7 ᠰᠠᠷ᠎ᠠ᠎ᠶᠢᠨ 16᠎ᠤ ᠡᠳᠦᠷ᠂ ᠰᠤᠷᠭᠠᠨ
ᠬᠥᠮᠦᠵᠢᠯ᠎ᠦᠨ ᠶᠠᠮᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠰᠢᠨ᠎ᠡ᠎ᠪᠡᠷ ᠨᠡᠮᠡᠵᠦ ᠨᠥᠬᠥᠪᠦᠷᠢᠯᠡᠭᠰᠡᠨ
ᠵᠢᠩᠬᠢᠨᠢ ᠠᠩᠭᠢ ᠪᠠ ᠲᠤᠰᠬᠠᠢ ᠮᠡᠷᠭᠡᠵᠢᠯ᠎ᠦᠨ 27 ᠲᠤᠰᠬᠠᠢ ᠮᠡᠷᠭᠡᠵᠢᠯ᠎ᠢ ᠨᠡᠢᠲᠡᠯᠡᠪᠡ᠂ ᠡᠭᠦᠨ᠎ᠳᠦ᠂ ᠳᠡᠭᠡᠳᠦ
ᠵᠡᠷᠭᠡ᠎ᠶᠢᠨ ᠠᠵᠢᠯ ᠮᠡᠷᠭᠡᠵᠢᠯ᠎ᠦᠨ ᠲᠤᠰᠬᠠᠢ ᠮᠡᠷᠭᠡᠵᠢᠯ 9᠂ ᠠᠵᠢᠯ ᠮᠡᠷᠭᠡᠵᠢᠯ᠎ᠦᠨ ᠵᠢᠩᠬᠢᠨᠢ ᠠᠩᠭᠢ᠎ᠶᠢᠨ
ᠲᠤᠰᠬᠠᠢ ᠮᠡᠷᠭᠡᠵᠢᠯ 18 ᠪᠠᠢᠵᠤ᠂ 14 ᠲᠤᠰᠬᠠᠢ ᠮᠡᠷᠭᠡᠵᠢᠯ᠎ᠦᠨ ᠶᠡᠬᠡ ᠲᠥᠷᠥᠯ᠂ 20 ᠲᠤᠰᠬᠠᠢ ᠮᠡᠷᠭᠡᠵᠢᠯ᠎ᠦᠨ
ᠲᠥᠷᠥᠯ᠎ᠳᠦ ᠬᠣᠯᠪᠣᠭᠳᠠᠨ᠎ᠠ᠃ ᠰᠢᠨ᠎ᠡ᠎ᠪᠡᠷ ᠨᠡᠮᠡᠭᠰᠡᠨ ᠲᠤᠰᠬᠠᠢ ᠮᠡᠷᠭᠡᠵᠢᠯ ᠳᠤ 2027 ᠣᠨ᠎ᠠᠴᠠ ᠡᠬᠢᠯᠡᠨ
ᠰᠣᠷᠣᠭ᠍ᠴᠢ ᠡᠯᠰᠡᠬᠦ ᠪᠣᠯᠣᠨ᠎ᠠ᠃

ᠰᠤᠷᠪᠤᠯᠵᠢᠯᠠᠭ᠍ᠴᠢ᠎ᠶᠢᠨ ᠣᠢᠯᠠᠭᠠᠭᠰᠠᠨ᠎ᠢᠶᠠᠷ᠂
ᠲᠤᠰ ᠤᠳᠠᠭᠠᠨ᠎ᠤ ᠲᠤᠰᠬᠠᠢ ᠮᠡᠷᠭᠡᠵᠢᠯ᠎ᠦᠨ ᠭᠠᠷᠴᠠᠭ᠎ᠤᠨ ᠨᠡᠮᠡᠯᠲᠡ ᠨᠢ ᠤᠯᠤᠰ᠎ᠤᠨ 《ᠠᠷᠪᠠᠨ ᠲᠠᠪᠤᠳᠤᠭᠠᠷ ᠲᠠᠪᠤᠨ ᠵᠢᠯ》᠎ᠦᠨ
ᠲᠥᠯᠦᠪᠵᠢᠭᠦᠯᠭᠡ᠎ᠶᠢᠨ ᠬᠥᠲᠥᠯᠪᠦᠷᠢ ᠪᠣᠯᠣᠨ《ᠰᠤᠷᠭᠠᠨ ᠬᠥᠮᠦᠵᠢᠯ᠎ᠦᠨ
ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ》 ᠵᠢᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠤᠨ᠂ ᠣᠳᠣᠬᠢᠴᠢᠯᠠᠭᠰᠠᠨ ᠠᠵᠤ
ᠦᠢᠯᠡᠰ᠎ᠦᠨ ᠰᠢᠰᠲᠧᠮ᠎ᠢ ᠪᠠᠶ᠋ᠢᠭᠤᠯᠬᠤ᠂ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠢ ᠥᠨᠳᠥᠷ
ᠪᠦᠲᠦᠮᠵᠢᠲᠡᠢ ᠬᠥᠭᠵᠢᠯᠲᠡ᠎ᠶᠢ ᠠᠬᠢᠭᠤᠯᠬᠤ ᠲᠠᠢ ᠨᠢᠭᠲᠠ ᠤᠶᠠᠯᠳᠤᠭᠤᠯᠵᠤ᠂ ᠰᠢᠨ᠎ᠡ ᠠᠵᠤ ᠦᠢᠯᠡᠰ᠂ ᠰᠢᠨ᠎ᠡ
ᠦᠢᠯᠡᠰ᠎ᠤᠨ ᠬᠠᠨᠳᠤᠰᠢ᠂ ᠰᠢᠨ᠎ᠡ ᠲᠠᠯᠠᠪᠤᠷ ᠤᠷᠴᠢᠨ᠂ ᠰᠢᠨ᠎ᠡ ᠬᠡᠪ ᠵᠠᠭᠪᠤᠷ᠎ᠲᠠᠢ ᠣᠨᠣᠪᠴᠢᠲᠠᠢ
ᠵᠣᠯᠭᠠᠯᠳᠤᠭᠤᠯᠤᠨ᠂ ᠳᠡᠭᠡᠳᠦ ᠤᠷ᠎ᠠ ᠮᠡᠷᠭᠡᠵᠢᠯ᠎ᠦᠨ ᠴᠢᠳᠠᠪᠤᠷᠢᠲᠠᠨ᠎ᠢ ᠬᠥᠮᠥᠵᠢᠭᠦᠯᠬᠦ ᠪᠡᠷ ᠬᠠᠷᠠᠯᠲᠠ
ᠪᠤᠯᠭᠠᠨ᠂ ᠨᠢᠭᠡ ᠪᠦᠯᠦᠭ ᠲᠣᠭᠠᠴᠢᠯᠠᠭᠰᠠᠨ ᠠᠵᠤ ᠠᠬᠤᠢ᠂ ᠤᠢᠷ᠎ᠠ ᠤᠭᠲᠠᠷᠭᠤᠢ ᠵᠢᠨ ᠠᠵᠤ ᠠᠬᠤᠢ᠂
ᠵᠣᠬᠢᠶᠠᠮᠠᠯ ᠤᠶᠤᠨ ᠴᠢᠳᠠᠪᠤᠷᠢ᠂ ᠳᠡᠭᠡᠳᠦ ᠲᠡᠰ᠎ᠤᠨ ᠲᠣᠨᠣᠭᠯᠠᠯ᠂ ᠬᠤᠲᠠ᠎ᠶᠢᠨ ᠰᠢᠨᠡᠴᠢᠯᠡᠯᠲᠡ ᠵᠢᠴᠢ
ᠠᠷᠠᠳ᠎ᠤᠨ ᠠᠮᠢᠳᠤᠷᠠᠯ ᠳ᠋ᠤ ᠳᠤᠲᠠᠭᠳᠠᠵᠤ ᠪᠠᠢᠭ᠎ᠠ ᠵᠦᠢᠯ ᠵᠡᠷᠭᠡ ᠬᠦᠷᠢᠶᠡᠨ᠎ᠦ ᠲᠤᠰᠬᠠᠢ ᠮᠡᠷᠭᠡᠵᠢᠯ᠎ᠢ
ᠭᠣᠣᠯᠳᠠᠯᠭ᠎ᠠ᠎ᠲᠠᠢ ᠨᠡᠮᠡᠨ ᠲᠣᠬᠢᠷᠠᠭᠤᠯᠪᠠ᠃
ᠣᠢᠯᠠᠭᠠᠭᠰᠠᠨ᠎ᠢᠶᠠᠷ᠂ 《ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠲᠤᠰᠬᠠᠢ ᠮᠡᠷᠭᠡᠵᠢᠯ᠎ᠦᠨ ᠭᠠᠷᠴᠠᠭ ( 2021
ᠣᠨ )》᠎ᠢ ᠨᠡᠢᠲᠡᠯᠡᠭᠰᠡᠨ᠎ᠡᠴᠡ ᠨᠠᠭᠠᠰᠢ᠂ ᠠᠵᠢᠯ ᠮᠡᠷᠭᠡᠵᠢᠯ᠎ᠦᠨ
ᠰᠤᠷᠭᠠᠨ ᠬᠥᠮᠦᠵᠢᠯ ᠨᠢ ᠠᠵᠤ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ ᠱᠠᠭᠠᠷᠳᠠᠯᠭ᠎ᠠ᠎ᠲᠠᠢ ᠨᠢᠭ᠍ᠲᠠ
ᠤᠶᠠᠯᠳᠤᠭᠤᠯᠤᠨ᠂ ᠲᠤᠰᠬᠠᠢ ᠮᠡᠷᠭᠡᠵᠢᠯ᠎ᠦᠨ ᠬᠠᠩᠭᠠᠯᠭ᠎ᠠ᠎ᠶᠢ ᠦᠷᠭᠦᠯᠵᠢᠯᠡᠨ ᠰᠢᠯᠢᠳᠡᠭᠵᠢᠭᠦᠯᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ
ᠣᠨ᠎ᠤ ᠨᠡᠮᠡᠯᠲᠡ ᠨᠥᠬᠥᠪᠦᠷᠢ᠎ᠶᠢ ᠥᠷᠨᠢᠭᠦᠯᠵᠦ᠂ ᠤᠷᠢᠳ ᠬᠣᠵᠢᠳ ᠨᠡᠶ᠋ᠢᠲᠡ 169 ᠲᠤᠰᠬᠠᠢ ᠮᠡᠷᠭᠡᠵᠢᠯ ᠨᠡᠮᠡᠵᠦ
ᠨᠥᠬᠥᠪᠦᠷᠢᠯᠡᠵᠦ᠂ ᠨᠡᠮᠡᠭᠳᠡᠯ ᠨᠢ ᠲᠤᠰᠬᠠᠢ ᠮᠡᠷᠭᠡᠵᠢᠯ᠎ᠦᠨ ᠭᠠᠷᠴᠠᠭ᠎ᠤᠨ ᠶᠡᠷᠦᠩᠬᠡᠢ ᠬᠡᠮᠵᠢᠶᠡᠨ᠎ᠦ 11%᠎ᠶᠢ
ᠡᠵᠡᠯᠡᠵᠦ᠂ ᠲᠤᠰᠬᠠᠢ ᠮᠡᠷᠭᠡᠵᠢᠯ᠎ᠦᠨ ᠪᠦᠲᠦᠴᠡ ᠪᠣᠯᠣᠨ ᠠᠵᠤ ᠦᠢᠯᠡᠰ᠎ᠦᠨ ᠬᠡᠷᠡᠭᠴᠡᠭᠡ ᠱᠠᠭᠠᠷᠳᠠᠯᠭ᠎ᠠ᠎ᠶᠢᠨ
ᠲᠣᠬᠢᠷᠠᠮᠵᠢᠲᠠᠢ ᠬᠡᠮᠵᠢᠶ᠎ᠡ᠎ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃
ᠢᠷᠡᠯᠲᠡ᠄ ᠠᠷᠠᠳ᠎ᠤᠨ ᠰᠦᠯᠵᠢᠶ᠎ᠡ