ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ ᠬᠢᠭᠡᠳ ᠨᠠᠨᠵᠢᠩ᠎ᠤᠨ ᠣᠶ ᠰᠢᠭᠤᠢ᠎ᠶᠢᠨ ᠶᠡᠬᠡ ᠰᠤᠷᠭᠠᠭᠤᠯᠢ ᠬᠠᠮᠲᠤᠷᠠᠨ ᠳᠤᠮᠳᠠᠳᠤ ᠤᠯᠤᠰ᠎ᠲᠤ ᠰᠤᠷᠤᠯᠴᠠᠵᠤ ᠪᠠᠢᠭ᠎ᠠ ᠭᠠᠳᠠᠭᠠᠳᠤ ᠵᠢᠨ ᠰᠤᠷᠤᠭ᠍ᠴᠢᠳ᠎ᠤᠨ ᠮᠤᠵᠢ ᠰᠤᠷᠭᠠᠭᠤᠯᠢ ᠠᠯᠤᠰᠯᠠᠭᠰᠠᠨ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠥᠯᠪᠡ
2026-07-17 11:01:38
ᠵᠣᠬᠢᠶᠠᠭ᠍ᠴᠢ᠄
ᠪᠤᠤ ᠴᠢᠩ ᠱᠧᠩ ᠵᠢᠶᠠ ᠰᠢᠤᠧᠠᠢ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 5᠎ᠤ᠋ ᠡᠳᠦᠷ᠎ᠡᠴᠡ 6᠎ᠤ᠋ ᠡᠳᠦᠷ ᠪᠣᠯᠲᠠᠯ᠎ᠠ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ ᠬᠢᠭᠡᠳ ᠨᠠᠨᠵᠢᠩ᠎ᠤᠨ ᠣᠶ ᠰᠢᠭᠤᠢ᠎ᠶᠢᠨ ᠶᠡᠬᠡ ᠰᠤᠷᠭᠠᠭᠤᠯᠢ ᠬᠠᠮᠲᠤᠷᠠᠨ ᠳᠤᠮᠳᠠᠳᠤ ᠤᠯᠤᠰ᠎ᠲᠤ ᠰᠤᠷᠤᠯᠴᠠᠵᠤ ᠪᠠᠢᠭ᠎ᠠ ᠭᠠᠳᠠᠭᠠᠳᠤ ᠵᠢᠨ ᠰᠤᠷᠤᠭ᠍ᠴᠢᠳ᠎ᠤᠨ ᠭᠦᠨᠵᠡᠭᠡᠢ ᠰᠤᠳᠤᠯᠤᠨ ᠰᠤᠷᠤᠯᠴᠠᠬᠤ ᠨᠡᠢᠭᠡᠮ᠎ᠦᠨ ᠦᠢᠯᠡᠳᠦᠯᠭᠡ᠎ᠶᠢᠨ ᠠᠵᠢᠯᠯᠠᠭ᠎ᠠ᠎ᠥᠷᠨᠢᠭᠦᠯᠵᠦ᠂ ᠮᠤᠵᠢ ᠠᠯᠤᠰᠯᠠᠵᠤ ᠰᠤᠷᠭᠠᠭᠤᠯᠢ ᠠᠯᠤᠰᠯᠠᠭᠰᠠᠨ ᠳᠤᠮᠳᠠᠳᠤ ᠤᠯᠤᠰ᠎ᠲᠤ ᠰᠤᠷᠤᠯᠴᠠᠵᠤ ᠪᠠᠢᠭ᠎ᠠ ᠭᠠᠳᠠᠭᠠᠳᠤ ᠵᠢᠨ ᠰᠤᠷᠤᠭ᠍ᠴᠢᠳ᠎ᠤᠨ ᠬᠠᠮᠲᠤ ᠪᠡᠷ ᠰᠤᠳᠤᠯᠤᠨ ᠰᠤᠷᠤᠯᠴᠠᠬᠤ ᠰᠢᠨ᠎ᠡ ᠵᠠᠭᠪᠤᠷ᠎ᠢ ᠡᠭᠦᠳᠪᠡ᠃

ᠲᠣᠰ ᠵᠠᠭᠪᠤᠷ ᠳ᠋ᠠᠩ ᠭᠠᠭᠴᠠ ᠶᠡᠬᠡ ᠳᠡᠭᠡᠳᠦ ᠰᠤᠷᠭᠠᠭᠤᠯᠢ ᠡᠴᠡ ᠠᠵᠢᠯᠯᠠᠭ᠎ᠠ ᠡᠷᠭᠢᠯᠡᠬᠥ ᠤᠯᠠᠮᠵᠢᠯᠠᠯᠲᠤ ᠬᠢᠵᠠᠭᠠᠷᠯᠠᠯ᠎ᠢ ᠡᠪᠳᠡᠵᠦ᠂ ᠣᠯᠠᠨ ᠡᠰᠢᠲᠦ ᠡᠷᠳᠡᠮ ᠰᠢᠨᠵᠢᠯᠡᠭᠡᠨ᠎ᠦ ᠰᠣᠯᠢᠯᠴᠠᠭ᠎ᠠ ᠪᠠ ᠰᠣᠶᠣᠯ᠎ᠤᠨ ᠬᠠᠷᠢᠯᠴᠠᠨ ᠲᠣᠯᠢᠯᠠᠬᠤ ᠲᠠᠪᠴᠠᠩ᠎ᠢ ᠪᠠᠢᠭᠤᠯᠤᠨ᠂ ᠮᠤᠵᠢ ᠠᠯᠤᠰᠯᠠᠨ ᠡᠬᠢ ᠪᠠᠶᠠᠯᠢᠭ᠋᠎ᠢ ᠬᠠᠮᠲᠤ᠎ᠪᠠᠷ ᠡᠳ᠋ᠯᠡᠬᠦ᠂ ᠳᠠᠪᠠᠭᠤᠯᠢᠭ᠋᠎ᠢᠶᠠᠨ ᠬᠠᠷᠢᠯᠴᠠᠨ ᠨᠥᠬᠥᠪᠦᠷᠢᠯᠡᠬᠦ᠎ᠶᠢ ᠪᠡᠶᠡᠯᠡᠭᠦᠯᠵᠦ᠂ ᠳᠤᠮᠳᠠᠳᠤ ᠤᠯᠤᠰ᠎ᠲᠤ ᠰᠤᠷᠤᠯᠴᠠᠵᠤ ᠪᠠᠢᠭ᠎ᠠ ᠭᠠᠳᠠᠭᠠᠳᠤ ᠵᠢᠨ ᠰᠤᠷᠤᠭ᠍ᠴᠢᠳ᠎ᠢ ᠬᠥᠮᠥᠵᠢᠭᠦᠯᠬᠦ ᠪᠠ ᠰᠤᠷᠭᠠᠭᠤᠯᠢ᠎ᠶᠢᠨ ᠬᠣᠭᠣᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ᠎ᠳᠤ ᠴᠣ᠌ ᠰᠢᠨ᠎ᠡ ᠬᠡᠪ ᠵᠠᠭᠪᠤᠷ ᠬᠠᠩᠭᠠᠭᠰᠠᠨ ᠪᠠᠢᠨ᠎ᠠ᠃

ᠲᠤᠰ ᠠᠵᠢᠯᠯᠠᠭ᠎ᠠ 《ᠰᠣᠶᠣᠯ᠎ᠤᠨ ᠤᠯᠠᠮᠵᠢᠯᠠᠯ》 ᠪᠠ 《ᠪᠣᠬᠢᠷᠲᠤᠯ ᠦᠭᠡᠢ ᠬᠥᠭᠵᠢᠯᠲᠡ》 ᠭᠡᠬᠦ ᠬᠣᠶᠠᠷ ᠭᠣᠣᠯ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠵᠡᠢ᠃ ᠬᠣᠶᠠᠷ ᠰᠤᠷᠭᠠᠭᠤᠯᠢ᠎ᠳᠤ ᠰᠤᠷᠤᠯᠴᠠᠵᠤ ᠪᠠᠢᠭ᠎ᠠ ᠭᠠᠳᠠᠭᠠᠳᠤ ᠵᠢᠨ ᠰᠤᠷᠤᠭ᠍ᠴᠢᠳ ᠲᠦᠩᠯᠢᠶᠣᠣ ᠬᠤᠳᠠ᠎ᠶᠢᠨ ᠵᠠᠷᠤᠳ ᠬᠣᠰᠢᠭᠤᠨ᠎ᠤ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠬᠠᠨ ᠠᠭᠤᠯᠠ ᠤᠯᠤᠰ᠎ᠤᠨ ᠲᠡᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠮᠣᠩᠭᠣᠯ ᠡᠮ᠎ᠦᠨ ᠬᠡᠭᠡᠷ᠎ᠡ᠎ᠶᠢᠨ ᠳᠠᠳᠤᠯᠭ᠎ᠠ᠎ᠶᠢᠨ ᠰᠠᠭᠤᠷᠢᠨ᠎ᠳᠤ ᠬᠦᠷᠴᠦ᠂ ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ) ᠵᠢᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠤ ᠪᠠᠢᠭᠤᠯᠤᠮᠵᠢ᠎ᠶᠢ ᠨᠢᠭᠡ ᠴᠣᠭᠴᠠᠵᠢᠭᠤᠯᠤᠭᠰᠠᠨ ᠬᠥᠭᠵᠢᠯᠲᠡ᠎ᠶᠢᠨ ᠰᠢᠰᠲ᠋ᠧᠮ᠎ᠢ ᠭᠦᠨᠵᠡᠭᠡᠢ ᠰᠤᠷᠪᠤᠯᠵᠢᠯᠠᠵᠤ᠂ ᠳᠤᠮᠳᠠᠳᠤ ᠤᠯᠤᠰ᠎ᠤᠨ ᠤᠯᠠᠮᠵᠢᠯᠠᠯᠲᠤ ᠰᠣᠶᠣᠯ᠎ᠤᠨ ᠥᠪᠡᠷᠮᠢᠴᠡ ᠤᠨᠴᠠᠯᠢᠬ ᠪᠣᠯᠣᠨ ᠣᠳᠣᠬᠢᠴᠢᠯᠠᠭᠰᠠᠨ ᠤᠯᠠᠮᠵᠢᠯᠠᠯ᠎ᠤᠨ ᠦᠷ᠎ᠡ ᠪᠦᠲᠦᠭᠡᠯ᠎ᠢ ᠭᠦᠨᠵᠡᠭᠡᠢ ᠣᠢᠯᠠᠭᠠᠪᠠ; ᠬᠣᠥᠯᠢᠨ ᠭᠣᠣᠯ᠎ᠤᠨ ᠡᠮᠥᠨ᠎ᠡ ᠵᠠᠳᠠᠭᠠᠢ ᠨᠡᠭᠦᠷᠡᠰᠦᠨ ᠠᠭᠤᠷᠬᠠᠢ᠎ᠳᠤ ᠣᠴᠢᠵᠤ᠂ ᠤᠯᠠᠮᠵᠢᠯᠠᠯᠲᠤ ᠡᠨᠧᠷᠭᠢ᠎ᠶᠢᠨ ᠰᠠᠭᠤᠷᠢᠨ᠎ᠤ ᠪᠣᠬᠢᠷᠲᠤᠯ ᠦᠭᠡᠢ ᠠᠭᠤᠷᠬᠠᠢ ᠳᠠᠢᠰᠢ ᠬᠡᠯᠪᠡᠷᠢ ᠪᠠᠨ ᠬᠤᠪᠢᠷᠠᠭᠤᠯᠤᠭᠰᠠᠨ᠎ᠢ ᠦᠵᠡᠵᠦ ᠰᠤᠨᠢᠷᠬᠠᠨ᠂ ᠳᠤᠮᠳᠠᠳᠤ ᠤᠯᠤᠰ᠎ᠤᠨ ᠡᠬᠢ ᠪᠠᠶᠠᠯᠢᠭ᠋᠎ᠤᠨ ᠬᠡᠯᠪᠡᠷᠢ᠎ᠶᠢᠨ ᠠᠵᠤ ᠦᠢᠯᠡᠰ᠎ᠦᠨ ᠪᠣᠬᠢᠷᠲᠤᠯ ᠦᠭᠡᠢ ᠲᠠᠰ ᠳᠠᠪᠰᠢᠭ᠌ᠰᠠᠨ ᠬᠥᠭᠵᠢᠯᠲᠡ᠎ᠶᠢᠨ ᠣᠶᠤᠨ ᠤᠬᠠᠭᠠᠨ ᠬᠢᠭᠡᠳ ᠦᠷᠭᠦᠯᠵᠢᠯᠡᠬᠦ ᠬᠥᠭᠵᠢᠯᠲᠡ᠎ᠶᠢᠨ ᠦᠢᠯᠡᠳᠦᠯᠭᠡ᠎ᠶᠢᠨ ᠦᠷ᠎ᠡ ᠪᠦᠲᠦᠭᠡᠯ᠎ᠢ ᠣᠢᠯᠠᠭᠠᠬᠰᠠᠨ ᠪᠠᠢᠨ᠎ᠠ᠃

ᠲᠣᠰ ᠠᠵᠢᠯᠯᠠᠭ᠎ᠠ ᠶᠡᠬᠡ ᠳᠡᠭᠡᠳᠦ ᠰᠤᠷᠭᠠᠭᠤᠯᠢ᠎ᠶᠢᠨ 《ᠳᠤᠮᠳᠠᠳᠤ ᠤᠯᠤᠰ᠎ᠢ ᠲᠠᠨᠢᠨ ᠮᠡᠳᠡᠬᠦᠢ》 ᠨᠠᠷᠠᠲᠤ ᠲᠡᠮᠳᠡᠭ᠎ᠦᠨ ᠣᠨᠴᠠᠯᠢᠭ᠋᠎ᠢ ᠦᠷᠭᠦᠯᠵᠢᠯᠡᠭᠦᠯᠵᠦ᠂ 《ᠤᠯᠠᠮᠵᠢᠯᠠᠯᠲᠤ ᠰᠣᠶᠣᠯ + ᠣᠲᠣ᠌ ᠦᠶ᠎ᠡ᠎ᠶᠢᠨ ᠬᠥᠭᠵᠢᠯᠲᠡ》 ᠭᠡᠬᠦ ᠬᠣᠶᠠᠷ ᠱᠤᠭᠤᠮ᠎ᠢ ᠠᠳᠬᠤᠨ᠂ ᠳᠤᠮᠳᠠᠳᠤ ᠤᠯᠤᠰ᠎ᠲᠤ ᠰᠤᠷᠤᠯᠴᠠᠵᠤ ᠪᠠᠢᠭ᠎ᠠ ᠭᠠᠳᠠᠭᠠᠳᠤ ᠵᠢᠨ ᠰᠤᠷᠤᠭ᠍ᠴᠢᠳ᠎ᠤᠨ ᠪᠥᠬᠥ ᠲᠠᠯ᠎ᠠ᠎ᠪᠠᠷ ᠤᠯᠠᠨ ᠬᠠᠷᠠᠭᠠᠰᠤ ᠡᠴᠡ ᠳᠤᠮᠳᠠᠳᠤ ᠤᠯᠤᠰ᠎ᠢ ᠲᠠᠨᠢᠨ ᠮᠡᠳᠡᠬᠦ᠎ᠳᠦ ᠬᠦᠴᠦᠨ ᠨᠡᠮᠡᠷᠢᠯᠡᠪᠡ᠃ ᠡᠭᠦᠨ᠎ᠦ ᠬᠠᠮᠳᠤ᠂ ᠮᠤᠵᠢ ᠰᠤᠷᠭᠠᠭᠤᠯᠢ ᠠᠯᠤᠰᠯᠠᠭᠰᠠᠨ ᠬᠠᠮᠲᠤᠪᠡᠷ ᠰᠤᠳᠤᠯᠤᠨ ᠰᠤᠷᠤᠯᠴᠠᠬᠤ ᠰᠢᠨ᠎ᠡ ᠵᠠᠭᠪᠤᠷ ᠨᠢ ᠶᠡᠬᠡ ᠳᠡᠭᠡᠳᠦ ᠰᠤᠷᠭᠠᠭᠤᠯᠢ᠎ᠶᠢᠨ ᠣᠯᠠᠨ ᠤᠯᠤᠰ᠎ᠤᠨ ᠰᠤᠷᠭᠠᠨ ᠬᠥᠮᠦᠵᠢᠯ᠎ᠦᠨ ᠰᠣᠯᠢᠯᠴᠠᠭᠠᠨ᠎ᠤ ᠠᠮᠢᠵᠢᠷᠠᠯ᠎ᠤᠨ ᠬᠦᠴᠦᠨ᠎ᠢ ᠪᠦᠲᠦᠮᠵᠢᠲᠡᠶ ᠬᠥᠭᠵᠢᠭᠡᠵᠦ᠂ 《ᠳᠤᠮᠳᠠᠳᠤ ᠤᠯᠤᠰ᠎ᠲᠤ ᠢᠷᠡᠵᠤ ᠰᠤᠷᠤᠯᠴᠠᠬᠤ》 ᠨᠠᠷᠠᠲᠤ ᠲᠡᠮᠳᠡᠭ᠎ᠦᠨ ᠠᠭᠤᠯᠤᠭᠳᠠᠬᠤᠨ᠎ᠢ ᠪᠠᠶᠠᠯᠢᠭ᠍ᠵᠢᠭᠤᠯᠥᠨ᠂ ᠶᠡᠬᠡ ᠳᠡᠭᠡᠳᠦ ᠰᠤᠷᠭᠠᠭᠤᠯᠢ᠎ᠶᠢᠨ ᠳᠤᠮᠳᠠᠳᠤ ᠤᠯᠤᠰ᠎ᠲᠤ ᠰᠤᠷᠤᠯᠴᠠᠵᠤ ᠪᠠᠢᠭ᠎ᠠ ᠭᠠᠳᠠᠭᠠᠳᠤ ᠵᠢᠨ ᠰᠤᠷᠤᠭ᠍ᠴᠢᠳ᠎ᠢ ᠬᠠᠮᠵᠢᠯᠴᠠᠨ ᠬᠥᠮᠥᠵᠢᠭᠦᠯᠬᠦ᠂ ᠣᠷᠣᠨ ᠪᠦᠰᠡ ᠠᠯᠤᠰᠯᠠᠨ᠂ ᠣᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠬᠢᠬᠥ᠎ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠤᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号