2026 ᠣᠨ᠎ᠤ 《ᠪᠡᠭᠡᠵᠢᠩ᠎ᠦᠨ ᠫᠤᠰᠲ ᠳ᠋ᠣᠺᠲ᠋ᠣᠷ᠎ᠤᠨ ᠲᠤᠰᠬᠠᠢ ᠮᠡᠷᠭᠡᠵᠢᠯᠲᠡᠨ᠎ᠦ ᠦᠢᠯᠡᠴᠢᠯᠡᠭᠡᠨ᠎ᠦ ᠪᠦᠯᠬᠦᠮ ᠎ᠦᠨ ᠥᠪᠥᠷ ᠮᠣᠩᠭᠣᠯ ᠎ᠳᠡᠬᠢ ᠠᠶᠠᠯᠠᠯ 》 ᠤ᠋ᠨ ᠠᠵᠢᠯᠯᠠᠭ᠎ᠠ ᠶᠠᠪᠤᠭᠲᠠᠪᠠ
2026-07-16 10:58:39
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠪᠡᠭᠡᠵᠢᠩ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠂ ᠤᠯᠠᠭᠠᠨᠬᠠᠳᠠ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠶᠢᠨ ᠬᠠᠮᠲᠤᠷᠠᠨ ᠵᠣᠬᠢᠶᠠᠨ ᠪᠠᠢᠭᠤᠯᠤᠭᠰᠠᠨ 《ᠪᠡᠭᠡᠵᠢᠩ᠎ᠦᠨ ᠫᠤᠰᠲ ᠳ᠋ᠣᠺᠲ᠋ᠣᠷ᠎ᠤᠨ ᠲᠤᠰᠬᠠᠢ ᠮᠡᠷᠭᠡᠵᠢᠯᠲᠡᠨ᠎ᠦ ᠦᠢᠯᠡᠴᠢᠯᠡᠭᠡᠨ᠎ᠤ ᠪᠦᠯᠬᠦᠮ᠎ᠤᠨ ᠥᠪᠥᠷ ᠮᠣᠩᠭᠣᠯ᠎ᠳᠡᠬᠢ ᠠᠶᠠᠯᠠᠯ 》 ᠤᠯᠠᠭᠠᠨᠬᠠᠳᠠ ᠬᠣᠲᠠ᠎ᠵᠢᠨ ᠬᠡᠰᠢᠭᠲᠡᠨ ᠬᠣᠰᠢᠭᠤ᠂ ᠨᠢᠩᠴᠧᠩ ᠰᠢᠶᠠᠨ᠂ ᠶᠤᠸᠠᠨ ᠪᠦᠦ ᠱᠠᠨ ᠲᠣᠭᠣᠷᠢᠭ᠋ ᠵᠢᠴᠢ ᠤᠯᠠᠭᠠᠨᠬᠠᠳᠠ ᠬᠣᠲᠠ᠎ᠶᠢᠨ ᠡᠮᠨᠡᠯᠭᠡ᠎ᠶᠢᠨ ᠬᠣᠷᠢᠶ᠎ᠠ ᠵᠡᠷᠭᠡ ᠭᠠᠵᠠᠷ᠎ᠵᠢᠡᠷ ᠬᠦᠷᠴᠦ᠂ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠭᠦᠨᠵᠡᠭᠡᠢᠷᠡᠨ ᠣᠶᠤᠨ᠎ᠤᠬᠠᠭᠠᠨ ᠶ᠋ᠢᠡᠷ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠪᠡ᠃

ᠤᠢᠯᠠᠭᠠᠭᠰᠠᠨ ᠶ᠋ᠢᠡᠷ᠂ ᠪᠡᠭᠡᠵᠢᠩ ᠬᠤᠲᠠ ᠵᠢᠨ ᠣᠯᠠᠨ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠵᠢᠴᠢ ᠡᠮᠴᠢᠯᠡᠭᠡᠨ᠎ᠦ ᠪᠠᠢᠭᠤᠯᠤᠮᠵᠢ᠎ᠶᠢᠨ 24 ᠲᠤᠰᠬᠠᠢ ᠮᠡᠷᠭᠡᠵᠢᠯᠲᠡᠨ ᠡᠷᠳᠡᠮᠲᠡᠨ᠂ ᠤᠯᠠᠭᠠᠨᠬᠠᠳᠠ ᠬᠣᠲᠠ᠎ᠶᠢᠨ ᠮᠠᠯ ᠠᠵᠤ ᠠᠬᠤᠢ᠂ ᠠᠭᠤᠷᠬᠠᠢ᠎ᠶᠢᠨ ᠦᠢᠯᠡᠰ᠎ᠢ ᠨᠡᠭᠡᠭᠡᠨ ᠬᠥᠭᠵᠢᠭᠦᠯᠬᠦ᠂ ᠠᠵᠤ ᠦᠢᠯᠡᠳᠪᠦᠷᠢ᠎ᠶᠢᠨ ᠦᠢᠯᠡᠳᠪᠦᠷᠢᠯᠡᠯ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠭᠣᠣᠯᠳᠠᠯᠭ᠎ᠠ᠎ᠲᠠᠢ ᠬᠦᠷᠢᠶᠡᠨ᠎ᠦ ᠬᠡᠷᠡᠭᠴᠡᠭᠡ ᠱᠠᠭᠠᠷᠳᠠᠯᠭ᠎ᠠ᠎ᠲᠠᠢ ᠨᠠᠷᠢᠯᠢᠭ ᠣᠨᠣᠴᠠᠲᠠᠢ ᠵᠣᠯᠭᠠᠭᠤᠯᠵᠤ᠂ ᠣᠷᠣᠨ ᠨᠤᠲᠤᠭ᠎ᠤᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠷᠬᠡᠭ ᠶᠡᠬᠡ ᠣᠶᠤᠨ᠎ᠤ ᠬᠥᠳᠡᠯᠭᠡᠬᠦ ᠡᠨᠧᠷᠭᠢ ᠨᠡᠮᠡᠷᠢᠯᠡᠵᠠᠢ᠃ ᠲᠣᠰ ᠤᠳᠠᠭᠠᠨ᠎ᠤ ᠪᠡᠭᠡᠵᠢᠩ᠎ᠦᠨ ᠫᠤᠰᠲ ᠳ᠋ᠣᠺᠲ᠋ᠣᠷ᠎ᠤᠨ ᠲᠤᠰᠬᠠᠢ ᠮᠡᠷᠭᠡᠵᠢᠯᠲᠡᠨ᠎ᠦ ᠦᠢᠯᠡᠴᠢᠯᠡᠭᠡᠨ᠎ᠦ ᠪᠦᠯᠬᠦᠮ᠎ᠦᠨ ᠥᠪᠥᠷ ᠮᠣᠩᠭᠣᠯ ᠎ᠳᠠᠬᠢ ᠠᠶᠠᠯᠠᠯ ᠎ᠤᠨ ᠠᠵᠢᠯᠯᠠᠭ᠎ᠠ ᠪᠣᠯ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ ᠬᠥᠮᠥᠨ᠎ᠦ ᠬᠦᠴᠦᠨ ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠨ ᠬᠠᠮᠵᠢᠯᠴᠠᠭ᠎ᠠ᠎ᠪᠠᠨ ᠭᠦᠨᠵᠡᠭᠡᠢᠷᠡᠭᠦᠯᠵᠦ᠂ ᠶᠠᠳᠠᠭᠤ᠎ᠡᠴᠡ ᠠᠩᠭᠢᠵᠢᠷᠠᠭᠤᠯᠬᠤ ᠪᠤᠭᠤᠮᠳᠠ ᠰᠢᠪᠲᠤᠯᠤᠬᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠪᠦᠲᠦᠮᠵᠢᠲᠡᠶ ᠵᠣᠯᠭᠠᠭᠤᠯᠤᠭᠰᠠᠨ ᠠᠮᠢᠳᠤᠯᠢᠭ᠋ ᠦᠢᠯᠡᠳᠦᠯᠭᠡ ᠪᠣᠯᠣᠨ᠎ᠠ᠃

ᠤᠯᠠᠭᠠᠨᠬᠠᠳᠠ ᠬᠣᠲᠠ᠎ᠶᠢᠨ ᠬᠥᠮᠥᠨ᠎ᠦ ᠬᠦᠴᠦᠨ ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠲᠣᠰ ᠤᠳᠠᠭᠠᠨ᠎ᠤ ᠠᠵᠢᠯᠯᠠᠭ᠎ᠠ᠎ᠪᠠᠷ ᠠᠵᠠ ᠲᠣᠬᠢᠶᠠᠯ ᠪᠣᠯᠭᠠᠵᠤ᠂ ᠪᠡᠭᠡᠵᠢᠩ ᠬᠣᠲᠠ᠎ᠶᠢᠨ ᠬᠥᠮᠥᠨ᠎ᠦ ᠬᠦᠴᠦᠨ ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠵᠢᠴᠢ ᠲᠤᠰᠬᠠᠢ ᠮᠡᠷᠭᠡᠵᠢᠯᠲᠡᠳ ᠯᠦ᠍ᠭᠡ᠎ᠶᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠵᠦ᠂ ᠣᠷᠳᠣ᠌ ᠬᠤᠭᠤᠴᠠᠭᠠᠨ᠎ᠤ ᠪᠦᠲᠦᠮᠵᠢᠲᠡᠶ ᠬᠠᠮᠲᠤᠷᠠᠯᠴᠠᠭᠠᠨ᠎ᠤ ᠲᠣᠭᠲᠠᠴᠠ ᠪᠠᠶ᠋ᠢᠭᠤᠯᠬᠤ᠎ᠶᠢ ᠠᠬᠢᠭᠤᠯᠵᠤ᠂ ᠨᠠᠩ ᠣᠯᠠᠨ ᠳᠡᠭᠡᠳᠦ ᠲᠠᠰ᠎ᠤᠨ ᠣᠶᠤᠨ᠎ᠤ ᠡᠬᠢ ᠪᠠᠶᠠᠯᠢᠭ᠋ ᠎ᠤᠨ ᠦᠨᠳᠦᠰᠦᠨ ᠱᠠᠲᠤ ᠳᠠᠢᠰᠢ ᠬᠦᠨᠵᠡᠭᠡᠢᠷᠡᠨ ᠴᠤᠭᠯᠠᠷᠠᠬᠤ᠎ᠶᠢ ᠠᠬᠢᠭᠤᠯᠵᠤ᠂ ᠪᠥᠬᠥ ᠬᠣᠲᠠ ᠎ᠶᠢᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠪᠠᠲᠤ ᠪᠡᠬᠢ ᠴᠢᠳᠠᠪᠤᠷᠢᠲᠠᠨ᠎ᠤ ᠪᠠᠲᠤᠯᠠᠭ᠎ᠠ ᠪᠠ ᠣᠶᠤᠨ᠎ᠤ ᠲᠤᠯᠭᠠᠭᠤᠷᠢᠯᠠᠯ ᠬᠠᠩᠭᠠᠬᠤ ᠪᠣᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号