠬᠦ 800 ᠺᠢᠯᠦᠸᠤᠯᠲ ᠤ᠋ᠨ ᠥᠪᠥᠷ ᠮᠣᠩᠭᠣᠯ ᠤ᠋ᠨ ᠪᠠᠷᠠᠭᠤᠨ ᠬᠡᠰᠡᠭ — ᠪᠡᠭᠡᠵᠢᠩ ᠲᠢᠶᠠᠨᠵᠢᠨ ᠾᠧᠪᠧᠶ ᠶ᠋ᠢᠨ ᠣᠨᠴᠠ ᠥᠨᠳᠥᠷ ᠬᠦᠴᠦᠳᠡᠯᠲᠦ᠍ ᠲᠣᠭᠲᠠᠮᠠᠯ ᠭᠥᠶᠥᠳᠡᠯᠳᠦ ᠴᠠᠬᠢᠯᠭᠠᠨ ᠤ᠋ ᠢᠨᠵᠧᠨᠧᠷᠢᠩ ᠨᠢ ᠥᠪᠥᠷ ᠮᠣᠩᠭᠣᠯ ᠤ᠋ᠨ ᠠᠩᠬᠠᠳᠠᠭᠴᠢ 《ᠡᠯᠡᠰᠦᠨ ᠴᠦᠯ ᠭᠤᠪᠢ ᠨᠤᠳᠤᠭ ᠴᠦᠯᠯᠡᠷᠬᠡᠭ ᠤᠷᠤᠨ 》 ᠤ᠋ ᠰᠡᠯᠬᠢᠨ ᠬᠦᠴᠦᠨ ᠤ᠋ ᠴᠠᠬᠢᠯᠭᠠᠨ ᠭᠡᠷᠡᠯᠴᠢ ᠴᠡᠨᠡᠭ ᠤ᠋ᠨ ᠰᠠᠭᠤᠷᠢᠨ ᠤ᠋ ᠭᠠᠳᠠᠭᠰᠢ ᠬᠦᠷᠭᠡᠬᠦ᠌ ᠨᠡᠪᠲᠡᠷᠡᠯ ᠵᠠᠮ ᠪᠣᠯᠤᠭᠰᠠᠨ ᠤ᠋ ᠬᠤᠪᠢ ᠳ᠋ᠤ ᠶᠠᠭ ᠱᠠᠯᠠᠪᠳᠠᠨ ᠠᠬᠢᠭᠤᠯᠵᠤ᠂ ᠵᠢᠱ᠌ᠢᠯᠲᠡ ᠪᠡᠷ 2027 ᠣᠨ ᠳ᠋ᠤ ᠪᠠᠶ᠋ᠢᠭᠤᠯᠤᠨ ᠳᠠᠭᠤᠰᠬᠠᠵᠤ ᠠᠰᠢᠭᠯᠠᠯᠲᠠ ᠳ᠋ᠤ ᠣᠷᠣᠭᠤᠯᠬᠤ ᠪᠤᠯᠤᠨ᠎ᠠ᠃ ᠳᠠᠯᠠᠳ — ᠥᠪᠥᠷ ᠮᠣᠩᠭᠣᠯ ᠤ᠋ᠨ ᠪᠠᠷᠠᠭᠤᠨ ᠬᠡᠰᠡᠭ ᠤ᠋ᠨ1000 ᠺᠢᠯᠦᠸᠤᠯᠲ ᠤ᠋ᠨ ᠣᠨᠴᠠ ᠥᠨᠳᠥᠷ ᠬᠦᠴᠦᠳᠡᠯᠲᠦ᠍ ᠬᠤᠪᠢᠰᠦᠮᠡᠯ ᠬᠦᠶᠦᠳᠡᠯᠲᠦ ᠴᠠᠬᠢᠯᠭᠠᠨ ᠤ᠋ ᠢᠨᠵᠧᠨᠧᠷᠢᠩ ᠵᠡᠷᠭᠡ ᠲᠥᠷᠥᠯ ᠵᠦᠢᠯ ᠢ᠋ ᠵᠡᠷᠭᠡ ᠪᠡᠷ ᠬᠡᠷᠡᠭᠵᠢᠭᠦᠯᠵᠦ ᠪᠠᠢᠨ᠎ᠠ᠃

ᠣᠳᠣᠬᠠᠨ ᠳ᠋ᠤ ᠶᠠᠭ ᠰᠠᠶ᠋ᠢᠬᠠᠨ ᠪᠥᠬᠥ᠌ ᠤᠯᠤᠰ ᠤ᠋ᠨ 《ᠵᠤᠨ ᠤ᠋ ᠤᠯᠠᠷᠢᠯ ᠤ᠋ᠨ ᠴᠠᠬᠢᠯᠭᠠᠨ ᠬᠡᠷᠡᠭᠯᠡᠬᠦ ᠤᠷᠭᠢᠯ ᠬᠤᠭᠤᠴᠠᠭ᠎ᠠ 》 ᠪᠣᠯᠵᠣ ᠂ ᠤᠮᠠᠷᠠᠲᠤ᠌ ᠣᠷᠣᠨ᠂ ᠳᠣᠷᠣᠨᠠᠲᠤ᠌ ᠣᠷᠣᠨ ᠤ᠋ ᠮᠤᠵᠢ ᠬᠤᠲᠠ ᠶ᠋ᠢᠨ ᠴᠠᠬᠢᠯᠭᠠᠨ ᠬᠡᠷᠡᠭᠯᠡᠬᠦ᠌ ᠬᠡᠷᠡᠭᠴᠡᠭᠡ ᠦᠷᠭᠦᠯᠵᠢᠯᠡᠨ ᠥᠷᠭᠡᠳᠴᠦ᠍᠂ ᠬᠡᠰᠡᠭ ᠭᠠᠵᠠᠷ ᠣᠷᠣᠨ ᠤ᠋ ᠣᠷᠭᠢᠯ ᠬᠤᠭᠤᠴᠠᠭᠠᠨ ᠤ᠋ ᠴᠠᠬᠢᠯᠭᠠᠨ ᠬᠦᠴᠦᠨ ᠤ᠋ ᠬᠠᠩᠭᠠᠯᠭ᠎ᠠ ᠬᠡᠷᠡᠭᠴᠡᠭᠡ ᠪᠠᠴᠢᠮ ᠪᠣᠯᠤᠭᠰᠠᠨ ᠵᠡᠷᠭᠡ ᠬᠦᠴᠦᠨ ᠵᠦᠢᠯ ᠤ᠋ᠨ ᠨᠥᠯᠥᠭᠡ ᠡᠴᠡ ᠪᠣᠯᠵᠣ᠂ ᠥᠪᠥᠷ ᠮᠣᠩᠭᠣᠯ ᠤ᠋ᠨ ᠴᠠᠬᠢᠯᠭᠠᠨ ᠢ᠋ ᠭᠠᠳᠠᠭᠰᠢ ᠬᠦᠷᠭᠡᠬᠦ᠌ ᠬᠡᠪᠴᠢᠶ᠎ᠡ ᠲᠦᠷᠭᠡᠨ ᠳᠡᠭᠡᠭᠰᠢᠯᠡᠵᠦ᠍ ᠪᠠᠶ᠋ᠢᠨ᠎ᠠ᠃ ᠤᠢᠯᠠᠭᠠᠬᠰᠠᠨ ᠢ᠋ᠶ᠋ᠡᠷ᠂ ᠤᠯᠤᠰ ᠤ᠋ᠨ ᠴᠠᠬᠢᠯᠭᠠᠨ ᠲᠤᠤᠷ ᠤ᠋ᠨ ᠥᠪᠥᠷ ᠮᠣᠩᠭᠣᠯ ᠤ᠋ᠨ ᠵᠡᠭᠦᠨ ᠬᠡᠰᠡᠭ ᠤ᠋ᠨ ᠴᠠᠬᠢᠯᠭᠠᠨ ᠬᠦᠴᠦᠨ ᠤ᠋ ᠺᠤᠮᠫᠠᠨᠢ ᠶ᠋ᠢᠨ ᠬᠢᠨ ᠠᠵᠢᠯᠯᠠᠭᠤᠯᠵᠤ ᠪᠠᠲᠤᠯᠠᠨ ᠬᠠᠮᠠᠭᠠᠯᠠᠬᠤ ᠡᠷᠴᠢᠮ ᠢ᠋ ᠦᠷᠭᠦᠯᠵᠢᠯᠡᠨ ᠴᠢᠩᠭᠠᠷᠠᠭᠤᠯᠵᠤ᠂ ᠣᠷᠣᠨ ᠪᠦᠰᠡ ᠶ᠋ᠢᠨ ᠪᠠᠴᠢᠮ ᠪᠠᠶ᠋ᠢᠳᠠᠯ ᠢ᠋ ᠠᠷᠭᠠᠴᠠᠭᠠᠨ ᠰᠢᠢᠳᠪᠦᠷᠢᠯᠡᠬᠦ ᠴᠠᠭ ᠢ᠋ 2 ᠴᠠᠭ ᠤ᠋ᠨ ᠳᠣᠲᠣᠷ᠎ᠠ ᠪᠣᠯᠲᠠᠯ᠎ᠠ ᠪᠣᠭᠣᠨᠢᠰᠬᠠᠵᠤ᠂ ᠣᠲᠣ ᠶ᠋ᠢᠨ ᠪᠠᠶ᠋ᠢᠭ᠎ᠠ ᠴᠠᠬᠢᠯᠭᠠᠨ ᠨᠡᠪᠲᠡᠷᠡᠯ ᠤ᠋ᠨ ᠵᠠᠮ ᠤ᠋ᠨ ᠭᠦᠢᠴᠡᠳ ᠪᠥᠭᠡᠳ ᠲᠣᠭᠲᠠᠭᠤᠨ ᠢ᠋ᠶ᠋ᠡᠷ ᠬᠦᠷᠭᠡᠬᠦ᠌ ᠵᠢ ᠪᠥᠬᠥ᠌ ᠬᠦᠴᠦᠨ ᠢ᠋ᠶ᠋ᠡᠷ ᠢ᠋ᠶ᠋ᠡᠨ ᠪᠠᠲᠤᠯᠠᠬᠤ ᠪᠤᠯᠤᠨ᠎ᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号