6 ᠰᠠᠯᠠᠭ᠎ᠠ ᠮᠥᠴᠢᠷ 《ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠪᠣᠬᠢᠷᠲᠤᠯ᠎ᠢ ᠰᠡᠷᠭᠡᠢᠯᠡᠨ ᠵᠠᠰᠠᠬᠤ 〈ᠠᠷᠪᠠᠨ ᠲᠠᠪᠤᠳᠤᠭᠠᠷ ᠲᠠᠪᠤᠨ ᠵᠢᠯ〉 ᠦ᠋ᠨ ᠲᠥᠯᠦᠪᠵᠢᠭᠦᠯᠭᠡ》 ᠶ᠋ᠢ ᠳᠠᠷᠤᠮᠠᠯᠯᠠᠨ ᠲᠠᠷᠬᠠᠭᠠᠪᠠ
2026-07-17 10:25:03
ᠵᠣᠬᠢᠶᠠᠭ᠍ᠴᠢ᠄
ᠭᠣᠸ᠋ ᠵᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 14᠎ᠤ᠋ ᠡᠳᠦᠷ ᠣᠢᠯᠠᠭᠠᠭᠰᠠᠨ ᠵᠢᠡᠷ᠂ ᠠᠮᠢ ᠠᠬᠤᠢ ᠣᠷᠴᠢᠨ ᠲᠤᠭᠤᠷᠢᠨ᠎ᠤ ᠶᠠᠮᠤᠨ᠂ ᠤᠯᠤᠰ᠎ᠤᠨ ᠬᠥᠭᠵᠢᠭᠦᠯᠦᠯᠲᠡ ᠪᠡ ᠥᠭᠡᠷᠡᠴᠢᠯᠡᠯᠲᠡ᠎ᠶᠢᠨ ᠵᠦᠪᠯᠡᠯ ᠵᠡᠷᠭᠡ 6 ᠰᠠᠯᠠᠭ᠎ᠠ ᠮᠥᠴᠢᠷ ᠣᠢᠷ᠎ᠠ᠎ᠳᠤ 《ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠪᠣᠬᠢᠷᠲᠤᠯ᠎ᠢ ᠰᠡᠷᠭᠡᠢᠯᠡᠨ ᠵᠠᠰᠠᠬᠤ 〈ᠠᠷᠪᠠᠨ ᠲᠠᠪᠤᠳᠤᠭᠠᠷ ᠲᠠᠪᠤᠨ ᠵᠢᠯ〉 ᠦ᠋ᠨ ᠲᠥᠯᠦᠪᠵᠢᠭᠦᠯᠭᠡ》 ᠶ᠋ᠢ ᠳᠠᠷᠤᠮᠠᠯᠯᠠᠨ ᠲᠠᠷᠬᠠᠭᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠢ ᠪᠥᠬᠥ ᠲᠠᠯ᠎ᠠ᠎ᠪᠠᠷ ᠰᠢᠰᠲᠧᠮ᠎ᠲᠠᠢ ᠴᠢᠩᠭᠠᠳᠬᠠᠪᠠ᠃

ᠲᠥᠯᠦᠪᠵᠢᠭᠦᠯᠭᠡ᠎ᠳᠦ᠂ 2030 ᠣᠨ ᠪᠣᠯᠬᠤ᠎ᠳᠤ ᠭᠣᠣᠯᠳᠠᠯᠭ᠎ᠠ᠎ᠲᠠᠢ ᠬᠦᠷᠢᠶᠡᠨ᠎ᠦ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠲᠤᠰᠬᠠᠢ ᠴᠡᠭᠴᠡᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠲᠡᠦᠬᠡ᠎ᠶᠢᠨ ᠬᠠᠳᠠᠭᠠᠯᠠᠯᠲᠠ᠎ᠶᠢᠨ ᠬᠡᠮᠵᠢᠶ᠎ᠡ᠎ᠶᠢ ᠪᠦᠲᠦᠮᠵᠢᠲᠡᠢ ᠬᠠᠮᠢᠶᠠᠷᠤᠨ ᠡᠵᠡᠮᠳᠡᠵᠦ᠂ ᠬᠠᠤᠯᠢ ᠪᠤᠰᠤ᠎ᠪᠠᠷ ᠴᠢᠳᠬᠤᠨ ᠰᠢᠢᠳᠪᠦᠷᠢᠯᠡᠬᠦ ᠶᠠᠪᠤᠳᠠᠯ ᠤᠯᠠᠨ ᠡᠭᠦᠰᠬᠦ ᠪᠠᠢᠳᠠᠯ᠎ᠢ ᠬᠣᠷᠢᠭ᠍ᠯᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠶᠡᠷᠦᠩᠬᠡᠢᠯᠡᠨ ᠵᠠᠰᠠᠬᠤ ᠴᠢᠳᠠᠪᠤᠷᠢ ᠪᠠ ᠲᠦᠪᠰᠢᠨ᠎ᠢ ᠢᠯᠡᠷᠬᠡᠢ ᠳᠡᠭᠡᠭᠰᠢᠯᠡᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠮᠡᠳᠡᠭᠡ ᠵᠠᠩᠭᠢᠵᠢᠯᠲᠠ᠎ᠶᠢᠨ ᠬᠢᠨᠠᠯᠲᠠ ᠬᠠᠮᠢᠶᠠᠷᠤᠯᠲᠠ᠎ᠶᠢᠨ 《ᠨᠢᠭᠡ ᠲᠣᠣᠷ》 ᠢ᠋ ᠭᠣᠣᠯᠳᠠᠯᠭ᠎ᠠ᠎ᠲᠠᠢ ᠬᠦᠷᠢᠶᠡᠨ᠎ᠳᠦ ᠪᠦᠬᠦᠨ᠎ᠢ ᠪᠦᠷᠬᠦᠭᠦᠯᠬᠦ᠎ᠶᠢ ᠪᠡᠶᠡᠯᠡᠭᠦᠯᠵᠦ᠂ ᠨᠢᠭᠡ ᠪᠦᠯᠦᠭ 《ᠬᠠᠶᠠᠭᠳᠠᠮᠠᠯ ᠪᠣᠳᠠᠰ ᠦᠭᠡᠢ ᠬᠤᠳᠠ》 ᠶ᠋ᠢ ᠪᠠᠢᠭᠤᠯᠤᠨ᠎ᠠ ᠭᠡᠵᠤ ᠳᠤᠷᠠᠳᠪᠠ᠃

ᠠᠮᠢ ᠠᠬᠤᠢ ᠣᠷᠴᠢᠨ ᠲᠤᠭᠤᠷᠢᠨ᠎ᠤ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠪᠣᠯ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠶᠡᠷᠦᠩᠬᠡᠢᠯᠡᠨ ᠵᠠᠰᠠᠬᠤ᠎ᠶᠢᠨ ᠴᠢᠬᠤᠯᠠ ᠠᠭᠤᠯᠭ᠎ᠠ ᠮᠥᠨ᠃ 《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠤᠭᠤᠴᠠᠭ᠎ᠠ ᠪᠣᠯ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠢ ᠤᠯᠠᠮ ᠨᠢᠭᠡ ᠠᠯᠬᠤᠮ ᠴᠢᠩᠭᠠᠳᠬᠠᠬᠤ ᠪᠠᠢᠯᠳᠤᠬᠤ ᠪᠣᠳᠣᠯᠭ᠎ᠠ᠎ᠶᠢᠨ ᠠᠵᠠ ᠲᠣᠬᠢᠶᠠᠯᠳᠤ ᠬᠤᠭᠤᠴᠠᠭ᠎ᠠ ᠮᠥᠨ᠂ ᠪᠠᠰᠠ ᠴᠤ᠌ ᠪᠤᠭᠤᠮᠳᠠ ᠰᠢᠪᠲᠤᠯᠤᠨ ᠪᠡᠷᠬᠡ᠎ᠶᠢ ᠳᠠᠪᠠᠬᠤ᠂ ᠬᠦᠴᠢᠷ᠎ᠢ ᠲᠤᠭᠤᠯᠤᠨ ᠰᠠᠭᠠᠳ᠎ᠢ ᠳᠠᠪᠠᠬᠤ ᠵᠠᠩᠭᠢᠯᠠᠭ᠎ᠠ᠎ᠶᠢᠨ ᠬᠤᠭᠤᠴᠠᠭ᠎ᠠ ᠮᠥᠨ ᠭᠡᠵᠤ ᠢᠯᠡᠳᠬᠡᠪᠡ᠃

ᠲᠥᠯᠦᠪᠵᠢᠭᠦᠯᠭᠡ᠎ᠳᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠪᠦᠬᠦ ᠶᠠᠪᠤᠴᠠ᠎ᠶᠢᠨ ᠠᠮᠢ ᠠᠬᠤᠢ ᠣᠷᠴᠢᠨ ᠲᠣᠭᠣᠷᠢᠨ᠎ᠤ ᠠᠶᠤᠯ ᠲᠦᠭᠰᠢᠭᠦᠷᠢ᠎ᠶᠢ ᠪᠦᠲᠦᠮᠵᠢᠲᠡᠢ ᠰᠡᠷᠭᠡᠢᠯᠡᠨ ᠡᠵᠡᠮᠳᠡᠬᠦ᠎ᠪᠡᠷ ᠬᠠᠷᠠᠯᠲᠠ ᠪᠣᠯᠭᠠᠵᠤ᠂ ᠭᠣᠣᠯᠳᠠᠯᠭ᠎ᠠ᠎ᠲᠠᠢ ᠪᠣᠭᠣᠮᠲᠠ ᠰᠢᠪᠲᠤᠯᠬᠤ ᠪᠠ ᠰᠢᠰᠲᠧᠮ᠎ᠲᠠᠢ ᠵᠠᠰᠠᠬᠤ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠭᠣᠣᠯᠳᠠᠯᠭ᠎ᠠ᠎ᠲᠠᠢ ᠬᠦᠷᠢᠶ᠎ᠡ᠂ ᠭᠣᠣᠯᠳᠠᠯᠭ᠎ᠠ᠎ᠲᠠᠢ ᠭᠠᠵᠠᠷ ᠣᠷᠣᠨ᠂ ᠭᠣᠣᠯᠳᠠᠯᠭ᠎ᠠ᠎ᠲᠠᠢ ᠠᠰᠠᠭᠤᠳᠠᠯ᠎ᠢ ᠴᠢᠩᠭ᠎ᠠ ᠠᠩᠬᠠᠷᠴᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠪᠣᠬᠢᠷᠲᠤᠯ᠎ᠤᠨ ᠭᠡᠮ ᠰᠣᠭᠣᠭ᠎ᠢ ᠪᠠᠢᠴᠠᠭᠠᠨ ᠴᠡᠭᠴᠡᠯᠡᠨ ᠵᠠᠰᠠᠬᠤ᠎ᠶᠢ ᠯᠠᠪᠳᠠᠭᠤᠨ ᠪᠠᠲᠤᠲᠠᠢ ᠠᠬᠢᠭᠤᠯᠵᠤ᠂ ᠳᠤᠲᠠᠭᠤᠳᠠᠯ ᠪᠠᠭᠤᠷᠠᠢ ᠲᠠᠯ᠎ᠠ ᠪᠡᠨ ᠲᠦᠷᠭᠡᠨ ᠨᠥᠬᠥᠪᠦᠷᠢᠯᠡᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠪᠦᠬᠦ ᠬᠡᠯᠬᠢᠶ᠎ᠡ᠎ᠶᠢᠨ ᠬᠢᠨᠠᠯᠲᠠ ᠬᠠᠮᠢᠶᠠᠷᠤᠯᠲᠠ᠎ᠶᠢ ᠦᠷᠭᠦᠯᠵᠢᠯᠡᠨ ᠴᠢᠩᠭᠠᠳᠬᠠᠨ᠎ᠠ ᠭᠡᠵᠦ ᠳᠤᠷᠠᠳᠪᠠ᠃

ᠲᠥᠯᠦᠪᠵᠢᠭᠦᠯᠭᠡ᠎ᠳᠦ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠭᠤᠰᠤᠭᠳᠠᠮᠠᠯ ᠠᠭᠤᠢ᠎ᠶᠢᠨ ᠬᠣᠭ ᠨᠣᠪᠰᠢ᠂ ᠹᠣᠰᠹᠣᠷ ᠵᠤᠭᠠᠩ᠎ᠤᠨ ᠬᠥᠮᠥᠷᠭᠡ᠂ ᠠᠮᠢᠳᠤᠷᠠᠯ᠎ᠤᠨ ᠬᠣᠭ ᠨᠣᠪᠰᠢ᠎ᠶᠢ ᠪᠤᠯᠠᠬᠤ ᠲᠠᠯᠠᠪᠠᠢ᠂ ᠠᠶᠤᠯᠲᠠᠢ ᠬᠠᠶᠠᠭᠳᠠᠮᠠᠯ ᠪᠣᠳᠠᠰ᠎ᠢ ᠪᠤᠯᠠᠬᠤ ᠲᠠᠯᠠᠪᠠᠢ ᠵᠡᠷᠭᠡ ᠭᠣᠣᠯᠳᠠᠯᠭ᠎ᠠ᠎ᠲᠠᠢ ᠬᠦᠷᠢᠶ᠎ᠡ᠎ᠳᠤ ᠴᠢᠭᠯᠡᠭᠦᠯᠦᠨ ᠲᠤᠰᠬᠠᠢ ᠴᠡᠭᠴᠡᠯᠡᠨ ᠵᠠᠰᠠᠬᠤ ᠡᠭᠦᠷᠭᠡ᠎ᠶᠢᠨ ᠱᠠᠭᠠᠷᠳᠠᠯᠭ᠎ᠠ ᠳᠤᠷᠠᠳᠪᠠ; ᠠᠵᠤ ᠦᠢᠯᠡᠳᠪᠦᠷᠢ᠎ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠢ ᠬᠠᠶᠠᠭᠳᠠᠮᠠᠯ ᠪᠣᠳᠠᠰ᠂ ᠬᠠᠶᠠᠭᠳᠠᠮᠠᠯ ᠴᠠᠬᠢᠯᠭᠠᠨ ᠬᠡᠷᠡᠭᠰᠡᠯ ᠡᠯᠧᠺᠲᠷᠣᠨ ᠦᠢᠯᠡᠳᠬᠦᠨ ᠵᠢᠴᠢ ᠠᠰᠢᠭ᠍ᠯᠠᠯᠲᠠ᠎ᠡᠴᠡ ᠭᠠᠷᠤᠭᠰᠠᠨ ᠰᠢᠨ᠎ᠡ ᠡᠨᠧᠷᠭᠢ᠎ᠶᠢᠨ ᠲᠥᠬᠦᠭᠡᠷᠦᠮᠵᠢ᠂ ᠠᠮᠢᠳᠤᠷᠠᠯ᠂ ᠪᠠᠷᠢᠯᠭ᠎ᠠ᠂ ᠲᠠᠷᠢᠶᠠᠯᠠᠩ ᠵᠡᠷᠭᠡ ᠬᠦᠷᠢᠶᠡᠨ᠎ᠦ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠲᠤᠬᠠᠢ ᠲᠤᠰ ᠲᠤᠰ ᠱᠠᠭᠠᠷᠳᠠᠯᠭ᠎ᠠ ᠳᠤᠷᠠᠳᠪᠠ; 《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠤᠭᠤᠴᠠᠭᠠᠨ᠎ᠳᠠᠬᠢ 《ᠬᠠᠶᠠᠭᠳᠠᠮᠠᠯ ᠪᠣᠳᠠᠰ ᠦᠭᠡᠢ ᠬᠤᠳᠠ》 ᠶ᠋ᠢᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠠᠷᠭ᠎ᠠ ᠵᠠᠮ ᠪᠠ ᠭᠣᠣᠯᠳᠠᠯᠭ᠎ᠠ᠎ᠲᠠᠢ ᠬᠦᠷᠢᠶ᠎ᠡ᠎ᠶᠢ ᠲᠣᠳᠣᠷᠬᠠᠢᠯᠠᠪᠡ; ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠬᠢᠨᠠᠨ ᠬᠡᠮᠵᠢᠵᠦ ᠬᠢᠨᠠᠨ ᠬᠠᠮᠢᠶᠠᠷᠬᠤ ᠴᠢᠳᠠᠪᠤᠷᠢ᠂ ᠪᠣᠬᠢᠷᠲᠤᠯ᠎ᠢ ᠰᠡᠷᠭᠡᠢᠯᠡᠨ ᠵᠠᠰᠠᠬᠤ ᠲᠦᠷᠦ᠎ᠶᠢᠨ ᠪᠣᠳᠣᠯᠭ᠎ᠠ᠎ᠶᠢᠨ ᠰᠢᠰᠲᠧᠮ ᠵᠡᠷᠭᠡ ᠲᠠᠯ᠎ᠠ᠎ᠶᠢᠨ ᠡᠭᠦᠷᠭᠡ ᠱᠠᠭᠠᠷᠳᠠᠯᠭ᠎ᠠ᠎ᠶᠢ ᠳᠤᠷᠠᠳᠴᠠᠢ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ 7 ᠰᠠᠷ᠎ᠠ᠎ᠶᠢᠨ 14᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号