ᠥᠪᠥᠷ ᠮᠣᠩᠭᠣᠯ᠎ᠤᠨ ᠠᠯᠠᠱᠠ᠎ᠶᠢᠨ ᠨᠢᠭᠡᠨ ᠡᠷᠡᠭᠲᠡᠶ ᠰᠦᠯᠵᠢᠶᠡᠨ ᠳᠡᠭᠡᠷ᠎ᠡ ᠦᠨᠡᠨ ᠪᠤᠳᠠᠳᠤ ᠪᠤᠰᠤ ᠶᠠᠷᠢᠶ᠎ᠠ ᠨᠡᠶ᠋ᠢᠲᠡᠯᠡᠵᠦ᠍ ᠰᠢᠢᠳᠬᠡᠭᠳᠡᠪᠡ !
2026-07-18 19:31:16
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠶ᠋ᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠠᠱᠠ ᠠᠶ᠋ᠢᠮᠠᠭ᠎ᠤᠨ ᠳᠡᠭᠡᠳᠦ ᠰᠢᠨ᠎ᠡ ᠮᠡᠷᠭᠡᠵᠢᠯ᠎ᠦᠨ ᠠᠵᠤ ᠦᠢᠯᠡᠰ᠎ᠦᠨ ᠨᠡᠭᠡᠭᠡᠯᠲᠡ᠎ᠶᠢᠨ ᠲᠣᠭᠣᠷᠢᠭ᠎ᠤᠨ ᠳᠣᠲᠣᠭᠠᠳᠤ᠎ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠎ᠶᠢᠨ ᠤᠰᠤᠲᠠᠶ ᠲᠣᠮᠢᠯᠠᠭᠰᠠᠨ ᠰᠠᠯᠪᠤᠷᠢ ᠬᠠᠷᠢᠶ᠎ᠠ ᠣᠷᠣᠨ᠎ᠤ ᠨᠢᠭᠡᠨ ᠠᠵᠤ ᠠᠬᠤᠶ᠋ᠢᠯᠠᠯ᠎ᠤᠨ ᠬᠠᠷᠢᠭᠤᠴᠠᠯᠭᠠᠲᠠᠨ᠎ᠤ ᠬᠡᠷᠡᠭ ᠮᠡᠳᠡᠭᠦᠯᠦᠯᠲᠡ ᠵᠢ ᠳᠤᠰᠴᠠᠢ᠄ ᠨᠢᠭᠡᠨ ᠡᠷᠡᠭᠲᠡᠶ ᠰᠦᠯᠵᠢᠶᠡᠨ᠎ᠦ ᠨᠢᠭᠡᠨ ᠲᠠᠪᠴᠠᠩ᠎ᠳᠤ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠎ᠤᠨ ᠬᠠᠷᠢᠶ᠎ᠠ ᠣᠷᠣᠨ᠎ᠤ ᠨᠢᠭᠡᠨ ᠠᠵᠤ ᠠᠬᠤᠶ᠋ᠢᠯᠠᠯ᠎ᠤᠨ ᠳᠤᠬᠠᠢ ᠦᠨᠡᠨ ᠪᠣᠳᠠᠲᠠᠶ ᠪᠤᠰᠤ ᠮᠡᠳᠡᠭᠡ ᠵᠠᠩᠭᠢ᠎ᠶᠢ ᠨᠡᠶ᠋ᠢᠲᠡᠯᠡᠵᠦ᠍᠂ ᠪᠣᠳᠠᠲᠤ᠌ ᠬᠡᠷᠡᠭ᠎ᠢ ᠵᠤᠷᠢᠭᠤᠳᠠ ᠭᠠᠵᠢᠭᠤᠳᠠᠭᠤᠯᠵᠤ᠂ ᠲᠣᠰ ᠠᠵᠤ ᠠᠬᠤᠶ᠋ᠢᠯᠠᠯ᠎ᠳᠤ ᠮᠠᠭᠤ ᠨᠥᠯᠥᠭᠡ ᠦᠵᠡᠭᠦᠯᠦᠭᠰᠡᠨ ᠪᠠᠶ᠋ᠢᠨ᠎ᠠ ᠭᠡᠪᠡ᠃

ᠬᠡᠷᠡᠭ᠎ᠤᠨ ᠮᠡᠳᠡᠭᠦᠯᠦᠯᠲᠠ ᠵᠢ ᠳᠤᠰᠤᠭᠰᠠᠨ᠎ᠤ ᠳᠠᠷᠠᠭ᠎ᠠ᠂ ᠣᠰᠤᠲᠠᠶ ᠲᠣᠮᠢᠯᠠᠭᠰᠠᠨ ᠰᠠᠯᠪᠤᠷᠢ ᠳᠠᠷᠤᠶ ᠲᠦᠷᠭᠡᠨ ᠪᠠᠶ᠋ᠢᠴᠠᠭᠠᠯᠲᠠ ᠬᠢᠪᠡ᠃ ᠪᠠᠶ᠋ᠢᠴᠠᠭᠠᠭᠰᠠᠨ᠎ᠢᠶᠠᠷ᠂ ᠶᠤᠸᠠᠨ ᠣᠪᠣᠭᠲᠤ᠌᠂ ᠡᠷᠡᠭᠲᠡᠶ᠂ ᠳᠤᠬᠠᠢ ᠵᠢᠨ ᠬᠠᠷᠢᠶ᠎ᠠ ᠣᠷᠣᠨ᠎ᠤ ᠰᠠᠭᠤᠭᠠᠯᠢ ᠠᠷᠠᠳ ᠮᠥᠨ᠂ ᠣᠯᠠᠨᠨᠳᠠ ᠴᠤᠤᠷᠢᠶ᠎ᠠ ᠵᠢᠨ ᠲᠠᠪᠴᠠᠩ᠎ᠳᠤ ᠬᠤᠳᠠᠯ ᠬᠠᠭᠤᠷᠮᠠᠭ ᠦᠭᠡ ᠶᠠᠷᠢᠶ᠎ᠠ ᠵᠣᠬᠢᠶᠠᠵᠤ ᠲᠠᠷᠬᠠᠭᠠᠨ᠂ ᠣᠯᠠᠨ ᠨᠡᠶ᠋ᠢᠲᠡ᠎ᠵᠢᠨ ᠳᠠᠨᠢᠯᠳᠠ ᠵᠢ ᠪᠤᠷᠤᠭᠤ ᠲᠡᠢᠰᠢ ᠳᠠᠭᠠᠭᠤᠯᠤᠨ᠂ ᠰᠦᠯᠵᠢᠶᠡᠨ᠎ᠦ ᠣᠯᠠᠨ ᠨᠡᠶ᠋ᠢᠲᠡ᠎ᠶᠢᠨ ᠡᠮᠬᠢ ᠵᠢᠷᠤᠮ᠎ᠢ ᠰᠠᠮᠠᠭᠤᠷᠠᠭᠤᠯᠵᠤ᠂ ᠨᠠᠵᠠᠭᠠᠶ ᠶᠠᠷᠢᠶ᠎ᠠ ᠬᠡᠯᠡᠯᠴᠡᠭᠡᠨ᠎ᠦ ᠨᠥᠯᠥᠭᠡ ᠭᠠᠷᠭᠠᠭᠰᠠᠨ ᠪᠥᠭᠡᠳ ᠲᠡᠭᠦᠨ᠎ᠦ ᠦᠢᠯᠡ ᠠᠵᠢᠯᠯᠠᠭ᠎ᠠ ᠨᠢ ᠨᠢᠭᠡᠨᠲᠡ ᠬᠠᠤᠯᠢ ᠡᠴᠡ ᠵᠥᠷᠢᠴᠡᠭᠰᠡᠨ ᠠᠵᠢᠯᠯᠠᠭ᠎ᠠ ᠪᠣᠯᠤᠭᠰᠠᠨ ᠪᠠᠶ᠋ᠢᠨ᠎ᠠ᠃ ᠳᠣᠲᠣᠭᠠᠳᠤ᠎ᠶᠢ ᠬᠠᠮᠠᠭᠠᠯᠠᠬᠤ ᠪᠠᠶ᠋ᠢᠭᠤᠯᠭ᠎ᠠ ᠨᠢᠭᠡᠨᠲᠡ ᠬᠠᠤᠯᠢ ᠶᠣᠰᠣᠭᠠᠷ ᠶᠤᠸᠠᠨ ᠣᠪᠣᠭᠲᠤ᠎ᠳᠤ ᠠᠷᠪᠠᠨ ᠡᠳᠦᠷ ᠵᠠᠰᠠᠭ ᠵᠠᠬᠢᠷᠭᠠᠨ᠎ᠤ ᠲᠦᠷ ᠬᠣᠷᠢᠬᠤ ᠰᠢᠢᠳᠬᠡᠯ ᠥᠭᠪᠡ᠃

ᠴᠠᠭᠳᠠᠭᠠᠨ᠎ᠤ ᠲᠠᠯ᠎ᠠ᠎ᠶᠢᠨ ᠰᠠᠨᠠᠭᠤᠯᠭ᠎ᠠ᠄

ᠰᠦᠯᠵᠢᠶ᠎ᠡ ᠪᠣᠯ ᠬᠠᠤᠯᠢ᠎ᠶᠢᠨ ᠭᠠᠳᠠᠨᠠᠬᠢ ᠭᠠᠵᠠᠷ ᠪᠢᠰᠢ᠂ ᠥᠷᠭᠡᠨ ᠣᠯᠠᠨ ᠰᠦᠯᠵᠢᠶᠡᠴᠢᠳ ᠰᠦᠯᠵᠢᠶᠡᠨ ᠳᠡᠭᠡᠷ᠎ᠡ ᠶᠠᠷᠢᠶ᠎ᠠ ᠨᠡᠢᠲᠡᠯᠡᠬᠦ ᠳ᠋ᠡᠭᠡᠨ ᠬᠠᠤᠯᠢ ᠴᠠᠭᠠᠵᠠ ᠬᠠᠤᠯᠢ ᠲᠣᠭᠲᠠᠭᠠᠯ᠎ᠢ ᠵᠢᠷᠤᠮᠯᠠᠨ᠂ ᠪᠤᠰᠤᠳᠴᠢ ᠦᠨᠡᠨ ᠪᠣᠳᠠᠲᠠᠶ᠂ ᠤᠶᠤᠨᠯᠢᠭ ᠶᠠᠷᠢᠵᠦ ᠭᠡᠯᠡᠯᠴᠡᠭᠦ ᠵᠢ ᠪᠠᠷᠢᠮᠲᠠᠯᠠᠬᠤ ᠬᠡᠷᠡᠭᠲᠡᠶ᠂ ᠬᠤᠳᠠᠯ ᠬᠠᠭᠤᠷᠮᠠᠭ ᠮᠡᠳᠡᠭᠡ ᠵᠠᠩᠭᠢ᠎ᠶᠢ ᠳᠤᠷ᠎ᠠ᠎ᠪᠠᠷ᠎ᠢᠶᠠᠨ ᠵᠣᠬᠢᠶᠠᠨ ᠲᠠᠷᠬᠠᠭᠠᠵᠤ ᠪᠣᠯᠬᠤ ᠥᠬᠡᠶ᠃ ᠬᠡᠷᠡᠭ ᠤᠴᠢᠷ ᠵᠤᠬᠢᠶᠠᠵᠤ᠂ ᠴᠤᠤᠷᠬᠠᠯ ᠲᠠᠯᠪᠢᠨ᠂ ᠨᠢᠭᠡᠴᠢ ᠪᠣᠯᠤᠨ ᠬᠤᠪᠢ ᠬᠥᠮᠦᠨ᠎ᠢ ᠵᠤᠷᠢᠭᠤᠳᠠ ᠭᠦᠳᠬᠡᠭᠰᠡᠨ ᠬᠠᠤᠯᠢ᠎ᠡᠴᠠ ᠵᠥᠷᠢᠴᠡᠭᠰᠡᠨ ᠠᠵᠢᠯᠯᠠᠭ᠎ᠠ᠎ᠶᠢ ᠳᠣᠲᠣᠭᠠᠳᠤ᠎ᠶᠢ ᠬᠠᠮᠠᠭᠠᠯᠠᠬᠤ ᠪᠠᠶ᠋ᠢᠭᠤᠯᠭ᠎ᠠ ᠬᠠᠤᠯᠢ ᠶᠣᠰᠣᠭᠠᠷ ᠴᠢᠩᠭ᠎ᠠ ᠪᠠᠶ᠋ᠢᠴᠠᠭᠠᠨ ᠰᠢᠢᠳᠪᠦᠷᠢᠯᠡᠨ᠎ᠡ᠃  

ᠢᠷᠡᠯᠲᠡ᠄ ᠥᠪᠥᠷ ᠮᠣᠩᠭᠣᠯ᠎ᠤᠨ ᠰᠦᠯᠵᠢᠶᠡᠨ᠎ᠦ ᠢᠯᠡᠴᠢᠯᠡᠨ ᠮᠡᠳᠡᠭᠦᠯᠦᠯᠲᠡ ᠳᠠᠪᠴᠠᠡᠭ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号