《ᠳᠤᠮᠳᠠᠳᠤ ᠣᠷᠣᠰ᠎ᠤᠨ ᠰᠤᠷᠭᠠᠨ ᠬᠥᠮᠦᠵᠢᠯ᠎ᠦᠨ ᠣᠨ》 ᠠᠯᠪᠠᠨ ᠰᠦᠯᠵᠢᠶ᠎ᠡ ᠵᠢᠩᠬᠢᠨᠢ᠎ᠪᠡᠷ ᠠᠰᠢᠭ᠍ᠯᠠᠯᠲᠠ᠎ᠳᠤ ᠣᠷᠣᠪᠠ
2026-07-17 15:36:10
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠤᠷᠭᠠᠨ ᠬᠥᠮᠦᠵᠢᠯ᠎ᠦᠨ ᠶᠠᠮᠤᠨ᠎ᠤ ᠰᠦᠯᠵᠢᠶ᠎ᠡ ᠎ᠶᠢᠨ ᠮᠡᠳᠡᠭᠡ᠎ᠶᠢ ᠦᠨᠳᠦᠰᠦᠯᠡᠪᠡᠯ᠂ 2026-2027 《ᠳᠤᠮᠳᠠᠳᠤ ᠣᠷᠣᠰ᠎ᠤᠨ ᠰᠤᠷᠭᠠᠨ ᠬᠥᠮᠦᠵᠢᠯ᠎ᠦᠨ ᠣᠨ》᠎ᠢ ᠴᠢᠨᠠᠷ ᠰᠠᠢᠲᠠᠢ ᠡᠷᠭᠢᠯᠡᠬᠦ᠎ᠶᠢᠨ ᠲᠥᠯᠥᠭᠡ᠂ 7 ᠰᠠᠷ᠎ᠠ᠎ᠶᠢᠨ 16 ᠎ᠤ ᠡᠳᠦᠷ 《ᠳᠤᠮᠳᠠᠳᠤ ᠣᠷᠣᠰ᠎ᠤᠨ ᠰᠤᠷᠭᠠᠨ ᠬᠥᠮᠦᠵᠢᠯ᠎ᠦᠨ ᠣᠨ》 ᠠᠯᠪᠠᠨ ᠰᠦᠯᠵᠢᠶ᠎ᠡ (cnru.moe.edu.cn) ᠵᠢᠩᠬᠢᠨᠢ᠎ᠪᠡᠷ ᠠᠰᠢᠭ᠍ᠯᠠᠯᠲᠠ᠎ᠳᠤ ᠣᠷᠣᠪᠠ᠃


640.jpg


《ᠳᠤᠮᠳᠠᠳᠤ ᠣᠷᠣᠰ᠎ᠤᠨ ᠰᠤᠷᠭᠠᠨ ᠬᠥᠮᠦᠵᠢᠯ᠎ᠦᠨ ᠣᠨ》 ᠠᠯᠪᠠᠨ ᠰᠦᠯᠵᠢᠶ᠎ᠡ ᠨᠢ ᠰᠤᠷᠭᠠᠨ ᠬᠥᠮᠦᠵᠢᠯ᠎ᠦᠨ ᠣᠨ᠎ᠤ ᠭᠣᠣᠯ ᠰᠡᠳᠦᠪ᠎ᠲᠠᠢ ᠨᠢᠭ᠍ᠲᠠ ᠤᠶᠠᠯᠳᠤᠭᠤᠯᠤᠨ᠂ ᠡᠷᠳᠡᠮ ᠰᠢᠨᠵᠢᠯᠡᠭᠡᠨ᠎ᠦ ᠰᠣᠯᠢᠯᠴᠠᠭ᠎ᠠ᠂ ᠠᠵᠢᠯᠲᠠᠨ᠎ᠤ ᠬᠠᠷᠢᠯᠴᠠᠨ ᠠᠶ᠋ᠢᠯᠴᠢᠯᠠᠯᠲᠠ᠂ ᠲᠥᠷᠥᠯ ᠵᠦᠢᠯ᠎ᠢ ᠬᠠᠮᠲᠤ᠎ᠪᠠᠷ ᠪᠠᠶ᠋ᠢᠭᠤᠯᠬᠤ᠂ ᠦᠷ᠎ᠡ ᠪᠦᠲᠦᠭᠡᠯ᠎ᠢ ᠳᠡᠯᠭᠡᠷᠡᠭᠦᠯᠬᠦ ᠵᠡᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠴᠢᠬᠤᠯᠠ ᠮᠡᠳᠡᠭᠡ᠎ᠳ᠋ᠤ ᠠᠩᠬᠠᠷᠤᠯ ᠵᠢᠨᠨ ᠲᠥᠪᠯᠡᠷᠡᠭᠦᠯᠬᠦ᠂ ᠬᠠᠮᠵᠢᠯᠴᠠᠨ ᠬᠥᠮᠥᠨ ᠬᠥᠮᠥᠵᠢᠭᠦᠯᠬᠦ᠂ ᠬᠠᠮᠲᠤᠷᠠᠨ ᠰᠢᠨ᠎ᠡ᠎ᠶᠢ ᠡᠭᠦᠳᠬᠦ᠂ ᠵᠠᠯᠠᠭᠤᠴᠤᠳ ᠪᠠᠭᠠᠴᠤᠳ᠎ᠤᠨ ᠰᠣᠯᠢᠯᠴᠠᠭ᠎ᠠ ᠵᠡᠷᠭᠡ ᠪᠤᠯᠤᠩ ᠭᠠᠷᠭᠠᠵᠤ᠂ ᠡᠯ᠎ᠡ ᠲᠠᠯ᠎ᠠ᠎ᠶᠢᠨ ᠡᠷᠬᠡ ᠰᠦᠷᠲᠦ ᠮᠡᠳᠡᠭᠡ ᠵᠠᠩᠭᠢ ᠪᠠ ᠠᠭᠤᠯᠭ᠎ᠠ᠎ᠶᠢᠨ ᠡᠬᠢ ᠪᠠᠶᠠᠯᠢᠭ᠋᠎ᠢ ᠬᠤᠷᠠᠮᠳᠤᠭᠤᠯᠤᠨ᠂ ᠰᠤᠷᠭᠠᠨ ᠬᠥᠮᠦᠵᠢᠯ᠎ᠦᠨ ᠣᠨ᠎ᠤ ᠬᠤᠭᠤᠴᠠᠭᠠᠨ᠎ᠳᠠᠬᠢ ᠬᠣᠶᠠᠷ ᠤᠯᠤᠰ᠎ᠤᠨ ᠰᠤᠷᠭᠠᠨ ᠬᠥᠮᠦᠵᠢᠯ᠎ᠦᠨ ᠬᠠᠮᠲᠤᠷᠠᠯᠴᠠᠭ᠎ᠠ ᠪᠠ ᠰᠣᠶᠣᠯ ᠢᠷᠭᠡᠨᠰᠢᠯ᠎ᠤᠨ ᠰᠣᠯᠢᠯᠴᠠᠭᠠᠨ᠎ᠤ ᠴᠣᠭ ᠵᠢᠪᠬᠤᠭ᠎ᠠ ᠪᠠ ᠬᠥᠳᠡᠯᠦᠯ ᠪᠠᠢᠳᠠᠯ᠎ᠢ ᠪᠥᠬᠥ ᠲᠠᠯ᠎ᠠ᠎ᠪᠠᠷ ᠳᠡᠯᠭᠡᠨ ᠦᠵᠡᠭᠦᠯᠬᠦ ᠪᠤᠯᠤᠨ᠎ᠡ᠃  

ᠠᠯᠪᠠᠨ ᠰᠦᠯᠵᠢᠶ᠎ᠡ ᠨᠢ ᠬᠣᠶᠠᠷ ᠤᠯᠤᠰ᠎ᠤᠨ ᠰᠤᠷᠭᠠᠨ ᠬᠥᠮᠦᠵᠢᠯ ᠵᠡᠷᠭᠡ ᠡᠯ᠎ᠡ ᠬᠦᠷᠢᠶᠡᠨ᠎ᠳᠡᠬᠢ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠂ ᠵᠠᠯᠠᠭᠤᠴᠤᠳ᠎ᠤᠨ ᠬᠠᠷᠢᠯᠴᠠᠨ ᠰᠤᠷᠤᠯᠴᠠᠵᠤ ᠲᠣᠯᠢᠳᠠᠬᠤ᠎ᠶᠢ ᠠᠬᠢᠭᠤᠯᠬᠤ᠂ ᠠᠷᠠᠳ ᠣᠯᠠᠨ᠎ᠤ ᠨᠥᠬᠥᠷᠯᠡᠯ᠎ᠢ ᠭᠦᠨᠵᠡᠭᠡᠢᠷᠡᠭᠦᠯᠬᠦ᠎ᠳᠦ ᠢᠳᠡᠪᠬᠢᠲᠡᠢ ᠦᠢᠯᠡᠳᠦᠯ ᠦᠵᠡᠭᠦᠯᠬᠦ ᠪᠣᠯᠣᠨ᠎ᠠ᠃ ᠳᠠᠷᠠᠭᠠᠴᠢ ᠵᠢᠨ ᠠᠯᠬᠤᠮ ᠳ᠋ᠤ᠂ ᠠᠯᠪᠠᠨ ᠰᠦᠯᠵᠢᠶ᠎ᠡ ᠨᠢ ᠪᠠᠰᠠ ᠵᠠᠯᠭᠠᠭ᠎ᠠ᠎ᠪᠠᠷ ᠰᠢᠨ᠎ᠡ ᠵᠠᠭᠤᠴᠢᠯᠠᠭᠤᠷ᠎ᠤᠨ ᠠᠵᠢᠯᠯᠠᠭ᠎ᠠ᠂ ᠰᠦᠯᠵᠢᠶᠡᠨ ᠳᠡᠭᠡᠷᠡᠬᠢ ᠬᠢᠲᠠᠳ ᠬᠡᠯᠡᠨ᠎ᠦ ᠰᠤᠷᠤᠯᠴᠠᠯᠭ᠎ᠠ ᠵᠡᠷᠭᠡ ᠪᠤᠯᠤᠩ᠎ᠢ ᠭᠠᠷᠭᠠᠵᠤ᠂ ᠬᠡᠷᠡᠭᠯᠡᠭᠴᠢ᠎ᠶᠢᠨ ᠪᠡᠶᠡᠴᠢ ᠣᠢᠯᠠᠭᠠᠯᠲᠠ᠎ᠶᠢ ᠤᠯᠠᠮ ᠨᠢᠭᠡ ᠠᠯᠬᠤᠮ ᠪᠠᠶᠠᠯᠢᠭ᠍ᠵᠢᠭᠤᠯᠬᠤ ᠪᠣᠯᠣᠨ᠎ᠠ᠃

ᠢᠷᠡᠯᠲᠡ᠄ ᠳᠤᠮᠳᠠᠳᠤ ᠤᠯᠤᠰ᠎ᠤᠨ ᠰᠣᠨᠢᠨ ᠮᠡᠳᠡᠭᠡᠨ᠎ᠦ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号