ᠲᠦᠷᠦᠬᠦᠭᠡᠨ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ ᠡᠴᠡ ᠬᠤᠷᠠᠯᠳᠤᠭᠤᠯᠤᠭᠰᠠᠨ ᠰᠣᠨᠢᠨ ᠮᠡᠳᠡᠭᠡ ᠨᠡᠢᠲᠡᠯᠡᠬᠦ ᠬᠤᠷᠠᠯ ᠡᠴᠡ ᠤᠢᠯᠠᠭᠠᠬᠰᠠᠨ ᠵᠢᠡᠷ᠂ ᠮᠠᠨ᠎ᠤ ᠤᠷᠤᠨ 2027 ᠣᠨ᠎ᠤ ᠥᠪᠥᠷ ᠮᠣᠩᠭᠣᠯ᠎ᠤᠨ ᠠᠵᠢᠯᠲᠠᠨ ᠠᠵᠢᠯᠴᠢᠨ᠎ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠎ᠳᠤ ᠲᠤᠬᠢᠷᠠᠭᠤᠯᠤᠯᠲᠠ ᠬᠢᠵᠦ᠂ ᠠᠵᠢᠯᠲᠠᠨ ᠠᠵᠢᠯᠴᠢᠨ᠎ᠤ ᠡᠮᠨᠡᠯᠭᠡ᠎ᠳᠦ ᠰᠠᠭᠤᠵᠤ ᠡᠮᠨᠡᠭᠦᠯᠬᠦ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠂ ᠡᠮᠡᠭᠲᠡᠢᠴᠦᠳ᠎ᠦᠨ ᠰᠢᠨ ᠺᠠᠩ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠭᠡᠬᠦ ᠬᠣᠶᠠᠷ ᠪᠠᠲᠤᠯᠠᠭ᠎ᠠ᠎ᠶᠢᠨ ᠲᠥᠷᠥᠯ ᠵᠦᠢᠯ᠎ᠢ ᠵᠡᠷᠭᠡ᠎ᠪᠡᠷ ᠰᠢᠯᠢᠳᠡᠭᠵᠢᠭᠦᠯᠪᠡ᠃
ᠶᠠᠪᠤᠴᠠ᠎ᠶᠢ ᠴᠣᠮᠬᠠᠳᠬᠠᠵᠤ ᠠᠵᠢᠯ ᠢ᠋ ᠬᠦᠢᠴᠡᠳᠬᠡᠬᠦ᠎ᠳᠤ ᠨᠡᠩ ᠲᠦᠭᠦᠮ ᠪᠤᠯᠭᠠᠨ᠎ᠠ᠃ ᠥᠩᠭᠡᠷᠡᠭᠰᠡᠨ᠎ᠦ ᠴᠠᠭᠠᠰᠤᠨ ᠮᠠᠲᠧᠷᠢᠶᠠᠯ᠎ᠢ ᠮᠡᠳᠡᠭᠦᠯᠦᠨ ᠬᠦᠷᠭᠡᠬᠦ ᠶᠠᠪᠤᠴᠠ ᠨᠢ ᠶᠠᠷᠰᠢᠭ᠋ ᠲᠦᠪᠡᠭᠲᠡᠢ᠂ ᠴᠠᠬ ᠬᠦᠴᠦ ᠢᠯᠡᠭᠦᠤ ᠬᠡᠷᠡᠭᠰᠡᠬᠦ ᠵᠡᠷᠭᠡ᠎ᠳᠦ ᠴᠢᠭᠯᠡᠭᠦᠯᠦᠨ᠂ ᠰᠦᠯᠵᠢᠶᠡᠨ ᠳᠡᠭᠡᠷᠡᠬᠢ ᠪᠠᠲᠤᠯᠠᠭ᠎ᠠ᠎ᠳᠤ ᠤᠷᠤᠯᠴᠠᠬᠤ ᠵᠠᠬᠪᠤᠷ ᠢ᠋ ᠪᠦᠬᠦ ᠲᠠᠯ᠎ᠠ᠎ᠪᠠᠷ ᠬᠡᠷᠡᠭᠵᠢᠭᠦᠯᠬᠦ᠎ᠶᠢᠨ ᠬᠠᠮᠲᠤ ᠰᠦᠯᠵᠢᠶᠡᠨ ᠳᠡᠭᠡᠷ᠎ᠡ ᠮᠡᠳᠡᠭᠦᠯᠬᠦ ᠮᠠᠲᠧᠷᠢᠶᠠᠯ᠎ᠢ ᠴᠣᠮᠬᠠᠳᠬᠠᠵᠤ᠂ ᠭᠠᠷᠳᠠᠨ ᠬᠢᠬᠦ ᠴᠠᠭ᠎ᠤᠨ ᠬᠢᠵᠠᠭᠠᠷ᠎ᠢ ᠪᠠᠭᠠᠰᠬᠠᠨ᠂ ᠠᠵᠢᠯᠲᠠᠨ ᠠᠵᠢᠯᠴᠢᠨ᠎ᠤ ᠪᠠᠲᠤᠯᠠᠭ᠎ᠠ᠎ᠳᠤ ᠣᠷᠣᠯᠴᠠᠬᠤ ᠪᠠ ᠨᠥᠬᠥᠪᠦᠷᠢ ᠠᠪᠬᠤ᠎ᠪᠠᠷ ᠭᠤᠶᠤᠴᠢᠯᠠᠬᠤ ᠳᠥᠭᠥᠮ ᠳᠥᠲᠡ ᠵᠠᠮ᠎ᠢ ᠴᠢᠨᠠᠬᠰᠢᠲᠠ ᠨᠠᠪᠲᠠᠷᠡᠭᠦᠯᠵᠦ᠂ 《ᠲᠣᠭ᠎ᠠ ᠪᠠᠷᠢᠮᠲᠠ᠎ᠶᠢ ᠢᠯᠡᠭᠦᠦ ᠭᠦᠶᠦᠯᠭᠡᠵᠦ᠂ ᠠᠵᠢᠯᠲᠠᠨ ᠠᠵᠢᠯᠴᠢᠨ᠎ᠢ ᠳᠤᠲᠠᠭᠤ ᠭᠦᠶᠦᠯᠭᠡᠬᠦ》 ᠵᠢ ᠠᠬᠢᠭᠤᠯᠤᠨ᠎ᠠ᠃
ᠪᠠᠲᠤᠯᠠᠭ᠎ᠠ᠎ᠶᠢ ᠰᠢᠯᠢᠳᠡᠭᠵᠢᠭᠦᠯᠵᠦ ᠠᠵᠢᠯᠲᠠᠨ ᠠᠵᠢᠯᠴᠢᠨ᠎ᠳᠤ ᠨᠠᠩ ᠤᠯᠠᠨ ᠠᠰᠢᠭ᠋ ᠬᠦᠷᠲᠡᠭᠡᠨ᠎ᠠ᠃ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠢ᠋ᠢᠨ ᠮᠥᠩᠭᠥ᠎ᠶᠢᠨ ᠶᠡᠷᠦᠩᠬᠡᠢ᠎ᠳᠡᠭᠡᠨ ᠠᠮᠤᠷ ᠲᠦᠪᠰᠢᠨ ᠪᠥᠭᠡᠳ ᠡᠵᠡᠮᠳᠡᠵᠦ ᠪᠣᠯᠬᠤ᠎ᠶᠢ ᠦᠨᠡᠨ ᠬᠦ᠌ ᠪᠠᠲᠤᠯᠠᠭᠰᠠᠨ᠎ᠤ ᠰᠠᠭᠤᠷᠢᠨ ᠳᠡᠭᠡᠷ᠎ᠡ᠂ ᠠᠵᠢᠯᠲᠠᠨ ᠠᠵᠢᠯᠴᠢᠨ᠎ᠤ ᠡᠮᠨᠡᠯᠭᠡ᠎ᠳᠦ ᠰᠠᠭᠤᠵᠤ ᠡᠮᠨᠡᠭᠦᠯᠬᠦ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠎ᠶᠢᠨ ᠲᠥᠷᠥᠯ ᠵᠦᠢᠯ᠎ᠦᠨ ᠨᠥᠬᠥᠪᠦᠷᠢ᠎ᠶᠢᠨ ᠡᠷᠴᠢᠮ᠎ᠢ ᠴᠢᠨᠠᠬᠰᠢᠲᠠ ᠴᠢᠩᠭᠠᠷᠠᠭᠤᠯᠵᠤ᠂ ᠠᠵᠢᠯᠲᠠᠨ ᠠᠵᠢᠯᠴᠢᠨ᠎ᠤ ᠡᠮᠨᠡᠯᠭᠡ᠎ᠳᠦ ᠰᠠᠭᠤᠭᠰᠠᠨ ᠵᠠᠷᠤᠳᠠᠯ᠎ᠤᠨ ᠥᠪᠡᠷ ᠢ᠋ᠢᠡᠨ ᠲᠥᠯᠥᠬᠦ ᠬᠡᠰᠡᠭ᠎ᠦᠨ 0︱3000 ᠲᠥᠭᠥᠷᠢᠭ᠎ᠦᠨ ᠬᠣᠭᠣᠷᠣᠨᠳᠣᠬᠢ ᠨᠥᠬᠥᠪᠦᠷᠢ᠎ᠶᠢᠨ ᠬᠠᠷᠢᠴᠠᠯ᠎ᠢ ᠥᠩᠭᠡᠷᠡᠭᠰᠡᠨ᠎ᠦ 40% ᠪᠠᠢᠭᠰᠠᠨ ᠡᠴᠡ 45% ᠪᠣᠯᠭᠠᠨ ᠳᠡᠭᠡᠭᠰᠢᠯᠡᠭᠦᠯᠵᠦ᠂ ᠠᠵᠢᠯᠲᠠᠨ ᠠᠵᠢᠯᠴᠢᠨ᠎ᠤ ᠡᠮᠨᠡᠯᠭᠡ᠎ᠳᠦ ᠰᠠᠭᠤᠭᠰᠠᠨ ᠭᠠᠭᠴᠠ ᠤᠳᠠᠭ᠎ᠠ᠎ᠶᠢᠨ ᠨᠠᠭᠠᠲᠤ ᠵᠠᠬ᠎ᠠ᠎ᠶᠢᠨ ᠨᠥᠬᠥᠪᠦᠷᠢ ᠮᠥᠩᠭᠥ᠎ᠶᠢ 200 ᠲᠥᠭᠥᠷᠢᠭ ᠪᠠᠢᠭᠰᠠᠨ ᠡᠴᠡ 300 ᠲᠥᠭᠥᠷᠢᠭ ᠪᠣᠯᠭᠠᠨ ᠳᠡᠭᠡᠭᠰᠢᠯᠡᠭᠦᠯᠵᠦ᠂ ᠲᠦᠭᠡᠮᠡᠯ ᠬᠠᠷᠠᠭᠠᠯᠵᠠᠯ᠎ᠤᠨ ᠠᠰᠢᠭ᠋ ᠭᠥᠷᠳᠡᠬᠦ ᠬᠠᠮᠤᠷᠬᠤ ᠬᠡᠪᠴᠢᠶ᠎ᠡ᠎ᠶᠢ ᠥᠷᠭᠡᠳᠬᠡᠨ᠎ᠡ᠃ ᠡᠮᠡᠭᠲᠡᠢᠴᠦᠳ᠎ᠦᠨ ᠰᠢᠨ ᠺᠠᠩ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠎ᠶᠢᠨ ᠲᠥᠷᠥᠯ ᠵᠦᠢᠯ ᠨᠢ ᠲᠦᠷᠦᠭᠦᠸ᠋ ᠵᠢᠯ᠎ᠦᠨ ᠪᠠᠲᠤᠯᠠᠭ᠎ᠠ᠎ᠶᠢᠨ ᠲᠥᠷᠥ᠎ᠶᠢᠨ ᠪᠣᠳᠣᠯᠭ᠎ᠠ᠎ᠶᠢ ᠦᠷᠭᠦᠯᠵᠢᠯᠡᠭᠦᠯᠦᠭᠰᠡᠨᠤ ᠰᠠᠭᠤᠷᠢᠨ ᠳᠡᠭᠡᠷ᠎ᠡ᠂ ᠬᠡᠰᠡᠭ ᠣᠨᠴᠠᠭᠠᠶ ᠡᠪᠡᠳᠴᠢᠨ ᠡᠮᠭᠡᠭ᠎ᠢ ᠮᠠᠭᠠᠳᠯᠠᠨ ᠲᠣᠭᠲᠠᠭᠠᠬᠤ ᠪᠠᠷᠢᠮᠵᠢᠶ᠎ᠠ᠎ᠶᠢ ᠴᠢᠨᠠᠬᠰᠢᠲᠠ ᠨᠠᠷᠢᠯᠢᠭ᠍ᠵᠢᠭᠤᠯᠵᠤ᠂ ᠬᠢᠨᠠᠨ ᠬᠠᠷᠭᠤᠭᠤᠯᠬᠤ ᠦᠶᠡᠯᠡᠯ᠎ᠦᠨ ᠬᠤᠭᠤᠴᠠᠭ᠎ᠠ᠎ᠶᠢ ᠪᠠᠭᠠᠰᠬᠠᠨ᠂ ᠭᠤᠶᠤᠴᠢᠯᠠᠨ ᠠᠪᠬᠤ᠎ᠳᠤ ᠲᠦᠭᠦᠮ ᠪᠤᠯᠭᠠᠵᠦ᠂ ᠨᠥᠬᠥᠴᠡᠯ᠎ᠳᠦ ᠨᠡᠢᠴᠡᠬᠦ ᠡᠮᠡᠭᠲᠡᠢ ᠠᠵᠢᠯᠲᠠᠨ ᠠᠵᠢᠯᠴᠢᠨ᠎ᠢ ᠬᠠᠪᠰᠤᠷᠤᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠢ᠋ᠢᠨ ᠠᠰᠢᠭ᠋ ᠲᠤᠰᠠ᠎ᠶᠢ ᠨᠠᠩ ᠰᠠᠢᠨ ᠨᠠᠩ ᠲᠦᠷᠭᠡᠨ᠎ᠢᠶᠡᠷ ᠡᠳ᠋ᠯᠡᠭᠦᠯᠵᠦ᠂ ᠡᠷᠡᠭᠦᠯ ᠮᠡᠨᠳᠦ᠎ᠶᠢᠨ ᠪᠠᠲᠤᠯᠠᠭ᠎ᠠ᠎ᠶᠢᠨ ᠰᠡᠷᠭᠡᠢᠯᠡᠯᠲᠡ᠎ᠶᠢᠨ ᠱᠤᠭᠤᠮ᠎ᠢ ᠪᠡᠬᠢᠵᠢᠭᠦᠯᠦᠨ᠎ᠡ᠃
ᠵᠢᠷᠤᠮᠵᠢᠭᠤᠯᠤᠨ ᠢᠯᠡᠳᠬᠡᠵᠦ ᠲᠦᠷᠦ᠎ᠶᠢᠨ ᠪᠣᠳᠣᠯᠭ᠎ᠠ᠎ᠶᠢᠨ ᠵᠢᠯᠤᠭᠤᠳᠤᠯᠭ᠎ᠠ ᠵᠢ ᠴᠢᠩᠭᠠᠳᠬᠠᠨ᠎ᠠ᠃ ᠥᠩᠭᠡᠷᠡᠭᠰᠡᠨ ᠵᠢᠯ᠎ᠦᠳ᠎ᠦᠨ ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ᠎ᠦᠨ ᠪᠠᠲᠤᠯᠠᠭ᠎ᠠ᠎ᠳᠤ 2027 ᠣᠨ᠎ᠤ ᠠᠵᠢᠯᠲᠠᠨ ᠠᠵᠢᠯᠴᠢᠨ᠎ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠎ᠶᠢᠨ ᠠᠵᠢᠯᠯᠠᠭ᠎ᠠ᠎ᠶᠢᠨ ᠪᠢᠴᠢᠭ ᠮᠠᠲᠧᠷᠢᠶᠠᠯ᠎ᠢ ᠵᠦᠢᠯ ᠵᠤᠷᠪᠤᠰ ᠳᠠᠷᠠᠭᠠᠯᠠᠨ ᠲᠠᠬᠢᠨ ᠡᠮᠬᠢᠯᠡᠵᠦ ᠵᠢᠷᠤᠮᠵᠢᠭᠤᠯᠵᠦ᠂ ᠠᠵᠢᠯ᠎ᠳᠤ ᠪᠠᠢᠭ᠎ᠠ ᠠᠵᠢᠯᠲᠠᠨ ᠠᠵᠢᠯᠴᠢᠨ᠂ ᠠᠵᠢᠯ ᠡᠴᠡ ᠪᠠᠨ ᠲᠠᠷᠬᠠᠯᠠᠬᠲᠠᠬᠰᠠᠨ ᠠᠵᠢᠯ ᠡᠴᠡ ᠪᠠᠨ ᠠᠮᠠᠷᠠᠭᠰᠠᠨ ᠠᠵᠢᠯᠲᠠᠨ ᠠᠵᠢᠯᠴᠢᠨ᠎ᠤ ᠬᠣᠶᠠᠷ ᠲᠥᠷᠥᠯ᠎ᠦᠨ ᠬᠥᠮᠥᠰ᠎ᠦᠨ ᠤᠷᠤᠯᠴᠠᠬᠤ᠎ᠶᠢ ᠵᠥᠪᠰᠢᠶᠡᠷᠡᠬᠦ ᠨᠥᠬᠥᠴᠡᠯ᠎ᠢ ᠲᠣᠰ ᠲᠣᠰ ᠲᠣᠳᠣᠷᠬᠠᠢᠯᠠᠵᠤ᠂ ᠵᠠᠭᠠᠭᠯᠠᠨ ᠲᠣᠭᠲᠠᠭᠠᠬᠤ ᠪᠠᠷᠢᠮᠵᠢᠶ᠎ᠠ᠎ᠶᠢ ᠲᠤᠲᠤᠷᠬᠠᠢ ᠪᠤᠯᠭᠠᠨ᠎ᠠ; ᠪᠠᠲᠤᠯᠠᠭ᠎ᠠ᠎ᠶᠢᠨ ᠬᠤᠭᠤᠴᠠᠭ᠎ᠠ᠂ ᠨᠥᠬᠥᠪᠦᠷᠢ ᠠᠪᠬᠤ᠎ᠪᠠᠷ ᠭᠤᠶᠤᠴᠢᠯᠠᠬᠤ ᠬᠤᠭᠤᠴᠠᠭ᠎ᠠ᠎ᠶᠢ ᠨᠡᠢᠯᠡᠭᠦᠯᠦᠭᠡᠳ ᠨᠢᠭᠡᠳᠦᠯᠲᠡᠢ ᠵᠦᠢᠯ ᠵᠤᠷᠪᠤᠰ ᠪᠣᠯᠭᠠᠵᠤ᠂ ᠴᠠᠭ᠎ᠤᠨ ᠵᠠᠭᠠᠭ ᠢ᠋ ᠲᠣᠳᠣᠷᠬᠠᠢ ᠪᠤᠯᠭᠠᠨ᠎ᠠ᠃ ᠲᠥᠷᠥᠯ ᠬᠤᠪᠢᠶᠠᠬᠤ ᠪᠠᠷᠢᠮᠵᠢᠶ᠎ᠠ᠎ᠶᠢ ᠲᠣᠳᠣᠷᠬᠠᠢᠯᠠᠬᠤ᠂ ᠠᠳᠠᠯᠢ ᠲᠥᠷᠥᠯ᠎ᠦᠨ ᠵᠦᠢᠯ ᠵᠤᠷᠪᠤᠰ᠎ᠢ ᠨᠡᠢᠯᠡᠭᠦᠯᠬᠦ᠂ ᠪᠠᠯᠠᠷᠬᠠᠢ ᠲᠣᠭᠠᠴᠢᠯᠲᠠ᠎ᠶᠢ ᠠᠷᠢᠯᠭᠠᠬᠤ᠎ᠪᠠᠷ ᠳᠠᠮᠵᠢᠨ᠂ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ᠎ᠶᠢᠨ ᠵᠥᠷᠢᠯᠳᠦᠭᠡᠨ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠬᠠᠵᠤ᠂ ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ ᠪᠠ ᠪᠠᠲᠤᠯᠠᠭ᠎ᠠ᠎ᠳᠤ ᠤᠷᠤᠯᠴᠠᠬᠰᠠᠨ ᠠᠵᠢᠯᠲᠠᠨ ᠠᠵᠢᠯᠴᠢᠨ᠎ᠤ ᠣᠢᠯᠠᠭᠠᠯᠴᠠᠭ᠎ᠠ᠎ᠶᠢᠨ ᠵᠥᠷᠢᠶ᠎ᠡ᠎ᠶᠢ ᠠᠷᠢᠯᠭᠠᠵᠤ᠂ ᠪᠥᠬᠥ ᠣᠷᠣᠨ᠎ᠤ ᠠᠵᠢᠯᠲᠠᠨ ᠠᠵᠢᠯᠴᠢᠨ᠎ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠎ᠶᠢᠨ ᠠᠵᠢᠯ᠎ᠢ ᠨᠠᠩ ᠪᠠᠷᠢᠮᠵᠢᠶᠠᠵᠢᠭᠤᠯᠵᠤ᠂ ᠵᠢᠷᠤᠮᠵᠢᠭᠤᠯᠤᠨ ᠠᠵᠢᠯᠯᠠᠭᠤᠯᠬᠤ ᠵᠢ ᠠᠬᠢᠭᠤᠯᠤᠨ᠎ᠠ᠃