ᠠᠷᠪᠠᠨ ᠨᠢᠭᠡᠳᠦᠭᠡᠷ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠳᠤᠭᠠᠷ ᠡᠭᠡᠯᠵᠢ᠎ᠶᠢᠨ ᠲᠣᠭᠣᠷᠢᠨ ᠪᠠᠢᠴᠠᠭᠠᠯᠳᠠ ᠵᠢᠨ ᠬᠠᠷᠢᠭᠤ ᠲᠤᠰᠬᠠᠬᠤ ᠠᠵᠢᠯ ᠳᠠᠭᠤᠰᠴᠠᠢ
2026-07-18 11:18:12
ᠵᠣᠬᠢᠶᠠᠭ᠍ᠴᠢ᠄
ᠪᠠᠢ ᠳ᠋ᠠᠨ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠷᠢᠯᠠᠭᠤᠯᠤᠯᠲᠠ᠎ᠶᠢ ᠥᠨᠲᠥᠰᠤᠯᠠᠵᠤ ᠠᠷᠪᠠᠨ ᠨᠢᠭᠡᠳᠦᠭᠡᠷ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠳᠤᠭᠠᠷ ᠡᠭᠡᠯᠵᠢ᠎ᠶᠢᠨ ᠲᠣᠭᠣᠷᠢᠨ ᠪᠠᠢᠴᠠᠭᠠᠯᠳᠠ ᠵᠢᠨ ᠬᠠᠷᠢᠭᠤ ᠲᠤᠰᠬᠠᠬᠤ ᠠᠵᠢᠯ ᠣᠢᠷ᠎ᠠ᠎ᠳᠦ ᠪᠦᠬᠦᠨ ᠵᠢᠡᠷ ᠵᠢᠡᠨ ᠳᠠᠭᠤᠰᠪᠠ᠃ ᠲᠤᠰ ᠡᠭᠡᠯᠵᠢ᠎ᠶᠢᠨ ᠲᠣᠭᠣᠷᠢᠨ ᠪᠠᠢᠴᠠᠭᠠᠯᠲᠠ ᠵᠢᠨ ᠬᠠᠷᠢᠭᠤ ᠲᠤᠰᠬᠠᠬᠤ ᠠᠵᠢᠯ᠎ᠢ ᠲᠥᠪᠯᠡᠷᠡᠭᠦᠯᠦᠨ ᠬᠠᠷᠢᠭᠤ ᠲᠤᠰᠬᠠᠬᠤ ᠪᠠ ᠲᠣᠭᠣᠷᠢᠨ ᠪᠠᠢᠴᠠᠭᠠᠬᠤ ᠳᠤᠭᠤᠢᠯᠠᠩ᠎ᠤᠨ ᠨᠢᠭᠤᠷᠳᠠᠨ ᠬᠠᠷᠢᠭᠤ ᠲᠤᠰᠬᠠᠬᠤ᠎ᠶᠢ ᠤᠶᠠᠯᠳᠤᠭᠤᠯᠬᠤ ᠠᠷᠭ᠎ᠠ ᠬᠡᠯᠪᠡᠷᠢ᠎ᠪᠡᠷ ᠶᠠᠪᠤᠭᠳᠠᠭᠤᠯᠪᠡ᠃

ᠲᠥᠪᠯᠡᠷᠡᠭᠦᠯᠦᠨ ᠬᠠᠷᠢᠭᠤ ᠲᠤᠰᠬᠠᠬᠤ ᠬᠤᠷᠠᠯ᠎ᠡᠴᠡ ᠶᠡᠷᠦᠩᠬᠡᠢ ᠱᠦᠵᠢ ᠰᠢ᠎ᠶᠢᠨ ᠫᠢᠩ᠎ᠤᠨ ᠲᠣᠭᠣᠷᠢᠨ ᠪᠠᠢᠴᠠᠭᠠᠬᠤ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠥᠩ᠎ᠦᠨ ᠠᠷᠪᠠᠳᠤᠭᠠᠷ ᠡᠭᠡᠯᠵᠢ᠎ᠶᠢᠨ ᠲᠣᠭᠣᠷᠢᠨ ᠪᠠᠢᠴᠠᠭᠠᠯᠲᠠ ᠵᠢᠨ ᠶᠡᠷᠦᠩᠬᠡᠢᠯᠡᠭᠰᠡᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠬᠤ ᠦᠶ᠎ᠡ᠎ᠶᠢᠨ ᠶᠠᠷᠢᠶ᠎ᠠ᠎ᠶᠢ ᠤᠯᠠᠮᠵᠢᠯᠠᠨ ᠰᠤᠷᠤᠯᠴᠠᠵᠤ᠂ ᠲᠣᠭᠣᠷᠢᠨ ᠪᠠᠢᠴᠠᠭᠠᠯᠲᠠ᠎ᠳᠦ ᠢᠯᠡᠷᠡᠭᠦᠯᠦᠭᠰᠡᠨ ᠲᠣᠪᠣᠢᠮ᠎ᠠ ᠠᠰᠠᠭᠤᠳᠠᠯ᠎ᠢ ᠵᠠᠷᠯᠠᠨ ᠮᠡᠳᠡᠭᠳᠡᠵᠦ᠂ ᠲᠣᠭᠣᠷᠢᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ ᠠᠵᠢᠯ᠎ᠢ ᠰᠠᠢᠲᠤᠷ ᠠᠳᠬᠤᠬᠤ ᠲᠤᠬᠠᠢ ᠪᠠᠢᠷᠢᠯᠠᠭᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠲᠣᠭᠣᠷᠢᠨ ᠪᠠᠢᠴᠠᠭᠠᠬᠤ ᠠᠵᠢᠯ᠎ᠤᠨ ᠤᠳᠤᠷᠢᠳᠬᠤ ᠳᠤᠭᠤᠢᠯᠠᠩ᠎ᠤᠨ ᠳᠠᠷᠤᠭ᠎ᠠ ᠯᠢᠦ ᠱᠤᠸᠠᠩ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠲᠣᠭᠣᠷᠢᠨ ᠪᠠᠢᠴᠠᠭᠠᠬᠤ ᠠᠵᠢᠯ᠎ᠤᠨ ᠤᠳᠤᠷᠢᠳᠬᠤ ᠳᠤᠭᠤᠢᠯᠠᠩ᠎ᠤᠨ ᠳᠡᠳ᠋ ᠳᠠᠷᠤᠭ᠎ᠠ ᠯᠢ ᠳ᠋ᠦᠩ ᠰᠢᠦᠢ ᠬᠤᠷᠠᠯ᠎ᠳᠤ ᠣᠷᠣᠯᠴᠠᠪᠠ᠃ 10 ᠲᠣᠭᠣᠷᠢᠨ ᠪᠠᠢᠴᠠᠭᠠᠬᠤ ᠳᠤᠭᠤᠢᠯᠠᠩ ᠲᠤᠰ ᠲᠤᠰ 16 ᠠᠵᠢᠯ ᠦᠢᠯᠡᠰ᠎ᠦᠨ ᠨᠢᠭᠡᠴᠢ᠂ 12 ᠵᠢᠩᠬᠢᠨᠢ ᠠᠩᠭᠢ᠎ᠶᠢᠨ ᠶᠡᠬᠡ ᠳᠡᠭᠡᠳᠦ ᠰᠤᠷᠭᠠᠭᠤᠯᠢ᠎ᠶᠢᠨ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) ᠳ᠋ᠤ ᠲᠣᠭᠣᠷᠢᠨ ᠪᠠᠢᠴᠠᠭᠠᠭᠰᠠᠨ ᠪᠠᠢᠳᠠᠯ ᠵᠢᠡᠨ ᠨᠢᠭᠤᠷᠳᠠᠨ ᠬᠠᠷᠢᠭᠤ ᠲᠤᠰᠬᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ ᠱᠢ ᠭᠤᠸᠠᠩ ᠬᠤᠢ ᠵᠡᠷᠭᠡ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠤᠳᠤᠷᠢᠳᠬᠤ ᠨᠥᠬᠥᠳ ᠲᠤᠰ ᠲᠤᠰ ᠬᠡᠰᠡᠭ ᠬᠠᠷᠢᠭᠤ ᠲᠤᠰᠬᠠᠬᠤ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃

ᠬᠠᠷᠢᠭᠤ ᠲᠤᠰᠬᠠᠬᠤ᠎ᠳᠦ᠂ ᠲᠣᠭᠣᠷᠢᠨ ᠪᠠᠢᠴᠠᠭᠠᠬᠤ ᠪᠣᠯ ᠤᠯᠤᠰ ᠲᠦᠷᠦ᠎ᠶᠢᠨ ᠪᠡᠶ᠎ᠡ᠎ᠶᠢᠨ ᠪᠠᠢᠴᠠᠭᠠᠯᠲᠠ ᠮᠥᠨ᠂ ᠴᠡᠭᠴᠡᠯᠡᠨ ᠰᠠᠢᠵᠢᠷᠠᠭᠤᠯᠬᠤ ᠪᠣᠯ ᠤᠯᠤᠰ ᠲᠦᠷᠦ᠎ᠶᠢᠨ ᠰᠢᠯᠭᠠᠯᠲᠠ ᠮᠥᠨ᠃ ᠲᠣᠭᠣᠷᠢᠨ ᠪᠠᠢᠴᠠᠭᠠᠯᠲᠠ᠎ᠶᠢ ᠬᠦᠯᠢᠶᠡᠭᠰᠡᠨ ᠨᠠᠮ᠎ᠤᠨ ᠵᠣᠬᠢᠶᠠᠨ ᠪᠠᠢᠭᠤᠯᠤᠯᠲᠠ  ᠶᠡᠷᠦᠩᠬᠡᠢ ᠱᠦᠵᠢ ᠰᠢ᠎ᠶᠢᠨ ᠫᠢᠩ᠎ᠤᠨ ᠲᠣᠭᠣᠷᠢᠨ ᠪᠠᠢᠴᠠᠭᠠᠬᠤ ᠠᠵᠢᠯ᠎ᠤᠨ ᠲᠤᠬᠠᠢ ᠴᠢᠬᠤᠯᠠ ᠥᠭᠦᠯᠡᠯᠲᠡ ᠢᠯᠠᠩᠭᠤᠶ᠎ᠠ ᠲᠣᠭᠣᠷᠢᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ ᠲᠤᠬᠠᠢ ᠴᠢᠬᠤᠯᠠ ᠵᠢᠭᠠᠪᠤᠷᠢ᠎ᠶᠢᠨ ᠱᠠᠭᠠᠷᠳᠠᠯᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠣᠭᠣᠷᠢᠨ ᠪᠠᠢᠴᠠᠭᠠᠯᠲᠠ᠎ᠶᠢᠨ 《ᠰᠡᠭᠦᠯᠴᠢ᠎ᠶᠢᠨ ᠬᠠᠭᠠᠰ ᠠᠵᠢᠯ》 ᠢ᠋ ᠰᠠᠢᠲᠤᠷ ᠬᠢᠬᠦ ᠤᠯᠤᠰ ᠲᠦᠷᠦ᠎ᠶᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠦᠢᠯᠡ ᠠᠵᠢᠯᠯᠠᠭ᠎ᠠ᠎ᠶᠢᠨ ᠤᠬᠠᠮᠰᠠᠷ᠎ᠢᠶᠠᠨ ᠦᠨᠡᠨ ᠬᠦ᠌ ᠴᠢᠩᠭᠠᠳᠬᠠᠬᠤ ᠬᠡᠷᠡᠭᠲᠡᠢ᠃ ᠲᠣᠭᠣᠷᠢᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ᠎ᠶᠢ ᠰᠢ ᠵᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠶᠡᠷᠦᠩᠬᠡᠢ ᠱᠦᠵᠢ᠎ᠶᠢᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠡ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ᠎ᠲᠠᠢ ᠤᠶᠠᠯᠳᠤᠭᠤᠯᠵᠤ᠂ ᠲᠥᠪ᠎ᠦᠨ ᠲᠣᠭᠣᠷᠢᠨ ᠪᠠᠢᠴᠠᠭᠠᠵᠤ ᠴᠡᠭᠴᠡᠯᠡᠨ ᠰᠠᠢᠵᠢᠷᠠᠭᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠎ᠲᠠᠢ ᠤᠶᠠᠯᠳᠤᠭᠤᠯᠵᠤ᠂ ᠲᠣᠭᠣᠷᠢᠨ ᠪᠠᠢᠴᠠᠭᠠᠬᠤ᠎ᠪᠠᠷ ᠴᠡᠭᠴᠡᠯᠡᠨ ᠰᠠᠢᠵᠢᠷᠠᠭᠤᠯᠬᠤ ᠵᠢ ᠠᠬᠢᠭᠤᠯᠬᠤ᠂ ᠲᠣᠭᠣᠷᠢᠨ ᠪᠠᠢᠴᠠᠭᠠᠬᠤ᠎ᠪᠠᠷ ᠪᠦᠲᠦᠭᠡᠨ ᠪᠠᠢᠭᠤᠯᠤᠯᠲᠠ᠎ᠶᠢ ᠠᠬᠢᠭᠤᠯᠬᠤ᠂ ᠲᠣᠭᠣᠷᠢᠨ ᠪᠠᠢᠴᠠᠭᠠᠬᠤ᠎ᠪᠠᠷ ᠴᠡᠭᠴᠡᠯᠡᠨ ᠵᠠᠰᠠᠬᠤ᠎ᠶᠢ ᠠᠬᠢᠭᠤᠯᠬᠤ ᠠᠵᠢᠯ᠎ᠢ ᠲᠠᠰᠤᠷᠠᠯᠲᠠ ᠦᠭᠡᠢ ᠭᠦᠨᠵᠡᠭᠡᠢᠷᠡᠭᠦᠯᠬᠦ ᠬᠡᠷᠡᠭᠲᠡᠢ᠃ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ᠎ᠶᠢ ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠢ ᠵᠦᠪ ᠦᠵᠡᠯᠲᠡ ᠵᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠦᠮᠦᠵᠢᠯ᠎ᠳᠦ ᠣᠷᠣᠭᠤᠯᠵᠤ᠂ ᠬᠠᠷᠢᠭᠤ ᠲᠤᠰᠬᠠᠬᠰᠠᠨ᠎ᠠᠰᠠᠭᠤᠳᠠᠯ ᠲᠠᠢ ᠬᠠᠷᠭᠤᠭᠤᠯᠤᠨ ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠢ ᠵᠦᠪ ᠦᠵᠡᠯᠲᠡ᠎ᠶᠢᠨ ᠲᠠᠯ᠎ᠠ᠎ᠪᠠᠷ ᠣᠷᠣᠰᠢᠵᠤ ᠪᠠᠢᠭ᠎ᠠ ᠵᠥᠷᠢᠶ᠎ᠡ᠎ᠶᠢ ᠭᠦᠨᠵᠡᠭᠡᠢ ᠡᠷᠢᠵᠦ᠂ ᠦᠵᠡᠯ ᠰᠠᠨᠠᠭ᠎ᠠ ᠲᠠᠨᠢᠯᠲᠠ᠎ᠶᠢᠨ ᠠᠰᠠᠭᠤᠳᠠᠯ ᠪᠣᠯᠣᠨ ᠪᠣᠳᠠᠲᠠᠢ ᠠᠰᠠᠭᠤᠳᠠᠯ᠎ᠢ ᠨᠢᠭᠡ ᠴᠣᠭᠴᠠᠵᠢᠭᠤᠯᠤᠨ ᠰᠢᠢᠳᠪᠦᠷᠢᠯᠡᠵᠦ᠂ ᠲᠣᠭᠣᠷᠢᠨ ᠪᠠᠢᠴᠠᠭᠠᠵᠤ ᠴᠡᠭᠴᠡᠯᠡᠨ ᠰᠠᠢᠵᠢᠷᠠᠭᠤᠯᠤᠭᠰᠠᠨ ᠦᠷ᠎ᠡ ᠪᠦᠲᠦᠭᠡᠯ᠎ᠢᠶᠡᠷ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠶᠢ ᠰᠢᠯᠭᠠᠨ ᠪᠠᠢᠴᠠᠭᠠᠬᠤ ᠬᠡᠷᠡᠭᠲᠡᠢ᠃ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) ᠴᠡᠭᠴᠡᠯᠡᠨ ᠰᠠᠢᠵᠢᠷᠠᠭᠤᠯᠬᠤ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠪᠠᠲᠤ ᠡᠭᠦᠷᠭᠡᠯᠡᠵᠦ᠂ ᠴᠡᠭᠴᠡᠯᠡᠨ ᠰᠠᠢᠵᠢᠷᠠᠭᠤᠯᠬᠤ ᠲᠥᠰᠥᠯ᠎ᠢ ᠨᠠᠷᠢᠨ ᠬᠢᠨᠠᠮᠠᠭᠠᠢ ᠰᠤᠳᠤᠯᠤᠨ ᠲᠣᠭᠲᠠᠭᠠᠵᠤ᠂ ᠠᠰᠠᠭᠤᠳᠠᠯ᠎ᠤᠨ ᠨᠠᠷᠢᠨ ᠳᠠᠩᠰᠠ᠂ ᠡᠭᠦᠷᠭᠡ᠎ᠶᠢᠨ ᠨᠠᠷᠢᠨ ᠳᠠᠩᠰᠠ᠂ ᠬᠠᠷᠢᠭᠤᠴᠠᠯᠭ᠎ᠠ᠎ᠶᠢᠨ ᠨᠠᠷᠢᠨ ᠳᠠᠩᠰᠠ᠎ᠶᠢ ᠪᠠᠢᠭᠤᠯᠵᠤ᠂ ᠨᠢᠭᠡ  ᠠᠰᠠᠭᠤᠳᠠᠯ᠎ᠢ ᠴᠦ᠍ ᠣᠷᠬᠢᠭ᠍ᠳᠠᠭᠤᠯᠬᠤ ᠦᠭᠡᠢ᠂ ᠬᠡᠷᠡᠭᠵᠢᠭᠦᠯᠵᠦ ᠪᠣᠯᠬᠤ᠂ ᠨᠠᠢᠳᠠᠪᠤᠷᠢᠵᠢᠭᠤᠯᠵᠤ ᠳᠡᠶ᠋ᠢᠯᠬᠦ᠎ᠶᠢ ᠪᠠᠲᠤᠯᠠᠬᠤ ᠬᠡᠷᠡᠭᠲᠡᠢ; 《ᠨᠢᠭᠡᠳᠦᠭᠡᠷ ᠬᠠᠷᠢᠭᠤᠴᠠᠯᠭᠠᠲᠠᠨ》 ᠡᠴᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠪᠡᠶ᠎ᠡ᠎ᠪᠡᠷ᠎ᠢᠶᠡᠨ ᠠᠳᠬᠤᠨ᠂ ᠪᠡᠶ᠎ᠡ᠎ᠪᠡᠷ᠎ᠢᠶᠡᠨ ᠲᠦᠷᠦᠭᠦᠯᠡᠨ ᠴᠡᠭᠴᠡᠯᠡᠨ ᠰᠠᠢᠵᠢᠷᠠᠭᠤᠯᠬᠤ ᠬᠡᠷᠡᠭᠲᠡᠢ; ᠤᠳᠤᠷᠢᠳᠬᠤ ᠪᠠᠭ᠎ᠤᠨ ᠪᠤᠰᠤᠳ ᠪᠦᠷᠢᠯᠳᠦᠭᠦᠨ ᠡᠴᠡ 《ᠨᠢᠭᠡ ᠠᠵᠢᠯ᠎ᠤᠨ ᠪᠠᠢᠷᠢ᠎ᠳᠤ ᠬᠤᠤᠰ ᠬᠠᠷᠢᠭᠤᠴᠠᠯᠭ᠎ᠠ᠎ᠡᠭᠦᠷᠭᠡᠯᠡᠬᠦ》 ᠶ᠋ᠢ ᠴᠢᠩᠭ᠎ᠠ ᠨᠠᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ᠎ᠶᠢᠨ ᠬᠡᠪᠴᠢᠶᠡᠨ᠎ᠳᠡᠬᠢ ᠴᠡᠭᠴᠡᠯᠡᠨ ᠰᠠᠢᠵᠢᠷᠠᠭᠤᠯᠬᠤ ᠡᠭᠦᠷᠭᠡ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠪᠣᠯᠣᠨ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ᠎ᠦᠨ ᠬᠢᠨ ᠴᠡᠭᠴᠡᠯᠡᠨ ᠰᠠᠢᠵᠢᠷᠠᠭᠤᠯᠬᠤ᠎ᠳᠤ ᠬᠢᠨᠠᠯᠲᠠ ᠲᠠᠯᠪᠢᠬᠤ᠎ᠪᠠᠨ ᠴᠢᠩᠭᠠᠳᠬᠠᠵᠤ᠂ ᠬᠠᠰᠢ ᠶᠠᠰᠢ᠎ᠪᠠᠷ ᠴᠡᠭᠴᠡᠯᠡᠨ ᠰᠠᠢᠵᠢᠷᠠᠭᠤᠯᠤᠭᠰᠠᠨ᠂ ᠬᠤᠳᠠᠯ ᠬᠠᠭᠤᠷᠮᠠᠭ᠎ᠢᠶᠠᠷ ᠴᠡᠭᠴᠡᠯᠡᠨ ᠰᠠᠢᠵᠢᠷᠠᠭᠤᠯᠤᠭᠰᠠᠨ ᠶᠠᠪᠤᠳᠠᠯ᠎ᠡᠴᠡ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠬᠤᠯᠪᠤᠭᠳᠠᠯ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ᠎ᠦᠨ ᠬᠢᠨ ᠲᠣᠭᠣᠷᠢᠨ ᠪᠠᠢᠴᠠᠭᠠᠭᠰᠠᠨ ᠦᠷ᠎ᠡ ᠪᠦᠲᠦᠭᠡᠯ᠎ᠢ ᠰᠠᠢᠲᠤᠷ ᠠᠰᠢᠭ᠍ᠯᠠᠵᠤ᠂ ᠲᠦᠷᠦ᠎ᠶᠢᠨ ᠪᠣᠳᠣᠯᠭ᠎ᠠ᠎ᠶᠢᠨ ᠬᠠᠩᠭᠠᠯᠭ᠎ᠠ᠎ᠶᠢ ᠰᠢᠯᠢᠳᠡᠭᠵᠢᠭᠦᠯᠵᠦ᠂ ᠰᠢᠰᠲ᠋ᠸᠮᠳᠦ ᠵᠠᠰᠠᠯᠲᠠ᠎ᠶᠢ ᠭᠦᠨᠵᠡᠭᠡᠢᠷᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃

ᠣᠢᠯᠠᠭᠠᠭᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠲᠣᠭᠣᠷᠢᠨ ᠪᠠᠢᠴᠠᠭᠠᠬᠤ ᠳᠤᠭᠤᠢᠯᠠᠩ᠎ᠤᠨ ᠬᠢᠨ ᠪᠠᠰᠠ ᠵᠠᠷᠢᠮ ᠤᠳᠤᠷᠢᠳᠬᠤ ᠺᠠᠳ᠋ᠷ᠎ᠤᠨ ᠠᠰᠠᠭᠤᠳᠠᠯ᠎ᠤᠨ ᠰᠦᠪᠡᠭᠴᠢ᠎ᠶᠢ ᠣᠯᠵᠤ᠂ ᠨᠢᠭᠡᠨᠲᠡ ᠲᠣᠭᠲᠠᠭᠠᠯ ᠶᠣᠰᠣᠭᠠᠷ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠵᠡᠷᠭᠡ ᠬᠣᠯᠪᠣᠭᠳᠠᠯ ᠪᠦᠬᠦᠢ ᠲᠠᠯ᠎ᠠ᠎ᠳᠦ ᠰᠢᠢᠳᠪᠦᠷᠢᠯᠡᠭᠦᠯᠬᠦ ᠪᠡᠷ ᠲᠤᠰᠢᠶᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号