ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ ᠡᠨᠡ ᠵᠢᠯ ᠤ᠋ᠨ ᠳᠡᠭᠡᠷ᠎ᠡ ᠬᠠᠭᠠᠰ ᠵᠢᠯ ᠳ᠋ᠤ ᠮᠠᠨ ᠤ᠋ ᠤᠷᠤᠨ ᠶᠡᠷᠦᠩᠬᠡᠶ᠋ᠢᠯᠡᠭᠰᠡᠨ ᠵᠠᠮ ᠬᠠᠷᠢᠯᠴᠠᠭᠠᠨ ᠤ᠋ ᠪᠥᠲᠥᠭᠡᠨ ᠪᠠᠶ᠋ᠢᠭᠤᠯᠤᠯᠲᠠ ᠳ᠋ᠤ ᠨᠡᠢᠳᠡ 165.7 ᠳ᠋ᠦᠩᠰᠢᠭᠤᠷ ᠲᠥᠭᠥᠷᠢᠭ ᠤ᠋ᠨ ᠪᠠᠯᠠ ᠤᠷᠤᠭᠤᠯᠵᠤ᠂ ᠨᠢᠭᠡ ᠪᠦᠯᠦᠭ ᠴᠢᠬᠤᠯᠠ ᠶᠡᠬᠡ ᠢᠨᠵᠧᠨᠧᠷᠢᠩ ᠢ᠋ ᠯᠠᠪᠳᠠᠭᠤᠨ ᠢ᠋ᠢᠡᠷ ᠠᠬᠢᠭᠤᠯᠤᠨ᠂ ᠵᠠᠮ ᠬᠠᠷᠢᠯᠴᠠᠭᠠᠨ ᠤ᠋ ᠪᠦᠲᠦᠮᠵᠢᠲᠡᠶ ᠪᠠᠯᠠ ᠣᠷᠣᠭᠤᠯᠤᠯᠲᠠ ᠪᠠᠷ ᠠᠷᠠᠳ ᠤ᠋ᠨ ᠠᠮᠢᠳᠤᠷᠠᠯ ᠳ᠋ᠤ ᠠᠰᠢᠭ ᠬᠦᠷᠲᠡᠭᠡᠵᠦ᠍ ᠠᠵᠤ ᠦᠢᠯᠡᠰ ᠤ᠋ᠨ ᠬᠦᠭᠵᠢᠯᠲᠡ ᠢ᠋ᠢ ᠠᠬᠢᠭᠤᠯᠪᠠ᠃
ᠳᠡᠭᠡᠷ᠎ᠠ ᠬᠠᠭᠠᠰ ᠵᠢᠯ ᠳ᠋ᠤ ᠮᠠᠨ ᠤ᠋ ᠤᠷᠤᠨ ᠵᠠᠰᠠᠮᠠᠯ ᠵᠠᠮ ᠤ᠋ᠨ ᠪᠥᠲᠥᠭᠡᠨ ᠪᠠᠶ᠋ᠢᠭᠤᠯᠤᠯᠲᠠ ᠳ᠋ᠤ 95.4 ᠳ᠋ᠦᠩᠰᠢᠭᠤᠷ ᠲᠥᠭᠥᠷᠢᠭ ᠤ᠋ᠨ ᠪᠠᠯᠠ ᠣᠷᠣᠭᠤᠯᠤᠨ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 9.8%ᠪᠠᠷ ᠨᠡᠮᠡᠭᠳᠡᠵᠦ᠍᠂ ᠬᠠᠷᠠᠯᠲᠠ ᠡᠭᠦᠷᠭᠡ ᠪᠡᠨ ᠳᠠᠪᠠᠭᠤᠯᠤᠨ ᠪᠡᠶᠡᠯᠡᠭᠦᠯᠪᠡ᠃ ᠡᠭᠦᠨ ᠳ᠋ᠤ ᠭᠣᠣᠯᠳᠠᠯᠭ᠎ᠠ ᠲᠠᠢ ᠵᠠᠰᠠᠮᠠᠯ ᠵᠠᠮ ᠤ᠋ᠨ ᠪᠦᠲᠦᠭᠡᠨ ᠪᠠᠶ᠋ᠢᠭᠤᠯᠤᠯᠲᠠ ᠢ᠋ᠢᠨ ᠲᠥᠷᠥᠯ ᠵᠦᠢᠯ ᠳ᠋ᠤ 70.3 ᠳ᠋ᠦᠩᠰᠢᠭᠤᠷ ᠲᠥᠭᠥᠷᠢᠭ ᠤ᠋ᠨ ᠪᠡᠯᠡ ᠤᠷᠤᠭᠤᠯᠵᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 20.6%ᠪᠡᠷ ᠨᠡᠮᠡᠭᠳᠡᠪᠡ; ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠳ᠋ᠤ 21.4 ᠳ᠋ᠦᠩᠰᠢᠭᠤᠷ ᠲᠥᠭᠥᠷᠢᠭ ᠤ᠋ᠨ ᠪᠡᠯᠡ ᠤᠷᠤᠭᠤᠯᠵᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 6.8% ᠪᠠᠷ ᠨᠡᠮᠡᠭᠳᠡᠵᠦ᠍᠂ ᠪᠤᠰᠤᠳ ᠲᠥᠷᠥᠯ ᠵᠦᠢᠯ ᠳ᠋ᠤ 3.7 ᠳ᠋ᠦᠩᠰᠢᠭᠤᠷ ᠲᠥᠭᠥᠷᠢᠭ ᠤ᠋ᠨ ᠪᠡᠯᠡ ᠤᠷᠤᠭᠤᠯᠪᠠ᠃ S28 ᠪᠣᠷᠣᠬᠣᠲᠠ — ᠴᠢᠪᠠᠭ᠎ᠠ ᠬᠦᠷᠬᠦ᠌᠂ S27 ᠬᠥᠬᠡᠬᠣᠲᠠ — ᠣᠷᠳᠣᠰ ᠬᠦᠷᠬᠦ᠌ ᠵᠡᠷᠭᠡ ᠲᠥᠷᠥᠯ ᠵᠦᠢᠯ ᠤ᠋ᠨ ᠪᠦᠲᠦᠭᠡᠨ ᠪᠠᠶ᠋ᠢᠭᠤᠯᠤᠯᠲᠠ ᠢ᠋ᠢ ᠡᠮᠬᠢ ᠵᠢᠷᠤᠮ ᠲᠠᠢ ᠠᠬᠢᠭᠤᠯᠵᠠᠢ᠃
ᠲᠡᠮᠦᠷ ᠵᠠᠮ ᠤ᠋ᠨ ᠲᠠᠯ᠎ᠠ ᠪᠠᠷ᠂ ᠪᠤᠭᠤᠲᠤ᠌ — ᠢᠷᠭᠠᠶ ᠬᠦᠷᠬᠦ ᠲᠦᠷᠭᠡᠨ ᠤ᠋ ᠲᠡᠮᠦᠷ ᠵᠠᠮ ᠤ᠋ᠨ ᠢᠷᠭᠠᠶ ᠡᠴᠡ ᠪᠠᠶᠠᠨᠨᠠᠭᠤᠷ ᠬᠦᠷᠬᠦ ᠰᠠᠯᠪᠤᠷᠢ ᠱᠤᠭᠤᠮ ᠤ᠋ᠨ ᠦᠪᠦᠷ ᠮᠤᠡᠭᠭᠤᠯ ᠳ᠋ᠡᠬᠢ ᠬᠡᠰᠡᠭ ᠤ᠋ᠨ ᠲᠡᠮᠦᠷ ᠵᠠᠮ ᠢ᠋ ᠳᠡᠪᠢᠰᠬᠦ᠌ ᠠᠵᠢᠯ ᠢ᠋ ᠡᠬᠢᠯᠡᠭᠦᠯᠵᠤ᠂ ᠰᠢᠯᠢᠡᠭᠬᠤᠲᠠ — ᠬᠥᠬᠡᠬᠣᠲᠠ ᠬᠥᠷᠬᠥ᠌ ᠬᠦᠳᠡᠯᠭᠡᠬᠦ ᠬᠦᠴᠦᠨᠲᠤ ᠭᠠᠯᠲᠤ ᠲᠡᠷᠭᠡ ᠢ᠋ᠢ ᠨᠡᠪᠲᠡᠷᠡᠭᠦᠯᠵᠤ᠂ ᠭᠠᠭᠴᠠᠮᠤᠳᠤ ᠬᠢᠯᠢ ᠢ᠋ᠢᠨ ᠪᠣᠭᠣᠮᠲᠠ ᠢ᠋ᠢᠨ ᠬᠢᠯᠢ ᠠᠯᠤᠰᠯᠠᠭᠰᠠᠨ ᠲᠡᠮᠦᠷ ᠵᠠᠮ ᠵᠡᠷᠭᠡ ᠪᠠᠷᠢᠯᠭ᠎ᠠ ᠢ᠋ᠢ ᠡᠮᠬᠢ ᠵᠢᠷᠤᠮ ᠲᠠᠢ ᠠᠬᠢᠭᠤᠯᠪᠠ; ᠳᠡᠭᠡᠷ᠎ᠡ ᠬᠠᠭᠠᠰ ᠵᠢᠯ ᠳ᠋ᠤ ᠪᠦᠬᠦ ᠤᠷᠤᠨ ᠵᠢᠡᠷ ᠵᠢᠡᠨ ᠲᠡᠮᠦᠷ ᠵᠠᠮ ᠤ᠋ᠨ ᠪᠥᠲᠥᠭᠡᠨ ᠪᠠᠶ᠋ᠢᠭᠤᠯᠤᠯᠲᠠ ᠳ᠋ᠤ 69.3 ᠳ᠋ᠦᠩᠰᠢᠭᠤᠷ ᠲᠥᠭᠥᠷᠢᠭ ᠤ᠋ᠨ ᠪᠠᠯᠠ ᠤᠷᠤᠭᠤᠯᠵᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 8.6% ᠪᠠᠷ ᠨᠡᠮᠡᠭᠳᠡᠪᠡ᠃ ᠠᠷᠠᠳ ᠤ᠋ᠨ ᠠᠭᠠᠷ ᠤ᠋ᠨ ᠲᠡᠭᠡᠭᠡᠪᠦᠷᠢ ᠢ᠋ᠢᠨ ᠲᠠᠯ᠎ᠠ ᠪᠠᠷ᠂ ᠠᠯᠠᠱᠠ ᠵᠡᠭᠦᠨ ᠬᠣᠰᠢᠭᠤᠨ ᠤ᠋ ᠨᠢᠰᠬᠡᠯ ᠤ᠋ᠨ ᠪᠠᠭᠤᠳᠠᠯ ᠢ᠋ ᠳᠡᠰ ᠳᠡᠪᠰᠢᠭᠦᠯᠦᠨ ᠥᠭᠡᠷᠡᠴᠢᠯᠡᠨ ᠪᠠᠶ᠋ᠢᠭᠤᠯᠬᠤ ᠢᠨᠵᠧᠨᠧᠷᠢᠩ᠂ ᠰᠥᠨᠢᠳ ᠵᠡᠭᠦᠨ ᠬᠣᠰᠢᠭᠤᠨ ᠤ᠋ ᠨᠡᠢᠳᠡᠮ ᠤ᠋ᠨ ᠬᠡᠷᠡᠭᠯᠡᠭᠡᠨ ᠤ᠋ ᠨᠢᠰᠬᠡᠯ ᠤ᠋ᠨ ᠪᠠᠭᠤᠳᠠᠯ᠂ ᠳᠣᠯᠣᠨ ᠨᠤᠤᠷ ᠰᠢᠶᠠᠨ ᠤ᠋ ᠨᠡᠢᠳᠡᠮ ᠤ᠋ᠨ ᠬᠡᠷᠡᠭᠯᠡᠭᠡᠨ ᠤ᠋ ᠨᠢᠰᠬᠡᠯ ᠤ᠋ᠨ ᠪᠠᠭᠤᠳᠠᠯ᠂ ᠤᠯᠠᠭᠠᠶ ᠨᠡᠢᠳᠡᠮ ᠤ᠋ᠨ ᠬᠡᠷᠡᠭᠯᠡᠭᠡᠨ ᠤ᠋ ᠨᠢᠰᠬᠡᠯ ᠤ᠋ᠨ ᠪᠠᠭᠤᠳᠠᠯ ᠤ᠋ᠨ ᠲᠥᠷᠥᠯ ᠵᠦᠢᠯ ᠢ᠋ ᠲᠣᠭᠲᠠᠭᠤᠨ ᠢ᠋ᠢᠡᠷ ᠠᠬᠢᠭᠤᠯᠵᠤ᠂ ᠳᠡᠭᠡᠷ᠎ᠡ ᠬᠠᠭᠠᠰ ᠵᠢᠯ ᠳ᠋ᠤ ᠨᠡᠢᠳᠡ 1 ᠳ᠋ᠦᠩᠰᠢᠭᠤᠷ ᠲᠥᠭᠥᠷᠢᠭ ᠤ᠋ᠨ ᠪᠠᠯᠠ ᠣᠷᠣᠭᠤᠯᠤᠯᠲᠠ ᠢ᠋ᠢ ᠪᠡᠶᠡᠯᠡᠭᠦᠯᠪᠠ᠃