ᠦᠪᠤᠷ ᠮᠤᠡᠭᠭᠤᠯᠤᠨ ᠦᠪᠡᠷᠳᠡᠬᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠭᠡᠨ ᠤ᠋ ᠠᠯᠪᠠᠨ ᠭᠡᠷ ᠤ᠋ᠨ 7 ᠰᠠᠷ᠎ᠠ ᠵᠢᠨ 17 ᠤ᠋ ᠡᠳᠤᠷ ᠬᠤᠷᠠᠯᠳᠤᠭᠤᠯᠤᠭᠰᠠᠨ 《2026 ᠤᠨ ᠤ᠋ ᠳᠡᠭᠡᠷ᠎ᠡ ᠬᠠᠭᠠᠰ ᠵᠢᠯ ᠤ᠋ᠨ ᠥᠪᠡᠷᠲᠡᠭᠡᠨ ᠵᠠᠰᠠᠬᠤ ᠣᠷᠣᠨ ᠤ᠋ ᠭᠠᠳᠠᠭᠠᠳᠤ ᠠᠷᠠᠯᠵᠢᠶᠠᠨ ᠤ᠋ ᠭᠠᠳᠠᠭᠠᠳᠤ ᠤᠷᠤᠭᠤᠯᠤᠯᠳᠠ ᠭᠠᠷᠭᠠᠯᠳᠠ ᠵᠢᠨ ᠪᠠᠢᠳᠠᠯ》 ᠤ᠋ᠨ ᠰᠤᠨᠢᠨ ᠮᠡᠳᠡᠭᠡ ᠨᠡᠢᠲᠡᠯᠡᠬᠦ ᠬᠤᠷᠠᠯ ᠡᠴᠡ ᠤᠢᠯᠠᠭᠠᠭᠰᠠᠨ ᠵᠢᠡᠷ᠂ ᠡᠨᠡ ᠵᠢᠯ ᠤ᠋ᠨ ᠲᠠᠬᠡᠷ᠎ᠠ ᠬᠠᠭᠠᠰ ᠵᠢᠯ ᠳ᠋ᠤ ᠮᠠᠨ ᠤ᠋ ᠤᠷᠤᠨ ᠤ᠋ ᠡᠳ᠋ ᠪᠠᠷᠠᠭᠠᠨ ᠤ᠋ ᠠᠷᠠᠯᠵᠢᠶ᠎ᠠ ᠵᠢᠨ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠬᠡᠮᠵᠢᠶ᠎ᠠ 1314.6 ᠳ᠋ᠦᠩᠰᠢᠭᠤᠷ ᠲᠥᠭᠥᠷᠢᠭ ᠲᠦ᠍ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 29.3% ᠪᠠᠷ ᠨᠡᠮᠡᠭᠳᠡᠨ᠂ ᠪᠥᠬᠥ᠌ ᠤᠯᠤᠰ ᠤ᠋ᠨ ᠳᠤᠮᠳᠠᠴᠢ ᠨᠡᠮᠡᠭᠳᠡᠯ ᠤ᠋ᠨ ᠬᠤᠷᠳᠤᠴᠠ ᠡᠴᠡ ᠵᠠᠭᠤᠨ ᠤ᠋ ᠬᠠᠷᠢᠴᠠᠯ ᠵᠢᠡᠷ 12.4 ᠬᠤᠪᠢ ᠲᠠᠪᠠᠪᠠ᠃ ᠡᠭᠦᠨ ᠳ᠋ᠤ ᠭᠠᠳᠠᠭᠠᠳᠤ ᠭᠠᠷᠭᠠᠯᠲᠠ ᠵᠢᠨ ᠬᠡᠮᠵᠢᠶ᠎ᠠ 484.7 ᠳ᠋ᠦᠩᠰᠢᠭᠤᠷ ᠲᠥᠭᠥᠷᠢᠭ ᠲᠦ᠍ ᠬᠦᠷᠴᠦ᠍ 22.7% ᠪᠠᠷ ᠨᠡᠮᠡᠭᠳᠡᠨ᠂ ᠭᠠᠳᠠᠭᠠᠳᠤ ᠣᠷᠣᠭᠤᠯᠤᠯᠲᠠ ᠵᠢᠨ ᠬᠡᠮᠵᠢᠶ᠎ᠠ 829.9 ᠳ᠋ᠦᠩᠰᠢᠭᠤᠷ ᠲᠥᠭᠥᠷᠢᠭ ᠲᠦ᠍ ᠬᠦᠷᠴᠦ᠍ 33.5% ᠪᠠᠷ ᠨᠡᠮᠡᠭᠳᠡᠪᠡ᠃
ᠡᠨᠡ ᠵᠢᠯ ᠡᠴᠡ ᠨᠠᠭᠠᠰᠢ ᠮᠠᠨ ᠤ᠋ ᠤᠷᠤᠨ ᠵᠠᠬ᠎ᠠ ᠳᠡᠯᠭᠡᠭᠦᠷ ᠤ᠋ᠨ ᠤᠯᠠᠨ ᠡᠰᠢᠵᠢᠯᠳᠡ ᠵᠢ ᠦᠷᠭᠦᠯᠵᠢᠯᠡᠨ ᠠᠬᠢᠭᠤᠯᠵᠤ᠂ ᠣᠷᠣᠰ ᠮᠣᠩᠭᠣᠯ ᠤ᠋ᠨ ᠵᠠᠬ᠎ᠠ ᠳᠡᠯᠭᠡᠭᠦᠷ ᠢ᠋ ᠪᠡᠬᠢᠵᠢᠭᠦᠯᠦᠭᠰᠡᠨ ᠰᠠᠭᠤᠷᠢᠨ ᠳᠡᠭᠡᠷ᠎ᠡ ᠡᠮᠦᠨᠡᠲᠦ᠍ ᠠᠽᠢᠶ᠎ᠠ᠂ ᠠᠹᠷᠢᠺᠠ ᠲᠢᠪ᠂ ᠰᠢᠶᠠᠩᠭᠠᠩ ᠣᠣᠮᠧᠨ ᠤ᠋ ᠵᠠᠬ᠎ᠠ ᠳᠡᠯᠭᠡᠭᠦᠷ ᠢ᠋ ᠢᠳᠡᠪᠬᠢᠲᠡᠶ ᠨᠡᠭᠡᠭᠡᠪᠡ᠃ ᠲᠡᠭᠡᠷ᠎ᠠ ᠬᠠᠭᠠᠰ ᠵᠢᠯ ᠳ᠋ᠤ᠂ ᠮᠠᠨ ᠤ᠋ ᠣᠷᠣᠨ ᠤ᠋ ᠮᠣᠩᠭᠣᠯ ᠤᠯᠤᠰ᠂ ᠣᠷᠣᠰ ᠯᠤᠭ᠎ᠠ ᠵᠢᠨ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠬᠡᠮᠵᠢᠶ᠎ᠠ ᠲᠤᠰ ᠲᠤᠰ 552.1 ᠳ᠋ᠦᠩᠰᠢᠭᠤᠷ ᠲᠥᠭᠥᠷᠢᠭ ᠪᠠ 212 ᠳ᠋ᠦᠩᠰᠢᠭᠤᠷ ᠲᠥᠭᠥᠷᠢᠭ ᠲᠦ᠍ ᠬᠦᠷᠴᠦ᠍ ᠲᠤᠰᠪᠤᠷᠢ 59% ᠪᠠ 64.7% ᠪᠠᠷ ᠨᠡᠮᠡᠭᠳᠡᠵᠠᠢ; ᠡᠮᠦᠨᠡᠲᠦ᠍ ᠠᠽᠢᠶ᠎ᠠ᠂ ᠠᠹᠷᠢᠺᠠ ᠲᠢᠪ᠂ ᠰᠢᠶᠠᠩᠭᠠᠩ ᠣᠣᠮᠧᠨ ᠯᠤᠭ᠎ᠠ ᠵᠢᠨ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠬᠡᠮᠵᠢᠶ᠎ᠠ ᠲᠣᠰ ᠲᠤᠰ 32.8 ᠳ᠋ᠦᠩᠰᠢᠭᠤᠷ ᠲᠥᠭᠥᠷᠢᠭ᠂ 45.8 ᠳ᠋ᠦᠩᠰᠢᠭᠤᠷ ᠲᠥᠭᠥᠷᠢᠭ ᠪᠠ 54.4 ᠳ᠋ᠦᠩᠰᠢᠭᠤᠷ ᠲᠥᠭᠥᠷᠢᠭ ᠲᠦ᠍ ᠬᠦᠷᠴᠦ᠍ ᠲᠣᠰᠪᠤᠷᠢ 13.8%᠂ 33.3% ᠪᠠ 21.9% ᠪᠠᠷ ᠨᠡᠮᠡᠭᠳᠡᠪᠡ; 《ᠨᠢᠬᠡ ᠪᠦᠰᠡ ᠨᠢᠭᠡ ᠵᠠᠮ》 ᠢ᠋ ᠬᠠᠮᠲᠤ ᠪᠠᠷ ᠪᠥᠲᠥᠭᠡᠨ ᠪᠠᠶ᠋ᠢᠭᠤᠯᠬᠤ ᠤᠯᠤᠰᠯᠤᠭᠠ ᠵᠢᠨ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠬᠡᠮᠵᠢᠶ᠎ᠠ 1097.7 ᠳ᠋ᠦᠩᠰᠢᠭᠤᠷ ᠲᠥᠭᠥᠷᠢᠭ ᠲᠦ᠍ ᠬᠦᠷᠴᠦ᠍ 38.3% ᠪᠠᠷ ᠨᠡᠮᠡᠭᠳᠡᠭᠰᠡᠨ ᠪᠠᠢᠨ᠎ᠠ᠃
ᠠᠷᠠᠳ ᠤ᠋ᠨ ᠡᠵᠡᠩᠨᠡᠯᠲᠡ ᠵᠢᠨ ᠠᠵᠤ ᠠᠬᠤᠢᠯᠠᠯ ᠤ᠋ᠨ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠠᠮᠢᠵᠢᠷᠠᠯ ᠤ᠋ᠨ ᠬᠦᠴᠦᠨ ᠦᠷᠬᠦᠯᠵᠢᠯᠡᠨ ᠴᠢᠩᠭᠠᠷᠠᠵᠤ᠂ ᠳᠡᠭᠡᠷ᠎ᠡ ᠬᠠᠭᠠᠰ ᠵᠢᠯ ᠳ᠋ᠤ ᠮᠠᠨ ᠤ᠋ ᠣᠷᠣᠨ ᠤ᠋ ᠭᠠᠳᠠᠭᠠᠳᠤ ᠠᠷᠠᠯᠵᠢᠶᠠᠨ ᠤ᠋ ᠡᠵᠡᠩᠨᠡᠯᠲᠡ ᠵᠢᠨ ᠪᠣᠳᠠᠲᠤ᠌ ᠦᠷ᠎ᠠ ᠪᠦᠳᠤᠮᠵᠢᠳᠤ ᠠᠵᠤ ᠠᠬᠤᠢᠯᠠᠯ 3610 ᠪᠣᠯᠵᠣ 27.8% ᠪᠠᠷ ᠨᠡᠮᠡᠭᠳᠡᠪᠡ᠃ ᠡᠭᠦᠨ ᠳ᠋ᠤ᠂ ᠠᠷᠠᠳ ᠤ᠋ᠨ ᠡᠵᠡᠡᠭᠨᠡᠯᠳᠡ ᠵᠢᠨ ᠠᠵᠤ ᠠᠬᠤᠢᠯᠠᠯ 3452 ᠪᠠᠶ᠋ᠢᠵᠤ 28.4% ᠪᠠᠷ ᠨᠡᠮᠡᠭᠳᠡᠨ᠂ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠬᠡᠮᠵᠢᠶ᠎ᠠ ᠨᠢ 1146.7 ᠳ᠋ᠦᠩᠰᠢᠭᠤᠷ ᠲᠥᠭᠥᠷᠢᠭ ᠲᠦ᠍ ᠬᠦᠷᠴᠦ᠍ 43.7% ᠪᠠᠷ ᠨᠡᠮᠡᠭᠳᠡᠵᠤ᠂ ᠮᠠᠨ ᠤ᠋ ᠣᠷᠣᠨ ᠤ᠋ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠶᠡᠷᠦᠩᠬᠡᠶ ᠬᠡᠮᠵᠢᠶᠡᠨ ᠤ᠋ 87.2% ᠢ᠋ ᠡᠵᠡᠯᠡᠪᠡ᠃
ᠭᠠᠳᠠᠭᠠᠳᠤ ᠳ᠋ᠤ ᠭᠠᠷᠭᠠᠬᠤ ᠲᠠᠸᠠᠷ ᠤ᠋ᠨ ᠪᠦᠳᠤᠴᠡ ᠦᠷᠬᠦᠯᠵᠢᠯᠡᠨ ᠰᠢᠯᠢᠳᠡᠭᠵᠢᠵᠤ᠂ ᠬᠡᠰᠡᠭ ᠲᠠᠸᠠᠷ ᠤ᠋ᠨ ᠨᠡᠮᠡᠭᠳᠡᠯ ᠤ᠋ᠨ ᠬᠤᠷᠳᠤᠴᠡ ᠲᠦᠷᠭᠡᠳᠴᠠᠢ᠃ ᠳᠡᠭᠡᠷ᠎ᠡ ᠬᠠᠭᠠᠰ ᠵᠢᠯ ᠳ᠋ᠤ᠂ ᠮᠠᠨ ᠤ᠋ ᠣᠷᠣᠨ ᠤ᠋ ᠭᠠᠳᠠᠭᠠᠳᠤ ᠳ᠋ᠤ ᠭᠠᠷᠭᠠᠭᠰᠠᠨ ᠮᠠᠰᠢᠨ ᠴᠠᠬᠢᠯᠭᠠᠨ ᠤ᠋ ᠦᠢᠯᠡᠳᠬᠦᠨ 105 ᠳ᠋ᠦᠩᠰᠢᠭᠤᠷ ᠲᠥᠭᠥᠷᠢᠭ ᠲᠦ᠍ ᠬᠦᠷᠴᠦ᠍ 6.9% ᠪᠠᠷ ᠨᠡᠮᠡᠭᠳᠡᠪᠡ; ᠲᠠᠷᠢᠶᠠᠯᠠᠩ ᠤ᠋ᠨ ᠪᠦᠲᠦᠭᠡᠭᠳᠡᠬᠦᠨ 73.8 ᠳ᠋ᠦᠩᠰᠢᠭᠤᠷ ᠲᠥᠭᠥᠷᠢᠭ ᠲᠦ᠍ ᠬᠦᠷᠴᠦ᠍ 18.2% ᠵᠢᠡᠷ ᠨᠡᠮᠡᠭᠳᠡᠵᠤ᠂ ᠦᠨᠳᠦᠰᠦᠨ ᠣᠷᠭᠠᠨᠢᠭ ᠬᠢᠮᠢ ᠵᠢᠨ ᠪᠣᠳᠠᠰ 46.2 ᠳ᠋ᠦᠩᠰᠢᠭᠤᠷ ᠲᠥᠭᠥᠷᠢᠭ ᠲᠦ᠍ ᠬᠦᠷᠴᠦ᠍ 14.4% ᠪᠠᠷ ᠨᠡᠮᠡᠭᠳᠡᠪᠡ; ᠭᠠᠳᠠᠭᠠᠳᠤ ᠳ᠋ᠤ ᠭᠠᠷᠭᠠᠬᠰᠠᠨ ᠳᠠᠪᠲᠠᠨ ᠬᠡᠪᠰᠢᠭᠦᠯᠦᠭᠰᠡᠨ ᠥᠬᠡᠶ ᠬᠥᠩᠭᠡᠨ ᠴᠠᠭᠠᠨ ᠵᠢᠴᠢ ᠬᠥᠩᠭᠡᠨ ᠴᠠᠭᠠᠨ ᠤ᠋ ᠮᠠᠲ᠋ᠧᠷᠢᠶᠠᠯ 18.9 ᠳ᠋ᠦᠩᠰᠢᠭᠤᠷ ᠲᠥᠭᠥᠷᠢᠭ ᠲᠦ᠍ ᠬᠦᠷᠴᠦ᠍ 142.4% ᠪᠠᠷ ᠨᠡᠮᠡᠭᠳᠡᠭᠰᠡᠨ ᠪᠠᠢᠨ᠎ᠠ᠃
ᠪᠥᠭᠡᠮ ᠲᠠᠸᠠᠷ ᠤ᠋ᠨ ᠭᠠᠳᠠᠭᠠᠳᠤ ᠣᠷᠣᠭᠤᠯᠤᠯᠲᠠ ᠯᠠᠪᠳᠠᠭᠤᠨ ᠲᠤᠭᠳᠠᠭᠤᠨ ᠵᠢᠡᠷ ᠦᠷᠬᠡᠳᠴᠠᠢ᠃ ᠳᠡᠭᠡᠷ᠎ᠡ ᠬᠠᠭᠠᠰ ᠵᠢᠯ ᠳ᠋ᠤ᠂ ᠮᠠᠨ ᠤ᠋ ᠣᠷᠣᠨ ᠤ᠋ ᠶᠡᠬᠡ ᠬᠡᠮᠵᠢᠶᠡᠨ ᠤ᠋ ᠲᠠᠸᠠᠷ ᠤ᠋ᠨ ᠭᠠᠳᠠᠭᠠᠳᠤ ᠣᠷᠣᠭᠤᠯᠤᠯᠲᠠ ᠵᠢᠨ ᠬᠡᠮᠵᠢᠶ᠎ᠡ 696.1 ᠳ᠋ᠦᠩᠰᠢᠭᠤᠷ ᠲᠥᠭᠥᠷᠢᠭ ᠲᠦ᠍ ᠬᠦᠷᠴᠦ᠍ 39.7% ᠪᠠᠷ ᠨᠡᠮᠡᠭᠳᠡᠪᠡ᠃ ᠡᠭᠦᠨ ᠳ᠋ᠤ ᠵᠡᠰ᠂ ᠬᠠᠷ᠎ᠠ ᠲᠤᠭᠤᠯᠭ᠎ᠠ᠂ ᠴᠠᠶ᠋ᠢᠷ ᠵᠡᠷᠭᠡ ᠲᠡᠮᠦᠷ ᠤ᠋ᠨ ᠬᠦᠳᠡᠷ ᠤ᠋ᠨ ᠭᠠᠳᠠᠭᠠᠳᠤ ᠣᠷᠣᠭᠤᠯᠤᠯᠲᠠ ᠵᠢᠨ ᠬᠡᠮᠵᠢᠶ᠎ᠠ 491.1 ᠳ᠋ᠦᠩᠰᠢᠭᠤᠷ ᠲᠥᠭᠥᠷᠢᠭ ᠲᠦ᠍ ᠬᠦᠷᠴᠦ᠍ 44.1%ᠪᠠᠷ ᠨᠡᠮᠡᠭᠳᠡᠨ᠂ ᠨᠡᠭᠦᠷᠡᠰᠦ ᠪᠠ ᠲᠦᠭᠦᠬᠡᠢ ᠴᠢᠯᠠᠭᠤᠨ ᠲᠣᠰᠣ ᠵᠡᠷᠭᠡ ᠡᠨᠧᠷᠭᠢ ᠵᠢᠨ ᠦᠢᠯᠡᠳᠬᠦᠨ ᠤ᠋ ᠭᠠᠳᠠᠭᠠᠳᠤ ᠤᠷᠤᠭᠤᠯᠤᠯᠳᠠ ᠵᠢᠨ ᠬᠡᠮᠵᠢᠶ᠎ᠠ 202 ᠳ᠋ᠦᠩᠰᠢᠭᠤᠷ ᠲᠥᠭᠥᠷᠢᠭ ᠲᠸ᠋ ᠬᠦᠷᠴᠤ 31.5% ᠪᠡᠷ ᠨᠡᠮᠡᠭᠳᠡᠵᠠᠢ᠃