《ᠳᠥᠷᠪᠡ᠎ᠶᠢ ᠬᠤᠪᠢᠷᠠᠭᠤᠯᠬᠤ》 ᠳᠡᠭᠡᠷ᠎ᠡ ᠠᠩᠬᠠᠷᠤᠯ᠎ᠢᠶᠠᠨ ᠲᠥᠪᠯᠡᠷᠡᠭᠦᠯᠵᠦ 《ᠳᠥᠷᠪᠡᠨ ᠬᠤᠤᠰ ᠬᠠᠷᠢᠴᠠᠭ᠎ᠠ》ᠵᠢ ᠡᠵᠡᠮᠳᠡᠨ 《ᠭᠤᠷᠪᠠ᠎ᠳᠤ ᠠᠭᠤᠰᠤᠯᠴᠠᠬᠤ》 ᠵᠢ ᠰᠠᠢᠲᠤᠷ ᠠᠳᠬᠤᠪᠠ
ᠬᠥᠬᠡᠬᠣᠲᠠ ᠳᠦᠷᠢᠮ᠎ᠢ 《ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠲᠠᠢᠯᠪᠤᠷᠢᠯᠠᠬᠤ》 ᠲᠤᠰᠬᠠᠢ ᠠᠵᠢᠯ᠎ᠢ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠦᠨ ᠴᠢᠬᠤᠯᠠ ᠭᠠᠷᠳᠠᠴᠠ ᠪᠣᠯᠭᠠᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠶᠢ ᠭᠦᠨᠵᠡᠭᠡᠢᠷᠡᠭᠦᠯᠬᠦ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠬᠦᠴᠦᠲᠡᠢ ᠪᠠᠲᠤᠯᠠᠭ᠎ᠠ ᠬᠠᠩᠭᠠᠪᠠ᠃
ᠰᠢᠨ᠎ᠡ ᠵᠠᠭᠪᠤᠷ — 《ᠳᠥᠷᠪᠡ᠎ᠶᠢ ᠬᠤᠪᠢᠷᠠᠭᠤᠯᠬᠤ》 ᠳᠡᠭᠡᠷ᠎ᠡ ᠠᠩᠬᠠᠷᠤᠯ᠎ᠢᠶᠠᠨ ᠲᠥᠪᠯᠡᠷᠡᠭᠦᠯᠵᠦ ᠨᠢᠭᠡᠳᠦᠯᠲᠡᠢ ᠲᠥᠯᠥᠪᠵᠢᠭᠦᠯᠬᠦ᠎ᠶᠢ ᠴᠢᠩᠭᠠᠳᠬᠠᠪᠠ
ᠳᠦᠷᠢᠮ᠎ᠦᠨ ᠪᠠᠢᠭᠤᠯᠤᠯᠲᠠ᠎ᠶᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠦᠵᠦ ᠲᠥᠯᠥᠪᠯᠡᠭᠡ᠎ᠶᠢ ᠲᠥᠪᠯᠡᠷᠡᠭᠦᠯᠬᠦ᠂ ᠰᠢᠨᠵᠢᠯᠡᠬᠦ ᠤᠬᠠᠭᠠᠨᠴᠢ ᠠᠷᠠᠳᠴᠢᠯᠠᠯ᠎ᠲᠠᠢ ᠪᠥᠭᠡᠳ ᠵᠢᠷᠤᠮᠵᠢᠯ᠎ᠲᠠᠢ ᠪᠠᠢᠯᠭᠠᠬᠤ᠂ ᠪᠢᠲᠡᠭᠦᠦ ᠴᠠᠭᠠᠷᠢᠭ᠋᠎ᠤᠨ ᠦᠨᠡᠯᠡᠯᠲᠡ ᠬᠢᠵᠦ ᠲᠣᠬᠢᠷᠠᠭᠤᠯᠬᠤ ᠰᠢᠨ᠎ᠡ ᠵᠠᠭᠪᠤᠷ᠎ᠢ ᠬᠡᠷᠡᠭᠵᠢᠭᠦᠯᠪᠡ᠃
ᠪᠦᠬᠦ ᠲᠠᠯ᠎ᠠ ᠪᠡᠷ ᠬᠦᠴᠦᠯᠡᠬᠦ᠎ᠵᠢ ᠨᠢᠭᠡᠳᠦᠯᠲᠡᠢ ᠲᠥᠯᠥᠪᠵᠢᠭᠦᠯᠵᠦ᠂ ᠲᠠᠷᠠᠬᠠᠢ ᠪᠤᠲᠠᠷᠬᠠᠢ᠎ᠪᠠᠷ ᠲᠦᠯᠬᠢᠨ ᠠᠬᠢᠭᠤᠯᠬᠤ᠎ᠶᠢ ᠥᠨᠳᠥᠷ ᠪᠠᠢᠷᠢ᠎ᠳᠤ ᠬᠠᠮᠵᠢᠯᠴᠠᠬᠤ ᠪᠤᠯᠭᠠᠨ ᠬᠤᠪᠢᠷᠠᠭᠤᠯᠬᠤ᠎ᠶᠢ ᠪᠡᠶᠡᠯᠡᠭᠦᠯᠪᠡ᠃ ᠬᠣᠲᠠ᠎ᠶᠢᠨ ᠨᠠᠮ᠎ᠤᠨ ᠬᠣᠷᠢᠶᠠᠨ᠎ᠤ ᠭᠣᠣᠯ ᠤᠳᠤᠷᠢᠳᠬᠤ ᠨᠥᠬᠥᠳ ᠤᠷᠢᠳᠴᠢᠯᠠᠨ ᠲᠥᠯᠥᠪᠵᠢᠭᠦᠯᠵᠦ᠂ ᠪᠡᠶ᠎ᠡ᠎ᠪᠡᠷ᠎ᠢᠶᠡᠨ ᠪᠠᠢᠷᠢᠯᠠᠭᠤᠯᠵᠤ᠂ ᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠂ ᠵᠠᠰᠠᠭ ᠤ᠋ᠨ ᠣᠷᠳᠣᠨ᠂ ᠤᠯᠤᠰ ᠲᠥᠷᠦ᠎ᠶᠢᠨ ᠵᠥᠪᠯᠡᠯᠭᠡᠨ᠎ᠦ ᠭᠣᠣᠯ ᠬᠠᠷᠢᠭᠤᠴᠠᠯᠭᠠᠲᠠᠨ ᠨᠥᠬᠥᠳ ᠲᠦᠷᠦᠭᠦᠯᠡᠨ ᠬᠠᠷᠢᠭᠤᠴᠠᠵᠤ᠂ ᠬᠣᠲᠠ᠎ᠶᠢᠨ ᠨᠠᠮ᠎ᠤᠨ ᠬᠣᠷᠢᠶᠠᠨ᠎ᠤ ᠡᠯ᠎ᠡ ᠪᠠᠢᠩᠭᠤ᠎ᠶᠢᠨ ᠭᠡᠰᠢᠭᠦᠨ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠳᠡᠳ᠋ ᠡᠷᠬᠢᠯᠡᠭᠴᠢ᠂ ᠬᠣᠲᠠ᠎ᠶᠢᠨ ᠳᠡᠳ᠋ ᠳᠠᠷᠤᠭ᠎ᠠ ᠬᠦᠷᠢᠶ᠎ᠡ ᠬᠤᠪᠢᠶᠠᠨ ᠠᠬᠢᠭᠤᠯᠵᠤ᠂ ᠬᠣᠲᠠ᠎ᠶᠢᠨ ᠲᠡᠰ᠎ᠤᠨ 18 ᠤᠳᠤᠷᠢᠳᠬᠤ ᠨᠥᠬᠥᠳ ᠬᠠᠮᠵᠢᠯᠴᠠᠨ ᠬᠦᠴᠦᠯᠡᠵᠦ᠂ 《ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠲᠠᠢᠯᠪᠤᠷᠢᠯᠠᠬᠤ》 ᠠᠵᠢᠯ᠎ᠢ ᠢᠳᠡᠪᠬᠢᠲᠡᠢ ᠠᠬᠢᠭᠤᠯᠪᠠ᠃
ᠪᠦᠬᠦ ᠣᠷᠣᠨ ᠪᠦᠰᠡ᠎ᠶᠢ ᠪᠦᠷᠬᠦᠭᠦᠯᠬᠦ᠎ᠶᠢ ᠠᠬᠢᠭᠤᠯᠵᠤ᠂ ᠬᠡᠰᠡᠭ ᠲᠠᠯ᠎ᠠ᠎ᠪᠡᠷ ᠬᠦᠴᠦᠯᠡᠬᠦ᠎ᠵᠢ ᠰᠢᠰᠲᠧᠮᠵᠢᠭᠦᠯᠦᠨ ᠬᠤᠷᠠᠭᠤᠯᠬᠤ ᠪᠣᠯᠭᠠᠨ ᠬᠤᠪᠢᠷᠠᠭᠤᠯᠬᠤ᠎ᠶᠢ ᠪᠡᠶᠡᠯᠡᠭᠦᠯᠪᠡ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠵᠥᠷᠢᠶ᠎ᠡ᠎ᠵᠢᠨ 4 ᠲᠠᠯ᠎ᠠ᠎ᠶᠢᠨ 16 ᠠᠰᠠᠭᠤᠳᠠᠯ ᠵᠢᠴᠢ ᠺᠠᠳ᠋ᠷ᠎ᠤᠨ 《ᠠᠵᠢᠯ᠎ᠤᠨ ᠪᠤᠰᠤ ᠴᠠᠭ》᠎ᠤ᠋ᠨ ᠬᠢᠨᠠᠯᠲᠠ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ 《ᠳᠥᠷᠪᠡᠨ ᠰᠤᠷᠲᠠᠯ》᠎ᠤ᠋ᠨ ᠳᠠᠯᠳᠠ ᠣᠨᠳᠣᠣᠰᠢᠯ ᠵᠡᠷᠭᠡ 10 ᠭᠣᠣᠯᠳᠠᠯᠭ᠎ᠠ᠎ᠲᠠᠢ ᠬᠦᠷᠢᠶ᠎ᠡ᠎ᠶᠢ ᠴᠢᠩᠭ᠎ᠠ ᠠᠳᠬᠤᠵᠤ᠂ ᠪᠥᠬᠥ ᠬᠣᠲᠠ᠎ᠶᠢᠨ 4 ᠶᠡᠬᠡ ᠤᠳᠤᠷᠢᠳᠬᠤ ᠪᠠᠭ᠂ 54 ᠰᠠᠯᠠᠭ᠎ᠠ ᠮᠥᠴᠢᠷ᠎ᠦᠨ 659 ᠬᠤᠪᠢ ᠳᠦᠷᠢᠮ᠎ᠦᠨ ᠪᠢᠴᠢᠭ ᠮᠠᠲᠧᠷᠢᠶᠠᠯ᠎ᠳᠤ ᠪᠥᠬᠥ ᠲᠠᠯ᠎ᠠ᠎ᠶᠢᠨ ᠪᠠᠢᠳᠠᠯ᠎ᠢ ᠣᠢᠯᠠᠭᠠᠨ ᠵᠢᠭ᠍ᠰᠠᠭᠠᠵᠤ᠂ ᠨᠢᠭᠡᠳ ᠨᠢᠭᠡ᠎ᠪᠡᠷ ᠰᠢᠯᠢᠨ ᠰᠣᠩᠭᠣᠵᠤ ᠬᠠᠷᠭᠤᠭᠤᠯᠤᠨ᠂ ᠳᠠᠯᠳᠠ ᠭᠠᠵᠠᠷ ᠪᠠᠯᠠᠢ ᠤᠷᠤᠨ᠎ᠢ ᠠᠷᠢᠯᠭᠠᠪᠠ᠃
ᠪᠦᠬᠦ ᠶᠠᠪᠤᠴᠠ᠎ᠶᠢᠨ ᠵᠢᠷᠤᠮᠵᠢᠯ᠎ᠢ ᠴᠢᠩᠭᠠᠳᠬᠠᠵᠤ᠂ ᠪᠠᠷᠢᠮᠵᠢᠶᠠᠨᠢᠭᠡᠲᠦᠯ ᠦᠭᠡᠢ᠎ᠵᠢ ᠰᠢᠨᠵᠢᠯᠡᠬᠦ ᠤᠬᠠᠭᠠᠨᠴᠢ ᠠᠷᠠᠳᠴᠢᠯᠠᠯ ᠲᠠᠢ ᠪᠤᠯᠭᠠᠨ ᠬᠤᠪᠢᠷᠠᠭᠤᠯᠬᠤ᠎ᠶᠢ ᠪᠡᠶᠡᠯᠡᠭᠦᠯᠪᠡ᠃ ᠭᠣᠣᠯ ᠰᠡᠳᠦᠪ᠎ᠦᠨ ᠲᠠᠯ᠎ᠠ᠎ᠪᠠᠷ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠨᠠᠵᠠᠭᠠᠢ ᠲᠠᠯ᠎ᠠ᠎ᠶᠢᠨ ᠨᠠᠷᠢᠨ ᠲᠠᠩᠰᠠ᠎ᠲᠠᠢ ᠬᠠᠷᠭᠤᠭᠤᠯᠤᠨ ᠳᠤᠲᠠᠭᠤᠳᠠᠯ᠎ᠢᠶᠠᠨ ᠪᠠᠢᠴᠠᠭᠠᠨ ᠨᠥᠬᠥᠪᠦᠷᠢᠯᠡᠵᠦ᠂ ᠠᠯᠳᠠᠭ᠎ᠠ ᠪᠤᠷᠤᠭᠤ᠎ᠪᠠᠨ ᠵᠠᠯᠠᠷᠠᠭᠤᠯᠪᠠ᠃ ᠳᠡᠰ ᠳᠠᠷᠠᠭᠠᠯᠠᠯ᠎ᠤᠨ ᠲᠠᠯ᠎ᠠ᠎ᠪᠠᠷ᠂ ᠰᠠᠯᠠᠭ᠎ᠠ ᠮᠥᠴᠢᠷ᠎ᠦᠨ ᠭᠣᠣᠯ ᠤᠳᠤᠷᠢᠳᠤᠯᠭ᠎ᠠ ᠨᠢᠭᠡᠳ ᠨᠢᠭᠡ᠎ᠪᠡᠷ ᠰᠤᠳᠤᠯᠬᠤ᠂ ᠬᠣᠲᠠ᠎ᠶᠢᠨ ᠱᠠᠲᠤᠨ᠎ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠨᠢᠭᠡᠳ ᠨᠢᠭᠡ᠎ᠪᠡᠷ ᠬᠢᠨᠠᠨ ᠵᠥᠪᠯᠡᠬᠦ᠂ ᠠᠵᠢᠯ᠎ᠤᠨ ᠠᠯᠪᠠᠨ ᠭᠡᠷ ᠲᠥᠪᠯᠡᠷᠡᠭᠦᠯᠦᠨ ᠬᠢᠨᠠᠨ ᠪᠠᠢᠴᠠᠭᠠᠬᠤ᠂ ᠠᠵᠢᠯ᠎ᠤᠨ ᠲᠤᠰᠬᠠᠢ ᠠᠩᠭᠢ ᠨᠢᠭᠡᠳ ᠨᠢᠭᠡ᠎ᠪᠡᠷ ᠬᠢᠨᠠᠨ ᠪᠠᠢᠴᠠᠭᠠᠬᠤ ᠳᠥᠷᠪᠡᠨ ᠱᠠᠲᠤᠨ᠎ᠤ ᠪᠣᠭᠣᠮᠲᠠ ᠰᠠᠬᠢᠬᠤ ᠲᠣᠭᠲᠠᠴᠠ᠎ᠶᠢ ᠪᠠᠢᠭᠤᠯᠪᠠ᠃ ᠠᠭᠤᠯᠭ᠎ᠠ᠎ᠶᠢᠨ ᠲᠠᠯ᠎ᠠ᠎ᠪᠠᠷ᠂ ᠳᠡᠭᠡᠳᠦ ᠪᠠᠢᠷᠢ᠎ᠶᠢᠨ ᠬᠠᠤᠯᠢ᠎ᠪᠠᠷ ᠪᠦᠬᠦ ᠲᠠᠯ᠎ᠠ᠎ᠪᠠᠷ ᠪᠠᠷᠢᠮᠵᠢᠶᠠᠯᠠᠨ ᠨᠢᠭᠡᠳᠦᠯᠲᠡᠢ ᠪᠠᠢᠯᠭᠠᠵᠤ᠂ ᠡᠯ᠎ᠡ ᠲᠠᠯ᠎ᠠ᠎ᠶᠢᠨ ᠰᠠᠨᠠᠯ ᠰᠠᠨᠠᠭᠤᠯᠭ᠎ᠠ᠎ᠶᠢ ᠥᠷᠭᠡᠨ᠎ᠢᠶᠡᠷ ᠬᠤᠷᠢᠶᠠᠪᠠ᠃
ᠦᠷᠭᠦᠯᠵᠢᠳᠡ ᠬᠡᠷᠡᠭᠴᠡᠭᠡ᠎ᠲᠠᠢ ᠪᠠᠢᠬᠤ᠎ᠶᠢ ᠪᠠᠲᠤᠯᠠᠵᠤ᠂ ᠣᠬᠣᠷ ᠬᠤᠭᠤᠴᠠᠭᠠᠨ᠎ᠤ ᠳᠡᠭᠡᠭᠰᠢᠯᠡᠯᠲᠡ᠎ᠶᠢ ᠤᠷᠲᠤ ᠬᠤᠭᠤᠴᠠᠭᠠᠨ᠎ᠤ ᠪᠦᠲᠦᠮᠵᠢᠲᠡᠶ ᠵᠠᠰᠠᠯᠲᠠ ᠪᠣᠯᠭᠠᠨ ᠬᠤᠪᠢᠷᠠᠭᠤᠯᠬᠤ᠎ᠶᠢ ᠪᠡᠶᠡᠯᠡᠭᠦᠯᠪᠡ᠃ ᠬᠣᠲᠠ᠎ᠶᠢᠨ ᠨᠠᠮ᠎ᠤᠨ ᠬᠣᠷᠢᠶ᠎ᠠ᠎ᠡᠴᠡ ᠨᠢᠭᠡᠳᠦᠯᠲᠡᠢ ᠲᠥᠯᠥᠪᠵᠢᠭᠦᠯᠦᠨ ᠶᠡᠷᠦᠩᠬᠡᠢᠯᠡᠨ ᠠᠳᠬᠤᠭᠰᠠᠨ 《ᠦᠨᠡᠯᠡᠨ ᠵᠢᠱ᠌ᠢᠬᠦ — ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠲᠠᠢᠯᠪᠤᠷᠢᠯᠠᠬᠤ — ᠬᠡᠷᠡᠭᠵᠢᠭᠦᠯᠬᠦ᠂ ᠳᠠᠬᠢᠨ ᠦᠨᠡᠯᠡᠨ ᠵᠢᠱ᠌ᠢᠬᠦ᠂ ᠳᠠᠬᠢᠨ ᠵᠠᠰᠠᠪᠤᠷᠢ ᠣᠷᠣᠭᠤᠯᠬᠤ》 ᠪᠢᠲᠡᠭᠦᠦ ᠴᠠᠭᠠᠷᠢᠭ᠎ᠤᠨ ᠠᠵᠢᠯ᠎ᠤᠨ ᠰᠢᠰᠲᠧᠮ᠎ᠢ ᠪᠠᠢᠭᠤᠯᠵᠤ᠂ ᠪᠣᠳᠠᠲᠠᠢ ᠠᠰᠠᠭᠤᠳᠠᠯ᠎ᠢ ᠰᠢᠢᠳᠪᠦᠷᠢᠯᠡᠬᠦ ᠪᠠ ᠣᠯᠠᠨ ᠲᠦᠮᠡᠨ᠎ᠦ ᠬᠠᠨᠤᠮᠵᠢ᠎ᠶᠢᠨ ᠬᠡᠮᠵᠢᠶ᠎ᠡ᠎ᠶᠢ ᠳᠡᠭᠡᠭᠰᠢᠯᠡᠭᠦᠯᠬᠦ ᠬᠣᠶᠠᠷ ᠲᠠᠯ᠎ᠠ᠎ᠡᠴᠡ ᠳᠦᠷᠢᠮ᠎ᠦᠨ ᠬᠡᠷᠡᠭᠵᠢᠭᠦᠯᠦᠯᠲᠡ᠎ᠶᠢᠨ ᠦᠷ᠎ᠡ ᠪᠦᠲᠦᠮᠵᠢ᠎ᠶᠢ ᠦᠨᠡᠯᠡᠵᠦ᠂ ᠪᠠᠢᠨᠭᠭᠤᠵᠢᠭᠰᠠᠨ ᠳᠦᠷᠢᠮ᠎ᠦᠨ ᠪᠡᠶ᠎ᠡ᠎ᠶᠢᠨ ᠪᠠᠢᠴᠠᠭᠠᠯᠲᠠ ᠪᠠ ᠰᠢᠨᠡᠳᠬᠡᠬᠦ ᠲᠣᠭᠲᠠᠴᠠ᠎ᠶᠢ ᠪᠦᠷᠢᠯᠳᠦᠭᠦᠯᠪᠡ᠃
ᠰᠢᠨ᠎ᠡ ᠪᠣᠳᠠᠲᠤ ᠦᠷ᠎ᠡ ᠪᠦᠲᠦᠮᠵᠢ — 《ᠳᠥᠷᠪᠡᠨ ᠬᠣᠣᠰ ᠬᠠᠷᠢᠴᠠᠭ᠎ᠠ》ᠵᠢ ᠡᠵᠡᠮᠳᠡᠵᠦ ᠣᠨᠣᠪᠴᠢᠲᠠᠶ᠎ᠪᠠᠷ ᠵᠠᠰᠠᠪᠡ
ᠳᠦᠷᠢᠮ᠎ᠦᠨ 《ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠲᠠᠢᠯᠪᠤᠷᠢᠯᠠᠬᠤ》ᠵᠢᠨ ᠳᠠᠷᠠᠭᠠᠬᠢ ᠴᠢᠭᠯᠡᠭᠦᠯᠦᠯᠲᠦ ᠴᠢᠨᠠᠷ ᠪᠠ ᠬᠡᠷᠡᠭᠵᠢᠭᠦᠯᠵᠦ ᠪᠣᠯᠬᠤᠢᠴᠠ ᠴᠢᠨᠠᠷ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠳᠦᠷᠢᠮ᠎ᠢ ᠲᠤᠭᠳᠠᠭᠠᠵᠤ ᠬᠠᠶᠠᠨ ᠳ᠋ᠤᠨᠢ ᠬᠠᠶᠠᠬᠤ ᠵᠢ ᠡᠷᠡᠰ ᠰᠡᠷᠭᠡᠢᠯᠡᠪᠡ᠃
ᠳᠦᠷᠢᠮ᠎ᠢ ᠬᠡᠷᠡᠭᠵᠢᠭᠦᠯᠦᠭᠰᠡᠨ ᠨᠢ ᠪᠣᠳᠠᠲᠠᠢ ᠠᠰᠠᠭᠤᠳᠠᠯ᠎ᠢ ᠨᠠᠩ ᠰᠠᠢᠲᠤᠷ ᠰᠢᠢᠳᠪᠦᠷᠢᠯᠡᠬᠦ᠎ᠶᠢᠨ ᠲᠥᠯᠥᠭᠡ ᠶᠤᠮ᠃ ᠬᠥᠬᠡᠬᠣᠲᠠ 《ᠡᠪᠳᠡᠬᠦ》 ᠪᠠ 《ᠲᠤᠭᠲᠠᠭᠠᠬᠤ》ᠵᠢᠨ ᠬᠠᠷᠢᠴᠠᠭ᠎ᠠ᠎ᠶᠢ ᠢᠮᠠᠭᠲᠠ ᠰᠠᠢᠲᠤᠷ ᠡᠵᠡᠮᠰᠢᠬᠦ᠎ᠶᠢ 《ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠲᠠᠢᠯᠪᠤᠷᠢᠯᠠᠬᠤ》 ᠲᠤᠰᠬᠠᠢ ᠠᠵᠢᠯ᠎ᠢ ᠠᠬᠢᠭᠤᠯᠬᠤ ᠵᠠᠩᠭᠢᠯᠠᠭ᠎ᠠ᠎ᠶᠢᠨ ᠪᠠᠢᠷᠢᠨ᠎ᠳᠤ ᠲᠠᠯᠪᠢᠭ᠍ᠰᠠᠭᠠᠷ ᠢᠷᠡᠵᠡᠶ᠃ ᠡᠪᠳᠡᠬᠦ ᠲᠠᠯ᠎ᠠ᠎ᠪᠠᠷ᠂ ᠳᠡᠭᠡᠳᠦ ᠪᠠᠢᠷᠢ᠎ᠶᠢᠨ ᠬᠠᠤᠯᠢ᠎ᠲᠠᠢ ᠮᠥᠷᠭᠥᠯᠳᠦᠭᠡᠨ᠎ᠲᠠᠢ᠂ ᠦᠨᠳᠦᠰᠦᠯᠡᠯ ᠨᠢ ᠬᠦᠴᠦᠨ ᠦᠭᠡᠢ ᠪᠣᠯᠤᠭᠰᠠᠨ 19 ᠬᠤᠪᠢ ᠪᠢᠴᠢᠭ ᠮᠠᠲᠧᠷᠢᠶᠠᠯ᠂ ᠪᠣᠳᠠᠲᠤ ᠬᠡᠷᠡᠭᠴᠡᠭᠡ᠎ᠳᠦ ᠵᠣᠬᠢᠴᠠᠬᠤ ᠦᠭᠡᠢ 48 ᠬᠤᠪᠢ ᠪᠢᠴᠢᠭ ᠮᠠᠲᠧᠷᠢᠶᠠᠯ᠎ᠢ ᠬᠦᠴᠦᠨ ᠦᠭᠡᠢ ᠪᠣᠯᠭᠠᠪᠠ᠃ ᠲᠣᠭᠲᠠᠭᠠᠬᠤ ᠲᠠᠯ᠎ᠠ᠎ᠪᠠᠷ᠂ ᠬᠥᠭᠵᠢᠯᠲᠡ᠎ᠳᠦ ᠲᠤᠯᠭᠠᠷᠠᠵᠤ ᠪᠠᠢᠭ᠎ᠠ ᠰᠢᠨ᠎ᠡ ᠪᠠᠢᠳᠠᠯ ᠰᠢᠨ᠎ᠡ ᠡᠭᠦᠷᠭᠡ᠎ᠳᠦ ᠬᠠᠷᠢᠭᠤᠯᠲᠠ ᠥᠭᠬᠦ᠎ᠲᠠᠢ ᠨᠢᠭ᠍ᠲᠠ ᠤᠶᠠᠯᠳᠤᠭᠤᠯᠤᠨ᠂ ᠥᠪᠥᠷ ᠮᠣᠩᠭᠣᠯ ᠤ᠋ᠨ ᠪᠥᠬᠥ᠌ ᠠᠵᠤ ᠦᠢᠯᠡᠰ ᠤ᠋ᠨ ᠬᠡᠯᠬᠢᠶ᠎ᠡ ᠶ᠋ᠢᠨ ᠪᠠᠶ᠋ᠢᠷᠢᠰᠢᠭᠤᠯᠤᠯᠲᠠ ᠡᠴᠡ ᠲᠦᠩᠯᠢᠶᠣᠤ ᠶ᠋ᠢᠨ ᠮᠢᠬᠠᠨ ᠤ᠋ ᠦᠬᠡᠷ᠂ ᠰᠢᠯᠢ ᠶ᠋ᠢᠨ ᠭᠤᠤᠯ ᠤ᠋ᠨ ᠮᠢᠬᠠᠨ ᠤ᠋ ᠬᠣᠨᠢ᠂ ᠪᠠᠶᠠᠨᠨᠠᠭᠤᠷ ᠤ᠋ᠨ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠌ ᠬᠦᠷᠲᠡᠯ᠎ᠡ ᠬᠤᠷᠠᠯ ᠳ᠋ᠤ ᠣᠷᠣᠯᠴᠠᠭᠰᠠᠨ ᠲᠥᠯᠥᠭᠡᠯᠡᠭᠴᠢᠳ ᠲᠦ᠍ ᠨᠠᠷᠢᠨ ᠨᠢᠮᠪᠠᠶ ᠲᠠᠨᠢᠯᠴᠠᠭᠤᠯᠪᠠ᠃
ᠣᠲᠣ ᠦᠶ᠎ᠡ ᠶ᠋ᠢᠨ ᠲᠣᠨᠣᠬᠯᠠᠯ ᠦᠢᠯᠡᠳᠬᠦ ᠪᠠ ᠰᠢᠨ᠎ᠡ ᠮᠠᠲ᠋ᠧᠷᠢᠶᠠᠯ ᠤ᠋ᠨ ᠲᠤᠰᠬᠠᠶ ᠰᠡᠳᠦᠪᠲᠦ᠍ ᠠᠵᠢᠯᠯᠠᠭ᠎ᠠ ᠨᠢ ᠥᠪᠥᠷ ᠮᠣᠩᠭᠣᠯ ᠤ᠋ᠨ ᠣᠲᠣ ᠦᠶ᠎ᠡ ᠶ᠋ᠢᠨ ᠲᠣᠨᠣᠬᠯᠠᠯ ᠦᠢᠯᠡᠳᠬᠦ ᠪᠠ ᠰᠢᠨ᠎ᠡ ᠮᠠᠲ᠋ᠧᠷᠢᠶᠠᠯ ᠤ᠋ᠨ ᠠᠵᠤ ᠦᠢᠯᠡᠰ ᠤ᠋ᠨ ᠬᠥᠭᠵᠢᠯᠲᠡ ᠶ᠋ᠢᠨ ᠳᠠᠪᠠᠭᠤᠯᠢᠭ ᠢ᠋ ᠪᠥᠬᠥ᠌ ᠲᠠᠯ᠎ᠠ ᠪᠡᠷ ᠳᠡᠯᠭᠡᠨ ᠦᠵᠡᠭᠦᠯᠦᠭᠰᠡᠨ ᠤ᠋ ᠬᠠᠮᠲᠤ᠌ ᠬᠤᠷᠠᠯ ᠳ᠋ᠤ ᠣᠷᠣᠯᠴᠠᠭᠰᠠᠨ ᠠᠵᠤ ᠠᠬᠤᠶ᠋ᠢᠯᠠᠯ ᠳ᠋ᠤ ᠬᠠᠮᠲᠤᠷᠠᠯᠴᠠᠭᠠᠨ ᠤ᠋ ᠤᠷᠢᠯᠭ᠎ᠠ ᠲᠠᠯᠪᠢᠪᠠ᠃
ᠤᠢᠷ᠎ᠠ ᠤᠬᠲᠠᠷᠭᠤᠢ ᠶ᠋ᠢᠨ ᠠᠵᠤ ᠠᠬᠤᠶ ᠶ᠋ᠢᠨ ᠴᠢᠨᠠᠷ ᠰᠠᠶ᠋ᠢᠲᠠᠶ ᠬᠥᠭᠵᠢᠯᠲᠡ ᠶ᠋ᠢᠨ ᠲᠤᠰᠬᠠᠶ ᠰᠡᠳᠦᠪᠲᠦ᠍ ᠠᠵᠢᠯᠯᠠᠭ᠎ᠠ ᠳᠡᠭᠡᠷ᠎ᠡ᠂ ᠣᠯᠠᠨ ᠤᠯᠤᠰ ᠤ᠋ᠨ ᠧᠦ᠋ᠷᠣᠫᠠ ᠠᠽᠢᠶ᠎ᠠ ᠶ᠋ᠢᠨ ᠰᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠠᠺᠠᠳᠧᠮᠢᠴᠢ᠂ ᠤᠢᠷ᠎ᠠ ᠤᠬᠲᠠᠷᠭᠤᠢ ᠶ᠋ᠢᠨ ᠠᠵᠤ ᠠᠬᠤᠶ ᠶ᠋ᠢᠨ ᠬᠦᠷᠢᠶᠡᠨ ᠤ᠋ ᠲᠤᠰᠬᠠᠶ ᠮᠡᠷᠭᠡᠵᠢᠯᠲᠡᠨ ᠯᠢ ᠱ᠌ᠢ ᠫᠧᠩ ᠭᠤᠤᠯ ᠵᠤᠷᠢᠯᠳᠠᠳᠤ ᠶᠠᠷᠢᠶ᠎ᠠ ᠢᠯᠡᠳᠬᠡᠯ ᠳ᠋ᠡᠭᠡᠨ᠂ ᠤᠢᠷ᠎ᠠ ᠤᠬᠲᠠᠷᠭᠤᠢ ᠶ᠋ᠢᠨ ᠠᠵᠤ ᠠᠬᠤᠶ ᠶ᠋ᠢᠨ ᠠᠵᠤ ᠦᠢᠯᠡᠰ ᠤ᠋ᠨ ᠬᠡᠪᠴᠢᠶ᠎ᠡ ᠳ᠋ᠤ ᠬᠦᠴᠦᠲᠡᠶ ᠨᠡᠮᠡᠭᠳᠡᠯ ᠤ᠋ᠨ ᠪᠠᠶ᠋ᠢᠳᠠᠯ ᠢᠯᠡᠷᠡᠵᠦ᠍᠂ ᠥᠪᠥᠷ ᠮᠣᠩᠭᠣᠯ ᠤᠢᠷ᠎ᠠ ᠤᠬᠲᠠᠷᠭᠤᠢ ᠶ᠋ᠢᠨ ᠠᠵᠤ ᠠᠬᠤᠶ ᠵᠢ ᠬᠥᠭᠵᠢᠭᠦᠯᠬᠦ᠌ ᠪᠠᠶ᠋ᠢᠭᠠᠯᠢ ᠶ᠋ᠢᠨ ᠳᠠᠪᠠᠭᠤᠯᠢᠭ ᠲᠠᠢ ᠪᠠᠶ᠋ᠢᠵᠤ᠂ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶ᠋ᠢᠨ ᠪᠠᠶ᠋ᠢᠷᠢᠰᠢᠯ ᠢ᠋ ᠪᠥᠬᠥ᠌ ᠲᠠᠯ᠎ᠠ ᠪᠡᠷ ᠪᠠᠶ᠋ᠢᠭᠤᠯᠬᠤ ᠴᠢᠬᠤᠯᠠᠲᠠᠶ ᠪᠠᠶ᠋ᠢᠨ᠎ᠠ ᠭᠡᠪᠡ᠃
ᠠᠮᠢᠳᠤ ᠪᠣᠳᠠᠰ ᠤ᠋ᠨ ᠡᠮ ᠡᠮᠨᠡᠯᠭᠡ ᠶ᠋ᠢᠨ ᠴᠢᠨᠠᠷ ᠰᠠᠶ᠋ᠢᠲᠠᠶ ᠬᠥᠭᠵᠢᠯᠲᠡ ᠶ᠋ᠢᠨ ᠲᠤᠰᠬᠠᠶ ᠰᠡᠳᠦᠪᠲᠦ᠍ ᠠᠵᠢᠯᠯᠠᠭ᠎ᠠ ᠳᠡᠭᠡᠷ᠎ᠡ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶ᠋ᠢᠨ ᠲᠢᠩᠬᠢᠮ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠮ ᠤ᠋ᠨ ᠵᠦᠢᠯᠡᠰ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠂ ᠬᠥᠬᠡᠬᠣᠲᠠ᠂ ᠬᠢᠩᠭᠠᠨ ᠠᠶ᠋ᠢᠮᠠᠭ᠂ ᠤᠯᠠᠭᠠᠨᠬᠠᠳᠠ ᠬᠣᠲᠠ᠂ ᠪᠠᠶᠠᠨᠨᠠᠭᠤᠷ ᠬᠣᠲᠠ ᠵᠡᠷᠭᠡ ᠲᠣᠰ ᠲᠣᠰ ᠲᠠᠨᠢᠯᠴᠠᠭᠤᠯᠭ᠎ᠠ ᠬᠢᠪᠡ ᠃
《ᠲᠣᠰ ᠤᠳᠠᠭ᠎ᠠ ᠶᠢᠨ ᠠᠵᠢᠯᠯᠠᠭ᠎ᠠ ᠪᠡᠷ ᠳᠡᠮᠵᠢᠨ ᠣᠷᠣᠨ ᠪᠦᠰᠡ ᠠᠯᠤᠰᠯᠠᠭᠰᠠᠨ ᠬᠥᠷᠥᠩᠭᠡ᠂ ᠮᠡᠷᠭᠡᠵᠢᠯ᠂ ᠵᠠᠬ᠎ᠠ ᠳᠡᠯᠭᠡᠭᠦᠷ ᠤ᠋ᠨ ᠡᠯᠧᠮᠧᠨ᠋ᠲ ᠤ᠋ᠨ ᠬᠤᠤᠰ ᠴᠢᠭᠯᠡᠯ ᠢ᠋ᠶ᠋ᠡᠷ ᠰᠢᠯᠵᠢᠬᠦ᠌ ᠵᠢ ᠠᠬᠢᠭᠤᠯᠵᠤ᠂ ᠥᠪᠥᠷ ᠮᠣᠩᠭᠣᠯ ᠤ᠋ᠨ ᠤᠯᠠᠮᠵᠢᠯᠠᠯᠲᠤ᠌ ᠠᠵᠤ ᠦᠢᠯᠡᠰ ᠤ᠋ᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ᠌᠂ ᠰᠢᠨ᠎ᠡ᠎ᠪᠡᠷ ᠮᠠᠨᠳᠤᠭᠰᠠᠨ ᠠᠵᠤ ᠦᠢᠯᠡᠰ ᠤ᠋ᠨ ᠪᠦᠯᠦᠭᠵᠢᠨ ᠪᠤᠵᠠᠭᠠᠶ᠋ᠢᠷᠠᠬᠤ᠂ ᠢᠷᠡᠭᠡᠳᠦᠶ ᠶ᠋ᠢᠨ ᠠᠵᠤ ᠦᠢᠯᠡᠰ ᠤ᠋ᠨ ᠪᠠᠶ᠋ᠢᠷᠢᠰᠢᠭᠤᠯᠤᠯᠲᠠ ᠵᠢ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤ᠋ᠨ ᠰᠢᠰᠲ᠋ᠧᠮ ᠤ᠋ᠨ ᠪᠠᠢᠭᠤᠯᠤᠯᠲᠠ ᠵᠢ ᠲᠦᠷᠭᠡᠳᠭᠡᠵᠦ᠂ ᠣᠷᠣᠨ ᠪᠦᠰᠡ ᠶ᠋ᠢᠨ ᠴᠢᠨᠠᠷ ᠰᠠᠶ᠋ᠢᠲᠠᠶ ᠬᠥᠭᠵᠢᠯᠲᠡ ᠪᠣᠯᠤᠨ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠶ᠋ᠢᠯᠠᠯ ᠤ᠋ᠨ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ ᠢ᠋ ᠨᠡᠮᠡᠭᠳᠡᠭᠦᠯᠬᠦ᠌ ᠬᠤᠤᠰ ᠴᠢᠭᠯᠡᠯ ᠢ᠋ᠶ᠋ᠡᠷ ᠬᠠᠮᠲᠤ ᠪᠠᠷ ᠠᠰᠢᠭ ᠭᠥᠷᠳᠡᠬᠦ᠌ ᠵᠢ ᠪᠡᠶᠡᠯᠡᠭᠦᠯᠦᠨ᠎ᠡ》 ᠭᠡᠵᠦ᠍ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠦᠢᠯᠡᠳᠪᠦᠷᠢ ᠬᠤᠳᠠᠯᠳᠤᠭᠠᠨ ᠤ᠋ ᠬᠣᠯᠪᠣᠭ᠎ᠠ ᠶ᠋ᠢᠨ ᠳᠡᠳ᠋ ᠲᠡᠷᠢᠭᠦᠯᠡᠭᠴᠢ ᠱ᠌ᠢ ᠱᠧᠩ ᠫᠢᠩ ᠬᠡᠯᠡᠯ᠎ᠠ᠃
ᠢᠷᠡᠭᠡᠳᠦᠢ ᠪᠠᠨ ᠪᠠᠷᠠᠯᠠᠬᠤᠶ᠎ᠠ᠂ ᠡᠷᠴᠢ ᠵᠤᠷᠢᠭ ᠬᠦᠪᠴᠢᠯᠡᠭᠰᠡᠨᠠᠷᠠᠳ ᠤ᠋ᠨ ᠡᠵᠡᠩᠨᠡᠯᠲᠡ ᠶ᠋ᠢᠨ ᠠᠵᠤ ᠠᠬᠤᠶ᠋ᠢᠯᠠᠯᠲᠠᠳ ᠥᠪᠥᠷ ᠮᠣᠩᠭᠣᠯ ᠤ᠋ᠨ ᠣᠨᠴᠠᠯᠢᠭ ᠲᠠᠢ ᠣᠳᠣᠬᠢᠴᠢᠯᠠᠭᠰᠠᠨ ᠠᠵᠤ ᠦᠢᠯᠡᠰ ᠤ᠋ᠨ ᠰᠢᠰᠲ᠋ᠧᠮ ᠢ᠋ ᠪᠠᠶ᠋ᠢᠭᠤᠯᠬᠤ ᠳ᠋ᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠬᠦ᠌ ᠨᠢ ᠯᠠᠪᠲᠠᠢ! ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ᠎ᠶᠢ ᠵᠢᠷᠤᠮᠵᠢᠭᠤᠯᠵᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠡᠷᠭᠡ 22 ᠳᠦᠷᠢᠮ᠎ᠢ ᠲᠣᠭᠲᠠᠭᠠᠵᠤ᠂ ᠳᠦᠷᠢᠮ᠎ᠦᠨ ᠬᠠᠩᠭᠠᠯᠭ᠎ᠠ᠎ᠪᠠᠷ ᠴᠢᠨᠠᠷ ᠰᠠᠢᠲᠠᠢ ᠬᠥᠭᠵᠢᠯᠲᠡ᠎ᠶᠢᠨ ᠬᠥᠳᠡᠯᠭᠡᠬᠦ ᠡᠨᠧᠷᠭᠢ᠎ᠶᠢ ᠪᠠᠳᠠᠷᠠᠭᠤᠯᠪᠠ᠃
ᠳᠦᠷᠢᠮ᠎ᠢ ᠬᠡᠷᠡᠭᠵᠢᠭᠦᠯᠬᠦ ᠪᠠᠷᠢᠮᠵᠢᠶ᠎ᠠ᠎ᠶᠢᠨ ᠲᠠᠯ᠎ᠠ᠎ᠪᠠᠷ᠂ ᠬᠥᠬᠡᠬᠣᠲᠠ 《ᠠᠭᠤᠴᠢᠯᠠᠬᠤ》 ᠪᠠ 《ᠴᠢᠩᠳᠠᠯᠠᠬᠤ》 ᠵᠢᠨ ᠬᠠᠷᠢᠴᠠᠭ᠎ᠠ᠎ᠶᠢ ᠴᠢᠩᠭ᠎ᠠ ᠡᠵᠡᠮᠳᠡᠵᠦ᠂ ᠺᠠᠳ᠋ᠷ᠎ᠤᠨ ᠲᠤᠰᠢᠶᠠᠯ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠭᠣᠣᠯᠳᠠᠯᠭ᠎ᠠ ᠨᠢ ᠬᠠᠷᠢᠭᠤᠴᠠᠯᠭ᠎ᠠ ᠡᠷᠬᠡ ᠲᠣᠳᠣᠷᠬᠠᠢ ᠪᠠᠢᠬᠤᠳᠡᠭᠡᠷᠡ ᠪᠠᠢᠵᠤ᠂ ᠺᠠᠳ᠋ᠷ᠎ᠲᠤ ᠥᠪᠡᠷ᠎ᠦᠨ ᠶᠠᠭᠤ ᠬᠢᠬᠦ᠎ᠵᠢ ᠮᠡᠳᠡᠭᠦᠯᠵᠦ᠂ ᠨᠡᠩ ᠴᠤ᠌ ᠥᠪᠡᠷ᠎ᠤᠨ ᠶᠠᠭᠤ ᠬᠢᠵᠦ ᠪᠣᠯᠬᠤ ᠦᠭᠡᠢ᠎ᠶᠢ ᠮᠡᠳᠡᠭᠦᠯᠪᠡ᠃ ᠬᠣᠷᠢᠭ᠎ᠠ ᠱᠤᠭᠤᠮ᠎ᠢ ᠰᠠᠬᠢᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠣᠯᠠᠨ ᠨᠡᠶ᠋ᠢᠲᠡ᠎ᠶᠢᠨ ᠡᠬᠢ ᠪᠠᠶᠠᠯᠢᠭ᠋᠎ᠤᠨ ᠠᠷᠠᠯᠵᠢᠶ᠎ᠠ᠂ ᠬᠥᠮᠥᠨ ᠰᠣᠩᠭᠣᠵᠤ ᠬᠥᠮᠥᠨ ᠬᠡᠷᠡᠭᠯᠡᠬᠦ᠎ᠳᠤ 《ᠨᠠᠢᠷ ᠲᠠᠯ᠎ᠠ ᠬᠡᠯᠡᠵᠦ ᠤᠷᠢᠳᠴᠢᠯᠠᠨ ᠮᠡᠳᠡᠭᠳᠡᠬᠦ》 ᠳᠠᠩᠰᠠᠯᠠᠯᠲᠠ ᠵᠡᠷᠭᠡ 30 ᠵᠦᠢᠯ᠎ᠦᠨ ᠳᠦᠷᠢᠮ᠎ᠢ ᠲᠣᠭᠲᠠᠭᠠᠵᠤ᠂ 《ᠲᠠᠨᠢᠯ ᠬᠥᠮᠥᠨ᠎ᠦ ᠨᠡᠢᠭᠡᠮ》᠎ᠤ᠋ᠨ ᠺᠠᠳ᠋ᠷ᠎ᠤᠨ ᠰᠤᠷᠲᠠᠯ᠎ᠤᠨ ᠪᠡᠷᠬᠡ ᠰᠡᠳᠦᠪ᠎ᠢ ᠣᠨᠣᠪᠴᠢᠲᠠᠶ ᠰᠢᠢᠳᠪᠦᠷᠢᠯᠡᠪᠡ᠃
ᠱᠠᠲᠤ ᠱᠠᠲᠤ᠎ᠪᠠᠷ ᠠᠬᠢᠭᠤᠯᠵᠤ᠂ ᠠᠯᠬᠤᠮ ᠠᠯᠬᠤᠮ᠎ᠢᠶᠠᠷ ᠤᠷᠤᠭᠰᠢᠯᠠᠬᠤ ᠪᠣᠯ ᠬᠥᠬᠡᠬᠣᠲᠠ᠎ᠶᠢᠨ 《ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠲᠠᠢᠯᠪᠤᠷᠢᠯᠠᠬᠤ》 ᠲᠤᠰᠬᠠᠢ ᠠᠵᠢᠯ᠎ᠤᠨ ᠦᠨᠳᠦᠰᠦᠨ ᠠᠷᠭ᠎ᠠ ᠬᠡᠯᠪᠡᠷᠢ ᠪᠣᠯᠣᠨ᠎ᠠ᠃ 《ᠴᠡᠭ》 ᠪᠣᠯᠣᠨ 《ᠪᠦᠬᠦ ᠲᠠᠯ᠎ᠠ》ᠵᠢᠨ ᠬᠠᠷᠢᠴᠠᠭ᠎ᠠ᠎ᠶᠢ ᠰᠠᠢᠲᠤᠷ ᠡᠵᠡᠮᠳᠡᠪᠡᠯ ᠰᠠᠶᠢ ᠠᠰᠠᠭᠤᠳᠠᠯ᠎ᠢ ᠭᠦᠢᠬᠡᠨ᠎ᠡᠴᠡ ᠭᠦᠨ ᠲᠡᠢᠰᠢ ᠲᠣᠰ ᠲᠣᠰ ᠲᠤᠨᠢ ᠡᠪᠳᠡᠵᠦ ᠴᠢᠳᠠᠨ᠎ᠠ᠃ ᠬᠥᠬᠡᠬᠣᠲᠠ ᠵᠥᠷᠢᠴᠡᠯ ᠵᠠᠭᠤᠷᠠᠯᠳᠤᠭᠠᠨ᠎ᠢ ᠨᠠᠮᠳᠠᠭᠤᠯᠬᠤ᠎ᠶᠢ ᠠᠬᠢᠭᠤᠯᠬᠤ᠂ ᠺᠠᠳ᠋ᠷ᠎ᠤᠨ ᠰᠤᠷᠲᠠᠯ ᠢᠯᠵᠢᠷᠡᠯ᠎ᠦᠨ ᠰᠡᠷᠭᠡᠢᠯᠡᠯᠲᠡ᠎ᠶᠢᠨ ᠬᠡᠷᠡᠮ᠎ᠢ ᠪᠠᠢᠭᠤᠯᠬᠤ᠂ ᠠᠷᠠᠳ᠎ᠤᠨ ᠠᠮᠢᠳᠤᠷᠠᠯ᠎ᠤᠨ ᠬᠦᠷᠢᠶ᠎ᠡ ᠵᠡᠷᠭᠡ ᠭᠣᠣᠯᠳᠠᠯᠭ᠎ᠠ᠎ᠲᠠᠢ ᠬᠦᠷᠢᠶᠡᠨ᠎ᠦ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ 37 ᠬᠤᠪᠢ ᠳᠦᠷᠢᠮ᠎ᠢ ᠲᠣᠭᠲᠠᠭᠠᠵᠤ᠂ ᠵᠠᠰᠠᠪᠤᠷᠢ ᠣᠷᠣᠭᠤᠯᠵᠤ᠂ ᠲᠠᠢᠯᠪᠤᠷᠢᠯᠠᠵᠤ᠂ ᠠᠰᠠᠭᠤᠳᠠᠯ᠎ᠡᠴᠡ ᠰᠢᠪᠲᠤᠯᠤᠯᠲᠠ ᠭᠠᠷᠭᠠᠵᠤ᠂ ᠴᠡᠭ᠎ᠢᠶᠡᠷ ᠪᠦᠬᠦ ᠲᠠᠯ᠎ᠠ᠎ᠵᠢ ᠲᠠᠢ᠍ᠢᠴᠢᠯᠠᠵᠤ ᠳᠦᠷᠢᠮ ᠲᠣᠭᠲᠠᠭᠠᠯ ᠲᠣᠭᠲᠠᠭᠠᠪᠠ᠃
ᠣᠯᠠᠨ ᠲᠦᠮᠡᠨᠴᠢ ᠱᠤᠭᠤᠮ᠎ᠢᠶᠠᠷ ᠵᠠᠮᠨᠠᠬᠤ᠎ᠶᠢ ᠪᠠᠷᠢᠮᠲᠠᠯᠠᠵᠤ᠂ ᠠᠷᠠᠳ ᠣᠯᠠᠨ᠎ᠤ ᠪᠠᠴᠢᠮᠳᠠᠵᠤ ᠬᠦᠰᠡᠵᠦ ᠪᠠᠢᠭ᠎ᠠ ᠵᠦᠢᠯ᠎ᠢ ᠠᠵᠢᠯ᠎ᠤᠨ᠎ᠢᠶᠠᠨ ᠲᠡᠷᠢᠭᠦᠨ ᠪᠠᠢᠷᠢᠨ᠎ᠳᠤ ᠲᠠᠯᠪᠢᠵᠤ᠂ 《ᠬᠦᠰᠡᠯ ᠱᠠᠭᠠᠷᠳᠠᠯᠭ᠎ᠠ》 ᠪᠠ 《ᠬᠠᠷᠢᠭᠤ ᠦᠭᠬᠦ》ᠵᠢᠨ ᠬᠠᠷᠢᠴᠠᠭ᠎ᠠ᠎ᠶᠢ ᠰᠠᠢᠲᠤᠷ ᠡᠵᠡᠮᠳᠡᠵᠦ᠂ 《ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠲᠠᠢᠯᠪᠤᠷᠢᠯᠠᠬᠤ》ᠵᠢ ᠦᠨᠡᠨ ᠬᠦ᠌ ᠪᠡᠶᠡᠯᠡᠭᠦᠯᠪᠡ᠃ ᠬᠥᠬᠡᠬᠣᠲᠠ ᠬᠣᠲᠠ᠎ᠶᠢᠨ ᠠᠵᠢᠯᠯᠠᠭᠠᠨ᠎ᠤ ᠰᠢᠨ᠎ᠡ ᠠᠰᠠᠭᠤᠳᠠᠯ ᠪᠠ ᠣᠯᠠᠨ ᠲᠦᠮᠡᠨ᠎ᠦ ᠠᠩᠬᠠᠷᠤᠯ ᠲᠠᠯᠪᠢᠵᠤ ᠪᠠᠢᠭ᠎ᠠ ᠠᠷᠠᠳ᠎ᠤᠨ ᠠᠮᠢᠳᠤᠷᠠᠯ᠎ᠤᠨ ᠡᠪᠡᠷᠰᠢᠶᠡᠯ ᠴᠡᠭ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠢᠯᠴᠢ ᠬᠠᠩᠭᠠᠬᠤ ᠲᠦᠬᠦᠭᠡᠷᠦᠮᠵᠢ᠎ᠶᠢᠨ ᠠᠵᠢᠯᠯᠠᠭ᠎ᠠ᠎ᠨᠢ ᠬᠠᠮᠠᠭᠠᠯᠠᠬᠤ᠂ ᠰᠤᠷᠭᠠᠭᠤᠯᠢ᠎ᠶᠢᠨ ᠬᠣᠭᠣᠯᠠᠨ ᠭᠡᠷ᠎ᠦᠨ ᠶᠡᠬᠡ ᠬᠡᠮᠵᠢᠶᠡᠨ᠎ᠦ ᠢᠳᠡᠭᠡᠨ᠎ᠦ ᠮᠠᠲᠧᠷᠢᠶᠠᠯ ᠬᠤᠳᠠᠯᠳᠤᠨ ᠠᠪᠬᠤ᠂ ᠦᠶᠡᠷ᠎ᠢ ᠰᠡᠷᠭᠡᠢᠯᠡᠵᠦ ᠤᠰᠤᠲᠤᠯ᠎ᠢ ᠵᠠᠯᠠᠵᠤ ᠪᠠᠴᠢᠮ ᠪᠠᠢᠳᠠᠯ᠎ᠢ ᠠᠷᠭᠠᠴᠠᠭᠠᠬᠤ ᠵᠡᠷᠭᠡ 13 ᠵᠦᠢᠯ᠎ᠦᠨ ᠬᠠᠤᠯᠢ ᠲᠣᠭᠲᠠᠭᠠᠯ ᠳᠦᠷᠢᠮ᠎ᠢ ᠲᠣᠭᠲᠠᠭᠠᠵᠤ᠂ 《ᠣᠯᠠᠨ ᠲᠦᠮᠡᠨ᠎ᠦ ᠬᠦᠰᠡᠯ ᠱᠠᠭᠠᠷᠳᠠᠯᠭ᠎ᠠ》 ᠪᠠ 《ᠭᠠᠷ᠎ᠲᠠᠬᠢ ᠠᠵᠢᠯ》 ᠦᠨᠡᠨ ᠬᠦ᠌ ᠬᠠᠷᠢᠯᠴᠠᠨ ᠠᠪᠴᠠᠯᠳᠤᠬᠤ᠎ᠵᠢ ᠪᠡᠶᠡᠯᠡᠭᠦᠯᠪᠡ᠃
ᠰᠢᠨ᠎ᠡ ᠦᠷ᠎ᠡ ᠪᠦᠲᠦᠭᠡᠯ — 《ᠭᠤᠷᠪᠠ᠎ᠳᠤ ᠠᠭᠤᠰᠤᠯᠴᠠᠬᠤ》ᠵᠢ ᠰᠠᠢᠲᠤᠷ ᠠᠳᠬᠤᠵᠤ ᠶᠠᠰᠤ ᠴᠢᠨᠠᠷ ᠦᠷ᠎ᠡ ᠠᠰᠢᠭ᠋᠎ᠢ ᠳᠡᠭᠡᠭᠰᠢᠯᠡᠭᠦᠯᠪᠡ
ᠲᠤᠰᠬᠠᠢ ᠲᠥᠷᠥᠯ᠎ᠦᠨ ᠠᠵᠢᠯ᠎ᠢ ᠪᠦᠬᠦ ᠬᠣᠲᠠ᠎ᠶᠢᠨ ᠭᠣᠣᠯ ᠠᠵᠢᠯ᠎ᠲᠠᠢ ᠵᠡᠷᠭᠡ ᠪᠡᠷ ᠠᠬᠢᠭᠤᠯᠬᠤ᠎ᠶᠢ ᠪᠠᠷᠢᠮᠲᠠᠯᠠᠵᠤ᠂ ᠲᠡᠭᠦᠨ᠎ᠢ ᠲᠥᠯᠦᠪᠵᠢᠭᠦᠯᠭᠡ᠎ᠶᠢᠨ ᠴᠢᠨᠠᠷ ᠰᠠᠢᠲᠠᠢ ᠨᠠᠢᠳᠠᠪᠤᠷᠢᠵᠢᠭᠤᠯᠤᠯᠲᠠ᠎ᠶᠢ ᠠᠬᠢᠭᠤᠯᠬᠤ᠂ ᠭᠣᠣᠯ ᠠᠵᠢᠯ᠎ᠢ ᠠᠬᠢᠭᠤᠯᠬᠤ᠂ ᠣᠯᠠᠨ ᠲᠦᠮᠡᠨ᠎ᠳᠦ ᠠᠰᠠᠷᠠᠮᠵᠢ ᠣᠯᠭᠣᠬᠤ ᠪᠣᠳᠠᠲᠠᠢ ᠠᠵᠢᠯ ᠬᠢᠬᠦ ᠬᠦᠴᠦᠲᠡᠢ ᠠᠷᠭ᠎ᠠ ᠬᠡᠮᠵᠢᠶ᠎ᠡ ᠪᠣᠯᠭᠠᠪᠠ᠃
ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ᠎ᠳᠤ ᠠᠭᠤᠰᠤᠯᠴᠠᠬᠤ᠎ᠶᠢ ᠪᠠᠷᠢᠮᠲᠠᠯᠠᠵᠤ᠂ ᠡᠯ᠎ᠡ ᠱᠠᠲᠤ ᠡᠯ᠎ᠡ ᠲᠥᠷᠥᠯ᠎ᠦᠨ ᠲᠣᠭᠣᠷᠢᠨ ᠪᠠᠢᠴᠠᠭᠠᠭᠰᠠᠨ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ ᠳᠤᠮᠳᠠ ᠳᠦᠷᠢᠮ᠎ᠦᠨ ᠲᠤᠯᠭᠠᠭᠤᠷᠢᠯᠠᠯ᠎ᠢ ᠨᠠᠢᠳᠠᠪᠤᠷᠢᠵᠢᠭᠤᠯᠵᠤ ᠂ ᠪᠣᠳᠠᠲᠠᠢ ᠠᠰᠠᠭᠤᠳᠠᠯ᠎ᠳᠤ ᠴᠢᠭᠯᠡᠭᠦᠯᠦᠨ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢᠨ ᠰᠠᠨᠠᠯ᠎ᠢ ᠲᠣᠭᠲᠠᠭᠠᠵᠤ᠂ ᠳᠦᠷᠢᠮ᠎ᠦᠨ ᠲᠤᠯᠭᠠᠭᠤᠷᠢᠯᠠᠯ᠎ᠤᠨ ᠴᠡᠭᠴᠡᠯᠡᠨ ᠰᠠᠢᠵᠢᠷᠠᠭᠤᠯᠤᠭᠰᠠᠨ ᠦᠷ᠎ᠡ ᠪᠦᠲᠦᠭᠡᠯ᠎ᠦᠨ ᠪᠦᠷᠢᠯᠳᠦᠬᠦ᠎ᠶᠢ ᠠᠬᠢᠭᠤᠯᠪᠠ᠃
ᠦᠨᠳᠦᠰᠦᠨ ᠱᠠᠲᠤᠨ᠎ᠤ ᠵᠠᠰᠠᠯᠲᠠ᠎ᠳᠤ ᠠᠭᠤᠰᠤᠯᠴᠠᠬᠤ᠎ᠶᠢ ᠪᠠᠷᠢᠮᠲᠠᠯᠠᠵᠤ᠂ ᠬᠣᠲᠠ᠎ᠶᠢᠨ ᠠᠵᠢᠯᠯᠠᠭᠠᠨ ᠳ᠋ᠠᠬᠢ ᠲᠣᠪᠣᠢᠮ᠎ᠠ ᠠᠰᠠᠭᠤᠳᠠᠯ ᠪᠣᠯᠣᠨ ᠣᠯᠠᠨ ᠲᠦᠮᠡᠨ᠎ᠦ ᠳᠡᠷᠭᠡᠳᠡᠬᠢ 《ᠵᠠᠩᠭᠢᠯᠠᠭ᠎ᠠ᠎ᠶᠢᠨ ᠪᠠᠭ᠎ᠠ ᠶᠠᠪᠤᠳᠠᠯ》 ᠳ᠋ᠤ᠌ ᠠᠩᠬᠠᠷᠤᠯ᠎ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ᠎ᠤ ᠲᠦᠭᠰᠢᠭᠦᠷᠢ᠎ᠶᠢ ᠰᠡᠷᠡᠵᠦ ᠮᠡᠳᠡᠬᠦ ᠪᠠ ᠮᠡᠳᠡᠭᠡ ᠵᠠᠩᠭᠢ᠎ᠶᠢ ᠳᠡᠭᠡᠭᠰᠢ ᠮᠡᠳᠡᠭᠦᠯᠬᠦ᠎ᠶᠢ ᠴᠢᠩᠭᠠᠳᠬᠠᠵᠤ᠂ ᠳᠦᠷᠢᠮ ᠢ᠋ 《ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠲᠠᠢᠯᠪᠤᠷᠢᠯᠠᠬᠤ》᠎ᠪᠠᠷ ᠵᠠᠰᠠᠯᠲᠠ᠎ᠶᠢᠨ ᠳᠤᠲᠠᠭᠤᠳᠠᠯ᠎ᠢ ᠨᠥᠬᠥᠪᠦᠷᠢᠯᠡᠪᠡ᠃
ᠲᠦᠭᠰᠢᠭᠦᠷᠢ᠎ᠶᠢ ᠰᠡᠷᠭᠡᠢᠯᠡᠨ ᠡᠵᠡᠮᠳᠡᠬᠦ᠎ᠳᠦ ᠠᠭᠤᠰᠤᠯᠴᠠᠬᠤ᠎ᠶᠢ ᠪᠠᠷᠢᠮᠲᠠᠯᠠᠵᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶᠢᠨ ᠲᠥᠷᠥᠯ᠎ᠦᠨ ᠲᠥᠷᠥᠯ ᠵᠦᠢᠯ᠎ᠦᠨ ᠬᠠᠭᠠᠰ ᠲᠤᠳᠠᠭᠤ ᠰᠤᠯᠠ ᠲᠠᠯᠪᠢᠭ᠍ᠳᠠᠬᠤᠶᠢ ᠰᠡᠷᠭᠡᠢᠯᠡᠨ ᠵᠠᠰᠠᠬᠤ ᠵᠡᠷᠭᠡ ᠠᠵᠢᠯ᠎ᠳᠦ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶᠢᠨ ᠲᠥᠷᠥᠯ᠎ᠦᠨ ᠲᠥᠷᠥᠯ ᠵᠦᠢᠯ᠎ᠳᠦ ᠪᠥᠬᠥ ᠰᠢᠰᠲᠧᠮ᠎ᠦᠨ ᠬᠢᠨᠠᠯᠲᠠ ᠬᠠᠮᠢᠶᠠᠷᠤᠯᠲᠠ ᠬᠢᠵᠦ᠂ ᠠᠯᠳᠠᠰᠢ᠎ᠶᠢ ᠬᠣᠷᠢᠭ᠍ᠯᠠᠬᠤ ᠬᠢᠨᠠᠯᠲᠠ ᠲᠠᠯᠪᠢᠯᠲᠠ᠎ᠶᠢᠨ ᠦᠷ᠎ᠡ ᠪᠦᠲᠦᠭᠡᠯ᠎ᠢ ᠪᠦᠷᠢᠯᠳᠦᠭᠦᠯᠬᠦ᠎ᠶᠢ ᠠᠬᠢᠭᠤᠯᠪᠠ᠃