ᠵᠤᠨ᠎ᠤ ᠠᠮᠠᠷᠠᠯᠲᠠ ᠪᠣᠯᠬᠤ᠎ᠪᠡᠷ ᠥᠪᠥᠷ
ᠮᠣᠩᠭᠣᠯ 2026
ᠣᠨ᠎ᠤ
ᠣᠶᠤᠲᠠᠳ᠎ᠤᠨ 《ᠰᠢᠨ᠎ᠡ ᠴᠠᠭ ᠦᠶ᠎ᠡ᠎ᠳᠦ ᠡᠷᠡᠯᠬᠡᠭᠯᠡᠨ ᠤᠷᠤᠭᠰᠢᠯᠠᠵᠤ ᠥᠪᠥᠷ ᠮᠣᠩᠭᠣᠯ᠎ᠢ ᠤᠢᠯᠠᠭᠠᠬᠤᠢ ᠲᠠᠨᠢᠬᠤᠢ》 ᠭᠣᠣᠯ
ᠰᠡᠳᠦᠪᠲᠦ ᠨᠡᠢᠭᠡᠮ᠎ᠦᠨ ᠦᠢᠯᠡᠳᠦᠯᠭᠡ᠎ᠶᠢᠨ ᠠᠵᠢᠯᠯᠠᠭ᠎ᠠ᠎ᠶᠢ ᠪᠦᠬᠦ ᠲᠠᠯ᠎ᠠ᠎ᠪᠠᠷ ᠡᠬᠢᠯᠡᠭᠦᠯᠪᠡ᠃
ᠲᠤᠰ ᠤᠳᠠᠭᠠᠨ᠎ᠤ ᠨᠡᠢᠭᠡᠮ᠎ᠤᠨ ᠦᠢᠯᠡᠳᠦᠯᠭᠡ
ᠵᠢᠨ ᠠᠵᠢᠯᠯᠠᠭ᠎ᠠ ᠨᠢ ᠥᠷᠭᠡᠨ ᠤᠯᠠᠨ ᠵᠠᠯᠠᠭᠤ ᠪᠠᠭ᠍ᠰᠢ ᠰᠤᠷᠤᠭ᠍ᠴᠢᠳ᠎ᠢ ᠬᠦᠳᠦᠯᠦᠨ ᠵᠢᠯᠤᠭᠤᠳᠴᠤ᠂ ᠳᠤᠮᠳᠠᠳᠤ᠎ᠶᠢᠨ
ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ ᠭᠣᠣᠯ ᠰᠢᠵᠢᠮ᠎ᠤᠨ ᠳᠤᠭᠤᠷᠢᠨ ᠳ᠋ᠤ᠂
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠳᠤᠮᠳᠠᠳᠤ ᠤᠯᠤᠰ᠎ᠤᠨ
ᠮᠠᠶᠢᠭ᠋᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠦᠢᠯᠡᠳᠦᠯᠭᠡ ᠵᠢᠨ ᠳᠤᠮᠳᠠ ᠡᠬᠦᠷᠭᠡᠯᠡᠯ ᠬᠠᠷᠢᠭᠤᠴᠠᠯᠭ᠎ᠠ
ᠲᠠᠢ ᠪᠠᠢᠬᠤ ᠵᠢ ᠰᠠᠨᠠᠭᠠᠴᠢᠯᠠᠵᠠᠢ᠃
ᠨᠡᠢᠭᠡᠮ᠎ᠤᠨ ᠦᠢᠯᠡᠳᠦᠯᠭᠡ ᠵᠢᠨ ᠠᠵᠢᠯᠯᠠᠭ᠎ᠠ
ᠨᠢ ᠪᠦᠬᠦ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠡᠬᠢᠯᠡᠯᠲᠡ᠎ᠶᠢᠨ ᠴᠢᠨᠠᠷ
ᠰᠠᠢᠲᠠᠢ ᠬᠥᠭᠵᠢᠯᠲᠡ᠎ᠶᠢᠨ ᠬᠠᠷᠠᠯᠲᠠ᠎ᠳᠤ ᠰᠠᠭᠤᠷᠢᠯᠠᠵᠤ᠂ ᠶᠡᠬᠡ ᠳᠡᠭᠡᠳᠦ ᠰᠤᠷᠭᠠᠭᠤᠯᠢ᠎ᠶᠢᠨ ᠰᠢᠨᠵᠢᠯᠡᠭᠡᠨ᠎ᠦ
ᠰᠠᠯᠠᠭ᠎ᠠ᠎ᠶᠢᠨ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ
ᠵᠢᠷᠭᠤᠭᠠᠨ ᠶᠡᠬᠡ ᠦᠢᠯᠡᠳᠦᠯᠭᠡ᠎ᠶᠢᠨ ᠠᠷᠭ᠎ᠠ ᠵᠠᠮ᠎ᠢ ᠨᠠᠷᠢᠯᠢᠭ᠋ ᠣᠨᠣᠴᠠᠲᠠᠢ ᠪᠠᠢᠷᠢᠰᠢᠭᠤᠯᠪᠠ᠄ ᠥᠪᠥᠷ
ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠂
ᠥᠪᠥᠷ ᠮᠣᠩᠭᠣᠯ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠂
ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠪᠠᠷ
ᠲᠦᠷᠦᠭᠦᠯᠡᠭᠦᠯᠦᠨ ᠲᠣᠰ ᠲᠣᠰ 《ᠡᠨᠧᠷᠭᠢ᠎ᠶᠢᠨ ᠬᠦᠴᠦᠷᠬᠡᠭ ᠤᠯᠤᠰ》᠂ 《ᠬᠥᠳᠡᠭᠡ ᠲᠣᠰᠬᠣᠨ᠎ᠢ ᠬᠥᠭᠵᠢᠭᠦᠯᠦᠨ
ᠮᠠᠨᠳᠤᠭᠤᠯᠬᠤ》᠂ 《ᠠᠮᠢ ᠠᠬᠤᠢ᠎ᠶᠢᠨ ᠪᠣᠯᠪᠠᠰᠤᠨ》᠂ 《ᠬᠢᠯᠢ ᠬᠢᠵᠠᠭᠠᠷ ᠲᠤ᠌ ᠪᠢᠳᠡ ᠪᠠᠢᠨ᠎ᠠ》᠂ 《ᠤᠮᠠᠷᠠᠰᠢ ᠨᠡᠭᠡᠭᠡᠯᠲᠡ ᠬᠢᠬᠦ》᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠵᠡᠷᠭᠡ ᠵᠢᠷᠭᠤᠭᠠᠨ ᠶᠡᠬᠡ ᠭᠤᠤᠯ ᠰᠡᠳᠦᠪᠳᠦ
ᠨᠡᠢᠭᠡᠮ᠎ᠦᠨ ᠦᠢᠯᠡᠳᠦᠯᠭᠡ ᠵᠢᠨ ᠪᠦᠯᠬᠦᠮ᠎ᠢ ᠵᠣᠬᠢᠶᠠᠨ ᠪᠠᠢᠭᠤᠯᠵᠤ᠂ ᠡᠯ᠎ᠡ ᠦᠢᠯᠡᠳᠦᠯᠭᠡ᠎ᠶᠢᠨ ᠪᠦᠯᠬᠦᠮ᠎ᠤᠨ
ᠬᠢᠨ ᠠᠵᠤ ᠦᠢᠯᠡᠰ᠎ᠦᠨ ᠬᠦᠷᠢᠶᠡᠯᠡᠩ ᠲᠣᠭᠣᠷᠢᠭ᠋᠂ ᠮᠠᠯᠵᠢᠬᠤ ᠲᠠᠷᠢᠶᠠᠯᠠᠬᠤ ᠣᠷᠣᠨ᠂ ᠬᠢᠯᠢ᠎ᠶᠢᠨ ᠪᠣᠭᠣᠮᠲᠠ᠂
ᠨᠡᠢᠭᠡᠮ ᠲᠣᠭᠣᠷᠢᠭ᠋ ᠵᠡᠭᠡᠯᠢ ᠭᠤᠳᠤᠮᠵᠢ᠂ ᠬᠤᠪᠢᠰᠬᠠᠯ᠎ᠤᠨ ᠬᠥᠮᠦᠵᠢᠯ᠎ᠦᠨ ᠰᠠᠭᠤᠷᠢᠨ ᠳ᠋ᠤ ᠭᠦᠨᠵᠡᠭᠡᠢᠷᠡᠵᠦ᠂
ᠪᠠᠢᠴᠠᠭᠠᠨ ᠰᠤᠳᠤᠯᠵᠤ ᠰᠤᠷᠪᠤᠯᠵᠢᠯᠠᠬᠤ᠂ ᠮᠡᠷᠭᠡᠵᠢᠯ᠎ᠦᠨ ᠪᠣᠭᠣᠮᠲᠠ ᠰᠢᠪᠲᠤᠯᠬᠤ᠂ ᠣᠨᠣᠯ᠎ᠤᠨ ᠤᠬᠠᠭᠤᠯᠤᠨ ᠲᠠᠢᠯᠪᠤᠷᠢᠯᠠᠬᠤ᠂
ᠰᠠᠢᠨ ᠳᠤᠷ᠎ᠠ᠎ᠶᠢᠨ ᠦᠢᠯᠡᠴᠢᠯᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠦᠷ᠎ᠡ
ᠪᠦᠲᠦᠭᠡᠯ᠎ᠢ ᠤᠨᠳᠤᠤᠰᠢᠭᠤᠯᠬᠤ ᠵᠡᠷᠭᠡ ᠣᠯᠠᠨ ᠡᠰᠢᠲᠦ ᠦᠢᠯᠡᠳᠦᠯᠭᠡ᠎ᠵᠢᠨ ᠠᠵᠢᠯᠯᠠᠭ᠎ᠠ ᠥᠷᠨᠢᠭᠦᠯᠵᠦ᠂ ᠡᠨᠧᠷᠭᠢ᠎ᠶᠢ
ᠰᠢᠯᠢᠳᠡᠭᠵᠢᠭᠦᠯᠬᠦ ᠲᠥᠰᠥᠯ᠂ ᠣᠶᠤᠨᠲᠤ ᠮᠠᠯᠵᠢᠯ᠎ᠤᠨ ᠲᠠᠯᠠᠪᠠᠶ᠎ᠶᠢᠨ ᠪᠦᠲᠦᠭᠡᠨ ᠪᠠᠢᠭᠤᠯᠤᠯᠲᠠ᠎ᠶᠢᠨ ᠲᠥᠯᠦᠪᠵᠢᠭᠦᠯᠭᠡ᠂
ᠴᠦᠯᠯᠡᠷᠭᠡᠭᠵᠢᠯ᠎ᠢ ᠰᠡᠷᠭᠡᠢᠯᠡᠨ ᠵᠠᠰᠠᠬᠤ ᠰᠤᠳᠤᠯᠭᠠᠨ᠎ᠤ ᠮᠡᠳᠡᠭᠦᠯᠦᠯᠲᠡ᠂ ᠬᠢᠯᠢ ᠬᠢᠵᠠᠭᠠᠷ᠎ᠢ ᠬᠦᠭᠵᠢᠬᠦᠯᠬᠦ
ᠲᠤᠬᠠᠢ ᠵᠠᠰᠠᠭ᠎ᠤᠨ ᠶᠠᠪᠤᠳᠠᠯ᠎ᠤᠨ ᠵᠦᠪᠯᠡᠯᠭᠡ᠂ ᠣᠶᠤᠨᠲᠤ ᠪᠣᠭᠣᠮᠲᠠ᠎ᠶᠢᠨ ᠲᠠᠰ ᠳᠡᠪᠰᠢᠭᠦᠯᠬᠦ ᠲᠥᠰᠥᠯ᠂ ᠦᠨᠳᠦᠰᠦᠲᠡᠨ᠎ᠦ
ᠪᠦᠯᠬᠦᠮᠳᠡᠯ᠎ᠦᠨ ᠳᠤᠬᠠᠢ ᠬᠦᠤᠷᠨᠢᠯ ᠵᠡᠷᠭᠡ ᠪᠤᠳᠠᠳᠠᠢ ᠳ᠋ᠤ ᠨᠠᠢᠳᠠᠪᠤᠷᠢᠵᠢᠭᠤᠯᠵᠤ ᠪᠤᠯᠬᠤ᠂ ᠳᠡᠯᠭᠡᠷᠡᠭᠦᠯᠵᠦ
ᠪᠣᠯᠬᠤ ᠨᠢᠭᠡ ᠪᠦᠯᠦᠭ ᠣᠨᠴᠠᠯᠢᠭ᠍ᠲᠤ ᠦᠢᠯᠡᠳᠦᠯᠭᠡ᠎ᠶᠢᠨ ᠦᠷ᠎ᠡ ᠪᠦᠲᠦᠭᠡᠯ᠎ᠢ ᠪᠣᠶ ᠪᠣᠯᠭᠠᠨ᠎ᠠ᠃
ᠵᠠᠯᠭᠠᠭᠠᠳ ᠪᠦᠬᠦ ᠣᠷᠣᠨ᠎ᠤ ᠡᠯ᠎ᠡ ᠶᠡᠬᠡ
ᠳᠡᠭᠡᠳᠦ ᠰᠤᠷᠭᠠᠭᠤᠯᠢ᠎ᠶᠢᠨ ᠦᠢᠯᠡᠳᠦᠯᠭᠡ᠎ᠶᠢᠨ ᠪᠦᠯᠬᠦᠮ᠎ᠦᠨ ᠬᠢᠨ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ
ᠬᠦᠷᠴᠦ ᠲᠥᠪᠯᠡᠷᠡᠩᠭᠦᠢ ᠦᠢᠯᠡᠳᠦᠯᠭᠡ ᠥᠷᠨᠢᠭᠦᠯᠵᠦ᠂ ᠬᠢᠴᠢᠶᠡᠯ᠎ᠦᠨ ᠲᠠᠩᠬᠢᠮ᠎ᠤᠨ ᠮᠡᠳᠡᠯᠭᠡ᠎ᠶᠢ ᠬᠢᠯᠢ ᠬᠢᠵᠠᠭᠠᠷᠲᠸ᠋
ᠪᠤᠳᠠᠳᠠᠢᠵᠢᠭᠤᠯᠵᠤ᠂ ᠡᠨᠧᠷᠭᠢ᠎ᠶᠢᠨ ᠬᠡᠯᠪᠡᠷᠢ᠎ᠶᠢ ᠬᠤᠪᠢᠷᠠᠭᠤᠯᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂
ᠠᠮᠢ ᠠᠬᠤᠢ᠎ᠵᠢᠨ ᠬᠠᠮᠠᠭᠠᠯᠠᠯᠳᠠ᠂ ᠤᠮᠠᠷᠠᠰᠢ ᠨᠡᠭᠡᠭᠡᠯᠲᠡ ᠬᠢᠬᠦ᠂ ᠦᠨᠳᠦᠰᠦᠲᠡᠨ᠎ᠦ ᠪᠦᠯᠬᠦᠮᠳᠡᠯ᠂ ᠬᠢᠯᠢ ᠬᠢᠵᠠᠭᠠᠷ᠎ᠢ
ᠰᠠᠬᠢᠨ ᠬᠠᠮᠠᠭᠠᠯᠠᠬᠤ ᠡᠮᠦᠨ᠎ᠡ ᠹᠷᠣᠨᠲ᠎ᠲᠤ ᠬᠥᠮᠦᠵᠢᠯ ᠬᠦᠷᠲᠡᠵᠦ᠂ ᠡᠷᠳᠡᠮ ᠴᠢᠳᠠᠪᠤᠷᠢ᠎ᠪᠠᠨ
ᠳᠡᠭᠡᠭᠰᠢᠯᠡᠭᠦᠯᠵᠦ᠂ ᠬᠤᠪᠢ ᠨᠡᠮᠡᠷᠢ ᠦᠵᠡᠭᠦᠯᠬᠦ ᠪᠣᠯᠣᠨ᠎ᠠ᠃