ᠪᠦᠦ ᠰᠢᠶᠠᠨ ᠬᠤᠸᠠ ᠰᠢᠦᠢ ᠵᠧᠩ ᠵᠥᠩ ᠭᠠᠷᠤᠨ ᠦᠰᠦᠭ ᠵᠢᠷᠤᠬᠤ᠎ᠶᠢ ᠭᠡᠷᠡᠴᠢᠯᠡᠪᠡ
7 ᠰᠠᠷ᠎ᠠ᠎ᠶᠢᠨ 16 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ ᠪᠣᠯᠣᠨ ᠽᠢ ᠵᠢᠩ ᠰᠣᠶᠣᠯ᠎ᠤᠨ ᠪᠦᠯᠦᠭᠯᠡᠯ᠎ᠬᠢᠵᠠᠭᠠᠷᠲᠤ ᠺᠤᠮᠫᠠᠨᠢ ᠭᠦᠭᠡᠬᠣᠲᠠ᠎ᠳᠤ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠪᠤᠷᠤ ᠲᠦᠯᠦᠪ᠎ᠤᠨ ᠵᠦᠪᠯᠡᠯᠴᠡᠭᠡᠷ ᠳᠤᠬᠳᠠᠪᠠ᠃
ᠽᠢ ᠵᠢᠩ ᠰᠣᠶᠣᠯ᠎ᠤᠨ ᠪᠦᠯᠦᠭᠯᠡᠯ᠎ᠬᠢᠵᠠᠭᠠᠷᠲᠤ ᠺᠤᠮᠫᠠᠨᠢ ᠪᠣᠯ ᠨᠢᠭᠡᠨ ᠶᠡᠷᠦᠩᠬᠡᠢᠯᠡᠭᠰᠡᠨ ᠴᠢᠨᠠᠷᠲᠠᠢ ᠲᠣᠮᠣ᠌ ᠭᠡᠯᠪᠡᠷᠢ᠎ᠶᠢᠨ ᠭᠣᠣᠯᠯᠠᠭ᠍ᠴᠢ ᠰᠣᠶᠣᠯ ᠤᠨ ᠬᠦᠷᠢᠶᠡᠨ᠎ᠤ ᠲᠥᠪ᠎ᠦᠨ ᠠᠵᠤ ᠠᠬᠤᠢᠯᠠᠯ ᠪᠣᠯᠣᠨ᠎ᠠ᠂ ᠺᠢᠨᠣ᠋ ᠲᠧᠯᠸᠢᠰ᠎ᠦᠨ ᠠᠵᠤ ᠦᠢᠯᠡᠰ᠂ ᠵᠠᠭᠤᠴᠢᠯᠠᠭᠤᠷ᠎ᠤᠨ ᠮᠡᠳᠡᠭᠡ ᠵᠠᠩᠭᠢ᠂ ᠬᠡᠪᠯᠡᠨ ᠲᠠᠷᠬᠠᠭᠠᠬᠤ᠂ ᠰᠣᠶᠣᠯ ᠵᠢᠭᠤᠯᠴᠢᠯᠠᠯ᠎ᠤᠨ ᠲᠣᠬ᠍ᠯᠠᠯᠲᠠ᠎ᠶᠢᠨ ᠤᠷᠠᠯᠢᠭ᠋᠂ ᠮᠥᠩᠭᠥᠨ ᠭᠦᠢᠯᠭᠡᠭᠡᠨ᠎ᠦ ᠪᠡᠯᠡ ᠣᠷᠣᠭᠤᠯᠤᠯᠲᠠ ᠵᠡᠷᠭᠡ ᠲᠠᠪᠤᠨ ᠶᠡᠬᠡ ᠲᠤᠬᠠᠢᠯᠠᠭᠰᠠᠨ ᠠᠵᠢᠯ᠎ᠢ ᠭᠣᠣᠯᠳᠠᠯᠭ᠎ᠠ᠎ᠲᠠᠢ ᠬᠥᠭᠵᠢᠭᠦᠯᠳᠡᠭ᠃ ᠵᠥᠪᠯᠡᠯᠴᠡᠭᠡᠷ᠎ᠢ ᠦᠨᠳᠦᠰᠦᠯᠡᠪᠡᠯ᠂ ᠬᠣᠶᠠᠷ ᠲᠠᠯ᠎ᠠ᠎ᠪᠠᠷ᠎ᠢᠶᠠᠨ ᠡᠬᠢ ᠪᠠᠶᠠᠯᠢᠭ᠋᠎ᠢᠶᠠᠨ ᠬᠠᠷᠢᠯᠴᠠᠨ ᠨᠥᠬᠥᠪᠦᠷᠢᠯᠡᠬᠦ᠂ ᠬᠣᠣᠰ ᠴᠢᠭᠯᠡᠯ᠎ᠢᠶᠡᠷ ᠬᠦᠴᠦᠨ ᠣᠯᠭᠣᠬᠤ᠂ ᠤᠷᠳᠤ ᠬᠤᠭᠤᠴᠠᠭ᠎ᠠ᠎ᠪᠠᠷ ᠬᠠᠮᠲᠤ ᠪᠠᠷ ᠪᠠᠶ᠋ᠢᠭᠤᠯᠬᠤ᠂ ᠬᠠᠷᠢᠯᠴᠠᠨ ᠠᠰᠢᠭ᠍ᠲᠠᠢ ᠬᠠᠮᠲᠤ ᠪᠠᠷ ᠠᠰᠢᠭ᠋ ᠭᠦᠷᠳᠡᠭᠦ ᠵᠠᠷᠴᠢᠮ᠎ᠢ ᠪᠠᠷᠢᠮᠲᠠᠯᠠᠵᠤ᠂ ᠺᠢᠨᠣ᠋ ᠲᠧᠯᠸᠢᠰ᠎ᠦᠨ ᠠᠵᠢᠯ ᠲᠦᠷᠦᠯ᠎ᠦᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠬᠦ᠂ ᠭᠣᠣᠯᠳᠠᠯᠭ᠎ᠠ᠎ᠲᠠᠢ ᠲᠠᠪᠴᠠᠩ᠎ᠤᠨ ᠤᠬᠠᠭᠤᠯᠭ᠎ᠠ᠂ ᠣᠷᠣᠨ᠎ᠤ ᠬᠣᠭᠣᠷᠣᠨᠳᠣᠭᠢ ᠰᠣᠶᠣᠯ᠎ᠤᠨ ᠰᠣᠯᠢᠯᠴᠠᠭ᠎ᠠ᠂ ᠰᠣᠶᠣᠯ ᠢᠷᠭᠡᠨᠰᠢᠯ᠎ᠦᠨ ᠰᠣᠯᠢᠯᠴᠠᠭ᠎ᠠ ᠬᠣᠷᠰᠢᠯᠴᠠᠭ᠎ᠠ ᠵᠡᠷᠭᠡ ᠲᠠᠯ᠎ᠠ᠎ᠶᠢᠨ ᠲᠣᠭᠣᠷᠢᠨ᠎ᠳᠤ ᠬᠠᠮᠲᠤᠷᠠᠯᠴᠠᠭ᠎ᠠ᠎ᠪᠠᠨ ᠴᠢᠨᠠᠭᠰᠢᠳᠠ ᠭᠦᠨᠵᠡᠭᠡᠢᠷᠡᠭᠦᠯᠦᠨ᠎ᠡ᠃ ᠬᠠᠮᠲᠤᠷᠠᠯᠴᠠᠭ᠎ᠠ᠎ᠶᠢᠨ ᠦᠷ᠎ᠡ ᠪᠦᠲᠦᠭᠡᠯ᠎ᠢᠶᠡᠨ ᠪᠡᠬᠢᠵᠢᠭᠦᠯᠬᠦ᠎ᠪᠡᠷ ᠳᠠᠮᠵᠢᠭᠤᠯᠤᠨ᠂ ᠬᠠᠮᠲᠤᠷᠠᠯᠴᠠᠭ᠎ᠠ᠎ᠶᠢᠨ ᠠᠷᠭ᠎ᠠ ᠬᠡᠮᠵᠢᠶ᠎ᠡ᠎ᠪᠡᠨ ᠨᠠᠷᠢᠯᠢᠭ᠍ᠵᠢᠭᠤᠯᠵᠤ᠂ ᠬᠣᠯᠪᠤᠭᠠᠯᠠᠨ ᠬᠥᠳᠡᠯᠦᠯᠴᠡᠬᠦ ᠲᠣᠭᠲᠠᠴᠠ᠎ᠶᠢ ᠪᠠᠢᠭᠤᠯᠤᠨ᠂ ᠰᠣᠶᠣᠯ᠎ᠢ ᠤᠯᠠᠮᠵᠢᠯᠠᠨ ᠬᠥᠭᠵᠢᠭᠦᠯᠬᠦ᠎ᠶᠢ ᠪᠦᠭᠦ ᠬᠦᠴᠦᠨ᠎ᠢᠶᠡᠷ᠎ᠢᠶᠡᠨ ᠠᠬᠢᠭᠤᠯᠵᠤ᠂ ᠳᠤᠮᠳᠠᠳᠤ᠎ᠶᠢᠨ ᠰᠣᠶᠣᠯ᠎ᠤᠨ ᠨᠥᠯᠥᠭᠡᠯᠡᠬᠦ ᠬᠦᠴᠦᠨ᠎ᠢ ᠴᠢᠩᠭᠠᠷᠠᠭᠤᠯᠤᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠦᠢᠯᠡᠰ ᠪᠠ ᠰᠣᠶᠣᠯ᠎ᠤᠨ ᠠᠵᠤ ᠦᠢᠯᠡᠰ᠎ᠦᠨ ᠴᠢᠨᠠᠷ ᠰᠠᠢᠲᠠᠢ ᠬᠦᠭᠵᠢᠯᠳᠡ᠎ᠶᠢ ᠠᠬᠢᠭᠤᠯᠬᠤ ᠪᠤᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠤᠬᠠᠭᠤᠯᠬᠤ ᠬᠡᠯᠲᠡᠰ᠎ᠦᠨ ᠳᠠᠷᠤᠭ᠎ᠠ ᠪᠦᠦ ᠰᠢᠶᠠᠨ ᠬᠤᠸᠠ᠂ ᠽᠢ ᠵᠢᠩ ᠰᠣᠶᠣᠯ᠎ᠤᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠰᠢᠦᠢ ᠵᠧᠩ ᠵᠦᠩ ᠭᠠᠷ ᠤᠨ ᠦᠰᠦᠭ ᠵᠢᠷᠤᠬᠤ᠎ᠶᠢ ᠭᠡᠷᠡᠴᠢᠯᠡᠵᠡᠢ᠃