ᠮᠥᠩᠭᠥᠨ ᠭᠦᠢᠯᠭᠡᠭᠡᠨ᠎ᠦ ᠦᠢᠯᠡᠴᠢᠯᠡᠭᠡ᠎ᠶᠢ ᠲᠠᠯ᠎ᠠ ᠵᠢᠨ ᠭᠦᠨ ᠳ᠋ᠤ ᠬᠦᠷᠭᠡᠨ᠎ᠡ
2026-07-19 10:25:48
ᠵᠣᠬᠢᠶᠠᠭ᠍ᠴᠢ᠄
ᠯᠢ ᠺᠧ ᠰᠢᠨ
ᠣᠩᠱᠢᠭ᠍ᠰᠠᠨ ᠣᠳᠠᠭ᠎ᠠ᠄
★★★☆☆

— ᠪᠦᠬᠦ ᠤᠯᠤᠰ᠎ᠤᠨ ᠰᠢᠯᠢᠳᠡᠭ ᠨᠠᠮ᠎ᠤᠨ ᠠᠵᠢᠯᠲᠠᠨ ᠸᠠᠩ ᠶᠠ ᠷᠦᠩ᠎ᠢ ᠲᠡᠮᠳᠡᠭᠯᠡᠪᠡ



《ᠶᠡᠷᠦᠩᠬᠡᠢ ᠱᠦᠵᠢ ᠰᠢ ᠵᠢᠨ ᠫᠢᠩ ᠪᠢᠳᠡᠨ᠎ᠳᠦ ᠮᠥᠩᠭᠥᠨ ᠭᠦᠢᠯᠭᠡᠭᠡᠨ᠎ᠦ ᠬᠦᠴᠦᠷᠬᠡᠭ ᠤᠯᠤᠰ᠎ᠤᠨ ᠠᠤᠭ᠎ᠠ ᠲᠥᠰᠥᠪ᠎ᠢ ᠵᠢᠷᠤᠭᠯᠠᠵᠤ ᠥᠭᠪᠡ᠂ ᠪᠢ ᠯᠠᠪᠲᠠᠢ ᠢᠷᠠᠭᠤ ᠠᠯᠳᠠᠷ᠎ᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠡᠬᠡ ᠤᠯᠤᠰ᠎ᠤᠨ ᠬᠢᠯᠢ ᠬᠢᠵᠠᠭᠠᠷ ᠤᠷᠤᠨ ᠵᠢᠡᠷ ᠭᠦᠨᠵᠡᠭᠡᠢᠷᠡᠵᠤ᠂ ᠡᠷᠴᠢ ᠵᠤᠷᠢᠭ᠎ᠵᠢᠡᠨ ᠬᠦᠪᠴᠢᠯᠡᠨ ᠴᠢᠷᠮᠠᠢᠨ ᠠᠵᠢᠯᠯᠠᠨ᠎ᠠ!》 ᠡᠨᠡ᠎ᠬᠦ ᠢᠳᠡ ᠬᠦᠴᠦᠨ᠎ᠲᠠᠢ ᠲᠠᠩᠭᠠᠷᠢᠭ᠋ ᠪᠣᠯ ᠳᠤᠮᠳᠠᠳᠤ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠪᠠᠩᠬᠢ᠎ᠶᠢᠨ ᠬᠥᠯᠥᠨ ᠪᠤᠢ᠍ᠢᠷ᠎ᠤᠨ ᠾᠧ ᠳ᠋ᠦᠩ ᠰᠠᠯᠪᠤᠷᠢ ᠪᠠᠩᠬᠢ᠎ᠶᠢᠨ ᠨᠠᠮ᠎ᠤᠨ ᠡᠭᠦᠷ᠎ᠦᠨ ᠱᠦᠵᠢ᠂ ᠪᠠᠩᠬᠢ᠎ᠶᠢᠨ ᠳᠠᠷᠤᠭ᠎ᠠ ᠸᠠᠩ ᠶᠠ ᠷᠦᠩ᠎ᠤᠨ ᠰᠡᠳᠬᠢᠯ᠎ᠦᠨ ᠦᠭᠡ ᠪᠣᠯᠣᠨ᠎ᠠ᠃

2026 ᠣᠨ᠎ᠳᠤ᠂ ᠸᠠᠩ ᠶᠠ ᠷᠦᠩ 《ᠪᠥᠬᠥ ᠤᠯᠤᠰ᠎ᠤᠨ ᠰᠢᠯᠢᠳᠡᠭ ᠨᠠᠮ᠎ᠤᠨ ᠠᠵᠢᠯᠲᠠᠨ》 ᠵᠢᠡᠷ ᠰᠠᠢᠰᠢᠶᠠᠭᠳᠠᠪᠠ᠂ 38 ᠵᠢᠯ᠎ᠦᠨ ᠲᠤᠷᠰᠢ᠂ ᠲᠡᠷᠡ ᠮᠥᠩᠭᠥᠨ ᠭᠦᠢᠯᠭᠡᠭᠡᠨ᠎ᠦ ᠦᠢᠯᠡᠰ᠎ᠤᠨ ᠨᠠᠮ᠎ᠤᠨ ᠠᠵᠢᠯ᠎ᠳ᠋ᠤ ᠰᠢᠮᠳᠠᠵᠤ᠂ ᠦᠨᠳᠦᠰᠦᠨ ᠱᠠᠲᠤᠨ᠎ᠤ ᠣᠯᠠᠨ ᠰᠠᠯᠪᠤᠷᠢ ᠪᠠᠩᠬᠢ᠎ᠶᠢᠨ ᠨᠠᠮ᠎ᠤᠨ ᠡᠭᠦᠷ᠎ᠦᠨ ᠱᠦᠵᠢ᠎ᠶᠢᠨ ᠲᠤᠰᠢᠶᠠᠯ᠎ᠢ ᠡᠭᠦᠷᠭᠡᠯᠡᠵᠦ᠂ ᠲᠡᠰᠪᠦᠷᠢ ᠬᠠᠲᠠᠭᠤᠵᠢᠯᠲᠠᠢ᠂ ᠴᠤᠴᠠᠯᠲᠠ ᠦᠭᠡᠢ ᠤᠷᠤᠭᠰᠢᠯᠠᠬᠤ ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠪᠠᠲᠠᠷᠠᠭᠤᠯᠤᠨ᠂ ᠨᠠᠮ᠎ᠤᠨ ᠪᠠᠢᠭᠤᠯᠤᠯᠲᠠ ᠪᠣᠯᠣᠨ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠤᠷᠢᠳ ᠬᠣᠵᠢᠳ ᠪᠥᠬᠥ ᠤᠯᠤᠰ᠎ᠤᠨ ᠮᠥᠩᠭᠥᠨ ᠭᠦᠢᠯᠭᠡᠭᠡᠨ᠎ᠦ 《5·1》 ᠤ᠋ ᠬᠥᠳᠡᠯᠮᠦᠷᠢ᠎ᠶᠢᠨ ᠱᠠᠩᠨᠠᠯ᠎ᠤᠨ ᠮᠧᠳᠠᠯ᠂ ᠪᠥᠬᠥ ᠤᠯᠤᠰ᠎ᠤᠨ 《5·1》 ᠤ᠋ ᠬᠥᠳᠡᠯᠮᠦᠷᠢ᠎ᠶᠢᠨ ᠱᠠᠩᠨᠠᠯ᠎ᠤᠨ ᠮᠧᠳᠠᠯ ᠵᠡᠷᠭᠡ ᠣᠯᠠᠨ ᠢᠷᠠᠭᠤ ᠠᠯᠳᠠᠷ᠎ᠢ ᠭᠥᠷᠳᠡᠪᠡ᠃

ᠬᠥᠯᠥᠨ ᠪᠣᠶ᠋ᠢᠷ᠎ᠤᠨ ᠲᠠᠯ᠎ᠠ ᠨᠤᠲᠤᠭ ᠥᠷᠭᠡᠨ ᠠᠭᠤᠳᠠᠮ᠂ ᠮᠠᠯᠴᠢᠨ ᠲᠠᠷᠢᠶᠠᠴᠢᠨ᠎ᠲᠠᠷᠠᠬᠠᠢ ᠪᠤᠲᠠᠷᠬᠠᠢ ᠰᠠᠭᠤᠷᠢᠰᠢᠵᠦ᠂ ᠲᠣᠭᠲᠠᠮᠠᠯ ᠲᠣᠣᠷ ᠴᠡᠭ ᠨᠢ ᠪᠥᠬᠥ ᠣᠷᠣᠨ ᠪᠦᠰᠡ ᠵᠢ ᠪᠦᠷᠬᠦᠬᠦ᠎ᠳᠦ ᠬᠦᠴᠢᠷ ᠪᠠᠢᠳᠠᠭ᠃ ᠬᠢᠯᠢ ᠬᠢᠵᠠᠭᠠᠷ᠎ᠤᠨ ᠮᠥᠩᠭᠥᠨ ᠭᠦᠢᠯᠭᠡᠭᠡᠨ᠎ᠦ ᠦᠢᠯᠡᠴᠢᠯᠡᠭᠡ ᠲᠡᠩᠴᠡᠭᠦᠷᠢ ᠦᠭᠡᠢ᠂ ᠳᠥᠭᠥᠮ ᠦᠭᠡᠢ ᠪᠠᠢᠬᠤ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠶᠢᠨ ᠲᠥᠯᠥᠭᠡ᠂ ᠸᠠᠩ ᠶᠠ ᠷᠦᠩ ᠲᠤᠬᠠᠢ᠎ᠶᠢᠨ ᠭᠠᠵᠠᠷ᠎ᠤᠨ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠵᠦ᠂ ᠦᠢᠯᠡᠴᠢᠯᠡᠭᠡᠨ᠎ᠦ ᠬᠡᠪᠴᠢᠶ᠎ᠡ ᠶᠡᠬᠡ ᠪᠠᠢᠬᠤ ᠭᠠᠵᠠᠷ ᠣᠷᠣᠨ᠎ᠤ ᠣᠨᠴᠠᠯᠢᠭ᠋᠎ᠲᠤ ᠰᠠᠭᠤᠷᠢᠯᠠᠵᠤ᠂ 《ᠲᠠᠯ᠎ᠠ ᠨᠤᠲᠤᠭ᠎ᠤᠨ ᠬᠤᠪᠢᠰᠬᠠᠯᠲᠤ ᠮᠥᠩᠭᠥᠨ ᠭᠦᠢᠯᠭᠡᠭᠡᠨ᠎ᠦ ᠬᠥᠩᠭᠡᠨ ᠮᠣᠷᠢᠲᠤ ᠴᠡᠷᠢᠭ》 ᠤ᠋ᠨ ᠠᠵᠢᠯ᠎ᠤᠨ ᠰᠡᠳᠬᠢᠴᠡ᠎ᠶᠢ ᠲᠣᠭᠲᠠᠭᠠᠵᠤ᠂ ᠦᠢᠯᠡᠳᠪᠦᠷᠢ ᠬᠤᠳᠠᠯᠳᠤᠭᠠᠨ ᠤ᠋ ᠪᠠᠩᠬᠢ᠎ᠶᠢᠨ 5 ᠰᠠᠯᠠᠭ᠎ᠠ 《ᠤᠯᠠᠭᠠᠨᠮᠥ᠋ᠴᠢᠷ》 ᠤ᠋ᠨ ᠪᠠᠭ᠎ᠠ ᠬᠤᠪᠢᠶᠠᠷᠢ ᠠᠩᠭᠢ᠎ᠶᠢ ᠲᠦᠷᠦᠭᠦᠯᠡᠨ ᠵᠣᠬᠢᠶᠠᠨ ᠪᠠᠢᠭᠤᠯᠪᠠ᠃

ᠬᠤᠪᠢᠶᠠᠷᠢ ᠠᠡᠭᠭᠢ ᠨᠢ ᠠᠬᠠᠮᠠᠳ ᠨᠠᠮ᠎ᠤᠨ ᠭᠡᠰᠢᠭᠦᠳ᠎ᠢᠶᠡᠷ ᠭᠣᠣᠯᠯᠠᠭ᠍ᠴᠢ ᠬᠦᠴᠦᠨ ᠪᠣᠯᠭᠠᠵᠤ᠂ ᠵᠠᠯᠠᠭᠤ ᠠᠵᠢᠯᠲᠠᠳ᠎ᠢ ᠬᠠᠮᠳᠤ ᠳ᠋ᠤᠨᠢ ᠲᠣᠬᠢᠷᠠᠭᠤᠯᠵᠤ᠂ ᠴᠡᠷᠢᠭ᠎ᠲᠦ ᠦᠢᠯᠡᠴᠢᠯᠡᠬᠦ᠂ ᠲᠦᠭᠡᠮᠡᠯ ᠬᠠᠷᠠᠭᠠᠯᠵᠠᠯᠲᠤ ᠮᠥᠩᠭᠥᠨ ᠭᠦᠢᠯᠭᠡᠭᠡ᠂ ᠮᠠᠯᠴᠢᠨ ᠲᠠᠷᠢᠶᠠᠴᠢᠨ᠎ᠳᠤ ᠦᠢᠯᠡᠴᠢᠯᠡᠬᠦ ᠲᠤᠰᠬᠠᠢ ᠡᠩᠨᠡᠭᠡ᠎ᠶᠢ ᠵᠣᠬᠢᠶᠠᠨ ᠪᠠᠢᠭᠤᠯᠵᠤ᠂ ᠮᠥᠩᠭᠥᠨ ᠭᠦᠢᠯᠭᠡᠭᠡᠨ᠎ᠦ ᠦᠢᠯᠡᠴᠢᠯᠡᠭᠡ᠎ᠶᠢ ᠮᠠᠯᠵᠢᠬᠤ ᠲᠠᠷᠢᠶᠠᠯᠠᠬᠤ ᠣᠷᠣᠨ ᠬᠦᠷᠭᠡᠪᠡ᠃

ᠬᠥᠯᠥᠨ ᠪᠤᠢ᠍ᠢᠷ᠎ᠤᠨ ᠡᠪᠦᠯ᠎ᠦᠨ ᠤᠯᠠᠷᠢᠯ ᠬᠠᠬᠢᠷ ᠬᠦᠢᠲᠡᠨ᠂ ᠪᠠᠢᠭᠠᠯᠢ᠎ᠶᠢᠨ ᠨᠥᠬᠥᠴᠡᠯ ᠪᠡᠷᠬᠡ ᠬᠠᠲᠠᠭᠤᠵᠢᠯᠲᠠᠢ ᠪᠠᠢᠳᠠᠭ᠂ ᠬᠤᠪᠢᠶᠠᠷᠢ ᠠᠩᠭᠢ᠎ᠶᠢᠨ ᠬᠢᠨ ᠢᠮᠠᠭᠲᠠ ᠰᠠᠯᠬᠢ ᠰᠢᠭᠤᠷᠭ᠎ᠠ᠎ᠳᠤ ᠰᠠᠭᠠᠲᠠᠯ ᠦᠭᠡᠢ ᠦᠢᠯᠡᠴᠢᠯᠡᠭᠡᠨ᠎ᠦ ᠡᠮᠦᠨ᠎ᠡ ᠹᠷᠣᠨᠲ᠎ᠢ ᠪᠠᠲᠤ ᠰᠠᠬᠢᠵᠤ ᠢᠷᠠᠪᠠ᠃ ᠬᠠᠷᠢᠶ᠎ᠠ ᠣᠷᠣᠨ᠎ᠤ ᠬᠢᠨᠢ ᠯᠢ ᠨᠠᠰᠤᠲᠠᠨ ᠬᠥᠳᠡᠯᠵᠦ ᠪᠠᠷᠢᠬᠤ᠎ᠳᠤ ᠳᠥᠭᠥᠮ ᠦᠭᠡᠢ ᠲᠤᠯᠠ ᠲᠤᠬᠠᠢᠯᠠᠭᠰᠠᠨ ᠠᠵᠢᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠲᠣᠬᠢᠶᠠᠯᠳᠤᠬᠤ ᠪᠦᠷᠢ ᠬᠤᠪᠢᠶᠠᠷᠢ ᠠᠡᠭᠭᠢ ᠵᠢᠨ ᠭᠡᠰᠢᠭᠦᠳ ᠰᠠᠨᠠᠭᠠᠴᠢᠯᠠᠭ᠎ᠠ᠎ᠠᠴᠠ᠎ᠪᠠᠨ ᠭᠡᠷ ᠲᠦ᠍ᠨᠢ ᠬᠦᠷᠴᠦ ᠦᠢᠯᠡᠴᠢᠯᠡᠳᠡᠭ᠃ ᠶᠡᠬᠡ ᠴᠠᠰᠤ ᠵᠠᠮ᠎ᠢ ᠪᠢᠲᠡᠭᠦᠮᠵᠢᠯᠡᠭᠰᠡᠨ ᠬᠤᠭᠤᠴᠠᠭᠠᠨ᠎ᠳᠤ᠂ ᠠᠵᠢᠯᠲᠠᠳ ᠬᠡᠳᠦᠨ ᠺᠢᠯᠦᠮᠸᠲᠷ ᠶᠠᠪᠠᠭᠠᠨ᠎ᠢᠶᠠᠷ ᠶᠠᠪᠤᠵᠤ ᠭᠡᠷ᠎ᠲᠤᠨᠢ ᠬᠦᠷᠴᠦ ᠲᠤᠬᠠᠢᠯᠠᠭᠰᠠᠨ ᠠᠵᠢᠯ᠎ᠢ᠋ ᠭᠦᠢᠴᠡᠳᠬᠡᠵᠦ᠂ ᠰᠡᠳᠬᠢᠯ᠎ᠢ ᠳᠤᠯᠠᠭᠠᠴᠠᠭᠤᠯᠤᠭᠰᠠᠨ ᠠᠵᠢᠯᠯᠠᠭ᠎ᠠ ᠨᠢ ᠤᠯᠠᠨ ᠲᠦᠮᠡᠨ᠎ᠢ ᠶᠡᠬᠡᠳᠡ ᠪᠠᠶᠠᠷᠯᠠᠭᠤᠯᠪᠠ᠃  ᠬᠢᠯᠢ᠎ᠶᠢᠨ ᠬᠠᠮᠠᠭᠠᠯᠠᠯᠲᠠ᠎ᠶᠢᠨ ᠰᠤᠮᠤᠨ ᠠᠩᠭᠢ᠎ᠶᠢᠨ ᠪᠤᠢᠳᠠ ᠪᠦᠭᠯᠡᠬᠦᠦ ᠵᠠᠮ ᠬᠣᠯᠠ᠂ ᠰᠦᠯᠵᠢᠶᠡᠨ᠎ᠦ ᠳᠣᠬᠢᠶ᠎ᠠ ᠪᠠᠭᠤᠷᠠᠢ ᠪᠠᠢᠬᠤ ᠬᠦᠴᠢᠷ ᠠᠰᠠᠭᠤᠳᠠᠯ᠎ᠳᠤ ᠴᠢᠭᠯᠡᠭᠦᠯᠦᠨ᠂ ᠬᠤᠪᠢᠶᠠᠷᠢ ᠠᠩᠭᠢ᠎ᠶᠢᠨ ᠭᠡᠰᠢᠭᠦᠳ ᠬᠦᠴᠢᠷ᠎ᠢ ᠰᠥᠷᠦᠨ ᠤᠷᠤᠭᠰᠢᠯᠠᠵᠤ᠂ ᠠᠭᠠᠷ ᠤᠲᠠᠰᠤ ᠲᠠᠲᠠᠨ ᠳᠣᠬᠢᠶ᠎ᠠ ᠡᠷᠢᠵᠦ᠂ ᠵᠤᠵᠠᠭᠠᠨ ᠬᠤᠪᠴᠠᠰᠤ ᠡᠮᠦᠰᠴᠦ ᠬᠠᠬᠢᠷ ᠬᠦᠢᠲᠡᠨ᠎ᠢ ᠲᠡᠰᠪᠤᠷᠢᠯᠡᠵᠦ᠂ ᠪᠠᠲᠤ ᠪᠠᠷᠢᠮᠳᠠᠯᠠᠯ ᠵᠢᠡᠷ ᠵᠢᠡᠨ ᠦᠨᠳᠦᠰᠦᠨ ᠱᠠᠲᠤᠨ᠎ᠤ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ 《ᠡᠴᠦᠰ᠎ᠦᠨ ᠨᠢᠭᠡ ᠺᠢᠯᠣᠮᠧᠲᠷ》 ᠢ᠋ ᠨᠡᠪᠲᠡᠷᠡᠭᠦᠯᠪᠡ᠃

ᠮᠥᠩᠭᠥᠨ ᠭᠦᠢᠯᠭᠡᠭᠡᠨ᠎ᠦ ᠨᠢᠭᠡᠳᠦᠭᠡᠷ ᠹᠷᠣᠨᠲ᠎ᠲᠤ ᠦᠨᠳᠦᠰᠦᠯᠡᠵᠦ᠂ ᠸᠠᠩ ᠶᠠ ᠷᠦᠩ ᠢᠮᠠᠭᠲᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠ ᠲᠦᠭᠡᠮᠡᠯ ᠬᠠᠷᠠᠭᠠᠯᠵᠠᠯᠲᠤ ᠬᠥᠭᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠮᠠᠯᠴᠢᠨ ᠲᠠᠷᠢᠶᠠᠴᠢᠨ᠎ᠤ ᠪᠡᠯᠡ ᠬᠤᠷᠠᠮᠳᠤᠭᠤᠯᠬᠤ ᠬᠦᠴᠢᠷ ᠠᠰᠠᠭᠤᠳᠠᠯ᠎ᠢ ᠣᠨᠣᠴᠠᠲᠠᠶ ᠰᠢᠢᠳᠪᠦᠷᠢᠯᠡᠪᠡ᠃ ᠲᠤᠬᠠᠢ᠎ᠶᠢᠨ ᠭᠠᠵᠠᠷ᠎ᠤᠨ ᠭᠠᠵᠠᠷ ᠰᠢᠷᠣᠢ᠂ ᠮᠠᠯᠵᠢᠯ᠎ᠤᠨ ᠲᠠᠯᠠᠪᠠᠶ᠎ᠶᠢᠨ ᠡᠵᠡᠩᠨᠡᠯᠲᠡ ᠲᠠᠷᠠᠬᠠᠢ ᠪᠤᠲᠠᠷᠬᠠᠢ᠂ ᠤᠯᠠᠮᠵᠢᠯᠠᠯᠲᠤ ᠵᠢᠭᠡᠯᠡᠯᠭᠡ᠎ᠶᠢᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠳᠣᠣᠷ᠎ᠠ ᠪᠠᠢᠬᠤ ᠠᠰᠠᠭᠤᠳᠠᠯ᠎ᠳᠦ ᠴᠢᠭᠯᠡᠭᠦᠯᠦᠨ᠂ ᠲᠡᠷᠡ ᠬᠤᠪᠢᠶᠠᠷᠢ ᠠᠩᠭᠢ᠎ᠶᠢᠨ ᠬᠢᠨ᠎ᠵᠢᠡᠨ ᠳᠠᠭᠠᠭᠤᠯᠤᠨ 《ᠪᠦᠬᠦ ᠲᠣᠰᠬᠣᠨ ᠤ᠋ ᠪᠠᠢᠳᠠᠯ ᠢ᠋ ᠬᠢᠨᠠᠨ ᠪᠠᠢᠴᠠᠭᠠᠬᠤ᠂ ᠪᠦᠬᠦ ᠲᠣᠰᠬᠣᠨ ᠳ᠋ᠤ ᠢᠲᠡᠭᠡᠮᠵᠢ ᠣᠯᠭᠣᠬᠤ》 ᠦᠢᠯᠡᠴᠢᠯᠡᠭᠡᠨ᠎ᠦ ᠵᠠᠭᠪᠤᠷ᠎ᠤᠨ ᠰᠢᠨ᠎ᠡ᠎ᠵᠢ ᠡᠭᠦᠳᠦᠨ ᠬᠡᠷᠡᠭᠵᠢᠭᠦᠯᠵᠦ᠂ ᠲᠠᠷᠢᠶᠠᠯᠠᠩ᠎ᠳᠤ ᠬᠣᠯᠪᠣᠭᠳᠠᠬᠰᠠᠨ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ ᠶᠠᠰᠤ ᠴᠢᠨᠠᠷ ᠦᠷ᠎ᠡ ᠪᠦᠲᠦᠮᠵᠢ᠎ᠶᠢ ᠶᠡᠬᠡ᠎ᠪᠡᠷ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠲᠣᠰ ᠦᠢᠯᠡᠴᠢᠯᠡᠭᠡ ᠨᠢ ᠨᠢᠭᠡᠨᠲᠡ 12 ᠵᠠᠰᠠᠭ ᠵᠠᠬᠢᠷᠭᠠᠨ᠎ᠤ ᠲᠣᠰᠬᠣᠨ᠂ 3800 ᠭᠠᠷᠤᠢ ᠮᠠᠯᠴᠢᠨ ᠲᠠᠷᠢᠶᠠᠴᠢᠨ᠎ᠢ ᠬᠠᠮᠤᠷᠴᠤ᠂ ᠪᠥᠬᠥ ᠤᠯᠤᠰ᠎ᠤᠨ ᠠᠩᠬᠠᠳᠠᠭ᠍ᠴᠢ 《ᠲᠡᠵᠢᠭᠡᠨ ᠦᠷᠡᠵᠢᠭᠦᠯᠬᠦ e ᠵᠢᠭᠡᠯᠡᠯᠭᠡ》 ᠵᠢ ᠠᠮᠵᠢᠯᠲᠠ᠎ᠲᠠᠢ ᠨᠠᠢᠳᠠᠪᠤᠷᠢᠵᠢᠭᠤᠯᠵᠤ᠂ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ ᠵᠢ ᠨᠡᠶ᠋ᠢᠲᠡ 7 ᠳ᠋ᠦᠩᠰᠢᠭᠤᠷ ᠲᠥᠭᠥᠷᠢᠭ᠂ ᠲᠠᠷᠢᠶᠠᠯᠠᠩ᠎ᠳᠤ ᠬᠣᠯᠪᠣᠭᠳᠠᠭᠰᠠᠨ ᠡᠯ᠎ᠡ ᠲᠥᠷᠥᠯ᠎ᠦᠨ ᠵᠢᠭᠡᠯᠡᠯᠭᠡ ᠵᠢ ᠨᠡᠶ᠋ᠢᠲᠡ 7600 ᠲᠦᠮᠡᠨ ᠲᠥᠭᠥᠷᠢᠭ ᠲᠠᠯᠪᠢᠵᠤ᠂ ᠲᠦᠭᠡᠮᠡᠯ ᠬᠠᠷᠠᠭᠠᠯᠵᠠᠯᠲᠤ ᠵᠢᠭᠡᠯᠡᠯᠭᠡ 2.45 ᠳ᠋ᠦᠩᠰᠢᠭᠤᠷ ᠲᠥᠭᠥᠷᠢᠭ᠎ᠲᠦ ᠬᠦᠷᠴᠦ᠂ ᠲᠠᠷᠢᠶᠠᠯᠠᠩ ᠮᠠᠯ ᠠᠵᠤ ᠠᠬᠤᠢ᠎ᠶᠢᠨ ᠬᠥᠭᠵᠢᠯᠲᠡ᠎ᠳᠦ ᠣᠨᠣᠴᠠᠲᠠᠢ᠎ᠪᠠᠷ ᠬᠦᠴᠦᠨ ᠣᠯᠭᠣᠪᠠ᠃

ᠲᠤᠬᠠᠢ᠎ᠶᠢᠨ ᠭᠠᠵᠠᠷ᠎ᠤᠨ ᠲᠡᠵᠢᠭᠡᠨ ᠦᠷᠡᠵᠢᠭᠦᠯᠬᠦ ᠡᠷᠦᠬᠡ ᠸᠠᠩ ᠨᠠᠰᠤᠲᠠᠨ 30 ᠲᠦᠮᠡᠨ ᠲᠥᠭᠥᠷᠢᠭ᠎ᠦᠨ ᠵᠢᠭᠡᠯᠡᠯᠭᠡ ᠣᠯᠤᠭᠠᠳ ᠲᠡᠵᠢᠭᠡᠨ ᠦᠷᠡᠵᠢᠭᠦᠯᠬᠦ ᠬᠡᠪᠴᠢᠶ᠎ᠡ᠎ᠪᠡᠨ ᠥᠷᠭᠡᠳᠬᠡᠪᠡ᠂ ᠭᠡᠨᠡᠳᠲᠡ ᠵᠢᠨ ᠴᠠᠰᠤᠨ ᠰᠢᠭᠤᠷᠭ᠎ᠠ᠎ᠡᠴᠡ ᠪᠤᠯᠵᠦ ᠬᠠᠰᠢᠶ᠎ᠠ ᠰᠠᠷᠠᠪᠴᠢ ᠨᠢ ᠡᠪᠳᠡᠭᠳᠡᠵᠦ᠂ ᠮᠠᠯ ᠣᠨᠣᠭ᠎ᠠ ᠨᠢ ᠰᠦᠢᠳᠴᠤ᠂ ᠦᠢᠯᠡᠳᠪᠦᠷᠢᠯᠡᠯ ᠡᠵᠡᠩᠨᠡᠯᠲᠡ ᠨᠢ ᠬᠦᠴᠢᠷᠳᠡᠯ᠎ᠳᠦ ᠲᠤᠯᠭᠠᠷᠠᠵᠦ ᠵᠢᠭᠡᠯᠡᠯᠭᠡ ᠪᠤᠴᠠᠭᠠᠬᠤ ᠳᠠᠷᠤᠯᠲᠠ ᠨᠡᠮᠡᠭᠳᠡᠪᠡ᠃ ᠭᠠᠮᠰᠢᠭ᠋᠎ᠤᠨ ᠪᠠᠢᠳᠠᠯ᠎ᠢ ᠮᠡᠳᠡᠭᠰᠡᠨ᠎ᠦ ᠳᠠᠷᠠᠭ᠎ᠠ᠂ ᠬᠤᠪᠢᠶᠠᠷᠢ ᠠᠩᠭᠢ᠎ᠶᠢᠨ ᠬᠢᠨ ᠳᠠᠷᠤᠢᠬᠠᠨ ᠲᠤᠬᠠᠢ᠎ᠶᠢᠨ ᠲᠠᠯᠠᠪᠠᠶ᠎ᠳᠤ ᠬᠦᠷᠴᠦ ᠭᠠᠮᠰᠢᠭ᠋᠎ᠤᠨ ᠪᠠᠢᠳᠠᠯ᠎ᠢ ᠬᠠᠷᠭᠤᠭᠤᠯᠤᠨ ᠪᠠᠢᠴᠠᠭᠠᠵᠤ᠂ ᠣᠯᠠᠨ ᠲᠦᠮᠡᠨ᠎ᠢ ᠲᠠᠢᠳᠬᠤᠷᠠᠭᠤᠯᠵᠤ᠂ ᠳᠡᠭᠡᠷ᠎ᠡ ᠱᠠᠲᠤᠨ᠎ᠤ ᠪᠠᠩᠬᠢ᠎ᠡᠴᠨ ᠵᠢᠭᠡᠯᠡᠯᠭᠡ᠎ᠶᠢᠨ ᠬᠤᠭᠤᠴᠠᠭ᠎ᠠ᠎ᠶᠢ ᠤᠷᠲᠤᠳᠬᠠᠬᠤ᠂ ᠬᠦᠦ ᠮᠥᠩᠭᠥ᠎ᠶᠢ ᠬᠠᠰᠤᠵᠤ ᠬᠡᠯᠲᠦᠷᠢᠭᠦᠯᠬᠦ ᠵᠡᠷᠭᠡ ᠠᠷᠠᠳ᠎ᠲᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢ ᠲᠦᠷᠭᠡᠨ ᠵᠣᠯᠭᠠᠭᠤᠯᠬᠤ᠎ᠶᠢᠨ ᠬᠠᠮᠲᠤ ᠠᠷᠠᠳ᠎ᠤᠨ ᠶᠠᠪᠤᠳᠠᠯ᠂ ᠳᠠᠭᠠᠳᠬᠠᠯ᠎ᠤᠨ ᠰᠠᠯᠠᠭ᠎ᠠ ᠮᠥᠴᠢᠷ᠎ᠲᠠᠢ ᠬᠣᠯᠪᠤᠭᠠᠯᠠᠨ᠂ ᠭᠠᠮᠰᠢᠭ᠋᠎ᠠᠴᠠ ᠠᠪᠤᠷᠠᠬᠤ ᠨᠥᠬᠥᠪᠦᠷᠢ ᠭᠤᠶᠤᠴᠢᠯᠠᠬᠤ᠂ ᠳᠠᠭᠠᠳᠬᠠᠯ᠎ᠤᠨ ᠲᠥᠯᠥᠪᠦᠷᠢ ᠭᠦᠢᠴᠡᠳᠬᠡᠬᠦ᠎ᠳᠦ ᠬᠠᠮᠵᠢᠯᠴᠠᠵᠤ᠂ ᠲᠡᠵᠢᠭᠡᠨ ᠦᠷᠡᠵᠢᠭᠦᠯᠬᠦ ᠡᠷᠦᠬᠡ᠎ᠶᠢ ᠪᠥᠬᠥ ᠲᠠᠯ᠎ᠠ᠎ᠪᠠᠷ ᠬᠠᠪᠰᠤᠷᠤᠨ ᠬᠣᠬᠢᠷᠠᠯ᠎ᠢ ᠨᠢ ᠪᠠᠭᠠᠰᠬᠠᠵᠤ᠂ ᠲᠡᠵᠢᠭᠡᠨ ᠦᠷᠡᠵᠢᠭᠦᠯᠬᠦ ᠢᠲᠡᠭᠡᠯ ᠵᠣᠷᠢᠭ᠋᠎ᠢ ᠨᠢ ᠳᠠᠬᠢᠨᠳᠠ ᠬᠥᠪᠴᠢᠯᠡᠵᠦ᠂ ᠮᠥᠩᠭᠥᠨ ᠭᠦᠢᠯᠭᠡᠭᠡᠨ᠎ᠦ ᠲᠤᠳᠤᠨᠤ ᠦᠢᠯᠡᠴᠢᠯᠡᠭᠡ᠎ᠪᠡᠷ ᠣᠯᠠᠨ ᠲᠦᠮᠡᠨ᠎ᠦ ᠪᠠᠶᠠᠵᠢᠯ ᠤ᠋ᠨ ᠵᠠᠮ ᠢ᠋ ᠨᠢ ᠰᠢᠯᠤᠭᠤᠳᠬᠠᠪᠠ᠃

ᠴᠠᠬᠢᠯᠭᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠢ ᠰᠡᠷᠭᠡᠢᠯᠡᠵᠦ᠂ ᠣᠯᠠᠨ ᠲᠦᠮᠡᠨ᠎ᠦ ᠡᠳ᠋ ᠬᠥᠷᠥᠩᠭᠡ᠎ᠶᠢᠨ ᠠᠮᠤᠷ ᠲᠦᠪᠰᠢᠨ᠎ᠢ ᠬᠠᠮᠠᠭᠠᠯᠠᠬᠤ᠎ᠶᠢᠨ ᠲᠥᠯᠥᠭᠡ᠂ ᠸᠠᠩ ᠶᠠ ᠷᠦᠩ ᠪᠦᠯᠬᠦᠮ ᠨᠡᠶ᠋ᠢᠲᠡ᠎ᠪᠡᠨ ᠳᠠᠭᠠᠭᠤᠯᠤᠨ ᠣᠯᠠᠨ ᠦᠨᠳᠦᠰᠦᠲᠡᠨ ᠲᠥᠪᠯᠡᠷᠡᠨ ᠰᠠᠭᠤᠭᠰᠠᠨ ᠣᠨᠴᠠᠯᠢᠭ᠋᠎ᠲᠠᠢ ᠤᠶᠠᠯᠳᠤᠭᠤᠯᠤᠨ᠂ ᠮᠡᠬᠡᠯᠡᠯ᠎ᠢ ᠡᠰᠡᠷᠭᠦᠴᠡᠬᠦ ᠤᠬᠠᠭᠤᠯᠭ᠎ᠠ᠎ᠶᠢᠨ ᠭᠠᠷ ᠠᠪᠤᠯᠭ᠎ᠠ ᠨᠠᠢᠷᠠᠭᠤᠯᠤᠨ ᠵᠣᠬᠢᠶᠠᠵᠤ᠂ ᠨᠡᠢᠭᠡᠮ ᠲᠣᠭᠣᠷᠢᠭ᠋᠂ ᠰᠤᠷᠭᠠᠭᠤᠯᠢ᠂ ᠬᠤᠳᠠᠯᠳᠤᠭᠠᠨ᠎ᠤ ᠲᠣᠭᠣᠷᠢᠭ᠋᠂ ᠮᠠᠯᠵᠢᠬᠤ ᠣᠷᠣᠨ᠎ᠳᠤ ᠭᠦᠨᠵᠡᠭᠡᠢᠷᠡᠨ ᠮᠡᠬᠡᠯᠡᠯ᠎ᠢ ᠡᠰᠡᠷᠭᠦᠴᠡᠬᠦ ᠪᠠᠢᠩᠭᠤ᠎ᠶᠢᠨ ᠤᠬᠠᠭᠤᠯᠤᠨ ᠲᠠᠢᠯᠪᠤᠷᠢᠯᠠᠯᠲᠠ᠎ᠶᠢ ᠵᠠᠭᠤ ᠭᠠᠷᠤᠢ ᠲᠠᠯᠠᠪᠠᠢ ᠥᠷᠨᠢᠭᠦᠯᠵᠦ᠂ ᠴᠠᠬᠢᠯᠭᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠦᠨ ᠣᠯᠠᠨ ᠬᠡᠷᠡᠭ ᠡᠭᠦᠰᠬᠦ ᠡᠴᠡ ᠵᠠᠢᠯᠠᠰᠬᠢᠵᠦ᠂ ᠣᠯᠠᠨ ᠲᠦᠮᠡᠨ᠎ᠦ ᠡᠳ᠋ ᠬᠥᠷᠥᠩᠭᠡ᠎ᠶᠢᠨ ᠠᠮᠤᠷ ᠲᠦᠪᠰᠢᠨ᠎ᠢ ᠪᠥᠬᠥ ᠬᠦᠴᠦᠨ᠎ᠢᠶᠡᠷ᠎ᠢᠶᠡᠨ ᠬᠠᠮᠠᠭᠠᠯᠠᠪᠠ᠃ ᠡᠭᠦᠨ᠎ᠦ ᠬᠠᠮᠲᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ 《ᠮᠠᠯ ᠠᠵᠤ ᠠᠬᠤᠢ᠎ᠶᠢᠨ ᠵᠢᠭᠡᠯᠡᠯᠭᠡ》᠂ 《ᠨᠠᠢᠳᠠᠨ ᠲᠡᠵᠢᠭᠡᠭᠦ ᠵᠢᠭᠡᠯᠡᠯᠭᠡ》 ᠵᠡᠷᠭᠡ ᠣᠷᠣᠨ ᠨᠤᠲᠤᠭ᠎ᠤᠨ ᠣᠨᠴᠠᠯᠢᠭ᠋᠎ᠲᠠᠢ ᠮᠥᠩᠭᠥᠨ ᠭᠦᠢᠯᠭᠡᠭᠡᠨ᠎ᠦ ᠪᠦᠲᠦᠭᠡᠭᠳᠡᠬᠦᠨ᠎ᠢ ᠰᠢᠨ᠎ᠡ᠎ᠶᠢ ᠡᠭᠦᠳᠦᠨ ᠭᠠᠷᠭᠠᠵᠤ᠂ ᠲᠦᠭᠡᠮᠡᠯ ᠬᠠᠷᠠᠭᠠᠯᠵᠠᠯᠲᠤ ᠮᠥᠩᠭᠥᠨ ᠭᠦᠢᠯᠭᠡᠭᠡ᠎ᠪᠡᠷ ᠨᠠᠩ ᠣᠯᠠᠨ ᠬᠦᠮᠦᠨ᠎ᠳᠦ ᠠᠰᠢᠭ᠋ ᠬᠦᠷᠲᠡᠭᠡᠪᠡ᠃

ᠸᠠᠩ ᠶᠠ ᠷᠦᠩ᠂ ᠲᠦᠭᠡᠮᠡᠯ ᠬᠠᠷᠠᠭᠠᠯᠵᠠᠯᠲᠤ ᠮᠥᠩᠭᠥᠨ ᠭᠦᠢᠯᠭᠡᠭᠡᠨ᠎ᠢ ᠦᠷᠭᠦᠯᠵᠢᠯᠡᠨ ᠰᠦᠪᠡᠭᠴᠢᠯᠡᠨ ᠬᠡᠷᠡᠭᠯᠡᠵᠦ᠂ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶᠢ ᠪᠣᠳᠠᠲᠠᠢ ᠠᠳᠬᠤᠵᠤ᠂ ᠮᠥᠩᠭᠥᠨ ᠭᠦᠢᠯᠭᠡᠭᠡᠨ᠎ᠦ ᠲᠥᠷᠥ᠎ᠶᠢᠨ ᠪᠣᠳᠣᠯᠭ᠎ᠠ᠎ᠶᠢ ᠬᠢᠯᠢ ᠬᠢᠵᠠᠭᠠᠷ ᠣᠷᠣᠨ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶᠢ ᠠᠬᠢᠭᠤᠯᠵᠤ᠂ ᠣᠷᠣᠨ ᠨᠤᠲᠤᠭ᠎ᠤᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠨ᠎ᠡ ᠭᠡᠵᠤ ᠵᠤᠷᠢᠯᠳᠠ ᠪᠠᠨ ᠲᠤᠳᠤᠷᠠᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号