7 ᠰᠠᠷ᠎ᠠ᠎ᠶᠢᠨ 16 ᠤ᠋ ᠡᠳᠦᠷ᠂ ᠥᠪᠥᠷ ᠮᠣᠩᠭᠣᠯ᠎ᠤᠨ ᠬᠤᠸᠠ ᠯᠢᠶᠠᠩ ᠲᠠᠷᠢᠶᠠᠯᠠᠩ᠎ᠤᠨ ᠦᠨᠢᠶᠡᠨ ᠰᠦ᠎ᠶᠢ ᠨᠠᠷᠢᠯᠢᠭ ᠡᠳ᠋ᠰᠢᠭᠦᠯᠬᠦ᠌ ᠲᠦᠷᠦᠯ ᠵᠦᠢᠯ ᠲᠦᠮᠡᠳ ᠪᠠᠷᠠᠭᠤᠨ ᠬᠣᠰᠢᠭᠤᠨ᠎ᠤ ᠰᠢᠨ᠎ᠡ ᠬᠡᠯᠪᠡᠷᠢ᠎ᠶᠢᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠎ᠲᠤ᠌ ᠵᠢᠩᠬᠢᠨᠢ᠎ᠪᠡᠷ ᠠᠰᠢᠭᠯᠠᠯᠲᠠ᠎ᠳᠤ ᠤᠷᠤᠪᠠ᠃
ᠲᠣᠰ ᠲᠥᠷᠥᠯ ᠵᠦᠢᠯ᠎ᠢ ᠠᠰᠢᠭᠯᠠᠯᠲᠠ᠎ᠳᠤ ᠣᠷᠣᠭᠤᠯᠤᠭᠰᠠᠨ᠎ᠨᠢ ᠲᠦᠮᠡᠳ ᠪᠠᠷᠠᠭᠤᠨ ᠬᠣᠰᠢᠭᠤᠨ᠎ᠤ ᠴᠢᠨᠠᠷ ᠰᠠᠶ᠋ᠢᠲᠠᠶ ᠰᠢᠨ᠎ᠡ ᠰᠦ᠋᠎ᠶᠢᠨ ᠡᠬᠢ ᠪᠠᠶᠠᠯᠢᠭ᠎ᠢ 《ᠬᠡᠷ᠎ᠦᠨ ᠡᠭᠦᠳᠡᠨ》 ᠳ᠋ᠡᠭᠡᠨ ᠨᠠᠷᠢᠯᠢᠭ ᠡᠳ᠋ᠰᠢᠭᠦᠯᠬᠦ᠌᠎ᠶᠢ ᠪᠡᠶᠡᠯᠡᠭᠦᠯᠵᠦ᠍᠂ ᠲᠤᠬᠠᠶ᠎ᠶᠢᠨ ᠭᠠᠵᠠᠷ᠎ᠲᠤᠨᠢ ᠶᠠᠰᠤ ᠴᠢᠨᠠᠷ᠎ᠢ ᠳᠡᠭᠡᠭᠰᠢᠯᠡᠭᠦᠯᠦᠨ ᠥᠷᠲᠡᠭ᠎ᠢ ᠨᠢ ᠨᠡᠮᠡᠭᠳᠡᠭᠦᠯᠵᠦ᠍᠂ ᠲᠤᠬᠠᠶ᠎ᠶᠢᠨ ᠭᠠᠵᠠᠷ᠎ᠤᠨ ᠴᠠᠭᠠᠨ ᠢᠳᠡᠭᠡᠨ᠎ᠢ ᠨᠠᠷᠢᠯᠢᠭ ᠡᠳ᠋ᠰᠢᠭᠦᠯᠬᠦ᠌ ᠠᠵᠤ ᠦᠢᠯᠡᠰ᠎ᠦᠨ ᠳᠤᠲᠠᠭᠤᠳᠠᠯ᠎ᠢ ᠠᠮᠵᠢᠯᠲᠠ᠎ᠲᠠᠶ ᠨᠥᠬᠥᠪᠥᠷᠢᠯᠡᠵᠦ᠍᠂ ᠣᠷᠣᠨ ᠪᠦᠰᠡ᠎ᠶᠢᠨ ᠲᠠᠷᠢᠶᠠᠯᠠᠩ ᠮᠠᠯ ᠠᠵᠤ ᠠᠬᠤᠶ᠎ᠶᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠭᠦᠯᠵᠦ᠂ ᠠᠵᠤ ᠠᠬᠤᠶ᠎ᠶᠢᠨ ᠴᠢᠨᠠᠷ ᠰᠠᠶ᠋ᠢᠲᠠᠶ ᠬᠥᠭᠵᠢᠯᠲᠡ᠎ᠳᠦ ᠡᠨᠧᠷᠭᠢ ᠣᠯᠭᠣᠵᠤ ᠦᠷ᠎ᠡ ᠠᠰᠢᠭ᠎ᠢ ᠨᠢ ᠨᠡᠮᠡᠭᠳᠡᠭᠦᠯᠦᠭᠰᠡᠨ ᠪᠠᠶ᠋ᠢᠨ᠎ᠠ᠃ ᠣᠶ᠋ᠢᠯᠠᠭᠠᠭᠰᠠᠨ᠎ᠢᠶᠠᠷ ᠂ ᠥᠪᠥᠷ ᠮᠣᠩᠭᠣᠯ᠎ᠤᠨ ᠬᠤᠸᠠ ᠯᠢᠶᠠᠩ ᠲᠠᠷᠢᠶᠠᠯᠠᠩ᠎ᠤᠨ ᠦᠨᠢᠶᠡᠨ ᠰᠦ᠋ᠶᠢ ᠨᠠᠷᠢᠯᠢᠭ ᠡᠳ᠋ᠰᠢᠭᠦᠯᠬᠦ᠌ ᠲᠥᠷᠥᠯ ᠵᠦᠢᠯ᠎ᠦᠨ ᠶᠡᠷᠦᠩᠬᠡᠶ ᠪᠠᠯᠠ ᠣᠷᠣᠭᠤᠯᠤᠯᠲᠠ ᠨᠢ 1.1 ᠳ᠋ᠦᠩᠰᠢᠭᠤᠷ ᠲᠥᠭᠥᠷᠢᠭ᠂ ᠭᠠᠵᠠᠷ ᠡᠵᠡᠯᠡᠬᠦ᠌ ᠲᠠᠯᠠᠪᠠᠶ᠎ᠨᠢ 1.6 ᠲᠦᠮᠡᠨ ᠲᠡᠭᠰᠢ ᠳᠥᠷᠪᠡᠯᠵᠢᠨ ᠮᠧᠲ᠋ᠷ ᠪᠠᠶ᠋ᠢᠵᠤ᠂ ᠲᠥᠷᠥᠯ ᠵᠦᠢᠯ᠎ᠢ ᠠᠰᠢᠭᠯᠠᠯᠲᠠ᠎ᠳᠤ ᠣᠷᠣᠭᠤᠯᠤᠭᠰᠠᠨ᠎ᠤ ᠳᠠᠷᠠᠭ᠎ᠠ᠂ ᠦᠢᠯᠡᠳᠪᠦᠷᠢᠯᠡᠯ᠎ᠦᠨ ᠱᠤᠭᠤᠮ᠎ᠨᠢ ᠰᠢᠨ᠎ᠡ ᠰᠦ᠋ ᠬᠣᠷᠢᠶᠠᠨ ᠠᠪᠬᠤ᠂ ᠪᠠᠺᠲ᠋ᠧᠷᠢ ᠤᠰᠠᠳᠬᠠᠵᠦ ᠰᠠᠯᠭᠠᠬᠤ᠂ ᠠᠭᠰᠢᠭᠠᠵᠤ ᠬᠠᠳᠠᠭᠠᠬᠤ᠂ ᠰᠦᠷᠴᠢᠨ ᠨᠤᠨᠲᠠᠭᠯᠠᠬᠤ᠂ ᠪᠠᠺᠲ᠋ᠧᠷᠢ ᠥᠬᠡᠶ ᠪᠣᠭᠣᠳᠠᠯ᠎ᠤᠨ ᠪᠥᠬᠥ᠌ ᠶᠠᠪᠤᠴᠠ᠎ᠶᠢ ᠨᠢᠭᠡ ᠴᠣᠭᠴᠠᠵᠢᠭᠤᠯᠤᠭᠰᠠᠨ ᠪᠢᠲᠡᠭᠦᠮᠵᠢᠯᠡᠭᠰᠡᠨ ᠦᠢᠯᠡᠳᠪᠦᠷᠢᠯᠡᠯ᠎ᠢ ᠪᠡᠶᠡᠯᠡᠭᠦᠯᠵᠦ᠍᠂ ᠲᠥᠬᠥᠭᠡᠷᠦᠮᠵᠢ᠎ᠶᠢᠨ ᠠᠵᠢᠯᠯᠠᠭᠠᠨ᠎ᠨᠢ ᠲᠣᠭᠲᠠᠭᠤᠨ᠂ ᠦᠢᠯᠡᠳᠪᠦᠷᠢᠯᠡᠯ ᠤᠨ ᠤᠷ᠎ᠠ ᠮᠡᠷᠭᠡᠵᠢᠯ᠎ᠨᠢ ᠪᠣᠯᠪᠠᠰᠤᠷᠠᠩᠭᠤᠶ ᠪᠠᠢᠵᠦ᠂ ᠲᠣᠰ ᠭᠠᠵᠠᠷ᠎ᠤᠨ ᠰᠢᠨ᠎ᠡ ᠰᠦ᠋ᠶᠢ ᠵᠥᠪᠬᠡᠨ ᠠᠩᠬᠠᠨ᠎ᠤ ᠲᠦᠭᠦᠬᠡᠶ ᠮᠠᠲ᠋ᠧᠷᠢᠶᠠᠯ᠎ᠢᠶᠠᠷ ᠭᠠᠳᠠᠭᠰᠢ ᠪᠣᠷᠣᠯᠠᠭᠤᠯᠬᠤ ᠪᠠᠶ᠋ᠢᠳᠠᠯ᠎ᠢ ᠲᠤᠶ᠋ᠢᠯᠪᠤᠷᠢᠲᠠᠶ ᠬᠤᠪᠢᠷᠠᠭᠤᠯᠵᠤ᠂ ᠰᠢᠨ᠎ᠡ ᠰᠦ᠋᠎ᠶᠢᠨ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠬᠤ ᠨᠣᠷᠮ᠎ᠠ ᠪᠠ ᠠᠵᠤ ᠦᠢᠯᠡᠰ᠎ᠦᠨ ᠨᠡᠮᠡᠯᠲᠡ ᠥᠷᠲᠡᠭ᠎ᠢ ᠶᠡᠬᠡᠪᠡᠷ ᠳᠡᠭᠡᠭᠰᠢᠯᠡᠭᠦᠯᠵᠠᠢ᠃
ᠣᠶᠤᠨᠴᠢᠯᠠᠭᠰᠠᠨ᠂ ᠬᠡᠪᠴᠢᠶᠡᠵᠢᠭᠰᠡᠨ ᠦᠢᠯᠡᠳᠪᠦᠷᠢᠯᠡᠯ᠎ᠦᠨ ᠰᠢᠰᠲ᠋ᠧᠮ᠎ᠳᠦ ᠲᠦᠰᠢᠭᠯᠡᠨ᠂ ᠲᠥᠷᠥᠯ ᠵᠦᠢᠯ᠎ᠦᠨ ᠦᠢᠯᠡᠳᠪᠦᠷᠢᠯᠡᠬᠦ᠌ ᠴᠢᠳᠠᠪᠤᠷᠢ᠎ᠶᠢᠨ ᠳᠠᠪᠠᠭᠤᠯᠢᠭ ᠲᠣᠪᠣᠶ᠋ᠢᠮ᠎ᠠ ᠪᠣᠯᠪᠠ᠃ ᠣᠳᠣᠬᠠᠨ᠎ᠳᠤ ᠲᠥᠷᠥᠯ ᠵᠦᠢᠯ ᠨᠢ ᠡᠳᠦᠷ ᠪᠦᠷᠢ 300 ᠲᠣᠨ ᠰᠦ᠋ ᠡᠳ᠋ᠰᠢᠬᠦᠯᠵᠤ᠂ ᠡᠳᠦᠷ᠎ᠦᠨ ᠦᠢᠯᠡᠳᠪᠦᠷᠢᠯᠡᠭᠰᠡᠨ ᠰᠦ ᠵᠢᠨ ᠲᠠᠯᠬ᠎ᠠ ᠪᠠᠷᠤᠭ 35 ᠲᠣᠨ ᠪᠠᠶ᠋ᠢᠵᠤ᠂ ᠦᠢᠯᠡᠳᠬᠦᠨ᠎ᠦ ᠵᠠᠬ᠎ᠠ ᠳᠡᠯᠭᠡᠭᠦᠷ᠎ᠦᠨ ᠵᠠᠬᠢᠶᠠᠯᠠᠭ᠎ᠠ᠎ᠶᠢ 90% ᠪᠠᠷ ᠲᠣᠭᠲᠠᠭᠠᠵᠤ᠂ ᠭᠤᠤᠯᠳᠠᠭᠤ ᠰᠢ ᠠᠨ᠂ ᠭᠤᠸᠠᠩᠳᠦ᠋ᠩ᠂ ᠬᠠᠩᠵᠧᠦ ᠵᠡᠷᠭᠡ ᠤᠯᠤᠰ᠎ᠤᠨ ᠳᠣᠲᠣᠭᠠᠳᠤ᠎ᠶᠢᠨ ᠣᠯᠠᠨ ᠭᠠᠵᠠᠷ᠎ᠤᠨ ᠵᠠᠬ᠎ᠠ ᠳᠡᠯᠭᠡᠭᠦᠷ᠎ᠲᠦ᠍ ᠪᠣᠷᠣᠯᠠᠭᠤᠯᠵᠤ᠂ ᠣᠷᠣᠨ ᠨᠤᠲᠤᠭ᠎ᠤᠨ ᠴᠠᠭᠠᠨ ᠢᠳᠡᠭᠡᠨ ᠵᠢᠩᠬᠢᠨᠢ᠎ᠪᠡᠷ ᠪᠥᠬᠥ᠌ ᠤᠯᠤᠰ᠎ᠤᠨ ᠬᠡᠷᠡᠭᠯᠡᠭᠡᠨ᠎ᠦ ᠵᠠᠬ᠎ᠠ ᠳᠡᠯᠭᠡᠭᠦᠷ᠎ᠲᠦ᠍ ᠣᠷᠣᠬᠰᠠᠨ ᠪᠠᠢᠨ᠎ᠠ᠃
ᠥᠪᠥᠷ ᠮᠣᠩᠭᠣᠯ᠎ᠤᠨ ᠬᠤᠸᠠ ᠯᠢᠶᠠᠩ ᠲᠠᠷᠢᠶᠠᠯᠠᠩ᠎ᠤᠨ ᠬᠢᠵᠠᠭᠠᠷᠲᠤ᠌ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠳ᠋ᠦᠩ ᡁᠢ ᠶᠦᠩ᠂ ᠲᠥᠷᠥᠯ ᠵᠦᠢᠯ᠎ᠤᠨ ᠣᠳᠣᠬᠠᠨ᠎ᠤ ᠦᠢᠯᠡᠳᠪᠦᠷᠢᠯᠡᠯ ᠪᠣᠷᠣᠯᠠᠭᠤᠯᠭ᠎ᠠ᠎ᠶᠢᠨ ᠪᠠᠶ᠋ᠢᠳᠠᠯ ᠰᠠᠶ᠋ᠢᠨ ᠪᠠᠶ᠋ᠢᠵᠤ᠂ ᠵᠠᠬᠢᠶᠠᠯᠠᠭ᠎ᠠ᠎ᠶᠢᠨ ᠬᠠᠭᠤᠳᠠᠰᠤ ᠭᠦᠢᠴᠡᠳ᠂ ᠠᠵᠤ ᠠᠬᠤᠶ᠋ᠢᠯᠠᠯ ᠴᠠᠭᠠᠨ ᠢᠳᠡᠭᠡᠨ᠎ᠢ ᠨᠠᠷᠢᠯᠢᠭ ᠡᠳ᠋ᠰᠢᠭᠦᠯᠬᠦ᠌ ᠬᠦᠷᠢᠶ᠎ᠡ᠎ᠶᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠠᠵᠤ ᠦᠢᠯᠡᠰ᠎ᠦᠨ ᠬᠡᠪᠴᠢᠶ᠎ᠠ᠎ᠶᠢ ᠥᠷᠭᠡᠳᠬᠡᠨ ᠲᠠᠰ ᠳᠡᠪᠰᠢᠭᠦᠯᠬᠦ᠌᠎ᠶᠢ ᠯᠠᠪᠳᠠᠭᠤᠨ᠎ᠢᠶᠠᠷ ᠠᠬᠢᠭᠤᠯᠤᠨ᠎ᠠ᠃ ᠡᠬᠦᠨ᠎ᠡᠴᠡ ᠭᠠᠳᠠᠨ᠎ᠠ ᠠᠵᠤ ᠠᠬᠤᠶ᠋ᠢᠯᠠᠯ ᠵᠠᠶ᠋ᠢᠷᠮᠠᠭ᠂ ᠰᠦ᠋ ᠵᠢᠨ ᠤᠮᠳᠠᠭᠠᠨ᠎ᠤ ᠬᠣᠶᠠᠷ ᠵᠦᠢᠯ᠎ᠦᠨ ᠨᠠᠷᠢᠯᠢᠭ ᠪᠣᠯᠪᠠᠰᠤᠷᠠᠭᠤᠯᠬᠤ ᠦᠢᠯᠡᠳᠪᠦᠷᠢᠯᠡᠯ᠎ᠦᠨ ᠱᠤᠭᠤᠮ᠎ᠢ ᠰᠢᠨ᠎ᠡ᠎ᠪᠡᠷ ᠨᠡᠮᠡᠭᠳᠡᠭᠦᠯᠵᠦ᠍᠂ ᠦᠢᠯᠡᠳᠬᠦᠨ᠎ᠦ ᠲᠥᠷᠥᠯ ᠵᠦᠢᠯ᠎ᠢ ᠤᠯᠠᠮ ᠨᠢᠭᠡ ᠠᠯᠬᠤᠮ ᠪᠠᠶᠠᠯᠢᠭᠵᠢᠭᠤᠯᠬᠤ᠎ᠶᠢᠨ ᠬᠠᠮᠲᠤ᠌ ᠪᠥᠬᠥ᠌ ᠤᠯᠤᠰ᠎ᠤᠨ ᠨᠠᠷᠢᠯᠢᠭ ᠡᠳ᠋ᠰᠢᠬᠦᠯᠤᠨ ᠪᠣᠯᠪᠠᠰᠤᠷᠠᠭᠤᠯᠬᠤ ᠠᠵᠤ ᠠᠬᠤᠶ᠋ᠢᠯᠠᠯ᠎ᠲᠠᠶ ᠢᠳᠡᠪᠬᠢᠲᠡᠶ ᠵᠣᠯᠭᠠᠭᠤᠯᠵᠤ᠂ ᠭᠦᠨᠵᠡᠭᠡᠶ ᠬᠠᠮᠲᠤᠷᠠᠯᠴᠠᠨ᠂ ᠴᠠᠭᠠᠨ ᠢᠳᠡᠭᠡᠨ᠎ᠦ ᠠᠵᠤ ᠦᠢᠯᠡᠰ᠎ᠦᠨ ᠬᠡᠯᠬᠢᠶ᠎ᠡ᠎ᠶᠢ ᠦᠷᠭᠦᠯᠵᠢᠯᠡᠨ ᠤᠷᠲᠤᠳᠬᠠᠨ᠎ᠠ ᠬᠡᠵᠤ ᠲᠠᠨᠢᠯᠴᠠᠭᠤᠯᠪᠠ᠃