ᠳᠦᠷᠢᠮᠵᠢᠭᠰᠡᠨ ᠬᠥᠮᠦᠵᠢᠯ ᠵᠢᠡᠷ ᠬᠦᠮᠦᠨ᠎ᠢ ᠬᠡᠷᠬᠢᠨ ᠬᠥᠮᠥᠵᠢᠭᠦᠯᠬᠦ ᠪᠤᠢ
2026-07-17 10:46:07
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠶᠠᠩ ᠶᠠᠡᠭ᠂ ᠯᠢᠦ ᠴᠤᠸᠠᠩ 《ᠰᠤᠷᠭᠠᠨ ᠬᠥᠮᠦᠵᠢᠯ᠎ᠦᠨ ᠰᠤᠳᠤᠯᠤᠯ ᠪᠠ ᠲᠤᠷᠰᠢᠯᠲᠠ》 ᠰᠡᠳᠭᠦᠯ ᠤ᠋ᠨ 2025 ᠣᠨ᠎ᠤ 6 ᠳ᠋ᠤᠭᠠᠷ ᠬᠤᠭᠤᠴᠠᠭ᠎ᠠ᠎ᠳᠤ ᠦᠭᠦᠯᠡᠯ ᠨᠡᠢᠳᠡᠯᠡᠵᠦ᠂ ᠬᠥᠮᠥᠨ ᠪᠣᠯ ᠲᠦᠷᠢᠮ ᠳᠤᠮᠳᠠ ᠠᠮᠢᠳᠤᠷᠠᠵᠤ ᠪᠠᠢᠳᠠᠭ᠂ ᠨᠡᠢᠭᠡᠮ᠎ᠦᠨ ᠲᠦᠷᠢᠮ ᠨᠢ ᠬᠤᠪᠢ ᠬᠥᠮᠥᠨ᠎ᠳᠦ ᠠᠪᠴᠤ ᠬᠡᠯᠡᠪᠡᠯ ᠤᠷᠢᠳ᠎ᠢᠶᠠᠷ ᠣᠷᠣᠰᠢᠵᠤ᠂ ᠨᠢᠭᠡ ᠵᠦᠢᠯ᠎ᠦᠨ ᠵᠠᠢᠯᠠᠰᠢ ᠦᠭᠡᠢ ᠴᠢᠨᠠᠷ ᠲᠠᠢ ᠪᠠᠢᠳᠠᠭ᠂ ᠬᠥᠮᠥᠨ ᠨᠢᠭᠡᠪᠦᠷᠢ ᠶᠠᠭᠤᠨ᠎ᠤ ᠡᠮᠦᠨ᠎ᠡ ᠨᠡᠢᠭᠡᠮ᠎ᠡᠴᠡ ᠲᠣᠭᠲᠠᠭᠠᠭᠳᠠᠵᠦ᠂ ᠳᠠᠷᠠᠭ᠎ᠠ ᠨᠢ ᠰᠠᠶᠢ ᠨᠡᠢᠭᠡᠮ᠎ᠢ ᠲᠣᠭᠲᠠᠭᠠᠵᠤ ᠪᠣᠯᠣᠨ᠎ᠠ ᠭᠡᠵᠦ ᠵᠢᠭᠠᠵᠤ ᠭᠠᠷᠭᠠᠪᠠ᠃ ᠳᠦᠷᠢᠮᠵᠢᠭᠰᠡᠨ ᠰᠤᠷᠭᠠᠨ ᠬᠥᠮᠦᠵᠢᠯ᠎ᠦᠨ ᠳᠤᠮᠳᠠ᠂ ᠰᠤᠷᠤᠭ᠍ᠴᠢ ᠨᠢ ᠳᠦᠷᠢᠮᠵᠢᠨ ᠰᠤᠷᠭᠠᠬᠤ ᠡᠲᠡᠭᠡᠳ ᠪᠣᠯᠵᠤ᠂ ᠲᠡᠭᠦᠨ᠎ᠦ ᠶᠣᠰᠣ᠌ ᠮᠣᠷᠠᠯ᠎ᠤᠨ ᠪᠡᠶᠡᠴᠢ ᠴᠣᠭᠴᠠ᠎ᠶᠢᠨ ᠪᠠᠢᠷᠢ ᠰᠠᠭᠤᠷᠢ ᠨᠢ ᠵᠣᠬᠢᠬᠤ ᠬᠢᠵᠠᠭᠠᠷᠯᠠᠯ᠎ᠢ ᠬᠦᠷᠲᠡᠨ᠎ᠡ᠃ ᠦᠵᠡᠯ ᠰᠠᠨᠠᠭᠠᠨ᠎ᠤ ᠲᠡᠦᠬᠡ᠂ ᠡᠷᠳᠡᠮ ᠰᠢᠨᠵᠢᠯᠡᠭᠡᠨ᠎ᠦ ᠲᠡᠦᠬᠡ᠎ᠳᠡᠭᠡᠷ᠎ᠡ᠂ ᠳᠦᠷᠢᠮ᠎ᠦᠨ ᠬᠢᠵᠠᠭᠠᠷᠯᠠᠯ ᠬᠢᠭᠡᠳ ᠶᠣᠰᠣ᠌ ᠰᠤᠷᠲᠠᠬᠤᠨ᠎ᠤ ᠭᠣᠣᠯ ᠴᠣᠭᠴᠠ᠎ᠶᠢᠨ ᠬᠥᠭᠵᠢᠯᠲᠡ ᠪᠠ ᠰᠤᠷᠭᠠᠨ ᠬᠥᠮᠦᠵᠢᠯ᠎ᠦᠨ ᠬᠣᠭᠣᠷᠣᠨᠳᠣᠬᠢ ᠬᠠᠷᠢᠴᠠᠭᠠᠨ᠎ᠤ ᠠᠰᠠᠭᠤᠳᠠᠯ᠎ᠤᠨ ᠲᠤᠬᠠᠢ ᠤᠳᠠᠭᠠᠨ ᠳᠠᠭᠠᠭᠠᠮᠠᠭᠠᠢ ᠮᠠᠷᠭᠤᠭᠠᠨ ᠥᠷᠨᠢᠭᠦᠯᠵᠦ᠂ ᠡᠳᠡᠭᠡᠷ ᠨᠢ ᠭᠠᠳᠠᠭᠠᠳᠤ ᠬᠢᠵᠠᠭᠠᠷᠯᠠᠯ ᠬᠢᠭᠡᠳ ᠳᠣᠲᠣᠭᠠᠳᠤ ᠮᠡᠳᠡᠷᠡᠮᠵᠢ᠂ ᠨᠡᠢᠭᠡᠮ᠎ᠦᠨ ᠵᠢᠷᠤᠮᠵᠢᠯ ᠬᠢᠭᠡᠳ ᠪᠣᠳᠠᠭᠠᠯᠢ ᠪᠡᠶ᠎ᠡ᠎ᠶᠢᠨ ᠬᠥᠭᠵᠢᠯᠲᠡ᠎ᠶᠢᠨ ᠬᠣᠭᠣᠷᠣᠨᠳᠣᠬᠢ ᠠᠳᠠᠯᠢ ᠪᠤᠰᠤ ᠦᠵᠡᠯᠲᠡ ᠳᠡᠭᠡᠷ᠎ᠡ ᠲᠥᠪᠯᠡᠷᠡᠩᠭᠦᠢ ᠢᠯᠡᠷᠡᠵᠦ ᠪᠠᠢᠳᠠᠭ᠃ ᠪᠤᠳᠠᠭᠠᠯᠢ ᠴᠣᠭᠴᠠ ᠵᠢᠴᠢ ᠶᠣᠰᠣ᠌ ᠮᠣᠷᠠᠯ᠎ᠤᠨ ᠭᠤᠤᠯ ᠴᠣᠭᠴᠠ᠎ᠶᠢᠨ ᠤᠬᠠᠭᠳᠠᠬᠤᠨ᠎ᠢ ᠡᠮᠬᠢᠯᠡᠬᠦ ᠪᠠ ᠵᠠᠳᠠᠯᠬᠤ᠎ᠳᠠᠭᠠᠨ ᠪᠣᠳᠠᠭᠠᠯᠢ ᠪᠡᠶ᠎ᠡ ᠨᠢ ᠶᠣᠰᠣ᠌ ᠮᠣᠷᠠᠯ᠎ᠤᠨ ᠪᠡᠶᠡᠴᠢ ᠴᠣᠭᠴᠠ ᠪᠣᠯᠬᠤ᠎ᠳᠤ ᠡᠷᠬᠡᠪᠰᠢ ᠲᠦᠷᠪᠡᠠ ᠱᠠᠲᠤ᠎ᠶᠢ ᠥᠩᠭᠡᠷᠡᠭᠡᠬᠦ ᠬᠡᠷᠡᠭᠲᠡᠢ᠂ ᠲᠤᠬᠠᠢᠯᠠᠪᠠᠯ ᠥᠪᠡᠷ᠎ᠦᠨ ᠤᠬᠠᠮᠰᠠᠷ᠎ᠤᠨ ᠪᠦᠷᠢᠯᠳᠦᠯ᠂ ᠶᠣᠰᠣ᠌ ᠮᠣᠷᠠᠯ᠎ᠤᠨ ᠮᠠᠭᠠᠳᠯᠠᠯ᠎ᠤᠨ ᠪᠦᠷᠢᠯᠳᠦᠯ᠂ ᠶᠣᠰᠣ᠌ ᠮᠣᠷᠠᠯ᠎ᠤᠨ ᠰᠣᠩᠭᠣᠯᠲᠠ᠎ᠶᠢᠨ ᠡᠭᠦᠰᠦᠯ᠂ ᠶᠣᠰᠣ᠌ ᠮᠣᠷᠠᠯ᠎ᠤᠨ ᠥᠪᠡᠷ᠎ᠢ᠎ᠪᠡᠨ ᠲᠣᠭᠲᠠᠭᠠᠬᠤ ᠶᠠᠪᠤᠳᠠᠯ ᠪᠣᠯᠣᠨ᠎ᠠ᠃ ᠶᠣᠰᠣ᠌ ᠰᠤᠷᠲᠠᠬᠤᠨ᠎ᠤ ᠭᠣᠣᠯ ᠴᠣᠭᠴᠠ᠎ᠶᠢ ᠬᠥᠮᠥᠵᠢᠭᠦᠯᠬᠦ ᠲᠠᠯ᠎ᠠ᠎ᠪᠠᠷ᠂ ᠳᠦᠷᠢᠮ᠎ᠢ ᠶᠣᠰᠣ᠌ ᠰᠤᠷᠲᠠᠬᠤᠨ᠎ᠤ ᠦᠢᠯᠡᠳᠦᠯᠭᠡ᠎ᠶᠢᠨ 《ᠲᠤᠯᠭᠠᠭᠤᠷᠢ》 ᠪᠣᠯᠭᠠᠵᠤ᠂ ᠳᠦᠷᠢᠮᠵᠢᠭᠰᠡᠨ ᠰᠤᠷᠭᠠᠨ ᠬᠥᠮᠦᠵᠢᠯ᠎ᠢᠶᠡᠷ ᠳᠠᠮᠵᠢᠭᠤᠯᠤᠨ ᠬᠡᠦᠬᠡᠳ᠎ᠲᠦ ᠪᠦᠷᠢᠨ ᠪᠦᠲᠦᠨ ᠠᠮᠢ ᠨᠠᠰᠤ ᠵᠢᠴᠢ ᠬᠡᠦᠬᠡᠳ᠎ᠲᠦ ᠬᠥᠭᠵᠢᠯᠲᠡ ᠪᠠ ᠡᠷᠭᠢᠴᠡᠭᠦᠯᠦᠨ ᠪᠣᠳᠣᠯᠬᠢᠯᠠᠬᠤ ᠣᠷᠣᠨ ᠵᠠᠢ ᠬᠠᠩᠭᠠᠵᠤ ᠪᠣᠯᠣᠨ᠎ᠠ᠃ ᠡᠨᠡ ᠨᠢ ᠮᠠᠨ᠎ᠤ ᠤᠯᠤᠰ᠎ᠤᠨ ᠰᠤᠷᠭᠠᠭᠤᠯᠢ᠎ᠶᠢᠨ ᠶᠣᠰᠣ᠌ ᠮᠣᠷᠠᠯ᠎ᠤᠨ ᠬᠥᠮᠦᠵᠢᠯ᠎ᠳᠦ ᠭᠤᠷᠪᠠᠨ ᠲᠠᠯ᠎ᠠ᠎ᠶᠢᠨ ᠰᠡᠩᠬᠡᠷᠡᠭᠦᠯᠦᠯ ᠬᠠᠡᠭᠭᠠᠪᠠ᠂ ᠳᠦᠷᠢᠮ᠎ᠦᠨ ᠵᠢᠷᠤᠭ ᠲᠥᠯᠥᠪᠯᠡᠭᠡ ᠨᠢ ᠰᠤᠷᠤᠭ᠍ᠴᠢᠳ᠎ᠤᠨ ᠶᠣᠰᠣ᠌ ᠮᠣᠷᠠᠯ᠎ᠤᠨ ᠬᠥᠭᠵᠢᠯᠲᠡ᠎ᠶᠢᠨ ᠵᠢᠮ᠎ᠡ ᠶᠣᠰᠣ᠌᠎ᠶᠢ ᠬᠦᠨᠳᠦᠳᠬᠡᠬᠦ ᠬᠡᠷᠡᠭᠲᠠᠢ; ᠶᠣᠰᠣ᠌ ᠮᠣᠷᠠᠯ᠎ᠤᠨ ᠬᠥᠮᠦᠵᠢᠯ᠎ᠦᠨ ᠳᠦᠷᠢᠮ᠎ᠦᠨ ᠲᠤᠬᠠᠢ ᠰᠡᠷᠡᠮᠵᠢᠯᠡᠯ ᠪᠠ ᠡᠷᠭᠢᠴᠡᠭᠦᠯᠦᠨ ᠪᠣᠳᠣᠯᠲᠠ᠎ᠶᠢ ᠪᠠᠷᠢᠮᠲᠠᠯᠠᠬᠤ ᠬᠡᠷᠡᠭᠲᠠᠢ; ᠳᠦᠷᠢᠮᠵᠢᠭᠰᠡᠨ ᠰᠤᠷᠭᠠᠨ ᠬᠥᠮᠦᠵᠢᠯ᠎ᠦᠨ ᠠᠷᠠᠳᠴᠢᠯᠠᠯ᠎ᠢ ᠠᠬᠢᠭᠤᠯᠬᠤ ᠬᠡᠷᠡᠭᠲᠡᠢ᠃

《ᠱᠢᠨᠬᠤᠸᠠ ᠵᠤᠬᠢᠶᠠᠯ ᠤ᠋ᠨ ᠱᠦᠭᠦᠮᠡᠭ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号