ᠰᠤᠷᠪᠤᠯᠵᠢᠯᠠᠭ᠍ᠴᠢ ᠥᠪᠡᠷᠲᠡᠭᠡᠨ ᠵᠠᠰᠠᠬᠤ
ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠡᠴᠡ ᠤᠢᠯᠠᠭᠠᠭᠰᠠᠨ ᠵᠢᠡᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ
ᠬᠥᠮᠦᠵᠢᠯ᠎ᠦᠨ ᠲᠢᠩᠬᠢᠮ᠂ ᠨᠠᠮ᠎ᠤᠨ ᠬᠣᠷᠢᠶ᠎ᠠ᠎ᠶᠢᠨ ᠣᠷᠣᠨ ᠲᠣᠭ᠎ᠠ᠎ᠶᠢᠨ ᠠᠯᠪᠠᠨ ᠭᠡᠷ᠂ ᠠᠷᠠᠳ᠎ᠤᠨ ᠶᠠᠪᠤᠳᠠᠯ᠎ᠤᠨ
ᠲᠢᠩᠬᠢᠮ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠵᠡᠷᠭᠡ ᠳᠥᠷᠪᠡᠨ ᠰᠠᠯᠠᠭ᠎ᠠ
ᠮᠥᠴᠢᠷ ᠬᠠᠮᠲᠤᠷᠠᠨ ᠲᠦᠷᠦᠭᠦᠬᠡᠨ 《ᠳᠤᠮᠳᠠᠳᠤ ᠪᠠᠭ᠎ᠠ ᠰᠤᠷᠭᠠᠭᠤᠯᠢ ᠶᠢᠨ
ᠰᠤᠷᠤᠭ᠍ᠴᠢᠳ ᠲᠤ ᠬᠠᠨᠳᠤᠭᠤᠯᠤᠭᠰᠠᠨ ᠪᠦᠬᠦ ᠣᠷᠣᠨ᠎ᠤ ᠴᠢᠨᠠᠷᠲᠠᠢ ᠤᠷᠤᠯᠳᠤᠭᠠᠨ᠎ᠤ ᠠᠵᠢᠯᠯᠠᠭ᠎ᠠ᠎ᠶᠢᠨ ᠬᠠᠮᠢᠶᠠᠷᠤᠯᠲᠠ᠎ᠶᠢᠨ
ᠠᠷᠭ᠎ᠠ》 ᠵᠢ ᠳᠠᠷᠤᠮᠠᠯᠯᠠᠨ ᠲᠠᠷᠬᠠᠭᠠᠵᠤ᠂
ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ (ᠬᠡᠦᠬᠡᠳ᠎ᠤᠨ ᠴᠡᠴᠡᠷᠯᠢᠭ᠎ᠲᠦ ᠪᠠᠢᠭ᠎ᠠ ᠬᠡᠦᠬᠡᠳ᠎ᠢ ᠪᠠᠭᠲᠠᠭᠠᠨ᠎ᠠ) ᠲᠤ᠌ ᠬᠠᠨᠳᠤᠭᠤᠯᠤᠭᠰᠠᠨ ᠪᠥᠬᠥ ᠣᠷᠣᠨ᠎ᠤ
ᠴᠢᠨᠠᠷᠲᠠᠢ ᠤᠷᠤᠯᠳᠤᠭᠠᠨ᠎ᠤ ᠠᠵᠢᠯᠯᠠᠭ᠎ᠠ᠎ᠶᠢ ᠴᠢᠩᠭ᠎ᠠ ᠵᠢᠷᠤᠮᠵᠢᠭᠤᠯᠤᠨ ᠬᠠᠮᠢᠶᠠᠷᠴᠤ᠂ ᠳᠤᠮᠳᠠᠳᠤ ᠪᠠᠭ᠎ᠠ ᠰᠤᠷᠭᠠᠭᠤᠯᠢ᠂
ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ ᠵᠢᠴᠢ ᠭᠡᠷ᠎ᠦᠨ ᠠᠬᠠᠮᠠᠳ᠎ᠤᠨ ᠳᠠᠷᠤᠭᠠᠰᠤ᠎ᠶᠢ ᠦᠨᠡᠨᠬᠦ ᠬᠥᠩᠭᠡᠷᠡᠭᠦᠯᠵᠦ᠂
ᠬᠡᠪ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠡᠮᠬᠢ ᠳᠢᠭ᠌ᠯᠢᠮ᠎ᠢ ᠬᠠᠮᠠᠭᠠᠯᠠᠨ᠂ ᠡᠷᠡᠭᠦᠯ᠎ᠢᠶᠡᠷ ᠦᠰᠦᠨ
ᠪᠣᠢᠵᠢᠬᠤ ᠰᠠᠢᠨ ᠰᠠᠢᠬᠠᠨ ᠨᠡᠢᠭᠡᠮ᠎ᠦᠨ ᠠᠭᠤᠷ ᠠᠮᠢᠰᠬᠤᠯ᠎ᠢ ᠪᠣᠶ ᠪᠣᠯᠭᠠᠬᠤ ᠵᠢ ᠴᠢᠬᠤᠯᠠᠴᠢᠯᠠᠪᠠ᠃
ᠬᠠᠮᠢᠶᠠᠷᠤᠯᠲᠠ᠎ᠶᠢᠨ ᠠᠷᠭ᠎ᠠ ᠨᠢ ᠨᠡᠶ᠋ᠢᠲᠡ
6 ᠪᠦᠯᠦᠭ 36 ᠵᠦᠢᠯ᠎ᠤᠨ ᠠᠭᠤᠯᠭ᠎ᠠ ᠵᠢ ᠪᠠᠭᠳᠠᠭᠠᠵᠤ᠂ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠲᠤ
ᠬᠠᠨᠳᠤᠭᠤᠯᠤᠭᠰᠠᠨ ᠪᠥᠬᠥ ᠣᠷᠣᠨ᠎ᠤ ᠴᠢᠨᠠᠷᠲᠠᠢ ᠤᠷᠤᠯᠳᠤᠭᠠᠨ᠎ᠤ ᠠᠵᠢᠯᠯᠠᠭ᠎ᠠ᠎ᠶᠢ ᠥᠷᠨᠢᠭᠦᠯᠬᠦ ᠭᠣᠣᠯ ᠦᠨᠳᠦᠰᠦᠯᠡᠯ᠂ ᠬᠡᠪᠴᠢᠶ᠎ᠡ ᠪᠠ ᠰᠠᠯᠠᠭ᠎ᠠ ᠮᠥᠴᠢᠷ᠎ᠦᠨ ᠡᠭᠦᠷᠭᠡ ᠬᠠᠷᠢᠭᠤᠴᠠᠯᠭ᠎ᠠ
ᠵᠢᠴᠢ ᠭᠣᠣᠯᠯᠠᠨ ᠡᠷᠭᠢᠯᠡᠬᠦ ᠲᠠᠯ᠎ᠠ᠎ᠶᠢᠨ ᠬᠢᠷᠢ ᠬᠡᠮ᠂ ᠤᠷᠤᠯᠳᠤᠭᠠᠨ᠎ᠳᠤ ᠣᠷᠣᠯᠴᠠᠬᠤ ᠡᠲᠡᠭᠡᠳ ᠵᠡᠷᠭᠡ ᠠᠭᠤᠯᠭ᠎ᠠ᠎ᠶᠢ
ᠲᠣᠳᠣᠷᠬᠠᠢᠯᠠᠭᠰᠠᠨᠤ ᠬᠠᠮᠲᠤ ᠤᠷᠤᠯᠳᠤᠭᠠᠨ᠎ᠤ ᠠᠵᠢᠯᠯᠠᠭ᠎ᠠ᠎ᠶᠢ ᠭᠤᠶᠤᠴᠢᠯᠠᠨ ᠮᠡᠳᠡᠭᠦᠯᠬᠦ᠂ ᠭᠥᠯᠢᠶᠡᠨ ᠠᠪᠴᠤ
ᠰᠢᠢᠳᠪᠦᠷᠢᠯᠡᠬᠦ᠂ ᠬᠢᠨᠠᠨ ᠬᠠᠷᠭᠤᠭᠤᠯᠬᠤ᠂ ᠢᠯᠡ ᠪᠡᠷ ᠨᠡᠢᠲᠡᠯᠡᠬᠦ ᠵᠡᠷᠭᠡ ᠳᠡᠰ ᠳᠠᠷᠠᠭᠠᠯᠠᠯ᠎ᠢ ᠵᠢᠷᠤᠮᠵᠢᠭᠤᠯᠵᠤ᠂ ᠤᠷᠤᠯᠳᠤᠭᠠᠨ᠎ᠤ
ᠰᠡᠳᠦᠪ ᠭᠠᠷᠭᠠᠬᠤ᠂ ᠬᠢᠨᠠᠨ ᠲᠣᠭᠲᠠᠭᠠᠬᠤ ᠳᠦᠷᠢᠮ᠂ ᠦᠷ᠎ᠡ ᠳ᠋ᠦᠩ᠎ᠢ ᠢᠯᠡ ᠨᠡᠢᠲᠡᠯᠡᠬᠦ ᠵᠡᠷᠭᠡ ᠠᠭᠤᠯᠭ᠎ᠠ᠎ᠶᠢ
ᠨᠠᠷᠢᠯᠢᠭ᠍ᠵᠢᠭᠤᠯᠪᠠ᠃
ᠬᠠᠮᠢᠶᠠᠷᠤᠯᠲᠠ᠎ᠶᠢᠨ ᠠᠷᠭ᠎ᠠ᠎ᠳᠤ ᠤᠷᠤᠯᠳᠤᠭᠠᠨ᠎ᠤ
ᠠᠵᠢᠯᠯᠠᠭ᠎ᠠ᠎ᠶᠢᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ᠄
ᠨᠢᠭᠡ᠎ᠳᠦ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠲᠤ ᠬᠠᠨᠳᠤᠭᠤᠯᠤᠭᠰᠠᠨ ᠪᠥᠬᠥ ᠣᠷᠣᠨ᠎ᠤ ᠴᠢᠨᠠᠷᠲᠠᠢ
ᠤᠷᠤᠯᠳᠤᠭᠠᠨ᠎ᠤ ᠠᠵᠢᠯᠯᠠᠭ᠎ᠠ᠎ᠶᠢᠨ ᠨᠠᠷᠢᠨ ᠳᠠᠩᠰᠠ᠎ᠳᠤ ᠬᠥᠳᠡᠯᠦᠩᠭᠦᠢ ᠬᠠᠮᠢᠶᠠᠷᠤᠯᠲᠠ ᠬᠢᠬᠦ᠎ᠶᠢ ᠬᠡᠷᠡᠭᠵᠢᠭᠦᠯᠵᠦ᠂
3 ᠵᠢᠯ᠎ᠳᠦ ᠨᠢᠭᠡ ᠤᠳᠠᠭ᠎ᠠ ᠲᠣᠬᠢᠷᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ
ᠲᠢᠩᠬᠢᠮ᠎ᠦᠨ ᠠᠯᠪᠠᠨ᠎ᠤ ᠰᠦᠯᠵᠢᠶ᠎ᠡ ᠳᠡᠭᠡᠷ᠎ᠡ ᠨᠡᠢᠲᠡᠯᠡᠨ᠎ᠡ᠃ ᠬᠣᠶᠠᠷ᠎ᠲᠤ ᠥᠪᠡᠷᠲᠡᠭᠡᠨ ᠵᠠᠰᠠᠬᠤ ᠣᠷᠣᠨ ᠠ᠋ᠴᠠ
ᠲᠣᠭᠲᠠᠭᠠᠭᠰᠠᠨ ᠤᠷᠤᠯᠳᠤᠭᠠᠨ᠎ᠤ ᠠᠵᠢᠯᠯᠠᠭ᠎ᠠ᠎ᠳᠤ᠂ ᠬᠡᠷᠪᠡ ᠬᠤᠪᠢᠶᠠᠷᠢ ᠤᠷᠤᠯᠳᠤᠭᠠᠨ᠎ᠤ ᠲᠣᠭᠣᠷᠢᠭ᠋᠎ᠢ ᠲᠣᠳᠣᠷᠬᠠᠢ
ᠪᠠᠢᠭᠤᠯᠤᠭᠰᠠᠨ ᠦᠭᠡᠢ ᠪᠣᠯ᠂ ᠡᠯ᠎ᠡ ᠠᠢᠮᠠᠭ ᠬᠣᠲᠠ᠎ᠨᠤᠭᠤᠳ ᠬᠤᠪᠢᠶᠠᠷᠢ ᠤᠷᠤᠯᠳᠤᠭᠠᠨ᠎ᠤ ᠲᠣᠭᠣᠷᠢᠭ᠋᠎ᠤᠨ ᠤᠷᠤᠯᠳᠤᠭᠠᠨ᠎ᠤ
ᠠᠵᠢᠯᠯᠠᠭ᠎ᠠ᠎ᠶᠢ ᠡᠷᠭᠢᠯᠡᠵᠦ ᠪᠣᠯᠬᠤ ᠦᠭᠡᠢ᠃ ᠭᠤᠷᠪᠠ᠎ᠳᠤ ᠡᠯ᠎ᠡ ᠠᠢᠮᠠᠭ ᠬᠣᠲᠠ᠎ᠶᠢᠨ ᠰᠤᠷᠭᠠᠨ ᠬᠥᠮᠦᠵᠢᠯ᠎ᠦᠨ
ᠵᠠᠰᠠᠭ ᠵᠠᠬᠢᠷᠭᠠᠨ᠎ᠤ ᠰᠠᠯᠠᠭ᠎ᠠ ᠮᠥᠴᠢᠷ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠡᠯ᠎ᠡ ᠲᠥᠷᠥᠯ᠎ᠦᠨ ᠰᠤᠷᠭᠠᠨ
ᠬᠥᠮᠦᠵᠢᠯ᠎ᠦᠨ ᠪᠠᠢᠭᠤᠯᠤᠮᠵᠢ᠎ᠨᠤᠭᠤᠳ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠲᠤ ᠬᠠᠨᠳᠤᠭᠤᠯᠤᠭᠰᠠᠨ
ᠡᠰᠡ ᠬᠢᠨᠠᠨ ᠵᠦᠪᠰᠢᠶᠡᠷᠡᠬᠦᠯᠦᠭᠰᠡᠨ ᠪᠥᠬᠥ ᠣᠷᠣᠨ᠎ᠤ ᠴᠢᠨᠠᠷᠲᠠᠢ ᠤᠷᠤᠯᠳᠤᠭᠠᠨ᠎ᠤ ᠠᠵᠢᠯᠯᠠᠭ᠎ᠠ᠎ᠵᠢ ᠵᠣᠬᠢᠶᠠᠨ ᠪᠠᠶ᠋ᠢᠭᠤᠯᠬᠤ ᠡᠯ᠎ᠡ ᠵᠦᠢᠯᠦᠨᠠᠵᠢᠯ ᠳ᠋ᠤ ᠣᠷᠣᠯᠴᠠᠵᠤ
ᠪᠣᠯᠬᠤ ᠦᠭᠡᠢ᠃ ᠰᠤᠷᠤᠭ᠍ᠴᠢᠳ᠎ᠢ ᠵᠣᠬᠢᠶᠠᠨ ᠪᠠᠢᠭᠤᠯᠤᠨ ᠡᠰᠡ ᠬᠢᠨᠠᠨ ᠵᠦᠪᠰᠢᠶᠡᠷᠡᠬᠦᠯᠦᠭᠰᠡᠨ ᠤᠷᠤᠯᠳᠤᠭᠠᠨ᠎ᠤ
ᠠᠵᠢᠯᠯᠠᠭ᠎ᠠ᠎ᠳᠤ ᠣᠷᠣᠯᠴᠠᠭᠤᠯᠵᠤ ᠪᠤᠯᠬᠤ ᠦᠭᠡᠢ᠂ ᠭᠡᠷ᠎ᠦᠨ ᠠᠬᠠᠮᠠᠳ᠂ ᠰᠤᠷᠤᠭ᠍ᠴᠢᠳ᠎ᠲᠤ ᠤᠬᠠᠭᠤᠯᠤᠨ ᠲᠠᠨᠢᠯᠴᠠᠭᠤᠯᠵᠤ
ᠪᠣᠯᠬᠤ ᠦᠭᠡᠢ᠃ ᠰᠣᠷᠣᠭ᠍ᠴᠢ᠂ ᠭᠡᠷ᠎ᠦᠨ ᠠᠬᠠᠮᠠᠳ ᠪᠤᠶᠤ ᠪᠠᠭ᠍ᠰᠢ᠎ᠶᠢ ᠵᠣᠬᠢᠶᠠᠨ ᠪᠠᠢᠭᠤᠯᠤᠨ ᠬᠣᠯᠪᠣᠭᠳᠠᠯ ᠪᠦᠬᠦᠢ
ᠤᠷᠤᠯᠳᠤᠭᠠᠨ᠎ᠤ ᠪᠣᠯᠪᠠᠰᠤᠷᠠᠯ᠎ᠳᠤ ᠣᠷᠣᠯᠴᠠᠭᠤᠯᠵᠤ ᠪᠣᠯᠬᠤ ᠦᠭᠡᠢ᠂ ᠲᠣᠭᠲᠠᠭᠠᠯ ᠠ᠋ᠴᠠ ᠵᠥᠷᠢᠴᠡᠭᠰᠡᠨ ᠡᠰᠡ ᠬᠢᠨᠠᠨ ᠵᠦᠪᠰᠢᠶᠡᠷᠡᠬᠦᠯᠦᠭᠰᠡᠨ ᠤᠷᠤᠯᠳᠤᠭᠠᠨ᠎ᠤ
ᠠᠵᠢᠯᠯᠠᠭ᠎ᠠ᠎ᠳᠤ ᠲᠠᠯᠠᠪᠤᠷ ᠭᠠᠵᠠᠷ᠂ ᠵᠠᠷᠤᠳᠠᠯ ᠵᠡᠷᠭᠡ ᠨᠥᠬᠥᠴᠡᠯ ᠬᠠᠩᠭᠠᠵᠤ ᠪᠣᠯᠬᠤ ᠦᠭᠡᠢ᠂ ᠣᠯᠵᠤ ᠮᠡᠳᠡᠪᠡᠯ
ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ
ᠲᠢᠩᠬᠢᠮ ᠲᠣᠭᠲᠠᠭᠠᠯ ᠠ᠋ᠴᠠ ᠵᠥᠷᠢᠴᠡᠭᠰᠡᠨ ᠤᠷᠤᠯᠳᠤᠭᠠᠨ᠎ᠤ ᠠᠵᠢᠯᠯᠠᠭ᠎ᠠ ᠵᠢ 《ᠬᠣᠶᠠᠷ᠎ᠢ ᠬᠦᠩᠬᠡᠷᠡᠬᠦᠯᠬᠦ》 ᠬᠢᠨᠠᠯᠲᠠ
ᠲᠠᠯᠪᠢᠵᠤ ᠢᠯᠡᠴᠢᠯᠡᠨ ᠮᠡᠳᠡᠭᠦᠯᠬᠦ ᠲᠠᠪᠴᠠᠩ᠂ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ
ᠵᠢᠨ ᠲᠣᠭᠲᠠᠭᠠᠯ ᠠ᠋ᠴᠠ ᠵᠥᠷᠢᠴᠡᠭᠰᠡᠨ ᠦᠶ᠋ᠯᠡ ᠠᠵᠢᠯᠯᠠᠭ᠎ᠠ᠎ᠶᠢ ᠢᠯᠡᠴᠢᠯᠡᠨ ᠮᠡᠳᠡᠭᠦᠯᠬᠦ ᠲᠠᠪᠴᠠᠩ᠎ᠤᠨ ᠭᠥᠯᠢᠶᠡᠨ
ᠠᠪᠴᠤ ᠰᠢᠢᠳᠪᠦᠷᠢᠯᠡᠬᠦ ᠬᠡᠪᠴᠢᠶᠡᠨ᠎ᠳᠦ ᠣᠷᠣᠭᠤᠯᠬᠤ᠎ᠶᠢᠨ ᠬᠠᠮᠲᠤ᠂ ᠪᠠᠢᠴᠠᠭᠠᠨ ᠰᠤᠳᠤᠯᠤᠯᠳᠠ ᠬᠢᠬᠦ᠂ ᠲᠣᠭᠣᠷᠢᠨ
ᠪᠠᠢᠴᠠᠭᠠᠬᠤ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ᠂ ᠨᠡᠢᠭᠡᠮ᠎ᠦᠨ ᠬᠢᠨᠠᠯᠲᠠ᠎ᠶᠢ ᠥᠷᠭᠡᠨ᠎ᠢᠶᠡᠷ ᠬᠦᠯᠢᠶᠡᠨ᠎ᠡ᠃
ᠰᠤᠷᠭᠠᠨ ᠬᠥᠮᠦᠵᠢᠯ᠂ ᠣᠷᠣᠨ ᠲᠣᠭ᠎ᠠ᠎ᠶᠢᠨ ᠠᠯᠪᠠᠨ ᠭᠡᠷ᠂ ᠠᠷᠠᠳ᠎ᠤᠨ ᠶᠠᠪᠤᠳᠠᠯ᠂ ᠵᠠᠬ᠎ᠠ ᠳᠡᠯᠭᠡᠭᠦᠷ᠎ᠦᠨ ᠬᠢᠨᠠᠯᠲᠠ
ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠦᠳ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ ᠬᠠᠤᠯᠢ ᠲᠣᠭᠲᠠᠭᠠᠯ
ᠠ᠋ᠴᠠ ᠵᠥᠷᠢᠴᠡᠭᠰᠡᠨ ᠤᠷᠤᠯᠳᠤᠭᠠᠨ᠎ᠤ ᠠᠵᠢᠯᠯᠠᠭ᠎ᠠ ᠵᠢᠴᠢ ᠦᠶ᠋ᠯᠡ ᠠᠵᠢᠯᠯᠠᠭ᠎ᠠ᠎ᠳᠤ ᠬᠢᠨᠠᠯᠲᠠ ᠲᠠᠯᠪᠢᠵᠤ ᠪᠠᠢᠴᠠᠭᠠᠨ
ᠰᠢᠢᠳᠪᠦᠷᠢᠯᠡᠬᠦ᠎ᠶᠢ ᠴᠢᠩᠭᠠᠳᠬᠠᠨ᠎ᠠ᠃