— ᠶᠡᠷᠦᠩᠬᠡᠢ ᠱᠦᠵᠢ ᠰᠢ᠎ᠶᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠰᠢᠷᠢᠰ ᠬᠦᠦᠷᠨᠢᠯ ᠰᠢᠭᠦᠮᠵᠢ (ᠭᠤᠷᠪᠠ)
《105 ᠵᠢᠯ ᠴᠥᠬᠥᠷᠡᠰᠢ ᠦᠭᠡᠢ ᠲᠡᠮᠡᠴᠡᠵᠤ᠂ ᠮᠠᠷᠺᠰ᠎ᠤᠨ ᠦᠵᠡᠯ᠎ᠦᠨ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠢ ᠢᠯᠡᠷᠡᠭᠦᠯᠪᠡ》᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ ᠶᠡᠬᠡ ᠬᠤᠷᠠᠯ ᠳᠡᠭᠡᠷᠡᠬᠢ ᠶᠡᠷᠦᠩᠬᠡᠢ ᠱᠦᠵᠢ ᠰᠢ᠎ᠶᠢᠨ ᠫᠢᠩ᠎ᠤᠨ ᠡᠨᠡ ᠬᠦ᠌ ᠴᠢᠬᠤᠯᠠ ᠨᠤᠲᠠᠯᠠᠯᠲᠠ ᠨᠢ ᠵᠠᠭᠤ ᠭᠠᠷᠤᠢ ᠵᠢᠯ᠎ᠦᠨ ᠲᠡᠮᠡᠴᠡᠯ᠎ᠦᠨ ᠲᠤᠬᠠᠢ ᠭᠦᠨᠵᠡᠭᠡᠢ ᠳ᠋ᠦᠩᠨᠡᠯᠲᠡ ᠪᠣᠯᠬᠤ ᠪᠥᠭᠡᠳ ᠨᠡᠩ ᠴᠤ᠌ ᠰᠢᠨ᠎ᠡ ᠠᠶᠠᠨ᠎ᠳᠤ ᠮᠠᠷᠺᠰ᠎ᠤᠨ ᠦᠵᠡᠯ᠎ᠢ ᠪᠠᠷᠢᠮᠲᠠᠯᠠᠨ ᠬᠥᠭᠵᠢᠭᠦᠯᠬᠦ ᠬᠦᠴᠦᠲᠡᠢ ᠲᠤᠩᠬᠠᠭᠯᠠᠯ ᠪᠣᠯᠬᠤ ᠶᠤᠮ᠃
ᠠᠯᠲᠠᠨ ᠨᠠᠷᠠᠨ ᠮᠠᠨᠳᠤᠬᠤᠶᠠ᠂ ᠠᠯᠤᠰ᠎ᠤᠨ ᠵᠠᠮ ᠭᠡᠷᠡᠯᠲᠤᠮᠤᠢ᠃ ᠮᠠᠷᠺᠰ᠎ᠤᠨ ᠦᠵᠡᠯ ᠨᠢ ᠮᠠᠨᠳᠤᠬᠤ ᠨᠠᠷᠠᠲᠠᠢ ᠠᠳᠠᠯᠢ᠎ᠪᠠᠷ ᠬᠥᠮᠥᠨ ᠲᠥᠷᠥᠯᠬᠢᠲᠡᠨ᠎ᠦ ᠲᠡᠦᠬᠡ᠎ᠶᠢᠨ ᠵᠢᠮ᠎ᠡ ᠶᠣᠰᠣ᠌᠎ᠶᠢ ᠬᠠᠢᠨ ᠰᠦᠪᠡᠭᠴᠢᠯᠡᠬᠦ ᠪᠠ ᠥᠪᠡᠷ ᠪᠡᠶ᠎ᠡ᠎ᠶᠢᠨ ᠴᠢᠯᠦᠭᠡᠯᠡᠯᠲᠡ᠎ᠪᠡᠨ ᠡᠷᠢᠯᠬᠢᠯᠡᠬᠦ ᠵᠠᠮ᠎ᠢ ᠭᠡᠷᠡᠯᠳᠤᠬᠦᠯᠵᠡᠢ᠃ ᠠᠷᠪᠠᠨ ᠰᠠᠷ᠎ᠠ᠎ᠶᠢᠨ ᠬᠤᠪᠢᠰᠬᠠᠯ᠎ᠤᠨ ᠫᠤᠤ᠎ᠶᠢᠨ ᠲᠠᠭᠤᠨ ᠳᠤᠮᠳᠠᠳᠤ ᠤᠯᠤᠰ᠎ᠲᠤ ᠮᠠᠷᠺᠰ ᠯᠧᠨᠢᠨ᠎ᠦ ᠦᠵᠡᠯ᠎ᠢ ᠠᠪᠴᠢᠷᠠᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠦ ᠤᠷᠤᠭᠰᠢᠯᠠᠯᠲᠠ᠎ᠶᠢᠨ ᠬᠡᠷᠡᠯᠳᠦ ᠴᠠᠮᠬᠠᠭ᠎ᠢ ᠠᠰᠠᠭᠠᠵᠤ ᠥᠭᠭᠦᠯ᠎ᠡ᠃
ᠳᠤᠮᠳᠠᠳᠤ ᠤᠯᠤᠰ᠎ᠤᠨ ᠡᠪ ᠬᠠᠮᠲᠤ ᠨᠠᠮ ᠮᠠᠷᠺᠰ᠎ᠤᠨ ᠦᠵᠡᠯ᠎ᠢ ᠥᠪᠡᠷ᠎ᠦᠨ ᠲᠤᠭ ᠳᠡᠭᠡᠷ᠎ᠡ᠎ᠪᠡᠨ ᠪᠢᠴᠢᠭᠯᠡᠪᠡ᠂ ᠮᠠᠷᠺᠰ᠎ᠤᠨ ᠦᠵᠡᠯ ᠨᠢ ᠳᠤᠮᠳᠠᠳᠤ ᠤᠯᠤᠰ ᠭᠡᠬᠦ ᠡᠨᠡ ᠬᠦ᠌ ᠥᠨᠢ ᠤᠳᠠᠭᠠᠨ ᠲᠡᠦᠬᠡ᠎ᠲᠠᠢ ᠳᠣᠷᠣᠨᠠᠳᠠᠬᠢᠨ᠎ᠤ ᠲᠣᠮᠣ᠌ ᠤᠯᠤᠰ᠎ᠲᠤ ᠬᠥᠮᠥᠨ ᠲᠥᠷᠥᠯᠬᠢᠲᠡᠨ᠎ᠦ ᠲᠡᠦᠬᠡᠨ᠎ᠳᠦ ᠤᠷᠢᠳᠤ ᠡᠮᠦᠨ᠎ᠡ ᠪᠠᠢᠭ᠎ᠠ ᠦᠭᠡᠢ ᠬᠥᠭᠵᠢᠯᠲᠡ᠎ᠶᠢᠨ ᠭᠠᠢᠬᠠᠮᠰᠢᠭ᠋᠎ᠢ ᠡᠭᠦᠳᠴᠡᠢ᠃
ᠮᠠᠷᠺᠰ᠎ᠤᠨ ᠦᠵᠡᠯ᠎ᠦᠨ 《ᠵᠡᠪᠡ》 ᠪᠡᠷ ᠳᠤᠮᠳᠠᠳᠤ ᠤᠯᠤᠰ᠎ᠤᠨ ᠪᠤᠳᠠᠳᠤ ᠪᠠᠢᠳᠠᠯ᠎ᠤᠨ 《ᠫᠠᠢ》 ᠶ᠋ᠢ ᠬᠠᠷᠪᠤᠪᠠ —
ᠲᠡᠭᠷᠢ ᠲᠤᠯᠤᠮ᠎ᠠ ᠮᠣᠳᠣᠨ᠎ᠳᠤ ᠦᠨᠳᠦᠰᠦ ᠯᠠᠪᠲᠠᠢ ᠪᠠᠢᠮᠤᠢ; ᠠᠭᠤᠯᠠ ᠤᠷᠢᠶᠠᠭᠰᠠᠨ ᠤᠰᠤᠨ᠎ᠳᠦ ᠡᠬᠢ ᠯᠠᠪᠲᠠᠢ ᠪᠠᠢᠮᠤᠢ᠃ ᠮᠠᠷᠺᠰ᠎ᠤᠨ ᠦᠵᠡᠯ᠎ᠢ ᠰᠣᠩᠭᠣᠭᠰᠠᠨ᠎ᠡᠴᠡ ᠨᠠᠭᠠᠰᠢ᠂ ᠳᠤᠮᠳᠠᠳᠤ ᠤᠯᠤᠰ᠎ᠤᠨ ᠡᠪ ᠬᠠᠮᠲᠤᠴᠤᠳ ᠢᠮᠠᠭᠲᠠ ᠲᠤᠭᠤᠰᠢᠯᠠᠭᠤᠯᠤᠨ᠂ ᠡᠷᠡᠰ ᠭᠤᠢᠪᠢᠰᠢ ᠦᠭᠡᠢ ᠪᠠᠷᠢᠮᠲᠠᠯᠠᠵᠤ᠂ ᠶᠡᠷᠦ᠎ᠡᠴᠡ ᠭᠤᠢᠪᠢᠯᠵᠠᠵᠤ᠂ ᠬᠤᠪᠢᠷᠠᠭᠤᠯᠵᠤ᠂ ᠲᠠᠶᠠᠭᠳᠠᠵᠤ ᠥᠩᠭᠡᠷᠡᠭᠰᠡᠨ ᠦᠭᠡᠢ ᠶᠤᠮ᠃
ᠦᠶ᠎ᠡ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ 《ᠦᠢᠯᠡᠳᠦᠯᠭᠡ᠂ ᠲᠠᠨᠢᠯᠲᠠ᠂ ᠲᠠᠬᠢᠨ ᠦᠢᠯᠡᠳᠦᠯᠭᠡ᠂ ᠲᠠᠬᠢᠨ ᠲᠠᠨᠢᠯᠲᠠ》 ᠵᠢᠨ ᠡᠷᠭᠢᠭᠦᠯᠭᠡᠨ ᠬᠡᠯᠪᠡᠷᠢ᠎ᠪᠡᠷ ᠳᠡᠭᠡᠭᠰᠢᠯᠡᠬᠦ ᠶᠠᠪᠤᠴᠠ᠎ᠳᠤ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠦᠷ ᠳᠠᠯᠠᠢᠴᠠᠲᠠᠢ ᠬᠠᠭᠤᠳᠠᠰᠤ᠎ᠶᠢ ᠲᠠᠰᠤᠷᠠᠯᠳᠡ ᠦᠭᠡᠢ ᠪᠢᠴᠢᠭᠯᠡᠭᠰᠡᠭᠡᠷ ᠢᠷᠡᠵᠡᠢ᠃
ᠰᠢᠨ᠎ᠡ ᠴᠠᠭ ᠦᠶ᠎ᠡ᠎ᠳᠦ ᠣᠷᠣᠭᠠᠳ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠵᠦ᠂ 《ᠲᠠᠪᠤ᠎ᠶᠢ ᠨᠢᠭᠡ ᠴᠣᠭᠴᠠᠵᠢᠭᠤᠯᠬᠤ》 ᠶᠡᠷᠦᠩᠬᠡᠢ ᠪᠠᠢᠷᠢᠰᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 《ᠲᠦᠷᠪᠡᠨ ᠪᠦᠬᠦ ᠲᠠᠯ᠎ᠠ》 ᠵᠢᠨ ᠪᠠᠢᠯᠳᠤᠬᠤ ᠪᠣᠳᠣᠯᠭ᠎ᠠ᠎ᠶᠢᠨ ᠪᠠᠢᠷᠢᠰᠢᠭᠤᠯᠤᠯᠲᠠ᠎ᠶᠢ ᠵᠣᠬᠢᠴᠠᠩᠭᠤᠢ ᠠᠬᠢᠭᠤᠯᠵᠤ᠂ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ᠎ᠶᠢ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠲᠣᠮᠣ᠌ ᠬᠥᠯᠭᠡ ᠣᠩᠭᠣᠴᠠ᠎ᠶᠢᠨ ᠢᠮᠠᠭᠲᠠ ᠵᠥᠪ ᠴᠢᠭᠯᠡᠯ᠎ᠢᠶᠡᠷ ᠳᠠᠪᠠᠯᠭᠠᠨ᠎ᠢ ᠰᠦᠷᠤᠨ ᠤᠷᠤᠭᠰᠢᠯᠠᠬᠤ᠎ᠶᠢ ᠦᠨᠡᠨ ᠬᠦ᠌ ᠪᠠᠲᠤᠯᠠᠪᠠ᠃
ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠡᠴᠡ ᠪᠠᠶᠠᠯᠢᠭ ᠰᠢᠮ᠎ᠡ ᠲᠡᠵᠢᠭᠡᠯ᠎ᠢ ᠬᠦᠷᠲᠡᠵᠦ᠂ ᠮᠠᠷᠺᠰ᠎ᠤᠨ ᠦᠵᠡᠯ᠎ᠤᠨ ᠨᠡᠩ ᠦᠨᠳᠦᠰᠦᠨ᠂ ᠨᠡᠩ ᠭᠦᠨᠵᠡᠭᠡᠢ᠂ ᠨᠡᠩ ᠳᠠᠭᠠᠭᠠᠮᠠᠭᠠᠢ ᠬᠦᠴᠦᠨ᠎ᠢ ᠪᠠᠳᠠᠷᠠᠭᠤᠯᠪᠡ —
ᠾᠧᠨᠠᠨ᠎ᠤ ᠠᠨᠶᠠᠩ᠎ᠤᠨ ᠶᠢᠨ᠎ᠤ ᠪᠠᠭᠤᠷᠢ᠎ᠳᠤ᠂ ᠬᠤᠸᠠᠨ ᠾᠧ ᠭᠣᠣᠯ ᠮᠤᠷᠤᠯᠵᠠᠨ ᠤᠷᠤᠰᠴᠦ᠂ ᠶᠠᠰᠤᠨ ᠪᠢᠴᠢᠭ ᠲᠡᠥᠬᠡ ᠵᠢ ᠬᠦᠤᠷᠨᠢᠨ᠎ᠡ᠃ 2022 ᠣᠨ᠎ᠤ 10 ᠰᠠᠷ᠎ᠠ᠎ᠶᠢᠨ 28᠎ᠤ᠋ ᠡᠳᠦᠷ᠂ ᠨᠠᠮ᠎ᠤᠨ ᠬᠣᠷᠢᠳᠤᠭᠠᠷ ᠶᠡᠬᠡ ᠬᠤᠷᠠᠯ ᠲᠡᠭᠦᠰᠦᠭᠡᠳ ᠨᠢᠭᠡ ᠭᠠᠷᠠᠭ ᠪᠣᠯᠤᠭ᠎ᠠ ᠦᠭᠡᠢ᠎ᠪᠡᠷ᠂ ᠶᠡᠷᠦᠩᠬᠡᠢ ᠱᠦᠵᠢ ᠰᠢ᠎ᠶᠢᠨ ᠫᠢᠩ ᠡᠨᠳᠡ ᠢᠷᠡᠵᠦ ᠰᠢᠨᠵᠢᠯᠡᠨ ᠪᠠᠢᠴᠠᠭᠠᠪᠠ᠃
ᠶᠢᠨ᠎ᠤ ᠪᠠᠭᠤᠷᠢ᠎ᠶᠢᠨ ᠮᠦᠽᠧᠢ᠎ᠳᠦ ᠣᠷᠣᠵᠤ᠂ ᠬᠦᠷᠡᠯ ᠵᠡᠪᠰᠡᠭ᠂ ᠬᠠᠰ ᠡᠳ᠋ᠯᠡᠯ᠂ ᠶᠠᠰᠤᠨ ᠪᠢᠴᠢᠭ ᠵᠡᠷᠭᠡ ᠲᠡᠦᠬᠡ᠎ᠶᠢᠨ ᠳᠤᠷᠠᠰᠬᠠᠯᠲᠤ ᠵᠦᠢᠯᠡᠰ᠎ᠢ ᠲᠣᠭᠣᠷᠢᠨ ᠦᠵᠡᠬᠦ᠎ᠳᠡᠭᠡᠨ ᠶᠡᠷᠦᠩᠬᠡᠢ ᠱᠦᠵᠢ ᠰᠢ᠎ᠶᠢᠨ ᠫᠢᠩ᠄《ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠮᠠᠨ᠎ᠤ ᠨᠠᠮ᠎ᠤᠨ ᠰᠢᠨ᠎ᠡ ᠡᠭᠦᠳᠦᠯᠲᠡ ᠵᠢᠨ ᠤᠨᠤᠯ᠎ᠤᠨ 〈ᠦᠨᠳᠦᠰᠦ〉 ᠮᠥᠨ᠂ ᠪᠢᠳᠡᠨ᠎ᠦ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ᠎ᠶᠢ ᠠᠬᠢᠭᠤᠯᠬᠤ ᠦᠨᠳᠦᠰᠦᠨ ᠠᠷᠭ᠎ᠠ ᠵᠠᠮ ᠪᠣᠯ 〈ᠬᠣᠶᠠᠷ᠎ᠢ ᠤᠶᠠᠯᠳᠤᠭᠤᠯᠬᠤ〉 ᠶᠠᠪᠤᠳᠠᠯ ᠪᠣᠯᠣᠨ᠎ᠠ》 ᠭᠡᠵᠦ ᠭᠦᠨᠵᠡᠭᠡᠢ ᠵᠢᠭᠠᠵᠤ ᠭᠠᠷᠭᠠᠪᠠ᠃
ᠡᠪ ᠬᠠᠮᠲᠤ ᠶᠣᠰᠣᠨ᠎ᠤ ᠢᠲᠡᠭᠡᠯ ᠪᠢᠰᠢᠷᠡᠯ᠂ ᠨᠡᠢᠭᠡᠮ ᠵᠢᠷᠤᠮ᠎ᠤᠨ ᠢᠲᠡᠭᠡᠯ ᠪᠢᠰᠢᠷᠡᠯ᠎ᠢ ᠳᠤᠮᠳᠠᠳᠤ᠎ᠶᠢᠨ ᠦᠨᠳᠦᠰᠦᠲᠡᠨ᠎ᠦ ᠮᠢᠩᠭᠠᠨ ᠣᠨ᠎ᠤ ᠬᠦᠰᠡᠯᠡᠩ᠎ᠲᠠᠢ ᠣᠷᠭᠠᠨᠢᠭ᠋᠎ᠢᠶᠠᠷ ᠤᠶᠠᠯᠳᠤᠭᠤᠯᠵᠤ᠂ 《ᠲᠡᠭ᠌ᠷᠢ᠎ᠶ᠋ᠢᠨ ᠲᠤᠤᠷᠠᠬᠢ ᠶᠡᠬᠡ ᠶᠤᠰᠤᠨ ᠠᠨ᠎ᠤ ᠲᠦᠪ ᠭᠤᠤᠯᠴᠢ ᠪᠠᠢ᠌ᠬᠤ᠎ᠶ᠋ᠢ ᠡᠷᠬᠢᠮᠯᠡᠬᠦ》 ᠶ᠋ᠢ ᠰᠠᠨᠠᠭᠠᠴᠢᠯᠠᠪᠡ᠋; ᠠᠷᠠᠳ ᠲᠦᠮᠡᠨ᠎ᠢᠶᠡᠷ ᠭᠣᠣᠯ ᠪᠣᠯᠭᠠᠭᠰᠠᠨ ᠬᠥᠭᠵᠢᠯᠲᠡ᠎ᠶᠢᠨ ᠦᠵᠡᠯ ᠰᠠᠨᠠᠭ᠎ᠠ᠎ᠶᠢ ᠠᠷᠠᠳ᠎ᠢᠶᠠᠷ ᠦᠨᠳᠦᠰᠦ ᠪᠣᠯᠭᠠᠬᠤ ᠦᠵᠡᠯ ᠰᠠᠨᠠᠭ᠎ᠠ᠎ᠲᠠᠢ ᠣᠷᠭᠠᠨᠢᠭ᠋᠎ᠢᠶᠠᠷ ᠤᠶᠠᠯᠳᠤᠭᠤᠯᠵᠤ᠂ 《ᠠᠷᠠᠳ᠎ᠢᠶᠠᠷ ᠤᠯᠤᠰ᠎ᠤᠨ ᠦᠨᠳᠦᠰᠦ ᠪᠣᠯᠭᠠᠵᠤ᠂ ᠶᠣᠰᠣ᠌ ᠰᠤᠷᠲᠠᠬᠤᠨ᠎ᠢᠶᠠᠷ ᠵᠠᠰᠠᠭ᠎ᠢ ᠡᠷᠬᠢᠯᠡᠬᠦ》 ᠶ᠋ᠢ ᠰᠠᠨᠠᠭᠠᠴᠢᠯᠠᠪᠡ; ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠣᠢᠯᠠᠭᠠᠭᠳᠠᠬᠤᠨ᠎ᠢ ᠲᠦᠮᠡᠨ ᠤᠯᠤᠰ ᠡᠶ᠎ᠡ ᠨᠠᠶ᠋ᠢᠷᠠᠮᠳᠠᠭᠤ ᠪᠠᠢᠬᠤ ᠡᠶ᠎ᠡ ᠵᠤᠬᠢᠴᠠᠯ᠎ᠤᠨ ᠤᠶᠤᠨ ᠤᠬᠠᠭᠠᠨ᠎ᠲᠠᠢ ᠣᠷᠭᠠᠨᠢᠭ᠋᠎ᠢᠶᠠᠷ ᠤᠶᠠᠯᠳᠤᠭᠤᠯᠵᠤ᠂ 《ᠢᠲᠡᠭᠡᠯ᠎ᠢ ᠡᠷᠬᠢᠮᠯᠡᠨ ᠡᠶ᠎ᠡ ᠨᠠᠢᠷᠰᠠᠭ ᠪᠠᠢᠬᠤ᠂ ᠬᠥᠷᠰᠢ ᠵᠡᠷᠭᠡᠯᠡᠳᠡᠭᠡᠲᠠᠢᠪᠡᠨ ᠡᠶᠡᠯᠰᠡᠭ ᠳᠣᠲᠣᠨᠣ᠌ ᠪᠠᠢᠬᠤ》 ᠶ᠋ᠢ ᠰᠠᠨᠠᠭᠠᠴᠢᠯᠠᠪᠠ ᠁ ᠮᠠᠷᠺᠰ᠎ᠤᠨ ᠦᠵᠡᠯ᠎ᠦᠨ ᠦᠵᠡᠯ ᠰᠠᠨᠠᠭᠠᠨ᠎ᠤ ᠤᠬᠢ ᠰᠣᠳᠣ᠌᠎ᠶᠢ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠤᠬᠢ ᠰᠣᠳᠣ᠌᠎ᠲᠠᠢ ᠬᠣᠯᠪᠣᠵᠤ᠂ ᠰᠢᠨ᠎ᠡ ᠤᠨᠤᠯ᠎ᠤᠨ ᠳᠠᠪᠠᠭᠤᠯᠢᠭ᠋ ᠪᠣᠯᠭᠠᠨ ᠬᠤᠪᠢᠷᠠᠭᠤᠯᠵᠤ᠂ ᠰᠢᠨ᠎ᠡ ᠦᠵᠡᠯ ᠰᠠᠨᠠᠭᠠᠨ᠎ᠤ ᠤᠷᠬᠢᠯ᠎ᠳᠤ ᠳᠠᠰᠤᠷᠠᠯᠳᠠ ᠦᠭᠡᠢ ᠠᠪᠠᠷᠢᠪᠠ᠃
ᠮᠠᠷᠺᠰ᠎ᠤᠨ ᠦᠵᠡᠯ᠎ᠦᠨ ᠦᠨᠡᠨ ᠶᠣᠰᠣᠨ᠎ᠤ ᠮᠣᠳᠣ᠌᠎ᠶᠢ ᠳᠤᠮᠳᠠᠳᠤ᠎ᠶᠢᠨ ᠡᠬᠡ ᠭᠠᠵᠠᠷ᠎ᠤᠨ ᠥᠩ ᠰᠢᠮᠡᠯᠢᠭ ᠬᠥᠷᠥᠰᠥᠨ᠎ᠳᠦ ᠦᠨᠳᠦᠰᠦ ᠭᠦᠨ ᠨᠠᠪᠴᠢ ᠰᠠᠬᠤᠯᠢᠭ᠋ ᠲᠠᠷᠢᠵᠤ᠂ ᠠᠮᠢᠵᠢᠷᠠᠯ᠎ᠤᠨ ᠬᠦᠴᠦᠨ᠎ᠢᠶᠡᠷ ᠪᠢᠯᠬᠠᠭᠤᠯᠪᠡ —
2017 ᠣᠨ᠎ᠤ 10 ᠰᠠᠷ᠎ᠠ᠎ᠳᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠡᠴᠡ ᠰᠢ᠎ᠶᠢᠨ ᠫᠢᠩ ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠨᠠᠮ᠎ᠤᠨ ᠡᠷᠬᠡᠪᠰᠢ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠵᠢᠯᠤᠭᠣᠳᠬᠤ ᠦᠵᠡᠯ ᠰᠠᠨᠠᠭ᠎ᠠ ᠪᠣᠯᠭᠠᠨ ᠲᠣᠭᠲᠠᠭᠠᠭᠰᠠᠨ ᠪᠥᠭᠡᠳ ᠨᠠᠮ᠎ᠤᠨ ᠳᠦᠷᠢᠮ᠎ᠳᠦ ᠪᠢᠴᠢᠵᠦ ᠣᠷᠣᠭᠤᠯᠪᠠ᠃
ᠳᠤᠮᠳᠠᠳᠤ ᠤᠯᠤᠰ᠎ᠤᠨ ᠠᠰᠠᠭᠤᠯᠲᠠ᠂ ᠳᠡᠯᠡᠬᠡᠢ᠎ᠶᠢᠨ ᠠᠰᠠᠭᠤᠯᠲᠠ᠂ ᠠᠷᠠᠳ ᠲᠦᠮᠡᠨ᠎ᠦ ᠠᠰᠠᠭᠤᠯᠲᠠ᠂ ᠴᠠᠭ ᠦᠶ᠎ᠡ᠎ᠶᠢᠨ ᠠᠰᠠᠭᠤᠯᠲᠠ᠎ᠳᠤ ᠰᠢᠨᠵᠢᠯᠡᠬᠦ ᠤᠬᠠᠭᠠᠨᠴᠢ᠎ᠪᠠᠷ ᠬᠠᠷᠢᠭᠤᠯᠲᠠ ᠥᠭᠴᠦ᠂ ᠨᠡᠢᠭᠡᠮ ᠵᠢᠷᠤᠮ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯ ᠤᠳᠤ ᠦᠶ᠎ᠡ᠎ᠶᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ᠂ ᠬᠣᠷᠢᠨ ᠨᠢᠭᠡᠳᠦᠭᠡᠷ ᠵᠠᠭᠤᠨ᠎ᠤ ᠮᠠᠷᠺᠰ᠎ᠤᠨ ᠦᠵᠡᠯ ᠮᠥᠨ᠂ ᠳᠤᠮᠳᠠᠳᠤ᠎ᠶᠢᠨ ᠰᠣᠶᠣᠯ ᠪᠣᠯᠣᠨ ᠳᠤᠮᠳᠠᠳᠤ ᠤᠯᠤᠰ᠎ᠤᠨ ᠵᠣᠷᠢᠭ᠋ ᠰᠠᠨᠠᠭᠠᠨ᠎ᠤ ᠴᠠᠭ ᠦᠶ᠎ᠡ᠎ᠶᠢᠨ ᠤᠬᠢ ᠰᠣᠳᠣ᠌ ᠪᠠᠢᠵᠤ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠦᠰᠦᠷᠦᠯᠲᠡ᠎ᠶᠢ ᠪᠡᠶᠡᠯᠡᠭᠦᠯᠵᠡᠢ᠃
ᠦᠢᠯᠡᠳᠦᠯᠭᠡ᠎ᠶᠢᠨ ᠥᠩ ᠰᠢᠮᠡᠯᠢᠭ ᠬᠥᠷᠥᠰᠥᠨ᠎ᠳᠦ ᠦᠨᠳᠦᠰᠦᠯᠡᠵᠦ᠂ ᠪᠣᠯᠪᠠᠰᠤᠨ᠎ᠤ ᠤᠷᠲᠤ ᠤᠷᠤᠰᠬᠠᠯ ᠡᠴᠡ ᠰᠢᠩᠭᠡᠬᠡᠨ ᠠᠪᠴᠤ᠂ ᠵᠠᠮ ᠳᠤᠵᠢ᠂ ᠳᠤᠮᠳᠠᠳᠤ ᠤᠯᠤᠰ᠎ᠤᠨ ᠡᠪ ᠬᠠᠮᠲᠤᠴᠤᠳ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ᠎ᠶᠢ ᠲᠠᠰᠤᠷᠠᠯᠲᠠ ᠦᠭᠡᠢ ᠠᠬᠢᠭᠤᠯᠵᠤ᠂ ᠮᠠᠤ ᠽᠸ ᠳ᠋ᠦᠩ᠎ᠦᠨ ᠦᠵᠡᠯ ᠰᠠᠨᠠᠭ᠎ᠠ᠂ ᠳ᠋ᠧᠩ ᠰᠢᠶᠣᠣ ᠫᠢᠩ᠎ᠦᠨ ᠤᠨᠤᠯ᠂ 《ᠭᠤᠷᠪᠠ᠎ᠶᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠂ ᠰᠢ᠎ᠶᠢᠨ ᠫᠢᠩ ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠦᠷᠢᠯᠳᠦᠭᠦᠯᠵᠦ᠂ ᠮᠠᠷᠺᠰ᠎ᠤᠨ ᠦᠵᠡᠯ᠎ᠢ ᠲᠤᠢᠯ᠎ᠤᠨ ᠶᠡᠬᠡᠪᠡᠷ ᠪᠠᠶᠠᠯᠢᠭ᠍ᠵᠢᠭᠤᠯᠤᠨ ᠬᠥᠭᠵᠢᠭᠦᠯᠵᠡᠢ᠃
105 ᠵᠢᠯ᠎ᠦᠨ ᠰᠠᠯᠬᠢ ᠪᠣᠷᠣᠭᠠᠨ᠎ᠢ ᠲᠤᠭᠤᠯᠵᠤ᠂ 105 ᠵᠢᠯ ᠪᠠᠳᠤ ᠢᠳᠡᠭᠡᠵᠦ ᠪᠠᠲᠤ ᠦᠢᠯᠡᠳᠦᠯᠭᠡᠵᠢᠬᠦᠯᠪᠡ᠃ ᠳᠤᠮᠳᠠᠳᠤ ᠤᠯᠤᠰ᠎ᠤᠨ ᠡᠪ ᠬᠠᠮᠲᠤᠴᠤᠳ ᠢᠮᠠᠭᠲᠠ ᠦᠨᠡᠨ ᠶᠣᠰᠣᠨ᠎ᠤ ᠭᠠᠯ ᠪᠠᠮᠪᠠᠷ᠎ᠢ ᠥᠨᠳᠥᠷ ᠡᠷᠭᠦᠵᠦ᠂ ᠤᠯᠤᠰ᠎ᠤᠨ ᠪᠠᠢᠳᠠᠯ᠎ᠳᠠᠭᠠᠨ ᠰᠠᠭᠤᠷᠢᠯᠠᠨ᠂ ᠦᠢᠯᠡᠳᠦᠯᠭᠡ᠎ᠳᠦ ᠦᠨᠳᠦᠰᠦᠯᠡᠵᠦ᠂ ᠮᠠᠷᠺᠰ᠎ᠤᠨ ᠦᠵᠡᠯ ᠭᠡᠬᠦ ᠡᠨᠡ ᠬᠦ᠌ ᠰᠢᠨᠵᠢᠯᠡᠬᠦ ᠤᠬᠠᠭᠠᠨᠴᠢ ᠤᠨᠤᠯ᠎ᠢ ᠳᠠᠰᠤᠷᠠᠯᠳᠠ ᠦᠭᠡᠢ ᠶᠢᠷᠲᠢᠨᠴᠦ᠎ᠶᠢ ᠥᠭᠡᠷᠡᠴᠢᠯᠡᠬᠦ ᠰᠦᠷ ᠳᠠᠯᠠᠢᠴᠠᠲᠠᠢ ᠠᠤᠭ᠎ᠠ ᠬᠦᠴᠦᠨ ᠪᠣᠯᠭᠠᠨ ᠤᠨᠳᠤᠤᠰᠢᠭᠤᠯᠪᠠ᠃
ᠥᠨᠥᠳᠥᠷ᠂ ᠮᠠᠷᠺᠰ᠎ᠤᠨ ᠦᠵᠡᠯ ᠬᠣᠷᠢᠨ ᠨᠢᠭᠡᠳᠦᠭᠡᠷ ᠵᠠᠭᠤᠨ᠎ᠤ ᠳᠤᠮᠳᠠᠳᠤ ᠤᠯᠤᠰ᠎ᠲᠤ ᠰᠢᠨ᠎ᠡ ᠠᠮᠢᠵᠢᠷᠠᠯ᠎ᠤᠨ ᠬᠦᠴᠦᠨ᠎ᠢᠶᠡᠨ ᠪᠠᠳᠠᠷᠠᠭᠤᠯᠵᠤ᠂ ᠨᠡᠩ ᠬᠦᠴᠦᠷᠬᠡᠭ ᠶᠡᠬᠡ᠂ ᠨᠡᠩ ᠢᠲᠡᠭᠡᠭᠦᠯᠬᠦ ᠬᠦᠴᠦᠨ᠎ᠲᠠᠢ ᠦᠨᠡᠨ ᠶᠣᠰᠣᠨ᠎ᠤ ᠬᠦᠴᠦᠨ᠎ᠢᠶᠡᠨ ᠢᠯᠡᠷᠡᠭᠦᠯᠦᠭᠰᠡᠨ ᠪᠠᠢᠨ᠎ᠠ᠃
ᠮᠡᠳᠡᠬᠦ ᠪᠣᠯ ᠦᠢᠯᠡ ᠠᠵᠢᠯᠯᠠᠭ᠎ᠠ᠎ᠶᠢᠨ ᠡᠬᠢᠯᠡᠯᠲᠡ᠂ ᠠᠵᠢᠯᠯᠠᠭ᠎ᠠ ᠪᠣᠯ ᠮᠡᠳᠡᠯᠭᠡ᠎ᠶᠢᠨ ᠪᠡᠶᠡᠯᠡᠯ ᠮᠥᠨ᠃ ᠮᠠᠷᠺᠰ᠎ᠤᠨ ᠦᠵᠡᠯ᠎ᠦᠨ ᠠᠮᠢᠵᠢᠷᠠᠯ᠎ᠤᠨ ᠬᠦᠴᠦᠨ ᠨᠢ ᠪᠢᠴᠢᠭ᠎ᠦᠨ ᠥᠷᠥᠭᠡᠨ᠎ᠳᠡᠬᠢ ᠡᠷᠳᠡᠮ ᠮᠡᠳᠡᠯᠭᠡ ᠳᠡᠳᠦᠢ ᠪᠢᠰᠢ᠂ ᠬᠠᠷᠢᠨ ᠶᠢᠷᠲᠢᠨᠴᠦ᠎ᠶᠢ ᠥᠭᠡᠷᠡᠴᠢᠯᠡᠬᠦ ᠦᠵᠡᠯ ᠰᠠᠨᠠᠭᠠᠨ᠎ᠤ ᠬᠤᠷᠴᠠ ᠵᠡᠪᠰᠡᠭ ᠪᠣᠯᠬᠤ᠎ᠳᠤ ᠣᠷᠣᠰᠢᠨ᠎ᠠ᠃
《ᠠᠷᠪᠠᠨ ᠳᠥᠷᠪᠡᠳᠦᠭᠡᠷ ᠲᠠᠪᠤᠨ ᠵᠢᠯ》 ᠲᠡᠭᠦᠰ ᠠᠮᠵᠢᠯᠲᠠ᠎ᠲᠠᠢ ᠲᠡᠭᠦᠰᠴᠦ᠂ 《ᠠᠷᠪᠠᠨ ᠲᠠᠪᠤᠳᠤᠭᠠᠷ ᠲᠠᠪᠤᠨ ᠵᠢᠯ》 ᠡᠬᠢᠯᠡᠵᠦ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ ᠶᠠᠭ ᠲᠡᠦᠬᠡ᠎ᠶᠢᠨ ᠰᠠᠨᠠᠭᠠᠴᠢᠯᠠᠭᠠᠲᠤ ᠵᠣᠷᠢᠭ᠋ ᠰᠠᠨᠠᠭ᠎ᠠ᠎ᠪᠠᠷ ᠦᠢᠯᠡᠳᠦᠯᠭᠡ ᠬᠥᠭᠵᠢᠯᠲᠡ᠎ᠶᠢ ᠠᠬᠢᠭᠤᠯᠵᠤ᠂ ᠮᠠᠷᠺᠰ᠎ᠤᠨ ᠦᠵᠡᠯ᠎ᠦᠨ ᠡᠭᠦᠷᠢᠳᠡ ᠵᠣᠭᠰᠣᠩᠭᠢᠷᠠᠬᠤ ᠦᠭᠡᠢ᠂ ᠡᠳᠦᠷ ᠢᠷᠡᠬᠦᠶ᠎ᠡ ᠰᠢᠨᠡᠳᠴᠦ ᠪᠠᠢᠭ᠎ᠠ ᠤᠨᠤᠯ᠎ᠤᠨ ᠬᠡᠪ ᠴᠢᠨᠠᠷ᠎ᠢ ᠲᠤᠰᠬᠠᠵᠠᠢ᠃
《ᠳᠤᠮᠳᠠᠳᠤ ᠤᠯᠤᠰ᠎ᠤᠨ ᠡᠪ ᠬᠠᠮᠳᠦ ᠨᠠᠮ ᠶᠠᠭᠠᠬᠢᠭᠠᠳ ᠳᠡᠢᠯᠦᠭᠰᠡᠨ᠂ ᠳᠤᠮᠳᠠᠳᠤ ᠤᠯᠤᠰ᠎ᠤᠨ ᠤᠨᠴᠠᠯᠢᠭ ᠲᠠᠢ ᠨᠡᠢᠭᠡᠮ ᠵᠢᠷᠤᠮ ᠶᠠᠭᠠᠬᠢᠭᠠᠳ ᠰᠠᠢᠨ ᠪᠠᠢᠬᠤ ᠨᠢ ᠡᠴᠦᠰ᠎ᠤᠨ ᠡᠴᠦᠰ ᠲᠡᠭᠡᠨ ᠮᠠᠷᠺᠰ᠎ᠤᠨ ᠦᠵᠡᠯ ᠰᠠᠢᠨ ᠪᠠᠢᠬᠰᠠᠨ ᠡᠴᠡ ᠪᠤᠯᠤᠭᠰᠠᠨ ᠶᠤᠮ᠂ ᠳᠤᠮᠳᠠᠳᠤ ᠤᠯᠤᠰᠴᠢᠯᠠᠭᠰᠠᠨ᠂ ᠴᠠᠭ ᠦᠶᠡᠴᠢᠯᠡᠭᠰᠡᠨ ᠮᠠᠷᠺᠰ᠎ᠤᠨ ᠦᠵᠡᠯ ᠰᠠᠢᠨ ᠪᠠᠢᠬᠰᠠᠨ ᠡᠴᠡ ᠪᠤᠯᠤᠭᠰᠠᠨ ᠶᠤᠮ》᠃
ᠥᠨᠥᠳᠥᠷ᠎ᠦᠨ ᠳᠤᠮᠳᠠᠳᠤ ᠤᠯᠤᠰ᠎ᠲᠤ᠂ ᠨᠡᠢᠭᠡᠮ ᠵᠢᠷᠤᠮ᠎ᠤᠨ ᠦᠢᠯᠡᠰ᠎ᠦᠨ ᠥᠷᠨᠢᠭᠦᠨ ᠪᠠᠳᠠᠷᠠᠩᠭᠤᠢ ᠪᠦᠭᠡᠳ ᠴᠤᠭ ᠪᠠᠳᠠᠷᠠᠩᠭᠤᠢ ᠠᠮᠢᠵᠢᠷᠠᠯ᠎ᠤᠨ ᠬᠦᠴᠦᠨ ᠨᠢ ᠮᠠᠷᠺᠰ᠎ᠤᠨ ᠦᠵᠡᠯ᠎ᠦᠨ ᠰᠢᠨᠵᠢᠯᠡᠬᠦ ᠤᠬᠠᠭᠠᠨᠴᠢ ᠴᠢᠨᠠᠷ ᠪᠠ ᠦᠨᠡᠨ ᠶᠣᠰᠣᠴᠢ ᠴᠢᠨᠠᠷ᠎ᠢ ᠭᠦᠢᠴᠡᠳ ᠰᠢᠯᠭᠠᠨ ᠪᠠᠢᠴᠠᠭᠠᠵᠤ᠂ ᠮᠠᠷᠺᠰ᠎ᠤᠨ ᠦᠵᠡᠯ᠎ᠦᠨ ᠠᠷᠠᠳᠴᠢ ᠴᠢᠨᠠᠷ ᠪᠠ ᠦᠢᠯᠡᠳᠦᠯᠭᠡᠲᠦ ᠴᠢᠨᠠᠷ᠎ᠢ ᠭᠦᠢᠴᠡᠳ ᠢᠯᠡᠷᠡᠭᠦᠯᠵᠦ᠂ ᠮᠠᠷᠺᠰ᠎ᠤᠨ ᠦᠵᠡᠯ᠎ᠦᠨ ᠨᠡᠭᠡᠭᠡᠯᠲᠡᠲᠤ ᠴᠢᠨᠠᠷ ᠪᠠ ᠴᠠᠭ ᠦᠶᠡᠴᠢ ᠴᠢᠨᠠᠷ᠎ᠢ ᠭᠦᠢᠴᠡᠳ ᠢᠯᠡᠷᠡᠭᠦᠯᠦᠭᠰᠡᠨ ᠪᠠᠢᠨ᠎ᠠ᠃
6 ᠰᠠᠷ᠎ᠠ᠎ᠶᠢᠨ 15 ᠤ᠋ ᠡᠳᠦᠷ᠂ ᠪᠦᠬᠦ ᠤᠯᠤᠰ᠎ᠤᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠶᠠᠷᠢᠯᠴᠠᠬᠤ ᠬᠤᠷᠠᠯ ᠪᠡᠭᠡᠵᠢᠩ᠎ᠳᠦ ᠬᠤᠷᠠᠯᠳᠤᠵᠤ᠂ ᠰᠢ᠎ᠶᠢᠨ ᠫᠢᠩ ᠤ᠋ᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠬᠠᠢ ᠠᠵᠢᠯ᠎ᠤᠨ ᠪᠠᠢᠷᠢᠯᠠᠭᠤᠯᠤᠯᠲᠠ ᠬᠢᠵᠡᠢ᠃ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠪᠣᠯ 《ᠬᠣᠶᠠᠷ ᠢ᠋ ᠤᠶᠠᠯᠳᠤᠭᠤᠯᠬᠤ》 ᠶ᠋ᠢ ᠪᠠᠷᠢᠮᠲᠠᠯᠠᠵᠤ ᠨᠠᠮ᠎ᠤᠨ ᠤᠨᠤᠯ᠎ᠤᠨ ᠰᠢᠨ᠎ᠡ ᠡᠭᠦᠳᠦᠯᠲᠡ᠎ᠶᠢ ᠠᠬᠢᠭᠤᠯᠤᠭᠰᠠᠨ ᠴᠢᠬᠤᠯᠠ ᠶᠡᠬᠡ ᠦᠷ᠎ᠡ ᠪᠦᠲᠦᠭᠡᠯ ᠪᠠᠢᠵᠤ᠂ ᠮᠠᠷᠺᠰ᠎ᠤᠨ ᠦᠵᠡᠯ᠎ᠤᠨ ᠨᠠᠮ᠎ᠤᠨ ᠪᠠᠢᠭᠤᠯᠤᠯᠳᠠ᠎ᠶᠢᠨ ᠰᠤᠷᠭᠠᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠢᠳᠠᠯ ᠢ᠋ ᠨᠡᠭᠡᠭᠡᠵᠡᠢ᠃
《ᠥᠨᠥᠳᠥᠷ᠂ ᠪᠢᠳᠡᠨ᠎ᠦ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ᠂ ᠴᠠᠭ ᠦᠶᠡᠴᠢᠯᠡᠬᠦ᠎ᠶᠢ ᠠᠬᠢᠭᠤᠯᠬᠤ ᠡᠭᠦᠷᠭᠡ ᠬᠥᠩᠭᠡᠷᠡᠭᠰᠡᠨ ᠪᠢᠰᠢ᠂ ᠬᠠᠷᠢᠨ ᠨᠡᠩ ᠬᠦᠨᠳᠦᠷᠡᠵᠡᠢ》᠃ ᠰᠢᠨ᠎ᠡ ᠠᠶᠠᠨ᠎ᠳᠤ ᠤᠷᠤᠭᠰᠢᠯᠠᠬᠤ᠎ᠳᠦ᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠮᠠᠷᠺᠰ᠎ᠤᠨ ᠦᠵᠡᠯ᠎ᠢ ᠬᠥᠭᠵᠢᠭᠦᠯᠬᠦ ᠲᠡᠦᠬᠡ᠎ᠶᠢᠨ ᠤᠬᠠᠮᠰᠠᠷ ᠰᠡᠷᠭᠡᠭ ᠪᠥᠭᠡᠳ ᠡᠷᠡᠰ ᠪᠠᠲᠤ ᠶᠤᠮ᠃
ᠦᠨᠡᠨ ᠶᠣᠰᠣᠨ᠎ᠤ ᠭᠠᠯ ᠪᠠᠮᠪᠠᠷ ᠰᠡᠷᠭᠦᠨ ᠮᠠᠨᠳᠤᠯᠲᠠ᠎ᠶᠢᠨ ᠠᠶᠠᠨ᠎ᠢ ᠭᠡᠷᠡᠯᠳᠦᠬᠦᠯᠦᠨ᠎ᠡ᠃
ᠤᠷᠤᠭᠰᠢᠯᠠᠯᠲᠠ᠎ᠶᠢᠨ ᠵᠠᠮ᠎ᠳᠠᠭᠠᠨ᠂ ᠴᠠᠭ ᠦᠶ᠎ᠡ᠎ᠲᠠᠢ ᠵᠡᠷᠭᠡ ᠪᠡᠷ ᠤᠷᠤᠭᠰᠢᠯᠠᠬᠤ᠎ᠶᠢ ᠪᠠᠷᠢᠮᠲᠠᠯᠠᠵᠤ᠂ ᠵᠣᠷᠢᠭ᠍ᠲᠠᠢ᠎ᠪᠠᠷ ᠰᠢᠨ᠎ᠡ ᠦᠢᠯᠡᠳᠦᠯᠭᠡ᠎ᠲᠠᠢ ᠤᠶᠠᠯᠳᠤᠭᠤᠯᠤᠨ ᠤᠨᠤᠯ᠎ᠤᠨ ᠰᠢᠨ᠎ᠡ ᠡᠭᠦᠳᠦᠯᠲᠡ᠎ᠶᠢ ᠲᠠᠰᠤᠷᠠᠯᠲᠠ ᠦᠭᠡᠢ ᠠᠬᠢᠭᠤᠯᠵᠤ᠂ ᠰᠢᠨ᠎ᠡ ᠤᠨᠤᠯ᠎ᠢᠶᠠᠷ ᠰᠢᠨ᠎ᠡ ᠦᠢᠯᠡᠳᠦᠯᠭᠡ᠎ᠶᠢ ᠵᠢᠯᠤᠭᠣᠳᠬᠤ᠎ᠳᠠᠭᠠᠨ ᠴᠢᠳᠠᠮᠠᠭᠠᠢ ᠪᠠᠢᠪᠠᠯ᠂ ᠯᠠᠪᠳᠠᠶ᠎ᠠ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠬᠠᠭᠤᠳᠠᠰᠤ᠎ᠶᠢ ᠲᠠᠰᠤᠷᠠᠯᠲᠠ ᠦᠭᠡᠢ ᠪᠢᠴᠢᠭᠯᠡᠵᠦ ᠴᠢᠳᠠᠬᠤ ᠶᠤᠮ᠃
ᠢᠷᠡᠭᠡᠳᠦᠢ᠎ᠳᠦ ᠬᠠᠨᠳᠤᠵᠤ᠂ ᠰᠢ᠎ᠶᠢᠨ ᠫᠢᠩ ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠵᠢᠯᠣᠭᠣᠳᠤᠯᠭ᠎ᠠ ᠳᠣᠣᠷ᠎ᠠ᠂ ᠨᠡᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠰᠢᠨ᠎ᠡ ᠬᠠᠭᠤᠳᠠᠰᠤ᠎ᠶᠢ ᠪᠢᠴᠢᠭᠯᠡᠵᠦ ᠪᠠᠢᠨ᠎ᠠ᠃
(ᠰᠢᠨᠬᠤᠸᠠ ᠬᠣᠷᠢᠶ᠎ᠡ ᠵᠢᠨ ᠪᠡᠭᠡᠵᠢᠩ᠎ᠤᠨ ᠴᠠᠬᠢᠯᠭᠠᠨ ᠮᠡᠳᠡᠭᠡ)