ᠦᠪᠤᠷ ᠮᠤᠩᠭᠤᠯ ᠠᠵᠢᠯᠲᠠᠨ ᠠᠵᠢᠯᠴᠢᠨ᠎ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠢ᠋ᠢᠨ ᠠᠵᠢᠯᠯᠠᠭ᠎ᠠ ᠪᠡᠷ 47.95 ᠲᠦᠮᠡᠨ ᠬᠦᠮᠦᠨ ᠤᠳᠠᠭ᠎ᠠ᠎ᠳᠤ ᠠᠰᠢᠭ ᠬᠦᠷᠲᠡᠭᠡᠪᠡ
2026-07-17 09:53:57
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

7 ᠰᠠᠷ᠎ᠠ ᠢ᠋ᠢᠨ 16 ᠎ᠤ᠋ ᠡᠲᠦᠷ᠂ ᠰᠤᠷᠪᠤᠯᠵᠢᠯᠠᠬᠴᠢ ᠦᠪᠡᠷᠲᠡᠭᠡᠨ ᠵᠠᠰᠬᠠᠤ ᠤᠷᠤᠨ᠎ᠤ ᠵᠠᠰᠠᠭ᠎ᠤᠨ ᠤᠷᠳᠤᠨ᠎ᠤ ᠰᠤᠨᠢᠨ ᠮᠡᠲᠡᠭᠡᠨ᠎ᠤ ᠠᠯᠪᠠᠨ ᠬᠡᠷ᠎ᠤᠨ ᠬᠤᠷᠠᠯᠳᠤᠭᠤᠯᠤᠬᠰᠠᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ 2027 ᠣᠨ᠎ᠤ ᠠᠵᠢᠯᠲᠠᠨ ᠠᠵᠢᠯᠴᠢᠨ᠎ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠎ᠶᠢᠨ ᠠᠵᠢᠯᠯᠠᠭ᠎ᠠ᠎ᠶᠢᠨ ᠰᠣᠨᠢᠨ ᠮᠡᠳᠡᠭᠡ ᠨᠡᠢᠲᠡᠯᠡᠬᠦ ᠬᠤᠷᠠᠯ ᠡᠴᠡ ᠤᠢᠯᠠᠭᠠᠬᠰᠠᠨ ᠢ᠋ᠢᠡᠷ 2027 ᠤᠨ᠎ᠤ ᠦᠪᠦᠷ ᠮᠤᠩᠭᠤᠯ᠎ᠤᠨ ᠠᠵᠢᠯᠲᠠᠨ ᠠᠵᠢᠯᠴᠢᠨ᠎ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠢ᠋ᠢᠨ ᠠᠵᠢᠯᠯᠠᠭ᠎ᠠ ᠨᠢᠭᠡᠨᠲᠡ ᠡᠬᠢᠯᠡᠵᠦ᠂ 2019 ᠤᠨ᠎ᠳᠦ ᠲᠤᠰ ᠠᠵᠢᠯᠯᠠᠭ᠎ᠠ᠎ᠶᠢ ᠥᠷᠨᠢᠭᠦᠯᠦᠭᠰᠡᠨ ᠡᠴᠡ ᠨᠠᠭᠠᠰᠢ ᠬᠠᠷᠢᠯᠴᠠᠨ ᠬᠠᠪᠰᠤᠷᠤᠯᠴᠠᠬᠤ ᠨᠥᠬᠥᠪᠦᠷᠢ ᠮᠥᠩᠭᠥ᠎ᠶᠢ ᠨᠡᠢ᠍ᠢᠳᠡ 4.99 ᠳ᠋ᠦᠩᠰᠢᠭᠤᠷ ᠲᠥᠭᠥᠷᠢᠭ ᠲᠠᠷᠬᠠᠭᠠᠵᠤ᠂ 47.95 ᠲᠦᠮᠡᠨ ᠬᠥᠮᠥᠨ ᠤᠳᠠᠭ᠎ᠠ᠎ᠶᠢᠨ ᠠᠵᠢᠯᠲᠠᠨ ᠠᠵᠢᠯᠴᠢᠨ᠎ᠳᠤ ᠠᠰᠢᠭ᠋ ᠬᠦᠷᠲᠡᠭᠡᠵᠡᠢ᠃

2027 ᠣᠨ᠎ᠤ ᠥᠪᠥᠷ ᠮᠣᠩᠭᠣᠯ᠎ᠤᠨ ᠠᠵᠢᠯᠲᠠᠨ ᠠᠵᠢᠯᠴᠢᠨ᠎ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠎ᠶᠢᠨ ᠠᠵᠢᠯᠯᠠᠭ᠎ᠠ᠎ᠳᠤ ᠠᠵᠢᠯᠲᠠᠨ ᠠᠵᠢᠯᠴᠢᠨ᠎ᠤ ᠡᠮᠨᠡᠯᠭᠡ᠎ᠳᠦ ᠰᠠᠭᠤᠵᠤ ᠡᠮᠨᠡᠭᠦᠯᠬᠦ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠢ᠋ᠢᠨ ᠲᠦᠷᠦᠯ ᠵᠦᠢᠯ ᠪᠠ ᠡᠮᠡᠭᠲᠡᠢᠴᠦᠳ᠎ᠦᠨ ᠰᠢᠨ ᠺᠠᠩ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠢ᠋ᠢᠨ ᠲᠦᠷᠦᠯ ᠵᠦᠢᠯ ᠪᠠᠭᠲᠠᠵᠤ᠂ ᠪᠠᠲᠤᠯᠠᠭ᠎ᠠ᠎ᠶᠢᠨ ᠬᠤᠭᠤᠴᠠᠭ᠎ᠠ ᠨᠢ 2027 ᠣᠨ᠎ᠤ 1 ᠰᠠᠷ᠎ᠠ᠎ᠶᠢᠨ 1᠎ᠤ᠋ ᠡᠳᠦᠷ᠎ᠡᠴᠡ 2027 ᠣᠨ᠎ᠤ 12 ᠰᠠᠷ᠎ᠠ᠎ᠶᠢᠨ 31᠎ᠤ᠋ ᠡᠳᠦᠷ ᠪᠣᠯᠲᠠᠯ᠎ᠠ᠂ ᠨᠥᠬᠥᠪᠦᠷᠢ ᠭᠤᠶᠤᠴᠢᠯᠠᠬᠤ ᠬᠤᠭᠤᠴᠠᠭ᠎ᠠ ᠨᠢ 2027 ᠣᠨ᠎ᠤ 1 ᠰᠠᠷ᠎ᠠ᠎ᠶᠢᠨ 1᠎ᠤ᠋ ᠡᠳᠦᠷ᠎ᠡᠴᠡ 2028 ᠣᠨ᠎ᠤ 4 ᠰᠠᠷ᠎ᠠ᠎ᠶᠢᠨ 30᠎ᠤ᠋ ᠡᠳᠦᠷ ᠪᠣᠯᠲᠠᠯ᠎ᠠ᠃ ᠠᠵᠢᠯᠲᠠᠨ ᠠᠵᠢᠯᠴᠢᠨ᠎ᠤ ᠡᠮᠨᠡᠯᠭᠡ᠎ᠳᠦ ᠰᠠᠭᠤᠵᠦ ᠡᠮᠨᠡᠭᠦᠯᠬᠦ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠎ᠶᠢᠨ ᠲᠥᠷᠥᠯ ᠵᠦᠢᠯ ᠨᠢ ᠭᠣᠣᠯᠳᠠᠭᠤ ᠠᠵᠢᠯᠲᠠᠨ ᠠᠵᠢᠯᠴᠢᠨ᠎ᠤ ᠡᠮᠨᠡᠯᠭᠡ᠎ᠳᠦ ᠰᠠᠭᠤᠬᠤ ᠪᠤᠶᠤ ᠡᠭᠦᠳᠡᠨ ᠡᠮᠨᠡᠯᠭᠡ᠎ᠶᠢᠨ ᠰᠠᠴᠤᠷᠠᠭ ᠬᠢᠮᠢ᠎ᠶᠢᠨ ᠵᠠᠰᠠᠯ᠂ ᠴᠢᠰᠤ ᠨᠡᠪᠴᠢᠭᠦᠯᠦᠨ ᠢᠯᠭᠠᠷᠠᠭᠤᠯᠬᠤ ᠵᠡᠷᠭᠡ᠎ᠡᠴᠡ ᠪᠣᠶ ᠪᠣᠯᠤᠭᠰᠠᠨ ᠡᠮᠴᠢᠯᠡᠭᠡᠨ᠎ᠦ ᠳᠠᠭᠠᠳᠬᠠᠯ᠎ᠤᠨ ᠳ᠋ᠦᠩᠨᠡᠨ ᠪᠤᠳᠤᠭᠰᠠᠨ᠎ᠤ ᠳᠠᠷᠠᠭᠠᠬᠢ ᠵᠠᠷᠤᠳᠠᠯ᠎ᠢ ᠥᠪᠡᠰᠦᠪᠡᠨ ᠲᠥᠯᠥᠬᠦ᠎ᠳᠦ ᠬᠡᠰᠡᠭ ᠬᠤᠪᠢᠶᠠᠨ ᠬᠠᠷᠢᠴᠠᠯ ᠶᠣᠰᠣᠭᠠᠷ ᠨᠥᠬᠥᠪᠦᠷᠢ ᠥᠭᠬᠦ᠎ᠶᠢᠨ ᠬᠠᠮᠲᠤ ᠨᠢᠳᠤᠨᠤᠨ᠎ᠤ ᠰᠠᠭᠤᠷᠢᠨ ᠳᠡᠭᠡᠷ᠎ᠡ ᠨᠥᠬᠥᠪᠦᠷᠢ᠎ᠶᠢᠨ ᠬᠠᠷᠢᠴᠠᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠢᠯ᠎ᠦᠨ ᠨᠥᠬᠥᠪᠦᠷᠢ᠎ᠶᠢᠨ ᠳᠡᠭᠡᠷ᠎ᠠ ᠬᠢᠵᠠᠭᠠᠷ ᠨᠢ 50 ᠲᠦᠮᠡᠨ ᠲᠥᠭᠥᠷᠢᠭ᠎ᠲᠦ ᠬᠦᠷᠴᠦ᠂ ᠠᠵᠢᠯᠲᠠᠨ ᠠᠵᠢᠯᠴᠢᠨ᠎ᠤ ᠡᠪᠡᠳᠴᠢᠨ᠎ᠡᠴᠡ ᠪᠣᠯᠤᠭᠰᠠᠨ ᠠᠵᠤ ᠠᠬᠤᠢ᠎ᠶᠢᠨ ᠳᠠᠷᠤᠭᠠᠰᠤ᠎ᠶᠢ ᠪᠦᠲᠦᠮᠵᠢᠲᠡᠶ᠎ᠪᠡᠷ ᠬᠥᠩᠭᠡᠷᠡᠭᠦᠯᠵᠦ᠂ ᠠᠵᠢᠯᠲᠠᠨ ᠠᠵᠢᠯᠴᠢᠨ᠎ᠤ ᠠᠶᠤᠯ ᠲᠦᠭᠰᠢᠭᠦᠷᠢ᠎ᠶᠢ ᠰᠡᠷᠭᠡᠢᠯᠡᠨ ᠠᠷᠭᠠᠴᠠᠭᠠᠬᠤ ᠴᠢᠳᠠᠪᠤᠷᠢ᠎ᠶᠢ ᠨᠡᠮᠡᠭᠳᠡᠭᠦᠯᠦᠨ᠎ᠠ᠃ ᠠᠵᠢᠯᠲᠠᠨ ᠠᠵᠢᠯᠴᠢᠨ᠎ᠤ ᠡᠮᠨᠡᠯᠭᠡ᠎ᠳᠦ ᠰᠠᠭᠤᠵᠤ ᠡᠮᠨᠡᠭᠦᠯᠬᠦ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠎ᠶᠢᠨ ᠲᠥᠷᠥᠯ ᠵᠦᠢᠯ᠎ᠦᠨ ᠲᠤᠰᠢᠶᠠᠬᠤ ᠰᠦᠢᠳᠬᠡᠯ᠎ᠦᠨ ᠪᠠᠷᠢᠮᠵᠢᠶ᠎ᠠ ᠨᠢ ᠵᠢᠯ ᠪᠦᠷᠢ 100 ᠲᠥᠭᠥᠷᠢᠭ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠡᠴᠡ ᠲᠤᠰ ᠲᠦᠷᠦᠯ ᠵᠦᠢᠯ᠎ᠳᠤ ᠤᠷᠤᠯᠴᠠᠬᠰᠠᠨ ᠠᠵᠢᠯᠲᠠᠨ ᠠᠵᠢᠯᠴᠢᠨ ᠨᠢᠭᠡᠪᠦᠷᠢ᠎ᠳᠦ 10 ᠲᠥᠭᠥᠷᠢᠭ᠎ᠦᠨ ᠨᠥᠬᠥᠪᠦᠷᠢ ᠥᠭᠬᠦ᠎ᠶᠢᠨ ᠬᠠᠮᠲᠤ ᠡᠯ᠎ᠡ ᠠᠢᠮᠠᠭ ᠬᠣᠲᠠ᠂ ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ᠎ᠦᠨ ᠢᠵᠢ ᠪᠦᠷᠢᠳᠦᠭᠦᠯᠬᠦ ᠨᠥᠬᠥᠪᠦᠷᠢ᠎ᠶᠢ ᠳᠠᠪᠬᠤᠴᠠᠭᠤᠯᠤᠨ ᠨᠡᠮᠡᠬᠦ᠎ᠶᠢ ᠵᠣᠷᠢᠭ᠍ᠵᠢᠭᠤᠯᠵᠤ᠂ ᠬᠠᠮᠤᠭ᠎ᠤᠨ ᠶᠡᠬᠡ ᠬᠡᠮᠵᠢᠶ᠎ᠡ᠎ᠪᠡᠷ ᠠᠵᠢᠯᠲᠠᠨ ᠠᠵᠢᠯᠴᠢᠨ᠎ᠳᠤ ᠠᠰᠢᠭ᠋ ᠬᠦᠷᠲᠡᠭᠡᠨ᠎ᠡ᠃

ᠡᠮᠡᠭᠲᠡᠢᠴᠤᠳ᠎ᠤᠨ ᠰᠢᠨ ᠺᠠᠩ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠎ᠶᠢᠨ ᠲᠥᠷᠥᠯ ᠵᠦᠢᠯ ᠨᠢ ᠭᠣᠣᠯᠳᠠᠭᠤ ᠡᠮᠡᠭᠲᠡᠢ ᠠᠵᠢᠯᠲᠠᠨ ᠠᠵᠢᠯᠴᠢᠨ᠎ᠤ ᠡᠷᠡᠭᠦᠯ ᠮᠡᠨᠳᠦ᠎ᠶᠢᠨ ᠪᠠᠲᠤᠯᠠᠭ᠎ᠠ᠎ᠶᠢᠨ ᠡᠪᠡᠷᠰᠢᠶᠡᠯ᠎ᠢ ᠰᠢᠢᠳᠪᠦᠷᠢᠯᠡᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ 14 ᠵᠦᠢᠯ᠎ᠦᠨ ᠣᠨᠴᠠᠭᠠᠶ ᠡᠪᠡᠳᠴᠢᠨ᠎ᠳᠤ ᠨᠡᠷᠪᠡᠭᠲᠡᠭᠰᠡᠨ ᠡᠮᠡᠭᠲᠡᠢ ᠠᠵᠢᠯᠲᠠᠨ ᠠᠵᠢᠯᠴᠢᠨ᠎ᠳᠤ ᠨᠢᠭᠡ ᠤᠳᠠᠭ᠎ᠠ᠎ᠶᠢᠨ ᠴᠢᠨᠠᠷᠲᠠᠢ ᠨᠥᠬᠥᠪᠦᠷᠢ ᠥᠭᠬᠦ᠎ᠶᠢᠨ ᠬᠠᠮᠲᠤ ᠢᠯᠡᠭᠦᠦ 2000 ᠲᠥᠭᠥᠷᠢᠭ᠎ᠦᠨ ᠡᠷᠡᠭᠦᠯᠵᠢᠯ᠎ᠦᠨ ᠨᠥᠬᠥᠪᠦᠷᠢ ᠥᠭᠴᠦ᠂ ᠬᠠᠮᠤᠭ᠎ᠤᠨ ᠥᠨᠳᠥᠷ᠎ᠲᠡᠬᠡᠨ 3.2 ᠲᠦᠮᠡᠨ ᠲᠥᠭᠥᠷᠢᠭ᠎ᠦᠨ ᠨᠥᠬᠥᠪᠦᠷᠢ ᠥᠭᠭᠦᠨ᠎ᠡ᠃ ᠲᠣᠰ ᠲᠥᠷᠥᠯ ᠵᠦᠢᠯ᠎ᠦᠨ ᠰᠦᠢᠳᠬᠡᠯ ᠲᠤᠰᠢᠶᠠᠬᠤ ᠪᠠᠷᠢᠮᠵᠢᠶ᠎ᠠ ᠨᠢ ᠵᠢᠯ᠎ᠤᠨ 35 ᠲᠥᠭᠥᠷᠢᠭ ᠪᠣᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号