ᠦᠪᠤᠷ ᠮᠤᠡᠭᠭᠤᠯ ᠦᠶᠡᠷ ᠢ᠋ ᠰᠡᠷᠭᠡᠶ᠋ᠢᠯᠡᠬᠦ᠌ 《ᠰᠠᠨᠠᠭᠠᠴᠢᠯᠠᠭᠠᠲᠤ᠌ ᠳᠠᠶ᠋ᠢᠯᠠᠯᠳᠤᠭᠠᠨ》 ᠢ᠋ ᠰᠠᠶ᠋ᠢᠲᠤᠷ ᠬᠢᠵᠦ᠍ ᠪᠠᠢᠨ᠎ᠠ
2026-07-18 11:40:19
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠲᠦᠷᠦᠬᠦᠭᠡᠨ ᠰᠤᠷᠪᠤᠯᠵᠢᠯᠠᠭᠴᠢ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠤᠰᠤᠨ ᠠᠰᠢᠭᠯᠠᠯᠲᠠ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ ᠦᠶᠡᠷ ᠤ᠋ᠨ ᠬᠤᠭᠤᠴᠠᠭᠠᠨ ᠳ᠋ᠤ ᠣᠷᠣᠭᠰᠠᠨ ᠡᠴᠡ ᠨᠠᠭᠠᠰᠢ ᠪᠦᠬᠦ ᠤᠷᠤᠨ ᠤ᠋ ᠡᠯ᠎ᠠ ᠭᠠᠵᠠᠷ ᠤ᠋ᠨ ᠬᠢᠨ 《ᠤᠷᠢᠳᠴᠢᠯᠠᠨ ᠰᠡᠷᠭᠡᠶ᠋ᠢᠯᠡᠬᠦ᠌》 ᠠᠵᠢᠯ ᠢ᠋ ᠰᠠᠶ᠋ᠢᠲᠤᠷ ᠬᠢᠵᠦ᠍᠂ ᠳᠡᠭᠡᠳᠦ ᠳᠤᠤᠷᠠᠳᠤ ᠱᠠᠲᠤ᠌ ᠪᠡᠷ ᠵᠢᠡᠨ ᠬᠣᠯᠪᠣᠭᠠᠯᠠᠨ ᠬᠥᠳᠡᠯᠦᠯᠴᠡᠭᠰᠡᠨ᠂ ᠪᠥᠬᠥ᠌ ᠣᠷᠣᠨ ᠪᠦᠰᠡ ᠪᠡᠷ ᠰᠡᠷᠭᠡᠶ᠋ᠢᠯᠡᠨ ᠪᠡᠯᠡᠳᠬᠡᠭᠰᠡᠨ ᠦᠶᠡᠷ ᠤ᠋ᠨ ᠬᠤᠭᠤᠴᠠᠭᠠᠨ ᠤ᠋ 《ᠬᠠᠮᠠᠭᠠᠯᠠᠯᠲᠠ ᠢ᠋ᠢᠨ ᠲᠤᠤᠷ》 ᠢ᠋ ᠪᠠᠲᠤ ᠰᠦᠯᠵᠢᠵᠤ᠂ ᠦᠶᠡᠷ ᠢ᠋ ᠰᠡᠷᠭᠡᠶ᠋ᠢᠯᠡᠬᠦ᠌ 《ᠰᠠᠨᠠᠭᠠᠴᠢᠯᠠᠭᠠᠲᠤ᠌ ᠳᠠᠶ᠋ᠢᠯᠠᠯᠳᠤᠭᠠᠨ》 ᠢ᠋ ᠰᠠᠶ᠋ᠢᠲᠤᠷ ᠬᠢᠵᠦ᠍ ᠪᠠᠢᠨ᠎ᠠ᠃

ᠦᠪᠤᠷ ᠮᠤᠡᠭᠭᠤᠯ ᠤᠷᠢᠳ ᠬᠤᠵᠢᠳ ᠦᠨᠳᠦᠰᠦᠨ ᠱᠠᠲᠤᠨ ᠤ᠋ ᠦᠶᠡᠷ ᠤᠰᠤᠲᠤᠯ ᠢ᠋ ᠠᠷᠭᠠᠴᠠᠭᠠᠨ ᠰᠢᠢᠳᠪᠦᠷᠢᠯᠡᠬᠦ ᠲᠤᠰᠬᠠᠶ ᠪᠣᠯᠪᠠᠰᠤᠷᠠᠯ ᠵᠢᠴᠢ ᠭᠤᠤᠯᠳᠠᠯᠭ᠎ᠠ ᠲᠠᠶ ᠤᠰᠤᠨ ᠠᠰᠢᠭᠯᠠᠯᠲᠠ ᠢ᠋ᠢᠨ ᠬᠦᠢᠰᠦ ᠢ᠋ᠢᠨ ᠦᠶᠡᠷ ᠢ᠋ ᠰᠡᠷᠭᠡᠶ᠋ᠢᠯᠡᠬᠦ᠌ ᠰᠣᠷᠢᠯᠲᠠ ᠥᠷᠨᠢᠭᠦᠯᠵᠤ᠂ ᠪᠠᠴᠢᠮ ᠪᠠᠶ᠋ᠢᠳᠠᠯ ᠢ᠋ ᠠᠷᠭᠠᠴᠠᠭᠠᠬᠤ ᠴᠢᠳᠠᠪᠤᠷᠢ ᠢ᠋ᠢ ᠳᠡᠭᠡᠭᠰᠢᠯᠡᠭᠦᠯᠪᠡ᠃ 5 ᠰᠠᠷ᠎ᠠ ᠢ᠋ᠢᠨ 19 — 20 ᠤ᠋ ᠡᠳᠦᠷ ᠪᠣᠯᠲᠠᠯ᠎ᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ ᠤ᠋ ᠤᠰᠤᠨ ᠠᠰᠢᠭᠯᠠᠯᠲᠠ ᠢ᠋ᠢᠨ ᠲᠢᠩᠬᠢᠮ᠎ᠤᠨ ᠬᠢᠨ ᠬᠥᠯᠥᠨ ᠪᠣᠶ᠋ᠢᠷ ᠬᠣᠲᠠ ᠢ᠋ᠢᠨ ᠵᠠᠯᠠᠨ ᠠᠶ᠋ᠢᠯ ᠬᠣᠲᠠ ᠳ᠋ᠤ ᠪᠥᠬᠥ᠌ ᠣᠷᠣᠨ ᠤ᠋ ᠦᠶᠡᠷ ᠤᠰᠤᠲᠤᠯ ᠭᠠᠩ ᠬᠠᠭᠰᠠᠷᠠᠭᠠᠨ ᠤ᠋ ᠭᠠᠮᠰᠢᠭ ᠢ᠋ ᠰᠡᠷᠭᠡᠶ᠋ᠢᠯᠡᠬᠦ᠌ ᠲᠤᠬᠠᠶ᠋ᠢᠯᠠᠭᠰᠠᠨ ᠠᠵᠢᠯ ᠤ᠋ᠨ ᠲᠤᠰᠬᠠᠶ ᠰᠡᠳᠦᠪᠲᠦ᠍ ᠪᠣᠯᠪᠠᠰᠤᠷᠠᠯ ᠵᠢᠴᠢ ᠠᠭᠤᠯᠠᠨ ᠦᠶᠡᠷ ᠢ᠋ ᠰᠡᠷᠭᠡᠶ᠋ᠢᠯᠡᠬᠦ᠌ ᠪᠠ ᠪᠠᠶ᠋ᠢᠭᠤᠯᠵᠤ ᠪᠠᠶ᠋ᠢᠭ᠎ᠠ ᠤᠰᠤᠨ ᠠᠰᠢᠭᠯᠠᠯᠲᠠ ᠢ᠋ᠢᠨ ᠪᠠᠷᠢᠯᠭ᠎ᠠ ᠢ᠋ᠢᠨ ᠦᠶᠡᠷ ᠤ᠋ᠨ ᠬᠤᠭᠤᠴᠠᠭ᠎ᠠ ᠢ᠋ᠢ ᠠᠮᠤᠷ ᠲᠦᠪᠰᠢᠨ ᠵᠢᠡᠷ ᠥᠩᠭᠡᠷᠡᠭᠦᠯᠬᠦ᠌ ᠰᠣᠷᠢᠯᠲᠠ ᠬᠢᠵᠤ᠂ ᠦᠨᠳᠦᠰᠦᠨ ᠱᠠᠲᠤᠨ ᠤ᠋ ᠠᠭᠤᠯᠠᠨ ᠦᠶᠡᠷ ᠤ᠋ᠨ ᠭᠠᠮᠰᠢᠭ ᠢ᠋ ᠰᠡᠷᠬᠡᠢᠯᠡᠵᠤ ᠠᠷᠭᠠᠴᠠᠭᠠᠬᠤ ᠪᠡᠯᠡᠳᠬᠡᠯ ᠲᠥᠰᠦᠯ ᠤ᠋ᠨ ᠬᠡᠷᠡᠭᠯᠡᠭᠡᠨ ᠤ᠋ ᠴᠢᠨᠠᠷ ᠪᠠ ᠬᠡᠷᠡᠭᠵᠢᠭᠦᠯᠵᠦ᠍ ᠪᠣᠯᠬᠤᠶ᠋ᠢᠴᠠ ᠴᠢᠨᠠᠷ ᠢ᠋ ᠪᠦᠬᠦ ᠲᠠᠯ᠎ᠠ ᠪᠡᠷ ᠰᠢᠯᠭᠠᠨ ᠪᠠᠶ᠋ᠢᠴᠠᠭᠠᠪᠠ᠃ 6 ᠰᠠᠷ᠎ᠠ ᠢ᠋ᠢᠨ 24 ᠤ᠋ ᠡᠳᠦᠷ᠂ ᠥᠪᠥᠷ ᠮᠣᠩᠭᠣᠯ ᠤ᠋ᠨ ᠱᠦᠶ ᠹᠠ ᠪᠦᠯᠦᠭᠯᠡᠯ ᠥᠨᠳᠡᠭᠡᠨ ᠤᠰᠤᠨ ᠠᠰᠢᠭᠯᠠᠯᠲᠠ ᠢ᠋ᠢᠨ ᠬᠦᠶ᠋ᠰᠦ ᠳ᠋ᠤ ᠦᠶᠡᠷ ᠢ᠋ ᠰᠡᠷᠭᠡᠶ᠋ᠢᠯᠡᠵᠤ ᠪᠠᠴᠢᠮ ᠪᠠᠶ᠋ᠢᠳᠠᠯ ᠢ᠋ ᠠᠷᠭᠠᠴᠠᠭᠠᠬᠤ ᠰᠣᠷᠢᠯᠲᠠ᠎ᠬᠢᠵᠤ᠂ ᠦᠨᠳᠡᠭᠡᠨ ᠤᠰᠤᠨ ᠠᠰᠢᠭᠯᠠᠯᠲᠠ ᠢ᠋ᠢᠨ ᠬᠦᠶ᠋ᠰᠦ ᠢ᠋ᠢᠨ ᠦᠶᠡᠷ ᠢ᠋ ᠰᠡᠷᠭᠡᠶ᠋ᠢᠯᠡᠬᠦ ᠪᠠ ᠪᠠᠴᠢᠮ ᠪᠠᠶ᠋ᠢᠳᠠᠯ ᠢ᠋ ᠠᠷᠭᠠᠴᠠᠭᠠᠬᠤ ᠲᠥᠰᠦᠯ ᠤ᠋ᠨ ᠰᠢᠨᠵᠢᠯᠡᠬᠦ᠌ ᠤᠬᠠᠭᠠᠨᠴᠢ ᠴᠢᠨᠠᠷ ᠢ᠋ ᠪᠥᠬᠥ᠌ ᠲᠠᠯ᠎ᠠ ᠪᠠᠷ ᠰᠢᠯᠭᠠᠨ ᠪᠠᠶ᠋ᠢᠴᠠᠭᠠᠵᠤ᠂ ᠤᠰᠤᠨ ᠠᠰᠢᠭᠯᠠᠯᠲᠠ ᠢ᠋ᠢᠨ ᠢᠨᠵᠧᠨᠧᠷᠢᠩ ᠤ᠋ᠨ ᠤᠨᠴᠠ ᠶᠡᠬᠡ ᠦᠶᠡᠷ ᠤ᠋ᠨ ᠭᠠᠮᠰᠢᠭ ᠢ᠋ ᠠᠷᠭᠠᠴᠠᠭᠠᠬᠤ ᠶᠡᠷᠦᠩᠬᠡᠶ᠋ᠢᠯᠡᠭᠰᠡᠨ ᠴᠢᠳᠠᠪᠤᠷᠢ ᠢ᠋ᠢ ᠳᠡᠭᠡᠭᠰᠢᠯᠡᠭᠦᠯᠪᠡ᠃ 6 ᠰᠠᠷ᠎ᠠ ᠢ᠋ᠢᠨ 26 ᠤ᠋ ᠡᠳᠦᠷ᠂ ᠪᠠᠶᠠᠨᠨᠠᠭᠤᠷ ᠬᠣᠲᠠ ᠢ᠋ᠢᠨ ᠬᠠᠩᠭᠢᠨ ᠬᠣᠶ᠋ᠢᠲᠤ᠌ ᠬᠣᠰᠢᠭᠤᠨ ᠤ᠋ ᠱᠠ ᠬᠠᠶ ᠪᠠᠯᠭᠠᠰᠤ ᠵᠢᠨ ᠪᠠ ᠢ ᠲᠣᠰᠬᠣᠨ ᠳ᠋ᠤ ᠲᠠᠷᠢᠶᠠᠨ ᠭᠠᠵᠠᠷ ᠤ᠋ᠨ ᠤᠰᠤᠲᠤᠯ ᠢ᠋ ᠠᠷᠭᠠᠴᠠᠭᠠᠨ ᠰᠢᠶ᠋ᠳᠪᠦᠷᠢᠯᠡᠬᠦ᠌ ᠰᠣᠷᠢᠯᠲᠠ ᠬᠢᠵᠠᠢ᠃

7 ᠰᠠᠷ᠎ᠠ ᠢ᠋ᠢᠨ 5 ᠤ᠋ ᠡᠳᠦᠷ ᠤ᠋ᠨ 8 ᠴᠠᠭ ᠡᠴᠡ 9 ᠤ᠋ ᠡᠳᠦᠷ ᠤ᠋ᠨ 17 ᠴᠠᠭ ᠪᠣᠯᠲᠠᠯ᠎ᠠ᠂ ᠬᠢᠩᠭᠠᠨ ᠠᠶ᠋ᠢᠮᠠᠭ ᠤ᠋ᠨ ᠬᠡᠰᠡᠭ ᠭᠠᠵᠠᠷ ᠲᠤ᠌ ᠤᠨᠴᠠ ᠶᠡᠬᠡ ᠰᠢᠷᠦᠭᠦᠨ ᠪᠣᠷᠣᠭᠠᠨ ᠣᠷᠣᠵᠤ᠂ ᠰᠠᠪᠠ ᠭᠠᠵᠠᠷ ᠤ᠋ᠨ ᠳᠤᠮᠳᠠᠴᠢ ᠬᠤᠷ᠎ᠠ ᠲᠤᠨᠳᠠᠰᠤ ᠢ᠋ᠢᠨ ᠬᠡᠮᠵᠢᠶ᠎ᠡ 105.04 ᠮᠢᠯᠢᠮᠧᠲ᠋ᠷ ᠢ᠋ ᠳᠠᠪᠠᠨ᠂ ᠦᠶᠡᠷ ᠢ᠋ ᠰᠡᠷᠭᠡᠶ᠋ᠢᠯᠡᠬᠦ᠌ ᠳᠠᠷᠤᠯᠲᠠ ᠶᠡᠬᠡᠰᠪᠠ᠃ ᠡᠬᠦᠨ ᠳ᠋ᠤ ᠥᠨᠳᠡᠭᠡᠨ ᠤᠰᠤᠨ ᠴᠥᠭᠥᠷᠥᠮ ᠤ᠋ᠨ ᠪᠠᠭᠲᠠᠭᠠᠮᠵᠢ ᠳ᠋ᠤ ᠲᠦᠰᠢᠭᠯᠡᠨ ᠳᠡᠭᠡᠳᠦ ᠤᠷᠤᠰᠬᠠᠯ ᠤ᠋ᠨ ᠦᠶᠡᠷ ᠤ᠋ᠨ ᠤᠰᠤ ᠢ᠋ᠢ ᠪᠦᠬᠦᠨ ᠢ᠋ ᠬᠠᠰᠢᠵᠤ ᠬᠠᠳᠠᠭᠠᠯᠠᠨ᠂ ᠳᠤᠤᠷᠠᠳᠤ ᠤᠷᠤᠰᠬᠠᠯ ᠤ᠋ᠨ ᠴᠤᠤᠯ ᠤᠰᠤᠨ ᠴᠥᠭᠥᠷᠥᠮ ᠤ᠋ᠨ ᠦᠶᠡᠷ ᠢ᠋ ᠰᠡᠷᠭᠡᠶ᠋ᠢᠯᠡᠬᠦ᠌ ᠳᠠᠷᠤᠯᠲᠠ ᠢ᠋ᠢ ᠶᠡᠬᠡ ᠪᠡᠷ ᠬᠥᠩᠭᠡᠷᠡᠭᠦᠯᠵᠤ᠂ ᠲᠣᠮᠣ ᠬᠡᠯᠪᠡᠷᠢ ᠢ᠋ᠢᠨ ᠤᠰᠤᠨ ᠴᠥᠭᠥᠷᠥᠮ ᠤ᠋ᠨ ᠦᠶᠡᠷ ᠢ᠋ ᠰᠡᠷᠭᠡᠶ᠋ᠢᠯᠡᠵᠦ᠍ ᠭᠠᠮᠰᠢᠭ ᠢ᠋ ᠪᠠᠭᠠᠰᠬᠠᠬᠤ ᠭᠤᠤᠯᠯᠠᠬᠤ ᠦᠢᠯᠡᠳᠦᠯ ᠢ᠋ ᠭᠦᠶ᠋ᠴᠡᠳ ᠪᠠᠳᠠᠷᠠᠭᠤᠯᠵᠡᠢ᠃

ᠡᠨᠡ ᠵᠢᠯ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ ᠤ᠋ ᠤᠰᠤᠨ ᠠᠰᠢᠭᠯᠠᠯᠲᠠ ᠢ᠋ᠢᠨ ᠲᠢᠩᠬᠢᠮ᠎ᠤᠨ ᠬᠢᠨ ᠤᠷᠢᠳ ᠬᠤᠵᠢᠳ 《2026 ᠣᠨ ᠤ᠋ ᠦᠶᠡᠷ ᠤ᠋ᠨ ᠬᠤᠭᠤᠴᠠᠭᠠᠨ ᠤ᠋ ᠦᠶᠡᠷ ᠤᠰᠤᠲᠤᠯ ᠭᠠᠩ ᠬᠠᠭᠰᠠᠷᠠᠭᠠᠨ ᠤ᠋ ᠭᠠᠮᠰᠢᠭ ᠢ᠋ ᠰᠡᠷᠭᠡᠶ᠋ᠢᠯᠡᠬᠦ᠌ ᠠᠵᠢᠯ ᠢ᠋ ᠰᠠᠶ᠋ᠢᠲᠤᠷ ᠬᠢᠬᠦ᠌ ᠲᠤᠬᠠᠶ ᠮᠡᠳᠡᠭᠳᠡᠯ》᠂ 《ᠶᠡᠬᠡ ᠲᠦᠷᠭᠡᠨ ᠭᠤᠤᠯ᠂ ᠮᠠᠶ᠋ᠢᠳᠠᠷᠢ ᠭᠤᠤᠯ ᠤ᠋ᠨ ᠰᠠᠪᠠ ᠭᠠᠵᠠᠷ ᠤ᠋ᠨ ᠦᠶᠡᠷ ᠢ᠋ ᠰᠡᠷᠭᠡᠶ᠋ᠢᠯᠡᠬᠦ᠌ ᠪᠠᠴᠢᠮ ᠪᠠᠶ᠋ᠢᠳᠠᠯ ᠢ᠋ ᠠᠷᠭᠠᠴᠠᠭᠠᠬᠤ ᠪᠡᠯᠡᠳᠬᠡᠯ ᠲᠥᠰᠦᠯ》 ᠢ᠋ ᠳᠠᠷᠤᠮᠠᠯᠯᠠᠨ ᠲᠠᠷᠬᠠᠭᠠᠵᠤ᠂ ᠦᠶᠡᠷ ᠤᠰᠤᠲᠤᠯ ᠭᠠᠩ ᠬᠠᠭᠰᠠᠷᠠᠭᠠᠨ ᠤ᠋ ᠭᠠᠮᠰᠢᠭ ᠢ᠋ ᠰᠡᠷᠭᠡᠶ᠋ᠢᠯᠡᠬᠦ᠌ ᠭᠤᠤᠯᠳᠠᠯᠭ᠎ᠠ ᠲᠠᠶ ᠠᠵᠢᠯ ᠢ᠋ ᠨᠠᠷᠢᠯᠢᠬᠵᠢᠭᠤᠯᠤᠨ ᠪᠠᠶ᠋ᠢᠷᠢᠯᠠᠭᠤᠯᠪᠠ; 《ᠠᠭᠤᠯᠠᠨ ᠦᠶᠡᠷ ᠤ᠋ᠨ ᠭᠠᠮᠰᠢᠭ ᠢ᠋ ᠰᠡᠷᠭᠡᠶ᠋ᠢᠯᠡᠬᠦ》 ᠵᠡᠷᠭᠡ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠢ᠋ ᠲᠦᠭᠡᠮᠡᠯᠵᠢᠭᠦᠯᠬᠦ᠌ ᠣᠬᠣᠷ ᠸᠢᠳᠢᠣ᠋ ᠪᠤᠯᠤᠨ ᠤᠬᠠᠭᠤᠯᠭ᠎ᠠ ᠢ᠋ᠢᠨ ᠭᠠᠷ ᠠᠪᠤᠯᠭ᠎ᠠ ᠎ᠵᠢ ᠲᠠᠷᠬᠠᠭᠠᠵᠤ᠂ ᠦᠶᠡᠷ ᠢ᠋ ᠰᠡᠷᠭᠡᠶ᠋ᠢᠯᠡᠵᠦ᠍ ᠥᠪᠡᠷ ᠢ᠋ ᠪᠡᠨ ᠠᠪᠤᠷᠠᠬᠤ ᠮᠡᠳᠡᠯᠭᠡ ᠢ᠋ᠢ ᠪᠠᠶ᠋ᠢᠩᠭᠤᠵᠢᠭᠤᠯᠤᠨ ᠲᠦᠭᠡᠮᠡᠯᠵᠢᠭᠦᠯᠵᠦ᠍᠂ ᠣᠯᠠᠨ ᠵᠢᠡᠷ ᠵᠢᠡᠨ ᠰᠡᠷᠭᠡᠶ᠋ᠢᠯᠡᠵᠦ᠍ ᠣᠯᠠᠨ ᠵᠢᠡᠷ ᠵᠢᠡᠨ ᠵᠠᠰᠠᠬᠤ ᠦᠶᠡᠷ ᠢ᠋ ᠰᠡᠷᠭᠡᠶ᠋ᠢᠯᠡᠬᠦ᠌ ᠠᠵᠢᠯ ᠤ᠋ᠨ ᠪᠠᠶ᠋ᠢᠷᠢᠰᠢᠯ ᠢ᠋ ᠪᠦᠷᠢᠯᠳᠦᠭᠦᠯᠪᠠ᠃

ᠤᠳᠤ ᠪᠦᠬᠦ ᠤᠷᠤᠨ ᠤ᠋ ᠡᠯ᠎ᠡ ᠱᠠᠲᠤᠨ ᠤ᠋ ᠤᠰᠤᠨ ᠠᠰᠢᠭᠯᠠᠯᠲᠠ ᠢ᠋ᠢᠨ ᠰᠠᠯᠠᠭ᠎ᠠ ᠮᠥᠴᠢᠷ ᠪᠣᠯᠤᠨ ᠬᠠᠮᠢᠶ᠎ᠠ ᠪᠥᠬᠥᠶ ᠨᠢᠭᠡᠴᠢ ᠨᠢ ᠤᠰᠤᠨ ᠴᠥᠭᠥᠷᠥᠮ᠂ ᠬᠠᠰᠢᠯᠭ᠎ᠠ ᠳᠠᠯᠠᠩ᠂ ᠠᠭᠤᠯᠠᠨ ᠦᠶᠡᠷ ᠢ᠋ ᠰᠡᠷᠭᠡᠶ᠋ᠢᠯᠡᠬᠦ᠌ ᠵᠡᠷᠭᠡ ᠭᠤᠤᠯᠳᠠᠯᠭ᠎ᠠ ᠲᠠᠶ ᠬᠦᠷᠢᠶ᠎ᠠ ᠴᠠᠷᠠᠭ᠎ᠠ ᠵᠢᠨ ᠲᠤᠭᠤᠷᠢᠨ ᠳ᠋ᠤ ᠦᠶᠡᠷ ᠢ᠋ ᠰᠡᠷᠭᠡᠶ᠋ᠢᠯᠡᠬᠦ᠌ ᠬᠠᠷᠢᠭᠤᠴᠠᠯᠭ᠎ᠠ᠂ ᠪᠠᠷᠢᠯᠭ᠎ᠠ ᠢ᠋ᠢᠨ ᠡᠵᠡᠡᠭᠨᠡᠯᠲᠡ ᠬᠠᠮᠠᠭᠠᠯᠠᠯᠲᠠ ᠵᠡᠷᠬᠡ ᠲᠠᠯ᠎ᠠ ᠪᠡᠷ ᠵᠢᠭᠰᠠᠭᠠᠨ ᠪᠠᠶ᠋ᠢᠴᠠᠭᠠᠵᠤ ᠴᠡᠭᠴᠡᠯᠡᠨ ᠰᠠᠶ᠋ᠢᠵᠢᠷᠠᠭᠤᠯᠵᠤ᠂ ᠤᠰᠤᠨ ᠠᠰᠢᠭᠯᠠᠯᠲᠠ ᠢ᠋ᠢᠨ ᠪᠠᠷᠢᠯᠭ᠎ᠠ ᠢ᠋ᠢᠨ ᠦᠶᠡᠷ ᠤ᠋ᠨ ᠬᠤᠭᠤᠴᠠᠭ᠎ᠠ ᠢ᠋ᠢ ᠠᠮᠤᠷ ᠲᠦᠪᠰᠢᠨ ᠢ᠋ᠢᠡᠷ ᠥᠩᠭᠡᠷᠡᠭᠦᠯᠬᠦ᠌ ᠢ᠋ᠢ ᠪᠠᠲᠤᠯᠠᠵᠤ ᠪᠠᠢᠨ᠎ᠠ; ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠰᠢᠰᠲ᠋ᠧᠮ ᠢ᠋ ᠦᠷᠭᠦᠯᠵᠢᠯᠡᠨ ᠲᠡᠬᠦᠯᠳᠡᠷᠵᠢᠬᠦᠯᠵᠤ᠂ ᠪᠤᠷᠤᠭ᠎ᠠ ᠤᠰᠤ ᠵᠢᠨ ᠪᠠᠶ᠋ᠢᠳᠠᠯ ᠢ᠋ ᠴᠠᠭ ᠲᠤᠬᠠᠶ ᠳ᠋ᠤᠨᠢ ᠮᠥᠷᠳᠡᠨ᠂ ᠦᠶᠡᠷ ᠤ᠋ᠨ ᠪᠠᠶ᠋ᠢᠳᠠᠯ ᠢ᠋ ᠰᠤᠳᠤᠯᠤᠨ ᠮᠠᠭᠠᠳᠯᠠᠬᠤ ᠪᠠ ᠠᠭᠤᠯᠠᠨ ᠦᠶᠡᠷ ᠢ᠋ ᠤᠷᠢᠳᠴᠢᠯᠠᠨ ᠰᠡᠷᠡᠮᠵᠢᠯᠡᠭᠦᠯᠬᠦ᠌ ᠠᠵᠢᠯ ᠢ᠋ ᠪᠠᠶ᠋ᠢᠩᠭᠤᠵᠢᠭᠤᠯᠤᠨ ᠥᠷᠨᠢᠭᠦᠯᠵᠦ᠍᠂ ᠤᠷᠢᠳᠴᠢᠯᠠᠨ ᠰᠡᠷᠡᠮᠵᠢᠯᠡᠭᠦᠯᠬᠦ᠌ ᠮᠡᠳᠡᠭᠡ ᠵᠠᠩᠭᠢ ᠢ᠋ᠢ ᠨᠢᠭᠡᠳᠦᠭᠡᠷ ᠹᠷᠣᠨᠲ ᠤ᠋ᠨ ᠬᠠᠷᠢᠭᠤᠴᠠᠯᠭᠠᠲᠠᠨ ᠪᠣᠯᠤᠨ ᠣᠯᠠᠨ ᠲᠦᠮᠡᠨ ᠳ᠋ᠤ ᠰᠢᠭᠤᠳ ᠬᠦᠷᠭᠡᠬᠦ᠌ ᠢ᠋ᠢ ᠠᠬᠢᠭᠤᠯᠵᠤ ᠪᠠᠢᠨ᠎ᠠ᠃ ᠪᠠᠰᠠ ᠠᠭᠤᠯᠠᠨ ᠦᠶᠡᠷ ᠠᠮᠠᠷᠬᠠᠨ ᠡᠭᠦᠰᠳᠡᠭ ᠣᠷᠣᠨ ᠪᠦᠰᠡ ᠳ᠋ᠤ ᠴᠢᠭᠯᠡᠭᠦᠯᠦᠨ ᠭᠤᠤ ᠰᠤᠪᠠᠭ᠂ ᠲᠣᠰᠬᠣᠨ ᠪᠠᠯᠭᠠᠰᠤ᠂ ᠪᠦᠲᠦᠭᠡᠨ ᠪᠠᠶ᠋ᠢᠭᠤᠯᠤᠯᠲᠠ ᠢ᠋ᠢᠨ ᠰᠡᠷᠭᠡᠶ᠋ᠢᠯᠡᠨ ᠡᠵᠡᠮᠳᠡᠬᠦ᠌ ᠠᠷᠭ᠎ᠠ ᠬᠡᠮᠵᠢᠶ᠎ᠡ ᠢ᠋ᠢ ᠨᠠᠷᠢᠯᠢᠬᠵᠢᠭᠤᠯᠵᠤ᠂ ᠦᠳᠡᠬᠦᠰ ᠨᠢᠯᠬᠠᠰ ᠵᠡᠷᠭᠡ ᠭᠣᠣᠯᠳᠠᠯᠭ᠎ᠠ ᠲᠠᠶ ᠬᠥᠮᠦᠰ ᠢ᠋ ᠣᠨᠣᠪᠴᠢᠲᠠᠢ ᠵᠢᠭᠰᠠᠭᠠᠨ ᠪᠠᠢᠴᠠᠭᠠᠵᠤ᠂ ᠦᠶᠡᠷ ᠢ᠋ ᠰᠡᠷᠭᠡᠶ᠋ᠢᠯᠡᠬᠦ᠌ ᠠᠮᠤᠷ ᠲᠦᠪᠰᠢᠨ ᠤ᠋ ᠬᠣᠷᠢᠭ᠎ᠠ ᠱᠤᠭᠤᠮ ᠢ᠋ ᠪᠠᠲᠤ᠌ ᠰᠠᠬᠢᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号