ᠲᠤᠰᠢᠶᠠᠯ᠎ᠳᠤ ᠲᠣᠮᠢᠯᠠᠬᠤ᠎ᠪᠠᠷ ᠪᠠᠢᠭ᠎ᠠ ᠺᠠᠳ᠋ᠷ᠎ᠢ ᠢᠯᠡ ᠨᠡᠢᠲᠡᠯᠡᠬᠦ ᠳᠤᠬᠠᠢ ᠠᠯᠪᠠᠨ ᠵᠠᠷᠯᠠᠯ
2026-07-18 11:56:55
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠰᠤᠳᠤᠯᠬᠤ᠎ᠪᠠᠷ ᠳᠠᠮᠵᠢᠨ᠂ ᠳᠣᠣᠷᠠᠬᠢ ᠳᠡᠪᠰᠢᠭᠦᠯᠬᠦ ᠪᠠ ᠤᠯᠠᠮ ᠨᠢᠭᠡ ᠠᠯᠬᠤᠮ ᠬᠡᠷᠡᠭᠯᠡᠬᠦ᠎ᠪᠡᠷ ᠪᠠᠢᠭ᠎ᠠ 4 ᠺᠠᠳ᠋ᠷ᠎ᠢ ᠢᠯᠡ ᠨᠡᠢᠲᠡᠯᠡᠬᠦ᠎ᠪᠡᠷ ᠲᠣᠭᠲᠠᠪᠠ᠃

ᠨᠢᠭᠡ᠂ ᠵᠠᠷᠯᠠᠨ ᠨᠡᠢᠲᠡᠯᠡᠬᠦ ᠨᠡᠷᠡᠰ

ᠭᠦᠸᠧ ᠶᠦᠩ ᠵᠢᠶᠦ᠋ᠨ᠂ ᠡᠷᠡᠭᠲᠡᠢ᠂ ᠬᠢᠲᠠᠳ ᠦᠨᠳᠦᠰᠦᠲᠡᠨ᠂ 1974 ᠣᠨ᠎ᠤ 4 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ᠎ᠶᠢᠨ ᠰᠤᠷᠤᠯᠭ᠎ᠠ᠎ᠶᠢᠨ ᠨᠠᠮᠳᠠᠷ ᠲᠠᠢ᠂ ᠲᠠᠷᠢᠶᠠᠯᠠᠩ᠎ᠤᠨ ᠤᠬᠠᠭᠠᠨ ᠎ᠤ ᠪᠠᠴᠸᠯᠸᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠣᠲᠣ᠌ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ᠎ᠦᠨ ᠠᠵᠤ ᠠᠬᠤᠢ᠎ᠶᠢᠨ ᠶᠠᠯᠠᠲᠤ ᠠᠵᠢᠯᠯᠠᠭ᠎ᠠ᠎ᠶᠢ ᠮᠦᠷᠳᠡᠨ ᠪᠠᠢᠴᠠᠭᠠᠬᠤ ᠶᠡᠷᠦᠩᠬᠡᠢ ᠠᠩᠭᠢ᠎ᠶᠢᠨ ᠳᠠᠷᠤᠭ᠎ᠠ᠂ ᠨᠢᠭᠡᠳᠦᠭᠡᠷ ᠳᠡᠰ᠎ᠤᠨ ᠳᠡᠭᠡᠳᠦ ᠵᠡᠷᠭᠡ᠎ᠶᠢᠨ ᠴᠠᠭᠳᠠᠭᠠᠨ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠵᠦ ᠪᠣᠶ᠂ ᠠᠢᠮᠠᠭ ᠬᠣᠲᠠ᠎ᠶᠢᠨ ᠵᠠᠰᠠᠭ᠎ᠤᠨ ᠣᠷᠳᠣᠨ ( ᠵᠠᠬᠢᠷᠭ᠎ᠠ) ᠎ᠤ᠋ ᠳᠡᠳ᠋ ᠲᠤᠰᠢᠶᠠᠯ᠎ᠤᠨ ᠵᠢᠱ᠌ᠢᠭᠳᠡᠭᠴᠢ᠎ᠪᠡᠷ ᠨᠡᠷ᠎ᠡ ᠳᠤᠷᠠᠳᠬᠤ᠎ᠪᠠᠷ ᠪᠣᠶ;

ᠸᠠᠩ ᠵᠠᠨ ᠵᠢᠶᠦ᠋ᠨ᠂ ᠡᠷᠡᠭᠲᠡᠢ᠂ ᠮᠣᠩᠭᠣᠯ ᠦᠨᠳᠦᠰᠦᠲᠡᠨ᠂ 1973 ᠣᠨ᠎ᠤ 6 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ᠎ᠶᠢᠨ ᠰᠤᠷᠤᠯᠭ᠎ᠠ᠎ᠶᠢᠨ ᠨᠠᠮᠳᠠᠷ ᠲᠠᠢ᠂ ᠠᠵᠤ ᠠᠬᠤᠢ᠎ᠶᠢᠨ ᠤᠬᠠᠭᠠᠨ᠎ᠤ ᠪᠠᠴᠸᠯᠸᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠣᠲᠣ᠌ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ᠎ᠦᠨ ᠰᠦᠯᠵᠢᠶᠡᠨ᠎ᠦ ᠠᠮᠤᠷ ᠲᠦᠪᠰᠢᠨ᠎ᠢ ᠬᠠᠮᠠᠭᠠᠯᠠᠬᠤ ᠶᠡᠷᠦᠩᠬᠡᠢ ᠠᠩᠭᠢ᠎ᠶᠢᠨ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠵᠦ ᠪᠣᠶ᠂ ᠠᠢᠮᠠᠭ ᠬᠣᠲᠠ᠎ᠶᠢᠨ ᠵᠠᠰᠠᠭ᠎ᠤᠨ ᠣᠷᠳᠣᠨ (ᠵᠠᠬᠢᠷᠭ᠎ᠠ) ᠎ᠤ᠋ ᠳᠡᠳ᠋ ᠲᠤᠰᠢᠶᠠᠯ᠎ᠤᠨ ᠵᠢᠱ᠌ᠢᠭᠳᠡᠭᠴᠢ᠎ᠪᠡᠷ ᠨᠡᠷ᠎ᠡ ᠳᠤᠷᠠᠳᠬᠤ᠎ᠪᠠᠷ ᠪᠣᠶ;

ᠮᠠᠨ ᠴᠧᠩ ᠶᠦᠨ᠂ ᠡᠷᠡᠭᠲᠡᠢ᠂ ᠮᠣᠩᠭᠣᠯ ᠦᠨᠳᠦᠰᠦᠲᠡᠨ᠂ 1974 ᠣᠨ᠎ᠤ 3 ᠰᠠᠷ᠎ᠠ᠎ᠳᠤ ᠳᠦᠷᠦᠵᠡᠶ᠂ ᠲᠥᠪ᠎ᠦᠨ ᠨᠠᠮ᠎ᠤᠨ ᠰᠤᠷᠭᠠᠭᠤᠯᠢ᠎ᠶᠢᠨ ᠶᠡᠬᠡ ᠰᠤᠷᠭᠠᠭᠤᠯᠢ᠎ᠶᠢᠨ ᠰᠤᠷᠤᠯᠭ᠎ᠠ᠎ᠶᠢᠨ ᠨᠠᠮᠳᠠᠷ ᠲᠠᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠣᠲᠣ᠌ ᠲᠦᠩᠯᠢᠶᠣᠣ ᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠳᠡᠳ᠋ ᠲᠣᠪᠴᠢᠶᠠᠨ ᠳᠠᠷᠤᠭ᠎ᠠ᠂ ᠨᠢᠭᠡᠳᠦᠭᠡᠷ ᠳᠡᠰ᠎ᠤᠨ ᠳᠡᠭᠡᠳᠦ ᠵᠡᠷᠭᠡ᠎ᠶᠢᠨ ᠴᠠᠭᠳᠠᠭᠠᠨ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠵᠦ ᠪᠣᠶ᠂ ᠠᠢᠮᠠᠭ ᠬᠣᠲᠠ᠎ᠶᠢᠨ ᠵᠠᠰᠠᠭ᠎ᠤᠨ ᠣᠷᠳᠣᠨ ( ᠵᠠᠬᠢᠷᠭ᠎ᠠ) ᠎ᠤ᠋ ᠳᠡᠳ᠋ ᠲᠤᠰᠢᠶᠠᠯ᠎ᠤᠨ ᠵᠢᠱ᠌ᠢᠭᠳᠡᠭᠴᠢ᠎ᠪᠡᠷ ᠨᠡᠷ᠎ᠡ ᠳᠤᠷᠠᠳᠬᠤ᠎ᠪᠠᠷ ᠪᠣᠶ;

ᠵᠠᠩ ᠶᠦᠨ ᠯᠦᠩ᠂ ᠡᠷᠡᠭᠲᠡᠢ᠂ ᠬᠢᠲᠠᠳ ᠦᠨᠳᠦᠰᠦᠲᠡᠨ᠂ 1971 ᠣᠨ᠎ᠤ 2 ᠰᠠᠷ᠎ᠠ᠎ᠳᠤ ᠲᠦᠷᠦᠵᠠᠢ᠂ ᠶᠡᠬᠡ ᠰᠤᠷᠭᠠᠭᠤᠯᠢ᠎ᠶᠢᠨ ᠰᠤᠷᠤᠯᠭ᠎ᠠ᠎ᠶᠢᠨ ᠨᠠᠮᠳᠠᠷ ᠲᠠᠢ᠂ ᠢᠨᠵᠸᠨ᠋ᠸᠷᠢᠩ᠎ᠤᠨ ᠤᠬᠠᠭᠠᠨ᠎ᠤ ᠪᠠᠴᠸᠯᠸᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠤᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠤᠷᠢᠶ᠎ᠠ᠎ᠶᠢᠨ ᠨᠠᠢ᠍ᠮᠠᠳᠤᠭᠠᠷ ᠪᠠᠢᠴᠠᠭᠠᠬᠤ ᠬᠡᠯᠲᠡᠰ᠎ᠦᠨ ᠡᠷᠬᠢᠯᠡᠭᠴᠢ᠂ ᠭᠤᠷᠪᠠᠳᠤᠭᠠᠷ ᠳᠡᠰ᠎ᠤᠨ ᠳᠡᠭᠡᠳᠦ ᠵᠡᠷᠭᠡ᠎ᠶᠢᠨ ᠪᠠᠢᠴᠠᠭᠠᠬᠤ ᠲᠤᠰᠢᠶᠠᠯᠲᠠᠨ᠎ᠤ ᠲᠤᠰᠢᠶᠠᠯ᠎ᠢ ᠡᠭᠦᠷᠭᠡᠯᠡᠵᠦ ᠪᠤᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠤᠷᠢᠶ᠎ᠠ᠎ᠶᠢᠨ ᠠᠢᠮᠠᠭ᠎ᠤᠨ ᠪᠠᠢᠴᠠᠭᠠᠬᠤ ᠬᠤᠪᠢᠶᠠᠷᠢ ᠬᠤᠷᠢᠶ᠎ᠠ᠎ᠶᠢᠨ ᠪᠠᠢᠴᠠᠭᠠᠬᠤ ᠳᠠᠷᠤᠭ᠎ᠠ᠎ᠶᠢᠨ ᠵᠢᠱ᠌ᠢᠭᠳᠡᠭᠴᠢ᠎ᠪᠡᠷ ᠨᠡᠷ᠎ᠡ ᠳᠤᠷᠠᠳᠬᠤ᠎ᠪᠠᠷ ᠪᠤᠢ᠃

ᠬᠣᠶᠠᠷ᠂ ᠢᠯᠡ ᠨᠡᠶ᠋ᠢᠲᠡᠯᠡᠬᠦ᠌ ᠴᠠᠭ

2026 ᠣᠨ᠎ᠤ 7 ᠰᠠᠷ᠎ᠠ᠎ᠶᠢᠨ 18 ᠤ᠋ ᠡᠳᠦᠷ᠎ᠡᠴᠡ 2026 ᠣᠨ᠎ᠤ 7 ᠰᠠᠷ᠎ᠠ᠎ᠶᠢᠨ 24 ᠎ᠤ᠋ ᠡᠳᠦᠷ ᠪᠣᠯᠲᠠᠯ᠎ᠠ ᠢᠯᠡ ᠨᠠᠢᠳᠠᠯᠠᠨ᠎ᠠ᠃

ᠭᠤᠷᠪᠠ᠂ ᠬᠦᠯᠢᠶᠡᠨ ᠠᠪᠴᠤ ᠰᠢᠢᠳᠪᠤᠷᠢᠯᠡᠬᠦ ᠬᠡᠯᠪᠡᠷᠢ

ᠨᠢᠭᠡᠴᠢ ᠪᠠ ᠬᠤᠪᠢ ᠬᠥᠮᠦᠨ ᠤᠲᠠᠰᠤ᠂ ᠵᠠᠬᠢᠳᠠᠯ ᠢᠷᠡᠬᠦᠯᠬᠦ᠂ ᠰᠤᠷᠪᠤᠯᠵᠢᠯᠠᠯ ᠬᠢᠬᠦ᠂ ᠰᠦᠯᠵᠢᠶ᠎ᠡ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠳᠡᠭᠡᠷᠡᠬᠢ ᠢᠯᠡ ᠨᠡᠶ᠋ᠢᠲᠡᠯᠡᠭᠰᠡᠨ ᠬᠥᠮᠦᠰ᠎ᠦᠨ ᠬᠣᠯᠪᠣᠭᠳᠠᠯ ᠪᠥᠬᠥᠶ ᠪᠠᠶ᠋ᠢᠳᠠᠯ ᠪᠠ ᠠᠰᠠᠭᠤᠳᠠᠯ᠎ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ᠎ᠳ᠋ᠤ ᠪᠠᠶ᠋ᠢᠴᠠᠭᠠᠯᠳᠠ ᠬᠢᠵᠤ ᠬᠢᠨᠡᠨ ᠲᠤᠳᠤᠯᠠᠬᠤ ᠳ᠋ᠤ ᠲᠥᠬᠥᠮ᠎ᠪᠤᠯᠭᠠᠬᠤ ᠵᠢᠨ ᠲᠦᠯᠦᠭᠡ᠂ ᠠᠰᠠᠭᠤᠳᠠᠯ᠎ᠢ ᠲᠤᠰᠬᠠᠬᠤ ᠳ᠋ᠠᠭᠠᠨ ᠬᠣᠯᠪᠣᠭᠳᠠᠯ ᠪᠥᠬᠥᠶ ᠰᠦᠪᠡᠭᠴᠢ ᠵᠢᠴᠢ ᠲᠣᠰ ᠬᠥᠮᠦᠨ᠎ᠦ ᠪᠡᠨ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ ᠪᠤᠶᠤ ᠠᠵᠢᠯᠯᠠᠵᠤ ᠪᠠᠢᠭ᠎ᠠ ᠪᠠᠢᠭᠤᠯᠭ᠎ᠠ ᠵᠡᠷᠭᠡ ᠮᠡᠳᠡᠭᠡ ᠵᠠᠩᠭᠢ᠎ᠪᠠᠨ ᠬᠠᠩᠭᠠᠭᠠᠷᠠᠶ᠂ ᠪᠢᠳᠡ ᠠᠵᠢᠯ᠎ᠤᠨ ᠰᠠᠬᠢᠯᠭ᠎ᠠ ᠪᠠᠲᠤ᠎ᠶᠢ ᠴᠢᠩᠭ᠎ᠠ ᠵᠢᠷᠤᠮᠯᠠᠨ᠂ ᠨᠢᠭᠤᠴᠠ᠎ᠶᠢ ᠬᠠᠮᠠᠭᠠᠯᠠᠬᠤ ᠡᠭᠦᠷᠭᠡ᠎ᠪᠡᠨ ᠭᠦᠢᠴᠡᠳᠬᠡᠵᠦ᠍᠂ ᠬᠢᠨᠠᠨ ᠲᠤᠳᠤᠯᠠᠬᠰᠡᠨ ᠪᠠᠶ᠋ᠢᠳᠠᠯ᠎ᠢᠶᠠᠨ ᠴᠠᠭ ᠲᠤᠬᠠᠶ᠎ᠳᠤᠨᠢ ᠬᠠᠷᠢᠭᠤ ᠲᠤᠰᠬᠠᠨ᠎ᠠ᠃

ᠬᠦᠯᠢᠶᠡᠨ ᠠᠪᠴᠤ ᠰᠢᠢᠳᠪᠤᠷᠢᠯᠡᠬᠦ ᠴᠠᠭ᠄ ᠠᠵᠢᠯᠯᠠᠬᠤ ᠡᠳᠦᠷ᠎ᠦᠨ ᠦᠳᠡ᠎ᠶᠢᠨ ᠡᠮᠦᠨᠡᠬᠢ 9᠄ 00 —12᠄ 00 ᠦᠳᠡ᠎ᠶᠢᠨ ᠬᠣᠶ᠋ᠢᠨᠠᠬᠢ 13᠄ 30 — 17᠄ 00

ᠬᠦᠯᠢᠶᠡᠨ ᠠᠪᠴᠤ ᠰᠢᠢᠳᠪᠤᠷᠢᠯᠡᠬᠦ ᠤᠲᠠᠰᠤ᠄ (0471) 12380

ᠵᠠᠬᠢᠳᠠᠯ᠎ᠢᠷᠡᠬᠦᠯᠬᠦ ᠬᠠᠶᠢᠭ᠄ ᠬᠥᠬᠡᠬᠣᠲᠠ᠎ᠶᠢᠨ ᠰᠠᠶ᠋ᠢᠬᠠᠨ ᠲᠣᠭᠣᠷᠢᠭ᠎ᠤᠨ ᠴᠡᠯᠡᠭᠡᠷ ᠲᠠᠯ᠎ᠠ ᠶᠡᠬᠡ ᠵᠡᠭᠡᠯᠢ᠎ᠶᠢᠨ1 ᠳ᠋ᠤᠭᠡᠷ ᠨᠣᠮᠧᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠦᠨ ᠢᠯᠡᠴᠢᠯᠡᠨ ᠮᠡᠳᠡᠭᠦᠯᠬᠦ᠌ ᠲᠥᠪ (ᠰᠢᠤᠳᠠᠨ ᠨᠣᠮᠧᠷ᠄ 010098)

ᠢᠯᠡᠴᠢᠯᠡᠨ ᠮᠡᠳᠡᠭᠦᠯᠬᠦ᠌ ᠰᠦᠯᠵᠢᠶᠡᠨ᠎ᠦ ᠬᠠᠶᠢᠭ᠄ 12380.nmgdj. gov.cn

ᠣᠨᠴᠠᠭᠠᠶ᠋ᠢᠯᠠᠨ ᠵᠠᠷᠯᠠᠪᠠ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ

2026 ᠣᠨ᠎ᠤ 7 ᠰᠠᠷ᠎ᠠ᠎ᠶᠢᠨ 17 ᠎ᠤ᠋ ᠡᠳᠦᠷ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号