ᠡᠨᠡ ᠵᠢᠯ᠎ᠡᠴᠡ ᠨᠠᠭᠠᠰᠢ᠂ ᠥᠪᠥᠷ ᠮᠣᠩᠭᠣᠯ ᠤᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ 《ᠰᠦᠯᠵᠢᠶ᠎ᠡ᠎ᠶᠢ ᠴᠡᠪᠡᠷᠰᠢᠭᠦᠯᠬᠦ 2026 》 ᠲᠤᠰᠬᠠᠢ ᠠᠵᠢᠯᠯᠠᠭ᠎ᠠ᠎ᠳᠤ ᠲᠦᠰᠢᠭᠯᠡᠨ᠂ ᠰᠦᠯᠵᠢᠶᠡᠨ᠎ᠦ ᠴᠤᠤᠷᠬᠠᠯ ᠤᠨ ᠬᠠᠤᠯᠢ ᠡᠴᠨ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠵᠠᠢ᠃ ᠣᠲᠣᠬᠠᠨ ᠪᠣᠯᠲᠠᠯ᠎ᠠ᠂ ᠨᠡᠶ᠋ᠢᠲᠡ 167 ᠬᠡᠷᠡᠭ ᠢ ᠪᠠᠢᠴᠠᠭᠠᠨ ᠰᠢᠢᠳᠪᠦᠷᠢᠯᠡᠵᠦ᠂ ᠰᠦᠯᠵᠢᠶᠡᠨ᠎ᠤ ᠴᠤᠤᠷᠬᠠᠯ᠎ᠤᠨ ᠬᠠᠤᠯᠢ᠎ᠡᠴᠨ ᠵᠥᠷᠢᠴᠡᠭᠰᠡᠨ ᠶᠠᠯᠠᠲᠤ ᠠᠵᠢᠯᠯᠠᠭ᠎ᠠ᠎ᠳᠦ ᠴᠢᠩᠭ᠎ᠠ ᠴᠤᠬᠢᠯᠳᠠ ᠦᠭᠪᠡ᠃
ᠰᠦᠯᠵᠢᠶᠡᠨ ᠢᠷᠬᠡᠨ ᠸᠠᠩ ᠣᠪᠣᠭᠲᠤ ᠵᠢᠨ《ᠬᠡᠷᠡᠭ ᠭᠠᠷᠤᠭᠰᠠᠨ ᠲᠤᠬᠠᠢ᠎ᠶᠢᠨ ᠲᠠᠯᠠᠪᠠᠶ 》 ᠭᠡᠬᠦ ᠴᠤᠤᠷᠬᠠᠯ ᠲᠠᠷᠬᠠᠭᠰᠠᠨ ᠬᠡᠷᠡᠭ᠂ 1 ᠰᠠᠷ᠎ᠠ᠎ᠶᠢᠨ 8 ᠤ᠋ ᠡᠳᠦᠷ᠂ ᠸᠠᠩ ᠣᠪᠣᠭᠲᠤ (ᠡᠮᠡᠭᠲᠡᠢ᠂ 36 ᠨᠠᠰᠤᠲᠠᠢ) ᠣᠯᠠᠨ ᠤ ᠠᠩᠬᠠᠷᠤᠯ ᠢ ᠲᠠᠲᠠᠬᠤ ᠵᠢᠨ ᠲᠤᠯᠠᠳᠠ᠂ ᠨᠢᠭᠡᠨ ᠲᠠᠪᠴᠠᠩ᠎ᠳᠤ 《ᠯᠢᠨ ᠾᠧ ᠲᠣᠭᠣᠷᠢᠭ᠋ ᠤᠨ ᠬᠡᠷᠡᠭ ᠭᠠᠷᠤᠭᠰᠠᠨ ᠲᠤᠬᠠᠢ᠎ᠶᠢᠨ ᠲᠠᠯᠠᠪᠠᠶ》 ᠵᠡᠷᠭᠡ ᠬᠤᠳᠠᠯ ᠬᠠᠭᠤᠷᠮᠠᠭ ᠦᠭᠡ ᠶᠠᠷᠢᠶ᠎ᠠ ᠵᠣᠬᠢᠶᠠᠵᠤ ᠨᠡᠢᠲᠡᠯᠡᠵᠡᠢ᠃ ᠪᠠᠶᠠᠨᠨᠠᠭᠤᠷ ᠤᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠨᠢᠭᠡᠨᠲᠡ ᠸᠠᠩ ᠣᠪᠣᠭᠲᠤ᠎ᠳᠤ ᠬᠠᠤᠯᠢ ᠶᠣᠰᠣᠭᠠᠷ ᠵᠠᠰᠠᠭ ᠵᠠᠬᠢᠷᠭᠠᠨ᠎ᠤ ᠰᠢᠢᠳᠬᠡᠯ ᠥᠭᠪᠡ; ᠰᠦᠯᠵᠢᠶᠡᠨ ᠢᠷᠬᠡᠨ ᠬᠠᠨ ᠣᠪᠣᠭᠲᠤ ᠵᠢᠨ 《ᠰᠦᠯᠢᠶᠥᠦ ᠲᠤᠳᠤᠷ ᠲᠠᠢ ᠰᠤᠷᠭᠠᠭᠤᠯᠢ ᠵᠢᠨ ᠬᠤᠪᠴᠠᠰᠤ 》 ᠭᠡᠬᠦ ᠴᠤᠤᠷᠬᠠᠯ ᠲᠠᠷᠬᠠᠭᠰᠠᠨ ᠬᠡᠷᠡᠭ᠂ 1 ᠰᠠᠷ᠎ᠠ᠎ᠶᠢᠨ 12 ᠤ᠋ᠨ ᠡᠳᠦᠷ᠂ ᠬᠠᠨ ᠣᠪᠣᠭᠲᠤ (ᠡᠮᠡᠭᠲᠡᠢ᠂ 40 ᠨᠠᠰᠤᠲᠠᠢ) ᠬᠢᠨᠠᠨ ᠬᠠᠷᠭᠤᠭᠤᠯᠤᠭᠰᠠᠨ ᠦᠭᠡᠢ ᠪᠠᠢᠳᠠᠯ ᠳᠣᠣᠷ᠎ᠠ᠂ ᠨᠢᠭᠡᠨ ᠲᠠᠪᠴᠠᠩ ᠳᠡᠭᠡᠷ᠎ᠡ ᠰᠤᠷᠭᠠᠭᠤᠯᠢ ᠶᠢᠨ ᠬᠤᠪᠴᠠᠰᠤ ᠶᠢ ᠬᠠᠢᠴᠢᠯᠠᠭᠠᠳ ᠲᠤᠳᠤᠷ᠎ᠠ ᠨᠢ ᠰᠦᠯᠢᠶᠤᠤ ᠪᠦᠷᠬᠦᠪᠴᠢᠭᠠᠷᠤᠬᠰᠠᠨ ᠬᠡᠷᠡᠯ ᠵᠢᠷᠤᠭ᠎ᠢ ᠨᠡᠢᠲᠡᠯᠡᠵᠡᠢ᠃ ᠤᠯᠠᠭᠠᠨᠬᠠᠳᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ ᠨᠢᠭᠡᠨᠲᠡ ᠬᠠᠨ ᠣᠪᠣᠭᠲᠤ᠎ᠳᠤ ᠬᠠᠤᠯᠢ ᠶᠣᠰᠣᠭᠠᠷ ᠵᠠᠰᠠᠭ ᠵᠠᠬᠢᠷᠭᠠᠨ᠎ᠤ ᠰᠢᠢᠳᠬᠡᠯ ᠥᠭᠪᠡ; ᠰᠦᠯᠵᠢᠶᠡᠨ ᠢᠷᠬᠡᠨ ᠠᠨ ᠣᠪᠣᠭᠲᠤ ᠵᠢᠨ 《 ᠣᠷᠣᠨ ᠰᠠᠭᠤᠴᠠ᠎ᠳᠤ ᠭᠠᠯ ᠭᠠᠷᠴᠦ ᠣᠯᠠᠨ ᠬᠥᠮᠥᠨ ᠦᠬᠦᠵᠦ ᠰᠢᠷᠬᠠᠲᠤᠭᠰᠠᠨ》 ᠭᠡᠬᠦ ᠴᠤᠤᠷᠬᠠᠯ ᠲᠠᠷᠬᠠᠭᠰᠠᠨ ᠬᠡᠷᠡᠭ᠂ 3 ᠰᠠᠷ᠎ᠠ᠎ᠶᠢᠨ 11 ᠤ᠋ ᠡᠳᠦᠷ᠂ ᠠᠨ ᠣᠪᠣᠭᠲᠤ ᠭᠠᠯ᠎ᠤᠨ ᠠᠶᠤᠯ ᠵᠢᠴᠢ ᠬᠥᠮᠥᠨ ᠦᠬᠦᠵᠦ ᠰᠢᠷᠬᠠᠲᠤᠭᠰᠠᠨ ᠬᠠᠭᠤᠷᠮᠠᠭ ᠮᠡᠳᠡᠭᠡ ᠵᠠᠩᠭᠢᠵᠣᠬᠢᠶᠠᠵᠦ ᠨᠢᠭᠡᠨ ᠲᠠᠪᠴᠠᠩ᠎ᠳᠤ ᠨᠡᠢᠲᠡᠯᠡᠵᠡᠢ᠃ ᠬᠥᠬᠡᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠠᠨ ᠣᠪᠣᠭᠲᠤ᠎ᠳᠤ ᠬᠠᠤᠯᠢ ᠶᠣᠰᠣᠭᠠᠷ ᠵᠠᠰᠠᠭ ᠵᠠᠬᠢᠷᠭᠠᠨ᠎ᠤ ᠰᠢᠢᠳᠬᠡᠯ ᠥᠭᠪᠡ; ᠰᠦᠯᠵᠢᠶᠡᠨ ᠢᠷᠬᠡᠨ ᠵᠠᠩ ᠣᠪᠣᠭᠲᠤ ᠵᠢᠨ 《ᠬᠠᠩᠰᠢ᠎ᠶᠢᠨ ᠡᠳᠦᠷ ᠴᠠᠭᠠᠰᠤ ᠰᠢᠲᠠᠭᠠᠬᠤ᠎ᠶᠢ ᠴᠢᠩᠭ᠎ᠠ ᠴᠠᠭᠠᠵᠠᠯᠠᠨ᠎ᠠ》 ᠭᠡᠬᠦ ᠴᠤᠤᠷᠬᠠᠯ ᠲᠠᠷᠬᠠᠭᠰᠠᠨ ᠬᠡᠷᠡᠭ᠂ 4 ᠰᠠᠷ᠎ᠠ᠎ᠶᠢᠨ 1 ᠤ᠋ ᠡᠳᠦᠷ᠂ ᠵᠠᠩ ᠣᠪᠣᠭᠲᠤ ( ᠡᠷᠡᠭᠲᠡᠢ᠂ 21 ᠨᠠᠰᠤᠲᠠᠢ ) ᠨᠢᠭᠡᠨ ᠰᠦᠯᠵᠢᠶᠡᠨ᠎ᠦ ᠲᠠᠪᠴᠠᠩ᠎ᠳᠤ 《ᠪᠤᠭᠤᠲᠤᠳ᠋ᠸ᠋ ᠬᠠᠩᠰᠢ᠎ᠶᠢᠨ ᠡᠳᠦᠷ ᠴᠠᠭᠠᠰᠤ ᠰᠢᠲᠠᠭᠠᠬᠤ᠎ᠶᠢ ᠪᠥᠬᠥ ᠬᠦᠷᠢᠶ᠎ᠡ ᠴᠠᠷᠠᠭᠠᠨ᠎ᠳᠤ ᠴᠢᠩᠭ᠎ᠠ ᠴᠠᠭᠠᠵᠠᠯᠠᠨ᠎ᠠ᠂ ᠲᠣᠭᠲᠠᠭᠠᠯ᠎ᠢ ᠵᠥᠷᠢᠴᠡᠪᠡᠯ ᠲᠣᠷᠭᠠᠨ᠎ᠠ!》 ᠬᠡᠬᠦ ᠬᠤᠳᠠᠯ ᠬᠠᠭᠤᠷᠮᠠᠭ ᠮᠡᠳᠡᠭᠡ ᠵᠠᠩᠭᠢ ᠵᠢ ᠲᠠᠷᠬᠠᠭᠠᠵᠠᠢ᠃ ᠪᠤᠭᠤᠲᠤ᠎ᠶᠢᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠨᠢᠭᠡᠨᠲᠡ ᠵᠠᠩ ᠣᠪᠣᠭᠲᠤ᠎ᠳᠤ ᠬᠠᠤᠯᠢ ᠶᠣᠰᠣᠭᠠᠷ ᠵᠠᠰᠠᠭ ᠵᠠᠬᠢᠷᠭᠠᠨ᠎ᠤ ᠰᠢᠢᠳᠬᠡᠯ ᠥᠭᠪᠡ; ᠰᠦᠯᠵᠢᠶᠡᠨ ᠢᠷᠭᠡᠨ ᠰᠢᠦᠢ ᠣᠪᠣᠭᠲᠤ ᠵᠢᠨ《ᠠᠵᠤ ᠠᠬᠤᠢᠯᠠᠯ᠎ᠤᠨ ᠠᠵᠢᠯᠴᠢᠨ ᠰᠠᠨᠠᠭᠠᠨ᠎ᠳᠤ ᠦᠭᠡᠢ᠎ᠪᠡᠷ ᠦᠬᠦᠭᠰᠡᠨ》 ᠭᠡᠬᠦ ᠴᠤᠤᠷᠬᠠᠯ ᠲᠠᠷᠬᠠᠭᠰᠠᠨ ᠬᠡᠷᠡᠭ᠂ 5 ᠰᠠᠷ᠎ᠠ᠎ᠶᠢᠨ 17 ᠤ᠋ ᠡᠳᠦᠷ᠂ ᠰᠢᠦᠢ ᠣᠪᠣᠭᠲᠤ (ᠡᠷᠡᠭᠲᠡᠢ᠂ 34 ᠨᠠᠰᠤᠲᠠᠢ ) AI ᠵᠢ ᠬᠡᠷᠡᠭᠯᠡᠨ《 ᠦᠬᠠᠢ ᠬᠣᠲᠠ᠎ᠶᠢᠨ ᠤᠳᠠ ᠵᠢᠨ ᠲᠤᠬᠤᠢ ᠲᠣᠭᠣᠷᠢᠭ᠋᠎ᠤᠨ ᠪᠣᠯᠣᠳ ᠲᠡᠮᠦᠷ᠎ᠦᠨ ᠦᠢᠯᠡᠳᠪᠦᠷᠢ᠎ᠶᠢᠨ ᠠᠵᠢᠯᠴᠢᠨ ᠰᠠᠨᠠᠭᠠᠨ᠎ᠳᠤ ᠦᠭᠡᠢ᠎ᠪᠡᠷ ᠦᠬᠦᠭᠰᠡᠨ》 ᠬᠡᠬᠦ ᠬᠤᠳᠠᠯ ᠬᠠᠭᠤᠷᠮᠠᠭ ᠶᠠᠷᠢᠶ᠎ᠠ ᠬᠡᠯᠡᠯᠴᠡᠭᠡ ᠭᠠᠷᠭᠠᠵᠠᠢ᠃ ᠦᠬᠠᠢ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ ᠨᠢᠭᠡᠨᠲᠡ ᠰᠢᠦᠢ ᠣᠪᠣᠭᠲᠤ᠎ᠳᠤ ᠬᠠᠤᠯᠢ ᠶᠣᠰᠣᠭᠠᠷ ᠵᠠᠰᠠᠭ ᠵᠠᠬᠢᠷᠭᠠᠨ᠎ᠤ ᠰᠢᠢᠳᠬᠡᠯ ᠥᠭᠪᠡ; ᠰᠦᠯᠵᠢᠶᠡᠨ ᠢᠷᠬᠡᠨ ᠡᠾᠦ᠋ᠸᠸ ᠣᠪᠣᠭᠲᠤ 《ᠤᠯᠤᠰ ᠤ᠋ᠨ ᠨᠢᠬᠡᠳᠦᠯᠳᠡᠢ ᠰᠢᠯᠭᠠᠯᠳᠠ》 ᠳ᠋ᠸ᠋ ᠬᠣᠯᠪᠣᠭᠳᠠᠭᠰᠠᠨ ᠴᠤᠤᠷᠬᠠᠯ ᠲᠠᠷᠬᠠᠭᠰᠠᠨ ᠬᠡᠷᠡᠭ᠂ 6 ᠰᠠᠷ᠎ᠠ᠎ᠶᠢᠨ 10 ᠤ᠋ ᠡᠳᠦᠷ᠂ ᠡᠾᠦ᠋ᠸᠸ ᠤᠪᠤᠬᠳᠤ (ᠡᠷᠡᠭᠲᠡᠢ ) ᠨᠢᠭᠡᠨ ᠰᠦᠯᠵᠢᠶᠡᠨ ᠲᠠᠪᠴᠠᠩ ᠳᠡᠭᠡᠷ᠎ᠡ 《 ᠰᠢᠯᠭᠠᠭᠤᠯᠤᠭ᠍ᠴᠢ ᠠᠨᠭ᠌ᠭ᠌ᠯᠢ ᠦᠰᠦᠭᠲᠦ ᠬᠤᠪᠴᠠᠰᠤ ᠡᠮᠦᠰᠦᠭᠰᠡᠨ᠎ᠡᠴᠡ ᠪᠣᠯᠵᠤ ᠰᠢᠯᠭᠠᠯᠲᠠ᠎ᠶᠢᠨ ᠲᠠᠯᠠᠪᠠᠶ᠎ᠳᠤ ᠤᠷᠤᠭᠤᠯᠤᠬᠰᠠᠨ ᠦᠬᠡᠢ 》 ᠬᠡᠬᠦ ᠬᠤᠳᠠᠯ ᠬᠠᠭᠤᠷᠮᠠᠭ ᠮᠡᠳᠡᠭᠡ ᠵᠠᠩᠭᠢ ᠵᠣᠬᠢᠶᠠᠨ ᠨᠡᠢᠲᠡᠯᠡᠵᠡᠢ᠃ ᠬᠥᠬᠡᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶᠠᠨ᠎ᠤ ᠰᠠᠢᠬᠠᠨ ᠲᠣᠭᠣᠷᠢᠭ᠋᠎ᠤᠨ ᠬᠤᠪᠢᠶᠠᠷᠢ ᠲᠣᠪᠴᠢᠶ᠎ᠠ ᠡᠴᠨ ᠡᠾᠦ᠋ᠸᠸ ᠣᠪᠣᠭᠲᠤᠳ᠋ᠸ᠋ ᠬᠠᠤᠯᠢ ᠶᠣᠰᠣᠭᠠᠷ ᠵᠠᠰᠠᠭ ᠵᠠᠬᠢᠷᠭᠠᠨ᠎ᠤ ᠰᠢᠢᠳᠬᠡᠯ ᠥᠭᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号