ᠦᠪᠦᠷ ᠮᠤᠩᠭᠤᠯ᠎ᠤᠨ 500 ᠭᠠᠷᠤᠶ ᠣᠶᠤᠲᠠᠨ ᠰᠠᠶ᠋ᠢᠨ ᠲᠤᠷᠠᠴᠤᠳ ᠤᠷᠤᠨ᠎ᠤ ᠭᠠᠳᠠᠨ᠎ᠠ ᠦᠢᠯᠡᠴᠢᠯᠡᠬᠦ ᠪᠡᠷ ᠮᠤᠷᠳᠠᠯ᠎ᠠ
2026-07-16 09:53:42
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

7  ᠰᠠᠷ᠎ᠠ᠎ᠶᠢᠨ 14 ᠎ᠤ᠋ ᠡᠳᠦᠷ᠂ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ ᠎ᠤᠨ  ᠬᠣᠷᠢᠶ᠎ᠠ᠂ ᠤᠶᠤᠲᠠᠳ᠎ᠤᠨ ᠰᠠᠶ᠋ᠢᠨ ᠳᠤᠷ᠎ᠠ᠎ᠶᠢᠨ ᠦᠢᠯᠡᠴᠢᠯᠡᠭᠡᠨ᠎ᠦ ᠪᠠᠷᠠᠭᠤᠨ ᠣᠷᠣᠨ᠎ᠤ ᠲᠥᠯᠥᠪᠯᠡᠭᠡ᠎ᠶᠢᠨ ᠥᠪᠥᠷ ᠮᠣᠩᠭᠣᠯ᠎ᠤᠨ ᠲᠥᠷᠥᠯ ᠵᠦᠢᠯ᠎ᠦᠨ ᠬᠠᠮᠢᠶᠠᠷᠤᠯᠲᠠ᠎ᠶᠢᠨ ᠠᠯᠪᠠᠨ ᠬᠡᠷ᠎ᠡᠴᠡ ᠭᠤᠤᠯᠯᠠᠨ ᠡᠷᠭᠢᠯᠡᠭᠰᠡᠨ 2026 ᠣᠨ ᠎ᠤ ᠥᠪᠥᠷ ᠮᠣᠩᠭᠣᠯ᠎ᠤᠨ ᠤᠶᠤᠲᠠᠨ ᠰᠠᠶ᠋ᠢᠨ ᠲᠤᠷᠠᠴᠤᠳ ᠎ᠤᠨ ᠪᠠᠷᠠᠭᠤᠨ ᠣᠷᠣᠨ ᠎ᠳ᠋ᠤ ᠦᠢᠯᠡᠴᠢᠯᠡᠬᠦ ᠲᠦᠯᠦᠪᠯᠡᠭᠡ ᠵᠢᠨ ᠤᠷᠤᠨ᠎ᠤ ᠭᠠᠳᠠᠨ᠎ᠠ ᠦᠢᠯᠡᠴᠢᠯᠡᠬᠦ ᠪᠡᠷ ᠮᠣᠷᠳᠠᠬᠤ ᠶᠣᠰᠣᠯᠠᠯ ᠬᠥᠬᠡᠬᠣᠲᠠ᠎ᠳᠤ ᠶᠠᠪᠤᠭᠳᠠᠪᠠ᠃

ᠮᠣᠷᠳᠠᠬᠤ ᠶᠣᠰᠣᠯᠠᠯ ᠰᠦᠷ ᠵᠢᠪᠬᠤᠯᠠᠩᠲᠤ᠌ ᠤᠯᠤᠰ᠎ᠤᠨ ᠰᠦᠯᠳᠡ ᠳᠠᠭᠤᠤ᠎ᠶᠢᠨ ᠳᠤᠮᠳᠠ ᠬᠥᠰᠢᠭᠡ᠎ᠪᠡᠨ ᠰᠡᠬᠦᠪᠡ᠃ ᠥᠪᠥᠷ ᠮᠣᠩᠭᠣᠯ᠎ᠤᠨ ᠬᠣᠩ ᠳ᠋ᠸ ᠨᠡᠢᠭᠡᠮ ᠪᠠᠶ᠋ᠢᠭᠠᠯᠢ᠎ᠶᠢᠨ ᠰᠢᠨᠵᠢᠯᠡᠬᠦ᠌ ᠤᠬᠠᠭᠠᠨ ᠎ᠤ ᠳᠡᠭᠡᠳᠦ ᠰᠤᠷᠭᠠᠭᠤᠯᠢ᠎ᠶᠢᠨ ᠨᠠᠮ᠎ᠤᠨ ᠬᠣᠷᠢᠶᠠᠨ᠎ᠤ ᠳᠡᠳ᠋ ᠱᠦᠵᠢ ᠵᠠᠩ ᠰᠢᠤᠸᠠᠢ ᠢᠦᠢ ᠡᠯ᠎ᠡ ᠶᠡᠬᠡ ᠳᠡᠭᠡᠳᠦ ᠰᠤᠷᠭᠠᠭᠤᠯᠢ᠎ᠶᠢᠨ ᠲᠦᠷᠦᠯ ᠵᠦᠢᠯ᠎ᠦᠨ ᠠᠯᠪᠠᠨ ᠭᠡᠷ᠎ᠢ ᠲᠦᠯᠦᠭᠡᠯᠡᠨ ᠪᠠᠶᠠᠷ᠎ᠤᠨ ᠦᠭᠡ ᠬᠡᠯᠡᠵᠦ᠍᠂ ᠣᠷᠣᠨ᠎ᠤ ᠭᠠᠳᠠᠨ᠎ᠠ ᠬᠦᠷᠴᠦ᠍ ᠦᠢᠯᠡᠴᠢᠯᠡᠬᠦ ᠪᠡᠷ ᠪᠠᠶ᠋ᠢᠭ᠎ᠠ ᠵᠠᠯᠠᠭᠤ ᠰᠠᠢ᠌ᠨ ᠲᠤᠷᠠᠴᠤᠳ ᠲᠤ᠌ ᠬᠦᠨᠳᠦᠳᠬᠡᠯ ᠳᠡᠪᠰᠢᠭᠦᠯᠬᠦ᠌᠎ᠶᠢᠨ ᠬᠠᠮᠲᠤ᠌ ᠬᠦᠨᠳᠦ ᠨᠠᠢᠳᠠᠯᠭ᠎ᠠ ᠲᠠᠯᠪᠢᠵᠤ᠂  ᠵᠠᠯᠠᠭᠤ ᠰᠤᠷᠤᠭᠴᠢᠳ  ᠤᠭ ᠰᠠᠨᠠᠭ᠎ᠠ᠎ᠪᠠᠨ ᠡᠭᠦᠷᠢᠳᠡ ᠪᠠᠷᠢᠮᠳᠠᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠦᠨᠳᠦᠰᠦᠨ ᠱᠠᠲᠤᠨ᠎ᠤ ᠠᠵᠢᠯ᠎ᠤᠨ ᠪᠠᠶ᠋ᠢᠷᠢ᠎ᠳᠤ ᠵᠠᠯᠠᠭᠤ ᠨᠠᠰᠤᠨ᠎ᠤ ᠬᠢᠯᠠᠯᠵᠠᠮ᠎ᠠ ᠬᠠᠭᠤᠳᠠᠰᠤ᠎ᠶᠢ ᠪᠢᠴᠢᠭᠯᠡᠬᠦ ᠵᠢ  ᠵᠠᠬᠢᠪᠠ᠃

ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠵᠡᠷᠭᠡ ᠬᠠᠮᠢᠶ᠎ᠠ ᠪᠥᠬᠥᠶ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠰᠠᠶ᠋ᠢᠨ ᠲᠤᠷᠠᠴᠤᠳ᠎ᠤᠨ ᠲᠥᠯᠥᠭᠡᠯᠡᠭᠴᠢ᠎ᠳᠦ ᠡᠳ᠋ ᠪᠣᠳᠠᠰ ᠬᠠᠨᠳᠢᠪᠯᠠᠪᠠ᠃ ᠰᠠᠶ᠋ᠢᠨ ᠲᠤᠷᠠᠴᠤᠳ᠎ᠤᠨ ᠲᠥᠯᠥᠭᠡᠯᠡᠭᠴᠢ ᠯᠢᠶᠠᠩ ᠮᠧᠩ ᠲᠦᠩ ᠣᠷᠣᠨ᠎ᠤ ᠭᠠᠳᠠᠨ᠎ᠠ ᠣᠴᠢᠵᠤ ᠦᠢᠯᠡᠴᠢᠯᠡᠬᠦ᠌ ᠪᠥᠬᠥ᠌ ᠰᠠᠶ᠋ᠢᠨ ᠲᠤᠷᠠᠴᠤᠳ᠎ᠲᠤ᠌ ᠰᠠᠨᠠᠭᠠᠴᠢᠯᠠᠭ᠎ᠠ ᠭᠠᠷᠭᠠᠬᠤ ᠳ᠋ᠠᠭᠠᠨ᠂ ᠵᠠᠯᠠᠭᠤ ᠨᠠᠰᠤᠨ ᠳ᠋ᠠᠭᠠᠨ ᠪᠠᠷᠠᠭᠤᠨ ᠣᠷᠣᠨ᠎ᠳᠤ ᠪᠣᠯᠵᠣᠵᠦ᠂ ᠦᠨᠳᠦᠰᠦᠨ ᠱᠠᠲᠤᠨ᠎ᠳᠤ ᠦᠨᠳᠦᠰᠦᠯᠡᠵᠦ᠂ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ᠂ ᠬᠦᠴᠢᠷ ᠪᠡᠷᠬᠡᠰᠢᠶᠡᠯ᠎ᠡᠴᠡ ᠠᠶᠤᠬᠤ ᠥᠬᠡᠶ᠂ ᠮᠥᠷᠥ᠍ ᠵᠡᠷᠭᠡᠴᠡᠨ ᠤᠷᠤᠭᠰᠢᠯᠠᠵᠦ᠂ ᠣᠭ ᠰᠠᠨᠠᠭ᠎ᠠ᠎ᠪᠠᠨ ᠦᠢᠯᠡᠳᠦᠯᠭᠡᠵᠢᠭᠦᠯᠵᠦ᠂ ᠬᠤᠪᠢ ᠨᠡᠮᠡᠷᠢ ᠦᠵᠡᠭᠦᠯᠦᠶ᠎ᠡ ᠬᠡᠪᠡ᠃

ᠥᠪᠡᠷᠲᠡᠭᠡᠨ ᠵᠠᠰᠠᠬᠤ ᠣᠷᠣᠨ ᠎ᠤ ᠪᠠᠷᠠᠭᠤᠨ ᠣᠷᠣᠨ᠎ᠤ ᠲᠥᠯᠥᠪᠯᠡᠭᠡ᠎ᠶᠢᠨ ᠲᠥᠷᠥᠯ ᠵᠦᠢᠯ᠎ᠦᠨ ᠠᠯᠪᠠᠨ ᠬᠡᠷ  ᠪᠠᠷᠠᠭᠤᠨ ᠣᠷᠣᠨ ᠎ᠤ ᠲᠥᠯᠥᠪᠯᠡᠭᠡ᠎ᠶᠢᠨ ᠪᠥᠬᠥ᠌ ᠰᠠᠶ᠋ᠢᠨ ᠲᠤᠷᠠᠴᠤᠳ ᠬᠢᠯᠢ ᠬᠢᠵᠠᠭᠠᠷ᠎ᠤᠨ ᠥᠩ ᠰᠢᠮᠡᠯᠢᠭ ᠬᠥᠷᠥᠰᠥᠨ᠎ᠳᠦ ᠰᠢᠨ᠎ᠡ ᠴᠠᠭ ᠦᠶ᠎ᠡ᠎ᠶᠢᠨ ᠵᠠᠯᠠᠭᠤ ᠨᠠᠰᠤᠨ᠎ᠤ ᠴᠣᠭ ᠵᠢᠪᠬᠤᠭ᠎ᠠ ᠪᠠᠨ ᠪᠠᠳᠠᠷᠠᠭᠤᠯᠬᠤ ᠵᠢ ᠬᠦᠰᠡᠨ ᠵᠣᠷᠢᠭᠵᠢᠭᠤᠯᠪᠠ᠃

ᠠᠵᠢᠯᠯᠠᠭ᠎ᠠ ᠎ᠶᠢᠨ ᠡᠴᠦᠰ ᠲᠦ᠍ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶᠠᠨ᠎ᠤ ᠳᠡᠳ᠋ ᠱᠦᠵᠢ ᠯᠢᠦ ᠰᠢᠶᠤᠤ ᠢᠦᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠎ᠤ  ᠪᠠᠷᠠᠭᠤᠨ ᠣᠷᠣᠨ᠎ᠤ ᠲᠥᠯᠥᠪᠯᠡᠭᠡ᠎ᠵᠢᠨ ᠰᠠᠶ᠋ᠢᠨ ᠲᠤᠷᠠᠴᠤᠳ᠎ᠤᠨ ᠶᠡᠷᠦᠩᠬᠡᠶ ᠠᠩᠭᠢ᠎ᠳᠤ ᠲᠣᠭ ᠣᠯᠭᠣᠪᠠ᠃

ᠣᠶ᠋ᠢᠯᠠᠭᠠᠭᠰᠠᠨ᠎ᠢᠶᠠᠷ᠂ 2026 ᠣᠨ᠎ᠳᠤ ᠮᠠᠨ᠎ᠤ ᠣᠷᠣᠨ ᠣᠷᠣᠨ ᠎ᠤ ᠳᠣᠲᠣᠨ᠎ᠠ ᠭᠠᠳᠠᠨᠠᠬᠢ ᠡᠯ᠎ᠡ ᠶᠡᠬᠡ ᠳᠡᠭᠡᠳᠦ ᠰᠤᠷᠭᠠᠭᠤᠯᠢ᠎ᠠᠴᠠ ᠨᠡᠢᠲᠡ 500 ᠭᠠᠷᠤᠶ ᠣᠶᠤᠲᠠᠨ ᠰᠠᠶ᠋ᠢᠨ ᠲᠤᠷᠠᠴᠤᠳ ᠡᠯᠰᠡᠵᠦ᠍᠂ ᠰᠢᠨᠵᠢᠶᠠᠩ᠎ᠤᠨ ᠤᠶ᠋ᠢᠭᠤᠷ᠎ᠤᠨ ᠥᠪᠡᠷᠲᠡᠭᠡᠨ ᠵᠠᠰᠠᠬᠤ ᠣᠷᠣᠨ᠂ ᠰᠢᠨᠵᠢᠶᠠᠩ᠎ᠤᠨ ᠦᠢᠯᠡᠳᠪᠦᠷᠢᠯᠡᠯ ᠪᠥᠲᠥᠭᠡᠨ ᠪᠠᠶ᠋ᠢᠭᠤᠯᠤᠯᠲᠠ᠎ᠶᠢᠨ ᠪᠢᠩᠲ᠋ᠤᠸᠠᠨ᠂ ᠱᠠᠨ ᠰᠢ᠂ ᠬᠠᠷᠠᠮᠥᠢ᠍ᠷᠡᠨ᠂ ᠭᠢᠷᠢᠨ᠂ ᠯᠢᠶᠣᠤᠨᠢᠩ ᠵᠡᠷᠭᠡ ᠵᠢᠷᠭᠤᠭᠠᠨ ᠮᠤᠵᠢ ᠣᠷᠣᠨ᠎ᠳᠤ ᠬᠦᠷᠴᠦ᠍ ᠰᠠᠶ᠋ᠢᠨ ᠳᠤᠷ᠎ᠠ᠎ᠶᠢᠨ ᠦᠢᠯᠡᠴᠢᠯᠡᠭᠡ ᠥᠷᠨᠢᠭᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号