ᠰᠢ ᠵᠢᠨ ᠫᠢᠩ ᠴᠢᠬᠤᠯᠠ ᠶᠠᠷᠢᠶ᠎ᠠ ᠲᠠᠯᠪᠢᠬᠤ ᠳ᠋ᠠᠭᠠᠨ᠂ ᠳᠤᠮᠳᠠᠳᠤ ᠤᠯᠤᠰ᠎ᠤᠨ ᠡᠪ ᠬᠠᠮᠲᠤ᠌ ᠨᠠᠮ 105 ᠵᠢᠯ᠎ᠦᠨ ᠲᠡᠮᠡᠴᠡᠯ᠎ᠦᠨ ᠶᠠᠪᠤᠴᠠ ᠳ᠋ᠦ ᠲᠠᠰᠤᠷᠠᠯᠳᠠ ᠦᠭᠡᠢ ᠭᠡᠷᠡᠯ ᠰᠠᠴᠤᠷᠠᠩᠭᠤᠢ ᠠᠮᠵᠢᠯᠲᠠ ᠣᠯᠵᠤ᠂ ᠲᠡᠦᠬᠡ ᠪᠠ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ᠌ ᠨᠠᠮ᠎ᠢ ᠰᠣᠩᠭᠣᠭᠰᠠᠨ᠎ᠤ ᠦᠨᠳᠦᠰᠦᠨ ᠰᠢᠯᠲᠠᠭᠠᠨ ᠨᠢ ᠮᠠᠨ᠎ᠤ ᠨᠠᠮ ᠪᠤᠰᠤᠳ ᠲᠦᠷᠦ᠎ᠶᠢᠨ ᠨᠠᠮ ᠪᠠ ᠤᠯᠤᠰ ᠲᠦᠷᠦ᠎ᠶᠢᠨ ᠬᠦᠴᠦᠨ᠎ᠡᠴᠡ ᠵᠦᠢᠷᠯᠡᠰᠢ ᠦᠭᠡᠢ ᠰᠢᠯᠢᠳᠡᠭ ᠣᠨᠴᠠᠯᠢᠭ ᠰᠢᠨᠵᠢ᠎ᠲᠡᠶ ᠪᠠᠶ᠋ᠢᠬᠤ᠎ᠳᠤ ᠣᠷᠣᠰᠢᠨ᠎ᠠ᠃ ᠪᠢᠳᠡ ᠢᠳᠡᠭᠡᠯ ᠵᠢᠡᠨ ᠪᠠᠳᠤᠳᠬᠠᠨ᠂ ᠦᠷᠬᠦᠯᠵᠢᠯᠡᠨ ᠲᠡᠮᠡᠴᠡᠵᠦ᠂ ᠰᠢᠨ᠎ᠡ ᠪᠣᠳᠠᠲᠤ᠌ ᠪᠠᠶ᠋ᠢᠳᠠᠯ᠎ᠲᠠᠶ᠎ᠪᠠᠨ ᠤᠶᠠᠯᠳᠤᠭᠤᠯᠤᠨ᠂ ᠨᠠᠮ᠎ᠤᠨ ᠰᠢᠯᠢᠳᠡᠭ ᠴᠢᠨᠠᠷ᠎ᠢ ᠲᠠᠰᠤᠷᠠᠯᠳᠠ ᠦᠭᠡᠢ ᠪᠠᠳᠠᠷᠠᠭᠤᠯᠤᠨ ᠳᠡᠯᠭᠡᠷᠡᠭᠦᠯᠵᠦ᠍᠂ ᠨᠠᠮ᠎ᠤᠨ ᠬᠡᠵᠢᠶᠡᠳᠡ ᠴᠢᠨᠠᠷ ᠬᠤᠪᠢᠷᠠᠬᠤ ᠦᠭᠡᠢ ᠦᠨᠭᠭᠡ ᠬᠤᠪᠢᠷᠠᠬᠤ ᠦᠭᠡᠢ ᠰᠤᠷᠲᠠᠯ ᠬᠤᠪᠢᠷᠠᠬᠤ ᠦᠭᠡᠢ᠂ ᠬᠡᠵᠢᠶᠡᠳᠡ ᠬᠦᠴᠦᠷᠬᠡᠭ ᠶᠡᠬᠡ ᠪᠦᠲᠦᠭᠡᠯᠴᠢ ᠬᠦᠴᠦᠨ ᠨᠢᠭᠲᠠᠷᠠᠯ᠎ᠤᠨ ᠬᠦᠴᠦᠨ ᠲᠠᠢ᠌ᠴᠢᠨ ᠬᠦᠴᠦᠨ᠎ᠲᠡᠶ ᠪᠠᠶ᠋ᠢᠬᠤ᠎ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠵᠠᠢ
ᠯᠢ ᠴᠢᠶᠠᠩ ᠬᠤᠷᠠᠯ ᠢ᠋ ᠡᠷᠭᠢᠯᠡᠵᠦ᠍ ᠵᠣᠣ ᠯᠸ ᠵᠢᠶ ᠸᠠᠩ ᠬᠤ᠌ ᠨᠢᠩ ᠳ᠋ᠢᠩ ᠰᠢᠤᠸᠠᠢ ᠰᠢᠶᠠᠩ ᠯᠢ ᠰᠢ ᠬᠠᠨ ᠵᠧᠩ ᠤᠷᠤᠯᠴᠠᠵᠤ ᠼᠠᠢ ᠴᠢ ᠲᠣᠭᠲᠠᠭᠠᠯ᠎ᠢ ᠤᠩᠰᠢᠨ ᠨᠡᠶ᠋ᠢᠲᠡᠯᠡᠪᠡ
ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠣᠶ᠎ᠶᠢ ᠪᠡᠯᠭᠡᠯᠡᠬᠦ᠌ ᠶᠡᠬᠡ ᠬᠤᠷᠠᠯ 7 ᠰᠠᠷ᠎ᠠ᠎ᠶᠢᠨ 1 ᠤ᠋ ᠦᠳᠡ᠎ᠶᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡᠪᠡᠷ ᠶᠠᠪᠤᠭᠳᠠᠪᠠ᠃ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ 《7·1 ᠤ᠋ ᠭᠠᠪᠢᠶᠠᠨ ᠲᠡᠮᠳᠡᠭ》 ᠬᠦᠷᠲᠡᠭᠰᠡᠳ ᠲᠤ᠌ ᠭᠠᠪᠢᠶᠠᠨ ᠲᠡᠮᠳᠡᠭ ᠣᠯᠭᠣᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ 105 ᠵᠢᠯ᠎ᠦᠨ ᠲᠤᠷᠰᠢ᠂ ᠮᠠᠨ᠎ᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠡᠳ᠋ᠯᠡᠭᠦᠯᠬᠦ᠂ ᠳᠤᠮᠳᠠᠳᠤ᠎ᠶᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠢᠮᠠᠭᠲᠠ ᠪᠠᠲᠤ᠌ ᠰᠠᠬᠢᠵᠤ᠂ ᠴᠥᠬᠥᠷᠡᠰᠢ ᠦᠭᠡᠢ ᠲᠡᠮᠡᠴᠡᠬᠦ᠌ ᠳᠤᠮᠳᠠ ᠲᠡᠦᠬᠡ᠎ᠶᠢᠨ ᠬᠠᠭᠤᠳᠠᠰᠤ᠎ᠶᠢ ᠭᠡᠶ᠋ᠢᠭᠦᠯᠦᠭᠰᠡᠨ ᠠᠭᠤᠤ ᠶᠡᠬᠡ ᠠᠮᠵᠢᠯᠲᠠ᠎ᠶᠢ ᠡᠭᠦᠳᠪᠡ᠃ ᠰᠢᠨ᠎ᠡ ᠠᠶᠠᠨ᠎ᠳᠤ᠂ ᠪᠦᠬᠦ᠌ ᠨᠠᠮ᠎ᠤᠨ ᠨᠥᠬᠥᠳ ᠢᠲᠡᠭᠡᠯ ᠵᠣᠷᠢᠭ᠎ᠢᠶᠠᠨ ᠪᠠᠲᠤᠳᠬᠠᠵᠤ᠂ ᠦᠷᠭᠦᠯᠵᠢᠯᠡᠨ ᠲᠡᠮᠡᠴᠡᠵᠦ᠍᠂ ᠴᠠᠭ ᠦᠶ᠎ᠡ ᠪᠣᠯᠤᠨ ᠠᠷᠠᠳ ᠲᠦᠮᠡᠨ᠎ᠳᠦ ᠦᠯᠦ᠍ ᠣᠰᠣᠯᠳᠠᠬᠤ ᠰᠢᠨ᠎ᠡ ᠠᠮᠵᠢᠯᠲᠠ ᠪᠦᠲᠦᠮᠵᠢ᠎ᠶᠢ ᠲᠠᠰᠤᠷᠠᠯᠲᠠ ᠦᠭᠡᠢ ᠡᠭᠦᠳᠬᠦ᠌ ᠬᠡᠷᠡᠭᠲᠡᠢ ᠭᠡᠵᠤ ᠴᠢᠬᠤᠯᠠᠴᠢᠯᠠᠵᠠᠢ᠃

7 ᠰᠠᠷ᠎ᠠ ᠵᠢᠨ 1 ᠤ᠋ ᠦᠳᠠ ᠵᠢᠨ ᠡᠮᠤᠨ᠎ᠠ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠣᠶ᠎ᠶᠢ ᠪᠡᠯᠭᠡᠯᠡᠬᠦ᠌ ᠶᠡᠬᠡ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡᠪᠡᠷ ᠶᠠᠪᠤᠭᠳᠠᠪᠠ᠃ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ ᠶᠤᠤ ᠳ᠋ᠠ ᠸᠸᠢ ᠰᠡᠬᠦᠳᠡᠷᠯᠡᠪᠡ

7 ᠰᠠᠷ᠎ᠠ᠎ᠶᠢᠨ 1 ᠤ᠋ ᠦᠳᠡ᠎ᠶᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠣᠶ᠎ᠶᠢ ᠪᠡᠯᠭᠡᠯᠡᠬᠦ᠌ ᠶᠡᠬᠡ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡᠪᠡᠷ ᠶᠠᠪᠤᠭᠳᠠᠪᠠ᠃ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ 《7·1 ᠤ᠋ ᠭᠠᠪᠢᠶᠠᠨ ᠲᠡᠮᠳᠡᠭ》 ᠬᠦᠷᠲᠡᠭᠰᠡᠳ ᠲᠤ᠌ ᠭᠠᠪᠢᠶᠠᠨ ᠲᠡᠮᠳᠡᠭ ᠣᠯᠭᠤᠪᠠ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ ᠱᠸᠨ ᠬᠤᠩ ᠰᠡᠬᠦᠳᠡᠷᠯᠡᠪᠡ

7 ᠰᠠᠷ᠎ᠠ᠎ᠶᠢᠨ 1 ᠤ᠋ ᠦᠳᠡ᠎ᠶᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠣᠶ᠎ᠶᠢ ᠪᠡᠯᠭᠡᠯᠡᠬᠦ᠌ ᠶᠡᠬᠡ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡᠪᠡᠷ ᠶᠠᠪᠤᠭᠳᠠᠪᠠ᠃ ᠵᠢᠷᠤᠭ ᠪᠤᠯ ᠰᠢ ᠵᠢᠨ ᠫᠢᠩ ᠵᠡᠷᠭᠡ ᠨᠠᠮ ᠪᠠ ᠲᠦᠷᠦ ᠵᠢᠨ ᠤᠳᠤᠷᠢᠳᠬᠤ ᠬᠦᠮᠤᠰ ᠪᠦᠬᠦ ᠤᠯᠤᠰ ᠤ᠋ᠨ 《ᠬᠤᠶᠠᠷ ᠰᠢᠯᠢᠳᠡᠭ ᠨᠢᠭᠡ ᠲᠡᠷᠢᠬᠦᠨ》 ᠵᠢᠡᠷ ᠬᠦᠬᠢᠬᠦᠯᠦᠭᠳᠡᠨ ᠰᠠᠢᠰᠢᠶᠠᠬᠳᠠᠬᠰᠡᠳ ᠤ᠋ᠨ ᠲᠦᠯᠦᠭᠡᠯᠡᠭᠴᠢ ᠳ᠋ᠤ ᠱᠠᠨᠭᠨᠠᠯ ᠭᠠᠷᠳᠠᠭᠤᠯᠵᠤ ᠪᠠᠢᠭ᠎ᠠ ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ ᠬᠤᠸᠠᠩ ᠵᠢᠩ ᠸᠸᠨ ᠰᠡᠬᠦᠳᠡᠷᠯᠡᠪᠡ
ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠪᠠᠶ᠋ᠢᠩᠭᠤ᠎ᠶᠢᠨ ᠭᠡᠰᠢᠭᠦᠨ ᠯᠢ ᠴᠢᠶᠠᠩ᠂ ᠵᠤᠤ ᠯᠸ ᠵᠶ᠋ᠢ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ᠎ᠤᠨ ᠳᠡᠳ᠋ ᠲᠡᠷᠢᠭᠦᠯᠡᠭᠴᠢ ᠬᠠᠨ ᠵᠧᠩ ᠶᠡᠬᠡ ᠬᠤᠷᠠᠯ᠎ᠳᠤ ᠣᠷᠣᠯᠴᠠᠪᠠ᠃
ᠦᠳᠡ᠎ᠶᠢᠨ ᠡᠮᠦᠨᠡᠬᠢ 9 ᠴᠠᠭ᠎ᠤᠨ ᠦᠶ᠎ᠡ᠎ᠪᠡᠷ᠂ 《7·1 ᠤ᠋ ᠭᠠᠪᠢᠶᠠᠨ ᠲᠡᠮᠳᠡᠭ》 ᠬᠦᠷᠲᠡᠭᠰᠡᠳ ᠬᠠᠮᠲᠤ᠎ᠪᠠᠷ ᠶᠣᠰᠣᠯᠠᠯ᠎ᠤᠨ ᠲᠡᠷᠭᠡᠨ᠎ᠳᠦ ᠰᠠᠭᠤᠵᠤ᠂ ᠶᠣᠰᠣᠯᠠᠯ᠎ᠤᠨ ᠮᠣᠲ᠋ᠣᠷ᠎ᠤᠨ ᠠᠩᠭᠢ ᠵᠢᠨ ᠬᠠᠮᠠᠭᠠᠯᠠᠯ ᠳᠤᠤᠷ᠎ᠠ ᠠᠷᠠᠳ᠎ᠤᠨ ᠶᠡᠬᠡ ᠬᠤᠷᠠᠯ᠎ᠤᠨ ᠲᠠᠩᠬᠢᠮ ᠳ᠋ᠤ ᠬᠦᠷᠪᠡ᠃ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠬᠣᠶ᠋ᠢᠲᠤ᠌ ᠡᠭᠦᠳᠡᠨ᠎ᠦ ᠭᠠᠳᠠᠨ᠎ᠠ᠂ ᠶᠣᠰᠣᠯᠠᠯ᠎ᠤᠨ ᠴᠡᠷᠢᠭ ᠵᠠᠮ᠎ᠤᠨ ᠬᠣᠶᠠᠷ ᠲᠠᠯ᠎ᠠ᠎ᠳᠤ ᠵᠢᠭᠰᠠᠵᠤ᠂ ᠵᠠᠯᠠᠭᠤᠴᠤᠳ ᠪᠠᠭᠠᠴᠤᠳ ᠬᠠᠯᠠᠭᠤᠨ᠎ᠢᠶᠠᠷ ᠤᠷᠠᠶ᠋ᠢᠯᠠᠨ ᠮᠡᠨᠳᠦᠴᠢᠯᠡᠪᠡ᠃ 《7·1 ᠤ᠋ ᠭᠠᠪᠢᠶᠠᠨ ᠲᠡᠮᠳᠡᠭ》 ᠬᠦᠷᠲᠡᠭᠰᠡᠳ ᠤᠯᠠᠭᠠᠨ ᠬᠡᠪᠢᠰ ᠵᠢᠡᠷ ᠠᠯᠬᠤᠯᠠᠨ᠂ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠣᠷᠣᠪᠠ᠃ ᠨᠠᠮ ᠪᠣᠯᠤᠨ ᠤᠯᠤᠰ᠎ᠤᠨ ᠭᠠᠪᠢᠶ᠎ᠠ ᠵᠢᠳᠬᠦᠯ ᠤ᠋ᠨ ᠢᠷᠠᠭᠤ ᠠᠯᠳᠠᠷ᠎ᠢ ᠬᠥᠬᠢᠭᠦᠯᠦᠨ ᠰᠠᠶ᠋ᠢᠰᠢᠶᠠᠬᠤ ᠠᠵᠢᠯ᠎ᠤᠨ ᠵᠥᠪᠯᠡᠯ᠎ᠦᠨ ᠬᠣᠯᠪᠣᠭᠳᠠᠯ ᠪᠦᠬᠦᠢ ᠤᠳᠤᠷᠢᠳᠬᠤ ᠨᠥᠬᠥᠳ ᠡᠨᠳᠡ ᠤᠭᠲᠤᠨ ᠠᠪᠤᠯ᠎ᠠ᠃
ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠶᠣᠰᠣᠯᠠᠯ᠎ᠤᠨ ᠲᠠᠩᠬᠢᠮ ᠤ᠋ᠨ ᠠᠭᠤᠷ ᠠᠮᠢᠰᠬᠤᠯ ᠦᠪᠡᠳᠡᠭᠰᠢ ᠶᠡᠬᠡ ᠪᠥᠭᠡᠳ ᠬᠥᠷ ᠬᠥᠭᠵᠢᠶᠡᠨ ᠲᠠᠢ ᠪᠠᠢᠯ᠎ᠠ᠃ ᠲᠡᠷᠢᠭᠦᠯᠡᠭᠴᠢ᠎ᠶᠢᠨ ᠲᠠᠶ᠋ᠢᠰᠠᠨ᠎ᠤ ᠳᠡᠭᠡᠷ᠎ᠡ ᠲᠠᠯ᠎ᠠ᠎ᠳᠤ 《ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ》 ᠭᠡᠬᠦ᠌ ᠬᠤᠷᠠᠯ᠎ᠤᠨ ᠲᠡᠮᠳᠡᠭ᠎ᠢ ᠡᠯᠭᠦᠵᠦ᠍᠂ ᠠᠷᠤ ᠬᠥᠰᠢᠭᠡ᠎ᠶᠢᠨ ᠭᠣᠣᠯ ᠳᠤᠮᠳᠠ ᠭᠡᠷᠡᠯ ᠭᠢᠯᠪᠠᠭ᠎ᠠ ᠰᠠᠴᠤᠷᠠᠭᠰᠠᠨ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠨᠠᠮ᠎ᠤᠨ ᠰᠦᠯᠳᠡ᠎ᠶᠢ ᠡᠯᠭᠦᠵᠦ᠍᠂ ᠨᠠᠮ᠎ᠤᠨ ᠰᠦᠯᠳᠡ᠎ᠶᠢᠨ ᠳᠣᠣᠷ᠎ᠠ ᠲᠠᠯ᠎ᠠ᠎ᠳᠤ 《1921 — 2026》 ᠭᠡᠬᠦ᠌ ᠦᠰᠦᠭ᠎ᠢ ᠨᠠᠭᠠᠵᠤ᠂ 10 ᠤᠯᠠᠭᠠᠨ ᠲᠤᠭ᠎ᠢ ᠬᠣᠶᠠᠷ ᠲᠠᠯ᠎ᠠ ᠳ᠋ᠤᠨᠢ ᠵᠢᠭᠰᠠᠭᠠᠵᠠᠢ᠃ ᠬᠣᠶᠠᠳᠤᠭᠠᠷ ᠳᠠᠪᠬᠤᠷᠯᠢᠭ᠎ᠤᠨ ᠪᠠᠷᠠᠯᠠᠬᠤ ᠲᠠᠶ᠋ᠢᠰᠠᠨ ᠳᠡᠭᠡᠷ᠎ᠡ᠄ 《ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠢᠭᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠨᠠᠮ ᠪᠠᠶ᠋ᠢᠭᠤᠯᠤᠭᠰᠠᠨ ᠠᠭᠤᠤ ᠶᠡᠬᠡ ᠵᠣᠷᠢᠭ ᠰᠠᠨᠠᠭ᠎ᠠ᠎ᠶᠢ ᠪᠠᠳᠠᠷᠠᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠵᠦ᠍᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠶᠢᠨ ᠲᠥᠯᠥᠭᠡ ᠴᠥᠬᠥᠷᠡᠰᠢ ᠦᠭᠡᠢ ᠲᠡᠮᠡᠴᠡᠵᠡᠭᠡᠶ᠎ᠡ! 》 ᠭᠡᠬᠦ ᠤᠷᠢᠶ᠎ᠠ ᠵᠢ ᠡᠯᠭᠦᠵᠠᠢ᠃
10 ᠴᠠᠭ᠎ᠲᠤ᠌᠂ ᠯᠢ ᠴᠢᠶᠠᠩ ᠪᠡᠯᠭᠡᠯᠡᠬᠦ᠌ ᠶᠡᠬᠡ ᠬᠤᠷᠠᠯ ᠡᠬᠢᠯᠡᠭᠰᠡᠨ᠎ᠢ ᠵᠠᠷᠯᠠᠵᠤ᠂ ᠲᠠᠯᠠᠪᠠᠢ ᠳᠠᠶᠠᠭᠠᠷ ᠪᠣᠰᠴᠤ᠌ ᠵᠣᠭᠰᠣᠨ᠂ ᠤᠯᠤᠰ᠎ᠤᠨ ᠰᠦᠯᠳᠡ ᠳᠠᠭᠤᠤ᠎ᠶᠢ ᠬᠠᠩᠭᠢᠨᠠᠲᠠᠯ᠎ᠠ ᠳᠠᠭᠤᠯᠠᠪᠠ᠃
ᠼᠠᠢ ᠴᠢ 《〈 7·1 ᠤ᠋ ᠭᠠᠪᠢᠶᠠᠨ ᠲᠡᠮᠳᠡᠭ〉 ᠣᠯᠭᠣᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶ᠎ᠠ ᠵᠢᠨ ᠲᠣᠭᠲᠠᠭᠠᠯ》 ᠢ᠋ ᠤᠩᠰᠢᠨ ᠨᠡᠶ᠋ᠢᠲᠡᠯᠡᠪᠡ᠃ 《ᠲᠣᠭᠲᠠᠭᠠᠯ》᠎ᠳ᠋ᠤ᠂ ᠣᠷᠳᠣ ᠬᠤᠭᠤᠴᠠᠭ᠎ᠠ᠎ᠪᠠᠷ ᠦᠨᠳᠦᠰᠦᠨ ᠱᠠᠲᠤᠨ᠎ᠳᠤ ᠦᠨᠳᠦᠰᠦᠯᠡᠭᠰᠡᠨ᠂ ᠨᠠᠮ᠎ᠤᠨ ᠲᠥᠯᠥᠭᠡ ᠠᠵᠢᠯᠯᠠᠭᠰᠠᠨ᠂ ᠠᠷᠠᠳ ᠲᠦᠮᠡᠨ᠎ᠳᠦ ᠦᠢᠯᠡᠴᠢᠯᠡᠭᠰᠡᠨ᠂ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠭᠠᠪᠢᠶᠠᠲᠤ᠌ ᠵᠢᠱ᠌ᠢᠶᠡᠴᠢ ᠨᠠᠮ᠎ᠤᠨ ᠭᠡᠰᠢᠭᠦᠨ᠎ᠢ ᠦᠪᠡᠳᠡᠭᠰᠢ ᠶᠡᠬᠡᠪᠡᠷ ᠬᠥᠬᠢᠭᠦᠯᠦᠨ ᠰᠠᠶ᠋ᠢᠰᠢᠶᠠᠵᠤ᠂ ᠪᠥᠬᠥ᠌ ᠨᠠᠮ ᠤ᠋ᠨ ᠬᠢᠨ ᠢ᠋ ᠣᠭ ᠰᠠᠨᠠᠭ᠎ᠠ᠎ᠪᠠᠨ ᠥᠯᠥ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ᠌ ᠴᠡᠭᠡᠵᠢᠯᠡᠵᠦ᠍᠂ ᠵᠣᠷᠢᠭ᠎ᠢᠶᠠᠨ ᠬᠥᠪᠴᠢᠯᠡᠨ ᠴᠢᠷᠮᠠᠢᠵᠤ᠂ ᠡᠷᠡᠯᠬᠡᠭᠯᠡᠨ ᠤᠷᠤᠭᠰᠢᠯᠠᠬᠤ᠎ᠶᠢ ᠵᠣᠷᠢᠭᠵᠢᠭᠤᠯᠬᠤ᠎ᠶᠢᠨ ᠲᠥᠯᠥᠭᠡ᠂ ᠨᠠᠮ᠎ᠤᠨ ᠲᠥᠪ ᠬᠣᠷᠢᠶ᠎ᠠ ᠡᠴᠡ ᠮᠠ ᠱᠠᠨ ᠰᠢᠶᠠᠩ᠂ ᠸᠠᠩ ᠢᠦᠶ ᠴᠠᠩ᠂ ᠯᠢ ᠯᠢᠶᠠᠨ ᠴᠧᠩ᠂ ᠦᠬᠠᠰᠸ·ᠰᠦᠯᠠᠢᠮᠠᠨ᠂ ᠦ᠋ ᠶᠠ ᠴᠢᠨ᠂ ᠴᠧᠨ ᠵᠢᠶᠦᠨ ᠦ᠋᠂ ᠵᠣᠣ ᠶᠠ ᠹᠦ᠋᠂ ᠵᠥᠩ ᠵᠢᠤᠸᠠᠢ ᠨᠥᠬᠥᠷᠲᠦ᠍ 《7·1 ᠤ᠋ ᠭᠠᠪᠢᠶᠠᠨ ᠲᠡᠮᠳᠡᠭ》 ᠣᠯᠭᠣᠬᠤ᠎ᠪᠠᠷ ᠲᠣᠭᠲᠠᠪᠠ ᠭᠡᠵᠤ ᠵᠢᠭᠠᠵᠤ ᠭᠠᠷᠭᠠᠵᠠᠢ᠃ (《ᠲᠤᠬᠲᠠᠭᠠᠯ》᠎ᠤᠨ ᠪᠥᠬᠥ ᠠᠭᠤᠯᠭ᠎ᠠ ᠶᠢ ᠠᠰ ᠲᠤᠨᠢ ᠨᠠᠢᠲᠡᠯᠡᠪᠡ)
2 ᠲᠤᠭᠴᠢ ᠨᠠᠮ᠎ᠤᠨ ᠲᠤᠭ᠎ᠢ ᠥᠨᠳᠥᠷ ᠡᠷᠭᠦᠵᠦ᠍᠂ 1 ᠶᠣᠰᠣᠯᠠᠯ᠎ᠤᠨ ᠴᠡᠷᠢᠭ 《7·1 ᠤ᠋ ᠭᠠᠪᠢᠶᠠᠨ ᠲᠡᠮᠳᠡᠭ》 ᠢ᠋ ᠭᠠᠷ ᠲᠠᠭᠠᠨ ᠡᠷᠭᠦᠵᠦ᠍᠂ ᠢᠳᠡᠷᠡᠭᠦᠨ ᠠᠯᠬᠤᠭ᠎ᠠ᠎ᠪᠠᠷ ᠶᠣᠰᠣᠯᠠᠯ᠎ᠤᠨ ᠠᠬᠤᠢ ᠲᠠᠯᠠᠪᠠᠢ᠎ᠳᠤ ᠤᠷᠤᠵᠤ ᠢᠷᠡᠪᠡ᠃
ᠰᠦᠷ ᠵᠢᠪᠬᠤᠯᠠᠩᠲᠤ᠌ 《ᠡᠬᠡ ᠤᠯᠤᠰ᠎ᠤᠨ ᠪᠠᠭᠠᠲᠤᠷᠴᠤᠳ᠎ᠲᠠᠭᠠᠨ ᠬᠦᠨᠳᠦᠳᠬᠡᠯ ᠳᠡᠪᠰᠢᠭᠦᠯᠦᠶ᠎ᠡ》 ᠭᠡᠬᠦ᠌ ᠬᠥᠭᠵᠢᠮ᠎ᠦᠨ ᠠᠶᠠᠰ ᠳᠤᠮᠳᠠ᠂ ᠰᠢ ᠵᠢᠨ ᠫᠢᠩ 《7·1 ᠤ᠋ ᠭᠠᠪᠢᠶᠠᠨ ᠲᠡᠮᠳᠡᠭ》 ᠬᠦᠷᠲᠡᠭᠰᠡᠳ ᠲᠤ᠌ ᠨᠢᠭᠡᠳ ᠨᠢᠭᠡ᠎ᠪᠡᠷ ᠭᠠᠪᠢᠶᠠᠨ ᠲᠡᠮᠳᠡᠭ ᠣᠯᠭᠣᠭᠰᠠᠨ ᠪᠥᠭᠡᠳ ᠲᠡᠳᠡᠨ᠎ᠲᠡᠶ ᠳᠣᠲᠣᠨᠣ᠎ᠪᠠᠷ ᠭᠠᠷ ᠠᠳᠬᠤᠵᠤ᠂ ᠪᠠᠶᠠᠷ ᠬᠦᠷᠭᠡᠵᠦ᠍ ᠪᠠᠶ᠋ᠢᠬᠤ᠎ᠪᠠᠨ ᠢᠯᠡᠳᠬᠡᠪᠡ᠃ ᠳᠠᠷᠠᠭ᠎ᠠ᠎ᠨᠢ 《7·1 ᠤ᠋ ᠭᠠᠪᠢᠶᠠᠨ ᠲᠡᠮᠳᠡᠭ》 ᠬᠦᠷᠲᠡᠭᠰᠡᠳ ᠤᠷᠢᠯᠭ᠎ᠠ᠎ᠪᠠᠷ ᠲᠡᠷᠢᠭᠦᠯᠡᠭᠴᠢ᠎ᠶᠢᠨ ᠲᠠᠶ᠋ᠢᠰᠠᠨ᠎ᠳᠤ ᠰᠠᠭᠠᠲᠠᠪᠠ᠃ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃
ᠼᠠᠢ ᠴᠢ 《ᠪᠦᠬᠦ᠌ ᠤᠯᠤᠰ᠎ᠤᠨ ᠰᠢᠯᠢᠳᠡᠭ ᠡᠪ ᠬᠠᠮᠲᠤ᠌ ᠨᠠᠮ᠎ᠤᠨ ᠭᠡᠰᠢᠭᠦᠨ᠂ ᠪᠦᠬᠦ᠌ ᠤᠯᠤᠰ᠎ᠤᠨ ᠰᠢᠯᠢᠳᠡᠭ ᠨᠠᠮ᠎ᠤᠨ ᠠᠵᠢᠯ ᠤ᠋ᠨ ᠠᠵᠢᠯᠳᠠᠨ ᠪᠣᠯᠤᠨ ᠪᠦᠬᠦ᠌ ᠤᠯᠤᠰ᠎ᠤᠨ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢ ᠬᠥᠬᠢᠭᠦᠯᠦᠨ ᠰᠠᠶ᠋ᠢᠰᠢᠶᠠᠬᠤ ᠲᠤᠬᠠᠢ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠲᠣᠭᠲᠠᠭᠠᠯ》 ᠢ᠋ ᠤᠩᠰᠢᠨ ᠨᠡᠶ᠋ᠢᠲᠡᠯᠡᠪᠡ᠃ (《ᠲᠤᠬᠲᠠᠭᠠᠯ》᠎ᠤᠨ ᠪᠥᠬᠥ ᠠᠭᠤᠯᠭ᠎ᠠ᠎ᠶᠢ ᠠᠰ ᠲᠤᠨᠢ ᠨᠠᠢᠲᠡᠯᠡᠪᠡ )
ᠰᠢ ᠵᠢᠨ ᠫᠢᠩᠨᠡᠷ ᠪᠦᠬᠦ᠌ ᠤᠯᠤᠰ᠎ᠤᠨ 《ᠬᠣᠶᠠᠷ ᠰᠢᠯᠢᠳᠡᠭ ᠨᠢᠭᠡ ᠲᠡᠷᠢᠭᠦᠨ》 ᠵᠢᠡᠷ ᠬᠦᠬᠢᠭᠦᠯᠦᠭᠳᠡᠨ ᠰᠠᠢᠰᠢᠶᠠᠭᠳᠠᠭᠰᠠᠳ ᠤ᠋ᠨ ᠲᠥᠯᠥᠭᠡᠯᠡᠭᠴᠢ ᠳ᠋ᠤ ᠱᠠᠩᠨᠠᠯ ᠭᠠᠷᠳᠠᠭᠤᠯᠪᠠ᠃
ᠲᠠᠯᠠᠪᠠᠢ ᠲᠠᠶᠠᠭᠠᠷ ᠤ᠋ᠨ ᠬᠠᠯᠠᠭᠤᠨ ᠠᠯᠠᠭ᠎ᠠ ᠲᠠᠰᠢᠯᠳᠠ ᠵᠢᠨ ᠲᠤᠮᠳᠠ᠂ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠡᠨᠡ ᠡᠳᠦᠷ᠂ ᠪᠢᠳᠡ ᠦᠪᠡᠳᠡᠭᠰᠢ ᠶᠡᠬᠡ ᠴᠤᠭᠯᠠᠭᠠᠨ ᠪᠤᠯᠵᠦ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠵᠦ᠍᠂ ᠮᠠᠨ᠎ᠤ ᠨᠠᠮ᠎ᠤᠨ ᠶᠠᠪᠤᠵᠤ ᠥᠩᠭᠡᠷᠡᠭᠰᠡᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠪᠠᠨ ᠡᠷᠭᠢᠴᠡᠭᠦᠯᠵᠦ᠍᠂ ᠨᠠᠮ ᠪᠤᠯᠤᠨ ᠠᠷᠠᠳ ᠲᠦᠮᠡᠨ᠎ᠦ ᠦᠢᠯᠡᠰ᠎ᠦᠨ ᠬᠥᠭᠵᠢᠯᠲᠡ᠎ᠶᠢᠨ ᠭᠡᠭᠡᠨ ᠰᠠᠷᠠᠭᠤᠯ ᠢᠷᠡᠭᠡᠳᠦᠢ᠎ᠶᠢ ᠪᠠᠷᠠᠯᠠᠵᠤ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠨᠡᠶ᠋ᠢᠭᠡᠮ ᠵᠢᠷᠤᠮᠲᠤ᠌ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠶ᠋ᠢᠭᠤᠯᠬᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌ ᠠᠤᠭ᠎ᠠ ᠬᠠᠷᠠᠯᠲᠠ ᠲᠡᠶ᠋ᠢᠰᠢ ᠢᠲᠡᠭᠡᠯ ᠲᠡᠭᠦᠯᠳᠡᠷ᠎ᠢᠶᠡᠷ ᠡᠷᠡᠯᠬᠡᠭᠯᠡᠨ ᠤᠷᠤᠭᠰᠢᠯᠠᠬᠤ ᠵᠢ ᠳᠠᠢᠴᠢᠯᠠᠵᠤ ᠪᠠᠶ᠋ᠢᠨ᠎ᠠ ᠭᠡᠵᠤ ᠢᠯᠡᠳᠭᠡᠪᠡ᠃ ᠰᠢ ᠵᠢᠨ ᠫᠢᠩ ᠨᠠᠮ᠎ᠤᠨ ᠲᠥᠪ ᠬᠣᠷᠢᠶ᠎ᠠ ᠵᠢᠨ ᠡᠮᠦᠨ᠎ᠡ ᠡᠴᠡ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠪᠦᠬᠦ᠌ ᠭᠡᠰᠢᠭᠦᠨ᠎ᠳᠦ ᠪᠠᠶᠠᠷ᠎ᠤᠨ ᠡᠳᠦᠷ᠎ᠦᠨ ᠮᠡᠨᠳᠦᠴᠢᠯᠡᠯ ᠳᠡᠪᠰᠢᠭᠦᠯᠪᠠ ! 《7·1 ᠤ᠋ ᠭᠠᠪᠢᠶᠠᠨ ᠲᠡᠮᠳᠡᠭ》 ᠬᠦᠷᠲᠡᠭᠴᠢ᠂ ᠬᠥᠬᠢᠭᠦᠯᠦᠭᠳᠡᠨ ᠰᠠᠶ᠋ᠢᠰᠢᠶᠠᠭᠳᠠᠭᠰᠠᠨ ᠪᠥᠬᠥ᠌ ᠤᠯᠤᠰ᠎ᠤᠨ ᠰᠢᠯᠢᠳᠡᠭ ᠡᠪ ᠬᠠᠮᠲᠤ᠌ ᠨᠠᠮ᠎ᠤᠨ ᠭᠡᠰᠢᠭᠦᠨ᠂ ᠰᠢᠯᠢᠳᠡᠭ ᠨᠠᠮ᠎ᠤᠨ ᠠᠵᠢᠯ ᠤ᠋ᠨ ᠠᠵᠢᠯᠲᠠᠨ᠂ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ ᠬᠠᠯᠠᠭᠤᠨ ᠪᠠᠶᠠᠷ ᠬᠦᠷᠭᠡᠪᠠ!
ᠰᠢ ᠵᠢᠨ ᠫᠢᠩ᠂ 105 ᠵᠢᠯ᠎ᠦᠨ ᠡᠮᠦᠨ᠎ᠡ᠂ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠬᠡᠭᠡᠷᠡᠯᠲᠡ ᠳᠤᠮᠳᠠ᠂ ᠮᠠᠷᠺᠰ ᠯᠧᠨᠢᠨ᠎ᠦ ᠦᠵᠡᠯ᠎ᠢ ᠳᠤᠮᠳᠠᠳᠤ ᠤᠯᠤᠰ᠎ᠤᠨ ᠠᠵᠢᠯᠴᠢᠨ᠎ᠤ ᠬᠥᠳᠡᠯᠭᠡᠭᠡᠨ᠎ᠲᠡᠶ ᠨᠢᠭᠲᠠ ᠤᠶᠠᠯᠳᠤᠭᠤᠯᠬᠤ ᠳᠤᠮᠳᠠ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠬᠠᠨᠳᠤᠰᠢ ᠳᠠᠭᠠᠨ ᠮᠡᠨᠳᠦᠯᠡᠵᠡᠢ᠃ ᠡᠭᠦᠨ᠎ᠡᠴᠡ ᠡᠬᠢᠯᠡᠨ᠂ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ᠎ᠶᠢᠨ ᠦᠨᠳᠦᠰᠦᠲᠡᠨ ᠬᠠᠮᠤᠭ᠎ᠤᠨ ᠨᠠᠶ᠋ᠢᠳᠠᠪᠤᠷᠢᠲᠠᠢ ᠲᠦᠰᠢᠭ ᠲᠤᠯᠭᠠᠭᠤᠷᠢ᠎ᠲᠠᠶ ᠪᠤᠯᠵᠤ᠂ ᠳᠣᠲᠣᠭᠠᠳᠤ᠎ᠶᠢᠨ ᠵᠣᠪᠠᠯᠠᠩ ᠭᠠᠳᠠᠭᠠᠳᠤ᠎ᠶᠢᠨ ᠠᠶᠤᠯ᠎ᠳᠤ ᠲᠤᠯᠭᠠᠷᠠᠵᠤ᠂ ᠶᠠᠳᠠᠭᠤ ᠪᠠᠭᠤᠷᠠᠢ ᠪᠠᠢᠭᠰᠠᠨ ᠳᠤᠮᠳᠠᠳᠤ ᠤᠯᠤᠰ ᠲᠩᠷᠢ ᠭᠠᠵᠠᠷ᠎ᠢ ᠳᠣᠩᠰᠣᠯᠭᠠᠮ᠎ᠠ ᠯᠤᠲᠤ᠌ ᠶᠡᠬᠡ ᠲᠡᠦᠬᠡᠨ ᠬᠤᠪᠢᠷᠠᠯᠲᠠ᠎ᠶᠢ ᠡᠬᠢᠯᠡᠭᠦᠯᠦᠭᠰᠡᠨ ᠪᠠᠶ᠋ᠢᠨ᠎ᠠ ᠭᠡᠵᠤ ᠵᠢᠭᠠᠵᠤ ᠭᠠᠷᠭᠠᠪᠠ᠃
ᠰᠢ ᠵᠢᠨ ᠫᠢᠩ᠂ 105 ᠵᠢᠯ᠎ᠦᠨ ᠲᠤᠷᠰᠢ᠂ ᠮᠠᠨ᠎ᠤ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠴᠥᠬᠥᠷᠡᠰᠢ ᠦᠭᠡᠢ ᠲᠡᠮᠡᠴᠡᠵᠦ᠍᠂ ᠰᠢᠨ᠎ᠡ ᠠᠷᠠᠳᠴᠢᠯᠠᠭᠰᠠᠨ ᠬᠤᠪᠢᠰᠬᠠᠯ᠂ ᠨᠡᠶ᠋ᠢᠭᠡᠮ ᠵᠢᠷᠤᠮ᠎ᠤᠨ ᠬᠤᠪᠢᠰᠬᠠᠯ ᠪᠣᠯᠤᠨ ᠪᠦᠲᠦᠭᠡᠨ ᠪᠠᠶ᠋ᠢᠭᠤᠯᠤᠯᠲᠠ᠂ ᠥᠭᠡᠷᠡᠴᠢᠯᠡᠯᠲᠡ ᠨᠡᠭᠡᠭᠡᠯᠲᠡ ᠪᠣᠯᠤᠨ ᠨᠡᠶ᠋ᠢᠭᠡᠮ ᠵᠢᠷᠤᠮ᠎ᠤᠨ ᠣᠳᠣᠬᠢᠴᠢᠯᠠᠯᠲᠠ᠎ᠶᠢᠨ ᠪᠦᠲᠦᠭᠡᠨ ᠪᠠᠶ᠋ᠢᠭᠤᠯᠤᠯᠲᠠ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠠᠭᠤᠤ ᠶᠡᠬᠡ ᠠᠮᠵᠢᠯᠲᠠ᠎ᠶᠢ ᠡᠭᠦᠳᠴᠦ᠍᠂ ᠳᠤᠮᠳᠠᠳᠤ᠎ᠶᠢᠨ ᠦᠨᠳᠦᠰᠦᠲᠡᠨ᠎ᠦ ᠬᠡᠳᠦᠨ ᠮᠢᠩᠭᠠᠨ ᠵᠢᠯ᠎ᠦᠨ ᠲᠡᠦᠬᠡᠨ ᠳᠡᠭᠡᠷᠡᠬᠢ ᠬᠠᠮᠤᠭ᠎ᠤᠨ ᠰᠦᠷᠯᠢᠭ ᠠᠤᠭ᠎ᠠ ᠲᠤᠤᠯᠢᠰ᠎ᠢ ᠪᠢᠴᠢᠭᠯᠡᠪᠡ᠃ 105 ᠵᠢᠯ ᠴᠥᠬᠥᠷᠡᠰᠢ ᠦᠭᠡᠢ ᠲᠡᠮᠡᠴᠡᠵᠦ᠍᠂ ᠳᠤᠮᠳᠠᠳᠤ ᠤᠯᠤᠰ᠎ᠤᠨ ᠠᠷᠠᠳ ᠲᠦᠮᠡᠨ᠎ᠦ ᠢᠷᠡᠭᠡᠳᠦᠢ ᠬᠤᠪᠢ ᠵᠠᠶᠠᠭ᠎ᠠ᠎ᠶᠢ ᠦᠨᠳᠦᠰᠦᠨ᠎ᠡᠴᠡ ᠨᠢ ᠬᠤᠪᠢᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌ ᠵᠥᠪ ᠵᠠᠮ᠎ᠢ ᠨᠡᠭᠡᠭᠡᠵᠤ᠂ ᠮᠠᠷᠺᠰ᠎ᠤᠨ ᠦᠵᠡᠯ᠎ᠦᠨ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠢ ᠢᠯᠡᠷᠡᠭᠦᠯᠵᠤ᠂ ᠳᠡᠯᠡᠬᠡᠢ᠎ᠶᠢᠨ ᠲᠡᠦᠬᠡ᠎ᠶᠢᠨ ᠠᠬᠢᠴᠠ᠎ᠶᠢ ᠭᠦᠨᠵᠡᠭᠡᠢ ᠨᠥᠯᠥᠭᠡᠯᠡᠵᠤ᠂ ᠬᠦᠴᠦᠷᠬᠡᠭ ᠶᠡᠬᠡ ᠳᠤᠮᠳᠠᠳᠤ ᠤᠯᠤᠰ᠎ᠤᠨ ᠡᠪ ᠬᠠᠮᠲᠤ᠌ ᠨᠠᠮ᠎ᠢ ᠳᠠᠪᠲᠠᠨ ᠪᠣᠯᠪᠠᠰᠤᠷᠠᠭᠤᠯᠪᠠ᠃ ᠮᠠᠨ᠎ᠤ ᠨᠠᠮ ᠠᠭᠤᠤ ᠶᠡᠬᠡ ᠢᠷᠠᠭᠤ ᠠᠯᠳᠠᠷᠲᠠᠢ ᠵᠥᠪ ᠣᠨᠣᠪᠴᠢᠲᠠᠢ ᠨᠠᠮ᠎ᠤᠨ ᠨᠡᠷ᠎ᠡ ᠨᠢᠳᠡᠷ᠎ᠲᠡᠬᠡᠨ ᠪᠦᠷᠢᠮᠦᠰᠦᠨ ᠨᠡᠶ᠋ᠢᠴᠡᠵᠦ᠍ ᠪᠠᠶ᠋ᠢᠨ᠎ᠠ ᠭᠡᠵᠤ ᠴᠢᠬᠤᠯᠠᠴᠢᠯᠠᠪᠠ᠃
ᠰᠢ ᠵᠢᠨ ᠫᠢᠩ᠂ ᠳᠤᠮᠳᠠᠳᠤ ᠤᠯᠤᠰ᠎ᠤᠨ ᠡᠪ ᠬᠠᠮᠲᠤ᠌ ᠨᠠᠮ 105 ᠵᠢᠯ᠎ᠦᠨ ᠲᠡᠮᠡᠴᠡᠯ᠎ᠦᠨ ᠶᠠᠪᠤᠴᠠ ᠳ᠋ᠦ ᠲᠠᠰᠤᠷᠠᠯᠳᠠ ᠦᠭᠡᠢ ᠭᠡᠷᠡᠯ ᠰᠠᠴᠤᠷᠠᠩᠭᠤᠢ ᠠᠮᠵᠢᠯᠲᠠ ᠣᠯᠵᠤ ᠴᠢᠳᠠᠭᠰᠠᠨ᠂ ᠲᠡᠦᠬᠡ ᠪᠠ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ᠌ ᠨᠠᠮ᠎ᠢ ᠰᠣᠩᠭᠣᠭᠰᠠᠨ᠎ᠤ ᠦᠨᠳᠦᠰᠦᠨ ᠰᠢᠯᠲᠠᠭᠠᠨ ᠨᠢ ᠮᠠᠨ᠎ᠤ ᠨᠠᠮ ᠪᠤᠰᠤᠳ ᠲᠦᠷᠦ᠎ᠶᠢᠨ ᠨᠠᠮ ᠪᠠ ᠤᠯᠤᠰ ᠲᠦᠷᠦ᠎ᠶᠢᠨ ᠬᠦᠴᠦᠨ ᠡᠴᠡ ᠵᠦᠢᠷᠯᠡᠰᠢ ᠦᠭᠡᠢ ᠰᠢᠯᠢᠳᠡᠭ ᠣᠨᠴᠠᠯᠢᠭ ᠰᠢᠨᠵᠢ ᠲᠡᠶ ᠪᠠᠶ᠋ᠢᠬᠤ᠎ᠳᠤ ᠣᠷᠣᠰᠢᠨ᠎ᠠ᠃ ᠮᠠᠨ ᠤ᠋ ᠨᠠᠮ ᠦᠨᠡᠨ ᠶᠣᠰᠣ᠎ᠶᠢ ᠴᠦᠬᠦᠷᠡᠰᠢ ᠦᠭᠡᠢ ᠬᠥᠭᠡᠭᠡᠴᠡᠯᠳᠦᠵᠦ᠍᠂ ᠤᠷᠤᠭᠰᠢᠯᠠᠯᠲᠠ᠎ᠶᠢᠨ ᠴᠢᠭᠯᠡᠯ᠎ᠢ ᠢᠮᠠᠭᠲᠠ ᠵᠥᠪ ᠡᠵᠡᠮᠳᠠᠵᠤ᠂ ᠠᠷᠠᠳ ᠲᠦᠮᠡᠨ᠎ᠦ ᠳᠤᠮᠳᠠ ᠭᠦᠨ ᠦᠨᠳᠦᠰᠦᠯᠡᠵᠦ᠍᠂ ᠢᠮᠠᠭᠲᠠ ᠪᠠᠲᠤ᠌ ᠪᠡᠬᠢ ᠰᠠᠭᠤᠷᠢ᠎ᠲᠠᠶ ᠪᠠᠶ᠋ᠢᠵᠤ᠂ ᠲᠡᠦᠬᠡᠲᠦ᠍ ᠡᠭᠦᠷᠭᠡ᠎ᠶᠢ ᠵᠣᠷᠢᠭᠲᠠᠢ ᠡᠭᠦᠷᠭᠡᠯᠡᠵᠦ᠍᠂ ᠢᠮᠠᠬᠳᠠ ᠪᠠᠶ᠋ᠢᠯᠳᠤᠬᠤ ᠪᠤᠳᠤᠯᠭ᠎ᠠ᠎ᠶᠢᠨ ᠰᠠᠨᠠᠭᠠᠴᠢᠯᠠᠭᠠᠲᠤ᠌ ᠡᠷᠬᠡ᠎ᠶᠢ ᠡᠵᠡᠮᠰᠢᠵᠤ᠂ ᠬᠥᠭᠵᠢᠯᠲᠡ᠎ᠶᠢᠨ ᠤᠷᠤᠰᠬᠠᠯ᠎ᠢ ᠳᠠᠭᠠᠵᠤ᠂ ᠢᠮᠠᠭᠲᠠ ᠴᠠᠭ ᠦᠶ᠎ᠡ᠎ᠶᠢᠨ ᠡᠮᠦᠨ᠎ᠡ ᠡᠩᠨᠡᠭᠡᠨ᠎ᠳᠦ ᠶᠠᠪᠤᠵᠤ᠂ ᠵᠣᠷᠢᠭᠲᠠᠶ ᠴᠢᠳᠠᠮᠠᠭᠠᠶ ᠲᠡᠮᠡᠴᠡᠵᠦ᠍᠂ ᠵᠠᠪᠠᠯ ᠢᠯᠠᠬᠤ ᠢᠲᠡᠭᠡᠯ ᠵᠣᠷᠢᠭ᠎ᠢᠶᠠᠨ ᠢᠮᠠᠭᠲᠠ ᠪᠠᠲᠤᠯᠠᠵᠤ᠂ ᠥᠪᠡᠷ᠎ᠢ᠎ᠪᠡᠨ ᠴᠢᠭᠢᠷᠠᠭᠵᠢᠭᠤᠯᠬᠤ᠎ᠶᠢ ᠴᠢᠬᠤᠯᠠᠴᠢᠯᠠᠵᠤ᠂ ᠢᠮᠠᠭᠲᠠ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠪᠠᠢᠪᠠ᠃ ᠪᠢᠳᠡ ᠰᠢᠨ᠎ᠡ ᠪᠣᠳᠠᠲᠤ᠌ ᠪᠠᠶ᠋ᠢᠳᠠᠯ᠎ᠲᠠᠶ᠎ᠪᠠᠨ ᠤᠶᠠᠯᠳᠤᠭᠤᠯᠤᠨ᠂ ᠨᠠᠮ᠎ᠤᠨ ᠰᠢᠯᠢᠳᠡᠭ ᠴᠢᠨᠠᠷ᠎ᠢ ᠲᠠᠰᠤᠷᠠᠯᠳᠠ ᠦᠭᠡᠢ ᠪᠠᠳᠠᠷᠠᠭᠤᠯᠤᠨ ᠳᠡᠯᠭᠡᠷᠡᠭᠦᠯᠵᠦ᠍᠂ ᠨᠠᠮ᠎ᠤᠨ ᠬᠡᠵᠢᠶᠡᠳᠡ ᠴᠢᠨᠠᠷ ᠬᠤᠪᠢᠷᠠᠬᠤ ᠦᠭᠡᠢ ᠦᠨᠭᠭᠡ ᠬᠤᠪᠢᠷᠠᠬᠤ ᠦᠭᠡᠢ ᠰᠤᠷᠲᠠᠯ ᠬᠤᠪᠢᠷᠠᠬᠤ ᠦᠭᠡᠢ᠂ ᠬᠡᠵᠢᠶᠡᠳᠡ ᠬᠦᠴᠦᠷᠬᠡᠭ ᠶᠡᠬᠡ ᠪᠦᠲᠦᠭᠡᠯᠴᠢ ᠬᠦᠴᠦᠨ ᠨᠢᠭᠲᠠᠷᠠᠯ᠎ᠤᠨ ᠬᠦᠴᠦᠨ ᠲᠠᠢ᠌ᠴᠢᠨ ᠬᠦᠴᠦᠨ᠎ᠲᠡᠶ ᠪᠠᠶ᠋ᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃
ᠰᠢ ᠵᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠨᠠᠮ᠎ᠤᠨ ᠡᠭᠦᠷᠭᠡ ᠬᠠᠷᠢᠭᠤᠴᠠᠯᠭ᠎ᠠ᠎ᠶᠢ ᠪᠡᠶᠡᠯᠡᠭᠦᠯᠬᠦ᠌᠎ᠳᠦ᠂ ᠪᠦᠬᠦ᠌ ᠳᠤᠮᠳᠠᠳᠤ ᠤᠯᠤᠰ᠎ᠤᠨ ᠡᠪ ᠬᠠᠮᠲᠤᠴᠤᠳ ᠢᠲᠡᠭᠡᠯ ᠵᠣᠷᠢᠭ᠎ᠢᠶᠠᠨ ᠪᠠᠲᠤᠳᠬᠠᠵᠤ᠂ ᠦᠷᠭᠦᠯᠵᠢᠯᠡᠨ ᠲᠡᠮᠡᠴᠡᠵᠦ᠍᠂ ᠴᠠᠭ ᠦᠶ᠎ᠡ ᠪᠠ ᠠᠷᠠᠳ ᠲᠦᠮᠡᠨ᠎ᠳᠦ ᠦᠯᠦ᠍ ᠣᠰᠣᠯᠳᠠᠬᠤ ᠰᠢᠨ᠎ᠡ ᠠᠮᠵᠢᠯᠲᠠ ᠪᠦᠲᠦᠮᠵᠢ᠎ᠶᠢ ᠲᠠᠰᠤᠷᠠᠯᠲᠠ ᠦᠭᠡᠢ ᠡᠭᠦᠳᠬᠦ᠌ ᠵᠢ ᠱᠠᠭᠠᠷᠳᠠᠵᠤ ᠪᠤᠢ᠃ ᠢᠲᠡᠭᠡᠯ ᠵᠣᠷᠢᠭ᠎ᠢᠶᠠᠨ ᠪᠠᠲᠤᠳᠬᠠᠨ᠂ ᠦᠷᠭᠦᠯᠵᠢᠯᠡᠨ ᠲᠡᠮᠡᠴᠡᠬᠦ᠌᠎ᠳᠦ ᠡᠷᠬᠡᠪᠰᠢ ᠨᠠᠮ᠎ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ᠎ᠶᠢ ᠪᠠᠷᠢᠮᠲᠠᠯᠠᠵᠤ᠂ ᠨᠠᠮ᠎ᠤᠨ ᠪᠦᠬᠦ᠌ ᠲᠠᠯ᠎ᠠ᠎ᠶᠢᠨ ᠤᠳᠤᠷᠢᠳᠤᠯᠭ᠎ᠠ ᠪᠣᠯᠤᠨ ᠨᠠᠮ᠎ᠤᠨ ᠲᠥᠪ ᠬᠣᠷᠢᠶ᠎ᠠ᠎ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠵᠠᠮ᠎ᠤᠨ ᠢᠲᠡᠭᠡᠯ᠂ ᠤᠨᠤᠯ᠎ᠤᠨ ᠢᠲᠡᠭᠡᠯ᠂ ᠪᠠᠶ᠋ᠢᠭᠤᠯᠤᠯ᠎ᠤᠨ ᠢᠲᠡᠭᠡᠯ᠂ ᠰᠣᠶᠣᠯ᠎ᠤᠨ ᠢᠲᠡᠭᠡᠯ᠎ᠢᠶᠡᠨ ᠪᠠᠲᠤᠳᠬᠠᠵᠤ᠂ ᠤᠷᠢᠳᠤᠬᠢ᠎ᠶᠢ ᠵᠠᠯᠭᠠᠮᠵᠢᠯᠠᠨ ᠬᠣᠶ᠋ᠢᠰᠢᠬᠢ᠎ᠳᠤ ᠵᠠᠮ ᠨᠡᠭᠡᠭᠡᠵᠦ᠍᠂ ᠲᠥᠪ ᠶᠣᠰᠣ᠎ᠶᠢ ᠪᠠᠷᠢᠮᠲᠠᠯᠠᠨ ᠰᠢᠨ᠎ᠡ᠎ᠶᠢ ᠡᠭᠦᠳᠴᠦ᠍᠂ ᠨᠡᠳᠦᠭᠡᠷ ᠬᠠᠷ᠎ᠠ ᠡᠭᠦᠯᠡ ᠪᠡᠷ ᠬᠠᠷᠠᠭ᠎ᠠ ᠪᠠᠨ ᠬᠠᠯᠬᠠᠯᠠᠭᠤᠯᠬᠤ ᠡᠴᠡ ᠠᠶᠤᠬᠤ ᠦᠭᠡᠢ᠂ ᠰᠠᠯᠬᠢ ᠬᠥᠯᠭᠡᠯᠡᠨ ᠳᠠᠪᠠᠯᠭᠠᠨ᠎ᠢ ᠵᠦᠰᠦᠨ ᠤᠷᠤᠭᠰᠢᠯᠠᠬᠤ᠎ᠳᠤ ᠲᠦᠭᠡᠷᠢᠬᠦ ᠦᠭᠡᠢ ᠪᠠᠶ᠋ᠢᠬᠤ ᠬᠡᠷᠡᠭᠲᠡᠢ᠃ ᠡᠷᠬᠡᠪᠰᠢ ᠠᠷᠠᠳ ᠲᠦᠮᠡᠨ᠎ᠳᠦ ᠴᠢᠨᠭᠭ᠎ᠠ ᠲᠦᠰᠢᠭᠯᠡᠨ ᠲᠡᠦᠬᠡ᠎ᠶᠢᠨ ᠠᠭᠤᠤ ᠦᠢᠯᠡᠰ᠎ᠢ ᠡᠭᠦᠳᠦᠨ ᠪᠦᠲᠦᠭᠡᠵᠦ᠍᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠦᠢᠯᠡᠳᠦᠯᠭᠡᠵᠢᠭᠦᠯᠵᠦ᠍᠂ ᠲᠦᠭ ᠲᠦᠮᠡᠨ ᠠᠷᠠᠳ ᠲᠦᠮᠡᠨ᠎ᠦ ᠢᠳᠡᠪᠬᠢᠵᠢᠯ ᠰᠠᠨᠠᠭᠠᠴᠢᠯᠠᠭᠠᠲᠤ᠌ ᠴᠢᠨᠠᠷ ᠪᠦᠲᠦᠭᠡᠯᠴᠢ ᠴᠢᠨᠠᠷ᠎ᠢ ᠭᠦᠢᠴᠡᠳ ᠬᠥᠭᠵᠢᠭᠡᠵᠦ᠍᠂ 《ᠲᠠᠪᠤ᠎ᠶᠢ ᠨᠢᠭᠡ ᠴᠤᠬᠴᠠᠵᠢᠭᠤᠯᠬᠤ》 ᠶᠡᠷᠦᠩᠬᠡᠢ ᠪᠠᠶ᠋ᠢᠷᠢᠰᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 《ᠲᠦᠷᠪᠡᠨ ᠪᠦᠬᠦ᠌ ᠲᠠᠯ᠎ᠠ》 ᠵᠢᠨ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢᠰᠢᠭᠤᠯᠤᠯᠲᠠ᠎ᠶᠢ ᠵᠣᠬᠢᠴᠠᠭᠤᠯᠤᠨ ᠠᠬᠢᠭᠤᠯᠵᠤ᠂ ᠰᠢᠨ᠎ᠡ ᠬᠥᠭᠵᠢᠯᠲᠡ᠎ᠶᠢᠨ ᠤᠢ᠌ᠯᠠᠭᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ᠎ᠶᠢᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠵᠤ᠂ ᠴᠢᠨᠠᠷ ᠰᠠᠶ᠋ᠢᠲᠠᠢ ᠬᠥᠭᠵᠢᠯᠲᠡ᠎ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠡᠷᠬᠡᠪᠰᠢ ᠤᠷᠤᠭᠰᠢᠯᠠᠯᠲᠠ᠎ᠶᠢᠨ ᠵᠠᠮ ᠳᠡᠭᠡᠷᠡᠬᠢ ᠠᠶᠤᠯ ᠲᠦᠭᠰᠢᠭᠦᠷᠢ ᠥᠷᠢᠰᠥᠯᠳᠦᠭᠡᠨ᠎ᠢ ᠢᠳᠡᠪᠬᠢᠲᠡᠢ ᠠᠷᠭᠠᠴᠠᠭᠠᠵᠤ᠂ ᠰᠠᠨᠠᠭᠠᠰᠢᠷᠠᠬᠤ ᠤᠬᠠᠮᠰᠠᠷ᠎ᠢᠶᠠᠨ ᠴᠢᠩᠭᠠᠳᠬᠠᠵᠤ᠂ ᠬᠣᠷᠢᠭ᠎ᠠ ᠱᠤᠭᠤᠮ᠎ᠤᠨ ᠰᠡᠳᠬᠢᠬᠦᠢ᠎ᠶᠢ ᠪᠠᠷᠢᠮᠲᠠᠯᠠᠵᠤ᠂ ᠲᠡᠮᠡᠴᠡᠯ᠎ᠦᠨ ᠵᠣᠷᠢᠭ ᠰᠠᠨᠠᠭ᠎ᠠ᠎ᠶᠢ ᠪᠠᠳᠠᠷᠠᠭᠤᠯᠵᠤ᠂ ᠲᠡᠮᠡᠴᠡᠯ᠎ᠦᠨ ᠴᠢᠳᠠᠪᠤᠷᠢ᠎ᠪᠠᠨ ᠴᠢᠩᠭᠠᠳᠬᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠶᠠᠷ ᠶᠡᠬᠡ ᠲᠠᠯ᠎ᠠ᠎ᠶᠢ ᠨᠡᠩ ᠰᠠᠶ᠋ᠢᠲᠤᠷ ᠨᠢᠭᠡᠳᠦᠯᠲᠡᠢ ᠲᠥᠯᠥᠪᠵᠢᠭᠦᠯᠵᠦ᠍᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠬᠦ᠌ ᠬᠡᠷᠡᠭᠲᠡᠢ᠃ ᠡᠷᠬᠡᠪᠰᠢ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠦᠷᠭᠦᠯᠵᠢᠯᠡᠨ ᠠᠬᠢᠭᠤᠯᠵᠤ᠂ ᠡᠩᠬᠡ ᠲᠠᠶ᠋ᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ᠎ᠪᠠᠷ ᠠᠰᠢᠭ ᠬᠦᠷᠳᠡᠬᠦ᠌ ᠲᠤᠭ᠎ᠢ ᠥᠨᠳᠥᠷ ᠮᠠᠨᠳᠤᠭᠤᠯᠵᠤ᠂ ᠪᠦᠬᠦ᠌ ᠬᠥᠮᠦᠨ ᠲᠥᠷᠥᠯᠬᠢᠲᠡᠨ᠎ᠦ ᠬᠠᠮᠲᠤ᠎ᠶᠢᠨ ᠦᠷᠳᠡᠭ᠎ᠢ ᠪᠠᠳᠠᠷᠠᠭᠤᠯᠵᠤ᠂ ᠪᠦᠬᠦ᠌ ᠪᠥᠮᠪᠥᠷᠴᠡᠭ᠎ᠦᠨ ᠬᠥᠭᠵᠢᠯᠲᠡ᠎ᠶᠢᠨ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠠᠮᠤᠷ ᠲᠦᠪᠰᠢᠨ᠎ᠦ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠵᠠᠰᠠᠯᠲᠠ᠎ᠶᠢᠨ ᠰᠠᠨᠠᠭᠠᠴᠢᠯᠠᠭ᠎ᠠ᠎ᠶᠢ ᠨᠠᠶ᠋ᠢᠳᠠᠪᠤᠷᠢᠵᠢᠭᠤᠯᠬᠤ᠎ᠶᠢ ᠠᠬᠢᠭᠤᠯᠵᠤ᠂ ᠳᠡᠯᠡᠬᠡᠢ᠎ᠶᠢᠨ ᠡᠩᠬᠡ ᠲᠠᠶ᠋ᠢᠪᠤᠩ ᠪᠣᠯᠤᠨ ᠬᠥᠭᠵᠢᠯᠲᠡ᠎ᠳᠦ ᠨᠡᠩ ᠤᠯᠠᠨ ᠢᠳᠡᠪᠬᠢ ᠬᠦᠴᠦᠨ ᠨᠡᠮᠡᠷᠢᠯᠡᠬᠦ᠌ ᠬᠡᠷᠡᠭᠲᠡᠢ᠃ ᠡᠷᠬᠡᠪᠰᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲ᠋ᠧᠮ᠎ᠢ ᠪᠦᠷᠢᠨᠰᠢᠬᠦᠯᠵᠤ᠂ ᠨᠠᠮ᠎ᠤᠨ ᠤᠯᠤᠰ ᠲᠦᠷᠦ᠎ᠶᠢᠨ ᠪᠠᠶ᠋ᠢᠭᠤᠯᠤᠯᠲᠠ᠎ᠪᠠᠷ ᠨᠠᠮ᠎ᠤᠨ ᠡᠯ᠎ᠡ ᠲᠠᠯ᠎ᠠ᠎ᠶᠢᠨ ᠪᠠᠶ᠋ᠢᠭᠤᠯᠤᠯᠲᠠ᠎ᠶᠢ ᠴᠢᠩᠭᠠᠳᠬᠠᠵᠤ᠂ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠦᠨ ᠪᠣᠭᠣᠮᠲᠠ ᠰᠢᠪᠲᠤᠯᠬᠤ ᠳᠠᠶ᠋ᠢᠯᠠᠯᠳᠤᠭᠠᠨ ᠤᠳᠠᠭᠠᠨ ᠳᠠᠭᠠᠭᠠᠮᠠᠭᠠᠢ ᠳᠠᠶ᠋ᠢᠯᠠᠯᠳᠤᠭᠠᠨ ᠶᠡᠷᠦᠩᠬᠡᠢ ᠳᠠᠶ᠋ᠢᠯᠠᠯᠳᠤᠭᠠᠨ᠎ᠢ ᠡᠷᠡᠰ ᠰᠠᠶ᠋ᠢᠲᠤᠷ ᠬᠢᠵᠦ᠍᠂ ᠨᠠᠮ᠎ᠤᠨ ᠤᠯᠤᠰ ᠲᠦᠷᠦ᠎ᠶᠢᠨ ᠤᠳᠤᠷᠢᠳᠬᠤ ᠬᠦᠴᠦᠨ᠂ ᠦᠵᠡᠯ ᠰᠠᠨᠠᠭᠠᠨ᠎ᠤ ᠬᠦᠳᠦᠯᠥᠨ ᠳᠠᠭᠠᠭᠤᠯᠬᠤ ᠬᠦᠴᠦᠨ᠂ ᠤᠯᠠᠨ ᠲᠦᠮᠡᠨ᠎ᠢ ᠵᠣᠬᠢᠶᠠᠨ ᠪᠠᠶ᠋ᠢᠭᠤᠯᠬᠤ ᠬᠦᠴᠦᠨ᠂ ᠨᠡᠶ᠋ᠢᠭᠡᠮ᠎ᠦᠨ ᠤᠷᠢᠶᠠᠯᠠᠬᠤ ᠬᠦᠴᠦᠨ᠎ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠵᠠᠢ᠃
ᠰᠢ ᠵᠢᠨ ᠫᠢᠩ᠂ ᠤᠯᠤᠰ᠎ᠢ ᠬᠦᠴᠦᠷᠬᠡᠭᠵᠢᠭᠦᠯᠬᠦ᠌᠎ᠳᠦ ᠡᠷᠬᠡᠪᠰᠢ ᠴᠡᠷᠢᠭ᠎ᠢ ᠬᠦᠴᠦᠷᠬᠡᠭᠵᠢᠭᠦᠯᠵᠦ᠂ ᠴᠡᠷᠢᠭ ᠬᠦᠴᠦᠷᠬᠡᠭ ᠪᠤᠯ ᠰᠠᠶᠢ ᠤᠯᠤᠰ ᠠᠮᠤᠷ ᠲᠦᠪᠰᠢᠨ ᠪᠠᠢᠵᠤ ᠴᠢᠳᠠᠨ᠎ᠠ᠃ ᠡᠷᠬᠡᠪᠰᠢ ᠰᠢᠨ᠎ᠡ ᠴᠠᠭ ᠦᠶ᠎ᠡ᠎ᠶᠢᠨ ᠨᠠᠮ᠎ᠤᠨ ᠴᠡᠷᠢᠭ᠎ᠢ ᠬᠦᠴᠦᠷᠬᠡᠭᠵᠢᠭᠦᠯᠬᠦ᠌ ᠦᠵᠡᠯ ᠰᠠᠨᠠᠭ᠎ᠠ᠎ᠶᠢ ᠪᠥᠬᠥ᠌ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠠᠷᠠᠳ᠎ᠤᠨ ᠴᠡᠷᠢᠭ ᠠᠩᠭᠢ᠎ᠳᠠᠬᠢ ᠬᠠᠷᠢᠴᠠᠯᠠᠰᠢ ᠥᠬᠡᠶ ᠤᠳᠤᠷᠢᠳᠤᠯᠭ᠎ᠠ᠎ᠶᠢ ᠪᠠᠷᠢᠮᠲᠠᠯᠠᠵᠤ᠂ ᠤᠯᠤᠰ ᠲᠥᠷᠥ᠎ᠪᠡᠷ ᠴᠡᠷᠢᠭ ᠪᠠᠶ᠋ᠢᠭᠤᠯᠬᠤ᠂ ᠥᠭᠡᠷᠡᠴᠢᠯᠡᠯᠲᠡ᠎ᠪᠡᠷ ᠴᠡᠷᠢᠭ᠎ᠢ ᠬᠦᠴᠦᠷᠬᠡᠭᠵᠢᠭᠦᠯᠬᠦ᠌᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠴᠡᠷᠢᠭ᠎ᠢ ᠬᠦᠴᠦᠷᠬᠡᠭᠵᠢᠭᠦᠯᠬᠦ᠌᠂ ᠴᠢᠳᠠᠪᠤᠷᠢᠲᠠᠨ᠎ᠢᠶᠠᠷ ᠴᠡᠷᠢᠭ᠎ᠢ ᠬᠦᠴᠦᠷᠬᠡᠭᠵᠢᠭᠦᠯᠬᠦ᠌᠂ ᠬᠠᠤᠯᠢ᠎ᠪᠠᠷ ᠴᠡᠷᠢᠭ᠎ᠢ ᠵᠠᠰᠠᠬᠤ᠎ᠶᠢ ᠪᠥᠬᠥ᠌ ᠲᠠᠯ᠎ᠠ᠎ᠪᠠᠷ ᠠᠬᠢᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶᠢᠨ ᠣᠳᠣᠬᠢᠴᠢᠯᠠᠯᠲᠠ᠎ᠶᠢ ᠴᠢᠨᠠᠷ ᠰᠠᠶ᠋ᠢᠲᠠᠶ ᠠᠬᠢᠭᠤᠯᠵᠤ᠂ ᠴᠡᠷᠢᠭ ᠪᠠᠶ᠋ᠢᠭᠤᠯᠤᠭᠳᠠᠭᠰᠠᠨ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶᠢ ᠬᠤᠭᠤᠴᠠᠭ᠎ᠠ ᠶᠤᠰᠤᠭᠠᠷ ᠪᠡᠶᠡᠯᠡᠭᠦᠯᠵᠦ᠍᠂ ᠠᠷᠠᠳ᠎ᠤᠨ ᠴᠡᠷᠢᠭ ᠠᠩᠭᠢ᠎ᠶᠢ ᠳᠡᠯᠡᠬᠡᠶ᠎ᠶᠢᠨ ᠲᠡᠷᠢᠭᠦᠨ ᠵᠡᠷᠭᠡ᠎ᠶᠢᠨ ᠴᠡᠷᠢᠭ ᠠᠩᠭᠢ ᠪᠣᠯᠭᠠᠨ ᠲᠦᠷᠭᠡᠪᠴᠢᠯᠡᠨ ᠪᠥᠲᠥᠭᠡᠨ ᠪᠠᠶ᠋ᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠰᠢᠶᠠᠩᠭᠠᠩ᠂ ᠣᠣᠮᠧᠨ᠎ᠦ ᠤᠷᠳᠤ ᠬᠤᠭᠤᠴᠠᠭᠠᠨ᠎ᠤ ᠴᠡᠴᠡᠭᠯᠡᠯ ᠬᠥᠭᠵᠢᠯ ᠪᠠ ᠲᠣᠭᠲᠠᠭᠤᠨ᠎ᠢ ᠠᠬᠢᠭᠤᠯᠬᠤ ᠪᠣᠯ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠳᠣᠲᠣᠭᠠᠳᠤ ᠱᠠᠭᠠᠷᠳᠠᠯᠭ᠎ᠠ ᠮᠥᠨ᠃ 《ᠨᠢᠭᠡ ᠤᠯᠤᠰ᠎ᠲᠤ᠌ ᠬᠣᠶᠠᠷ ᠪᠠᠶ᠋ᠢᠭᠤᠯᠤᠯ᠎ᠢ ᠬᠡᠷᠡᠭᠵᠢᠭᠦᠯᠬᠦ᠌》᠂ 《ᠰᠢᠶᠠᠩᠭᠠᠩᠴᠤᠳ ᠰᠢᠶᠠᠩᠭᠠᠩ᠎ᠢᠶᠡᠨ ᠵᠠᠰᠠᠬᠤ》᠂ 《ᠣᠣᠮᠧᠨᠴᠤᠳ ᠣᠣᠮᠧᠨ᠎ᠢᠶᠡᠨ ᠵᠠᠰᠠᠬᠤ》᠂ ᠳᠡᠭᠡᠳᠦ ᠬᠡᠮᠵᠢᠶ᠎ᠡ᠎ᠪᠡᠷ ᠥᠪᠡᠷᠲᠡᠭᠡᠨ ᠵᠠᠰᠠᠬᠤ ᠴᠢᠭᠯᠡᠯᠲᠡ᠎ᠶᠢ ᠪᠦᠬᠦ᠌ ᠲᠠᠯ᠎ᠠ᠎ᠪᠠᠷ ᠣᠨᠣᠪᠴᠢᠲᠠᠢ᠂ ᠡᠷᠡᠰ ᠭᠤᠶ᠋ᠢᠪᠢᠰᠢ ᠦᠭᠡᠢ ᠲᠤᠭᠤᠰᠢᠯᠠᠭᠤᠯᠵᠤ᠂ ᠰᠢᠶᠠᠩᠭᠠᠩ ᠣᠣᠮᠧᠨ᠎ᠦ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠶᠢ ᠠᠬᠢᠭᠤᠯᠵᠤ᠂ ᠰᠢᠶᠠᠩᠭᠠᠩ ᠣᠣᠮᠧᠨ᠎ᠦ ᠤᠯᠤᠰ ᠣᠷᠣᠨ᠎ᠤ ᠬᠥᠭᠵᠢᠯᠲᠡ᠎ᠶᠢᠨ ᠶᠡᠬᠡ ᠲᠠᠯ᠎ᠠ᠎ᠳᠤ ᠨᠡᠩ ᠰᠠᠶ᠋ᠢᠲᠤᠷ ᠠᠭᠤᠰᠤᠯᠴᠠᠬᠤ ᠪᠠ ᠦᠢᠯᠡᠴᠢᠯᠡᠬᠦ᠌᠎ᠶᠢ ᠳᠡᠮᠵᠢᠬᠦ᠌ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠲᠠᠶ᠋ᠢᠸᠠᠨ᠎ᠤ ᠠᠰᠠᠭᠤᠳᠠᠯ᠎ᠢ ᠰᠢ᠌ᠳᠪᠦᠷᠢᠯᠡᠵᠦ᠍᠂ ᠡᠬᠡ ᠤᠯᠤᠰ᠎ᠤᠨ ᠪᠦᠷᠢᠨ ᠨᠢᠭᠡᠳᠦᠯ᠎ᠢ ᠪᠡᠶᠡᠯᠡᠭᠦᠯᠬᠦ᠌ ᠪᠣᠯ ᠮᠠᠨ᠎ᠤ ᠨᠠᠮ᠎ᠤᠨ ᠬᠤᠪᠢᠷᠠᠰᠢ ᠦᠭᠡᠢ ᠲᠡᠦᠬᠡᠲᠦ᠍ ᠡᠭᠦᠷᠭᠡ ᠮᠦᠨ᠂ ᠪᠦᠬᠦ᠌ ᠳᠤᠮᠳᠠᠳᠤ᠎ᠶᠢᠨ ᠬᠥᠪᠡᠭᠦᠳ ᠥᠬᠢᠳ᠎ᠦᠨ ᠬᠠᠮᠲᠤ᠎ᠶᠢᠨ ᠬᠦᠰᠡᠯ ᠡᠷᠡᠮᠡᠯᠵᠡᠯ ᠮᠥᠨ᠃ ᠰᠢᠨ᠎ᠡ ᠴᠠᠭ ᠦᠶ᠎ᠡ᠎ᠶᠢᠨ ᠨᠠᠮ᠎ᠤᠨ ᠲᠠᠶ᠋ᠢᠸᠠᠨ᠎ᠤ ᠠᠰᠠᠭᠤᠳᠠᠯ᠎ᠢ ᠰᠢ᠌ᠳᠪᠦᠷᠢᠯᠡᠬᠦ᠌ ᠶᠡᠷᠦᠩᠬᠡᠢ ᠠᠷᠭ᠎ᠠ ᠪᠤᠳᠤᠯᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠨᠢᠭᠡ ᠳᠤᠮᠳᠠᠳᠤ ᠤᠯᠤᠰ ᠪᠠᠶ᠋ᠢᠬᠤ ᠵᠠᠷᠴᠢᠮ ᠪᠠ 《ᠶᠡᠷᠡᠨ ᠬᠣᠶᠠᠷ ᠣᠨ᠎ᠤ ᠬᠠᠮᠲᠤ᠎ᠶᠢᠨ ᠲᠠᠨᠢᠯᠲᠠ》 ᠵᠢ ᠪᠠᠷᠢᠮᠲᠠᠯᠠᠨ᠂ ᠥᠷᠭᠡᠨ ᠤᠯᠠᠨ ᠲᠠᠶ᠋ᠢᠸᠠᠨ᠎ᠤ ᠠᠬ᠎ᠠ ᠳᠡᠭᠦᠦ᠎ᠨᠡᠷ᠎ᠲᠡᠶ ᠪᠦᠯᠬᠦᠮᠳᠡᠵᠦ᠍᠂ ᠲᠠᠶ᠋ᠢᠸᠠᠨ ᠬᠣᠭᠣᠯᠠᠢ᠎ᠶᠢᠨ ᠬᠣᠶᠠᠷ ᠬᠦᠪᠡᠭᠡ᠎ᠶᠢᠨ ᠰᠣᠯᠢᠯᠴᠠᠭ᠎ᠠ ᠬᠠᠮᠲᠤᠷᠠᠯᠴᠠᠭ᠎ᠠ ᠪᠠ ᠠᠭᠤᠰᠤᠯᠳᠤᠨ ᠬᠥᠭᠵᠢᠬᠦ᠌᠎ᠶᠢ ᠭᠦᠨᠵᠡᠭᠡᠶ᠋ᠢᠷᠡᠭᠦᠯᠦᠨ᠂ 《ᠲᠠᠶ᠋ᠢᠸᠠᠨ᠎ᠢ ᠲᠤᠰᠠᠭᠠᠷ ᠲᠣᠭᠲᠠᠨᠢᠭᠤᠯᠬᠤ》 ᠬᠠᠭᠠᠴᠠᠭᠤᠯᠬᠤ ᠬᠦᠴᠦᠨ᠎ᠳᠦ ᠡᠷᠡᠰ ᠴᠣᠬᠢᠯᠲᠠ ᠥᠭᠴᠦ᠍᠂ ᠭᠠᠳᠠᠭᠠᠳᠤ᠎ᠶᠢᠨ ᠬᠦᠴᠦᠨ᠎ᠦ ᠭᠠᠷ ᠲᠦᠷᠦᠭᠦ᠎ᠶᠢ ᠡᠰᠡᠷᠭᠦᠴᠡᠨ᠂ ᠡᠬᠡ ᠤᠯᠤᠰ᠎ᠤᠨ ᠨᠢᠭᠡᠳᠦᠯ᠎ᠤᠨ ᠶᠡᠬᠡ ᠦᠢᠯᠡᠰ᠎ᠢ ᠡᠷᠡᠰ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠵᠠᠯᠠᠭᠤᠴᠤᠳ ᠪᠣᠯ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌ ᠰᠢᠨ᠎ᠡ ᠬᠦᠴᠦᠨ ᠮᠥᠨ᠃ ᠪᠦᠬᠦ᠌ ᠨᠠᠮ᠎ᠢᠶᠠᠷ᠎ᠢᠶᠠᠨ ᠵᠠᠯᠠᠭᠤᠴᠤᠳ᠎ᠢ ᠴᠢᠬᠤᠯᠠᠴᠢᠯᠠᠵᠤ᠂ ᠵᠠᠯᠠᠭᠤᠴᠤᠳ᠎ᠢ ᠬᠠᠯᠠᠮᠵᠢᠯᠠᠵᠤ᠂ ᠵᠠᠯᠠᠭᠤᠴᠤᠳ᠎ᠢ ᠳᠡᠮᠵᠢᠵᠦ᠍᠂ ᠵᠠᠯᠠᠭᠤᠴᠤᠳ᠎ᠤᠨ ᠦᠰᠦᠨ ᠪᠣᠶ᠋ᠢᠵᠢᠵᠤ ᠴᠢᠳᠠᠪᠤᠷᠢᠲᠠᠨ ᠪᠣᠯᠬᠤ᠎ᠳᠤ ᠨᠥᠬᠥᠴᠡᠯ ᠪᠦᠷᠢᠯᠳᠦᠭᠦᠯᠵᠦ᠍ ᠥᠭᠬᠦ᠌ ᠬᠡᠷᠡᠭᠲᠡᠢ᠃ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠵᠠᠯᠠᠭᠤᠴᠤᠳ ᠡᠷᠡᠰ ᠭᠤᠶ᠋ᠢᠪᠢᠰᠢ ᠦᠭᠡᠢ᠎ᠪᠡᠷ ᠨᠠᠮ᠎ᠤᠨ ᠦᠭᠡ᠎ᠶᠢ ᠰᠣᠨᠣᠰᠴᠤ᠌᠂ ᠨᠠᠮ᠎ᠢᠶᠠᠨ ᠳᠠᠭᠠᠠ ᠤᠷᠤᠭᠰᠢᠯᠠᠵᠤ᠂ ᠠᠯᠤᠰ ᠬᠡᠳᠦ᠎ᠶᠢᠨ ᠬᠦᠰᠡᠯᠡᠩ᠎ᠢ ᠪᠤᠢ ᠪᠣᠯᠭᠠᠵᠤ᠂ ᠴᠠᠭ ᠦᠶ᠎ᠡ᠎ᠶᠢᠨ ᠬᠦᠨᠳᠦ ᠡᠭᠦᠷᠭᠡ᠎ᠶᠢ ᠵᠣᠷᠢᠭᠲᠠᠢ᠎ᠪᠡᠷ ᠡᠭᠦᠷᠭᠡᠯᠡᠵᠦ᠍᠂ ᠰᠢᠨ᠎ᠡ ᠠᠶᠠᠨ᠎ᠳᠠᠭᠠᠨ ᠲᠡᠦᠬᠡ᠎ᠶᠢᠨ ᠪᠤᠤᠬᠢᠶ᠎ᠠ ᠤᠷᠤᠯᠳᠤᠭᠠᠨ᠎ᠢ ᠰᠠᠶ᠋ᠢᠲᠤᠷ ᠭᠦᠶᠦᠵᠦ᠍᠂ ᠵᠠᠯᠠᠭᠤ ᠨᠠᠰᠤᠨ᠎ᠤ ᠲᠠᠷᠳᠠᠩ ᠵᠠᠮ᠎ᠢᠶᠡᠷ᠂ ᠬᠦᠰᠡᠯᠡᠩ᠎ᠤᠨ ᠭᠡᠷᠡᠯᠲᠦ ᠤᠳᠤ᠎ᠪᠠᠨ ᠭᠢᠯᠠᠯᠵᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ 105 ᠵᠢᠯ᠎ᠦᠨ ᠭᠡᠷᠡᠯ ᠰᠠᠴᠤᠷᠠᠩᠭᠤᠢ ᠲᠡᠦᠬᠡ ᠬᠥᠮᠦᠰ᠎ᠢ ᠣᠮᠣᠭᠰᠢᠭᠤᠯᠤᠨᠠ᠂ ᠭᠡᠪᠡᠴᠦ᠍ ᠪᠢᠳᠡ ᠶᠠᠭᠠᠬᠢᠭᠰᠠᠨ ᠴᠤ᠌ ᠣᠮᠣᠷᠬᠠᠭᠯᠠᠨ ᠪᠠᠷᠳᠠᠮᠨᠠᠵᠤ᠂ ᠵᠤᠭᠰᠤᠨᠭᠭᠤᠢᠷᠠᠵᠤ ᠪᠣᠯᠬᠤ ᠦᠭᠡᠢ᠃ ᠲᠤᠰ ᠵᠠᠭᠤᠨ᠎ᠤ ᠳᠤᠮᠳᠠᠴᠢ ᠪᠣᠯᠬᠤ᠎ᠳᠤ᠂ ᠪᠢᠳᠡ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠠᠢᠭᠤᠯᠤᠨ ᠪᠦᠳᠦᠬᠡᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶᠢ ᠪᠡᠶᠡᠯᠡᠭᠦᠯᠦᠨ᠎ᠡ᠃ ᠪᠦᠬᠦ᠌ ᠨᠠᠮ᠎ᠤᠨ ᠨᠥᠬᠥᠳ ᠡᠷᠬᠡᠪᠰᠢ ᠤᠬ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ᠌ ᠴᠡᠭᠡᠵᠢᠯᠡᠵᠦ᠍᠂ ᠡᠷᠬᠡᠪᠰᠢ ᠳᠠᠷᠤᠤ ᠬᠢᠴᠢᠶᠡᠩᠭᠦᠢ ᠪᠠᠶ᠋ᠢᠵᠤ᠂ ᠲᠡᠰᠪᠦᠷᠢ ᠬᠠᠲᠠᠭᠤᠵᠢᠯᠲᠠᠢ ᠲᠡᠮᠡᠴᠡᠵᠦ᠍᠂ ᠡᠷᠬᠡᠪᠰᠢ ᠵᠣᠷᠢᠭᠲᠠᠢ ᠲᠡᠮᠡᠴᠡᠵᠦ᠍᠂ ᠴᠢᠳᠠᠮᠠᠭᠠᠢ᠎ᠪᠠᠷ ᠲᠡᠮᠡᠴᠡᠵᠦ᠍᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠴᠢᠩᠭ᠎ᠠ ᠲᠦᠰᠢᠭᠯᠡᠨ ᠪᠦᠯᠬᠦᠮᠳᠡᠭᠦᠯᠦᠨ ᠳᠠᠭᠠᠭᠤᠯᠵᠤ ᠰᠢᠨ᠎ᠡ ᠠᠶᠠᠨ᠎ᠳᠠᠭᠠᠨ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ᠎ᠳᠦ ᠭᠠᠪᠢᠶ᠎ᠠ ᠪᠠᠶ᠋ᠢᠭᠤᠯᠵᠤ᠂ ᠲᠡᠦᠬᠡ᠎ᠶᠢᠨ ᠰᠢᠨ᠎ᠡ ᠭᠡᠷᠡᠯ ᠰᠠᠴᠤᠷᠠᠩᠭᠤᠢ ᠠᠮᠵᠢᠯᠲᠠ᠎ᠶᠢ ᠴᠢᠷᠮᠠᠶ᠋ᠢᠨ ᠡᠭᠦᠳᠬᠦ᠌ ᠬᠡᠷᠡᠭᠲᠡᠢ ᠭᠡᠵᠦ ᠴᠢᠬᠤᠯᠠᠴᠢᠯᠠᠪᠠ᠃
ᠯᠢ ᠴᠢᠶᠠᠩ ᠶᠡᠬᠡ ᠬᠤᠷᠠᠯ᠎ᠢ ᠡᠷᠬᠢᠯᠡᠬᠦ᠌᠎ᠳᠡᠭᠡᠨ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ 105 ᠵᠢᠯ᠎ᠦᠨ ᠲᠤᠷᠰᠢᠬᠢ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠶᠠᠪᠤᠵᠤ ᠢᠷᠡᠭᠰᠡᠨ ᠭᠡᠷᠡᠯ ᠰᠠᠴᠤᠷᠠᠩᠭᠤᠢ ᠥᠩᠭᠡᠷᠡᠯᠲᠡ᠂ ᠡᠭᠦᠳᠦᠨ ᠪᠦᠲᠦᠭᠡᠭᠰᠡᠨ ᠠᠭᠤᠤ ᠶᠡᠬᠡ ᠠᠮᠵᠢᠯᠲᠠ᠎ᠶᠢ ᠪᠦᠬᠦ᠌ ᠲᠠᠯ᠎ᠠ᠎ᠪᠠᠷ ᠡᠷᠭᠢᠴᠡᠭᠦᠯᠦᠨ ᠳ᠋ᠦᠩᠨᠡᠵᠦ᠍᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠭᠡᠷᠡᠯ ᠰᠠᠴᠤᠷᠠᠩᠭᠤᠢ ᠰᠢᠯᠢᠳᠡᠭ ᠴᠢᠨᠠᠷ᠎ᠢ ᠲᠠᠰᠤᠷᠠᠯᠲᠠ ᠦᠭᠡᠢ ᠴᠣᠭᠴᠠᠯᠠᠵᠤ ᠴᠢᠳᠠᠭᠰᠠᠨ᠎ᠢ ᠭᠦᠨᠵᠡᠭᠡᠢ ᠢᠯᠡᠷᠡᠭᠦᠯᠵᠦ᠍᠂ ᠰᠢᠨ᠎ᠡ ᠠᠶᠠᠨ ᠳ᠋ᠦ᠍ ᠪᠦᠬᠦ᠌ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠢᠲᠡᠭᠡᠯ ᠵᠣᠷᠢᠭ᠎ᠢᠶᠠᠨ ᠪᠠᠲᠤᠳᠬᠠᠵᠤ᠂ ᠦᠷᠭᠦᠯᠵᠢᠯᠡᠨ ᠲᠡᠮᠡᠴᠡᠬᠦ᠌᠎ᠳᠦ ᠲᠣᠳᠣᠷᠬᠠᠢ ᠱᠠᠭᠠᠷᠳᠠᠯᠭ᠎ᠠ ᠳᠤᠷᠠᠳᠴᠤ᠌᠂ ᠪᠦᠬᠦ᠌ ᠨᠠᠮ᠎ᠳᠤ ᠰᠢᠨ᠎ᠡ ᠭᠡᠷᠡᠯ ᠰᠠᠴᠤᠷᠠᠩᠭᠤᠢ ᠲᠡᠦᠬᠡ᠎ᠶᠢ ᠴᠢᠷᠮᠠᠶ᠋ᠢᠨ ᠡᠭᠦᠳᠬᠦ᠌ ᠠᠭᠤᠤ ᠶᠡᠬᠡ ᠤᠷᠢᠶᠠᠯᠠᠭ᠎ᠠ ᠭᠠᠷᠭᠠᠪᠠ᠃ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠥᠨᠳᠥᠷ᠎ᠲᠦ᠍ ᠵᠣᠭᠰᠣᠨ ᠠᠯᠤᠰ᠎ᠢ ᠪᠠᠷᠠᠯᠠᠵᠥ᠍᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭᠳᠠᠬᠤᠨ ᠡᠯᠪᠡᠭ ᠪᠠᠶᠠᠯᠢᠭ ᠪᠠᠶ᠋ᠢᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠨᠠᠮ᠎ᠤᠨ ᠭᠣᠣᠯ ᠡᠭᠦᠷᠭᠡ᠎ᠶᠢ ᠪᠡᠶᠡᠯᠡᠭᠦᠯᠬᠦ᠌᠎ᠳᠦ ᠴᠢᠭᠯᠡᠯ᠎ᠢ ᠤᠯᠠᠮ ᠨᠢᠭᠡ ᠠᠯᠬᠤᠮ ᠲᠣᠳᠣᠷᠬᠠᠢ ᠵᠢᠭᠠᠵᠤ᠂ ᠵᠢᠷᠤᠮᠯᠠᠯ ᠬᠠᠩᠭᠠᠵᠠᠢ᠃ ᠪᠦᠬᠦ᠌ ᠨᠠᠮ᠎ᠤᠨ ᠨᠥᠬᠥᠳ ᠨᠠᠷᠢᠨ ᠬᠢᠨᠠᠮᠠᠭᠠᠢ ᠰᠤᠷᠤᠯᠴᠠᠨ ᠤᠢᠯᠠᠭᠠᠵᠦ᠂ ᠶᠠᠷᠢᠶᠠᠨ᠎ᠤ ᠵᠣᠷᠢᠭ ᠰᠠᠨᠠᠭ᠎ᠠ᠎ᠶᠢ ᠡᠯ᠎ᠡ ᠵᠦᠢᠯ᠎ᠦᠨ ᠠᠵᠢᠯ᠎ᠳᠠᠭᠠᠨ ᠦᠨᠡᠨ ᠬᠦ᠌ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ ᠪᠠᠢᠭᠤᠯᠤᠭᠰᠠᠨ ᠠᠭᠤᠤ ᠶᠡᠬᠡ ᠵᠣᠷᠢᠭ ᠰᠠᠨᠠᠭ᠎ᠠ᠎ᠶᠢ ᠪᠠᠳᠠᠷᠠᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠵᠦ᠍᠂ ᠳᠤᠮᠳᠠᠳᠤ ᠤᠯᠤᠰ᠎ᠤᠨ ᠮᠠᠶᠢᠬ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠶᠢᠨ ᠲᠥᠯᠥᠭᠡ ᠴᠥᠬᠥᠷᠡᠰᠢ ᠦᠭᠡᠢ ᠲᠡᠮᠡᠴᠡᠬᠦ᠌ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ ᠳᠡᠭᠡᠷ᠎ᠡ᠂ 《7·1᠎ᠤ᠋ ᠭᠠᠪᠢᠶᠠᠨ ᠲᠡᠮᠳᠡᠭ》 ᠬᠦᠷᠲᠡᠭᠰᠡᠳ᠎ᠤᠨ ᠲᠥᠯᠥᠭᠡᠯᠡᠭᠴᠢ᠂ ᠭᠢᠷᠢᠨ ᠮᠤᠵᠢ᠎ᠶᠢᠨ ᠴᠠᠩᠴᠦᠢ᠍ᠨ ᠬᠣᠲᠠ᠎ᠶᠢᠨ ᠺᠤᠸᠠᠨ ᠴᠧᠩ ᠲᠣᠭᠣᠷᠢᠭ᠎ᠤᠨ ᠴᠠᠩ ᠱᠠᠨ ᠴᠡᠴᠡᠷᠯᠢᠭ ᠨᠡᠶ᠋ᠢᠭᠡᠮ ᠲᠣᠭᠣᠷᠢᠭ᠎ᠤᠨ ᠨᠠᠮ᠎ᠤᠨ ᠬᠤᠷᠢᠶ᠎ᠠ ᠵᠢᠨ ᠨᠢᠭᠡᠳᠦᠭᠡᠷ ᠱᠦᠵᠢ ᠦ᠋ ᠶᠠ ᠴᠢᠨ ᠦᠭᠡ ᠬᠡᠯᠡᠵᠡᠶ᠃
ᠶᠡᠬᠡ ᠬᠤᠷᠠᠯ ᠰᠦᠷ ᠵᠢᠪᠬᠤᠯᠠᠩᠲᠤ᠌ 《ᠢᠨᠲ᠋ᠧᠷᠨᠠᠼᠢᠣᠨᠠᠯ᠎ᠤᠨ ᠳᠠᠭᠤᠤ》 ᠵᠢᠨ ᠳᠤᠮᠳᠠ ᠲᠡᠭᠦᠰᠪᠡ᠃
ᠪᠡᠭᠡᠵᠢᠩ᠎ᠳᠦ ᠪᠠᠶ᠋ᠢᠭ᠎ᠠ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠭᠡᠰᠢᠭᠦᠨ᠂ ᠲᠥᠪ᠎ᠦᠨ ᠱᠦᠵᠢ᠎ᠨᠡᠷ᠎ᠦᠨ ᠭᠠᠵᠠᠷ᠎ᠤᠨ ᠱᠦᠵᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠳᠡᠳ᠋ ᠲᠡᠷᠢᠭᠦᠯᠡᠭᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠵᠢᠨ ᠳᠡᠳ᠋ ᠬᠤᠷᠢᠶᠠᠨ ᠳᠠᠷᠤᠭ᠎ᠠ᠂ ᠲᠦᠷᠦ᠎ᠶᠢᠨ ᠶᠠᠪᠤᠳᠠᠯ᠎ᠤᠨ ᠭᠡᠰᠢᠭᠦᠨ᠂ ᠠᠷᠠᠳ᠎ᠤᠨ ᠳᠡᠭᠡᠳᠦ ᠰᠢᠭᠦᠬᠦ᠌ ᠬᠤᠷᠢᠶ᠎ᠠ ᠵᠢᠨ ᠳᠠᠷᠤᠭ᠎ᠠ᠂ ᠠᠷᠠᠳ᠎ᠤᠨ ᠳᠡᠭᠡᠳᠦ ᠪᠠᠶ᠋ᠢᠴᠠᠭᠠᠬᠤ ᠬᠤᠷᠢᠶ᠎ᠠ ᠵᠢᠨ ᠪᠠᠶ᠋ᠢᠴᠠᠭᠠᠬᠤ ᠳᠠᠷᠤᠭ᠎ᠠ᠂ ᠪᠦᠬᠦ᠌ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠶᠡᠬᠡ ᠬᠤᠷᠠᠯ᠎ᠳᠤ ᠣᠷᠣᠯᠴᠠᠪᠠ᠃
ᠲᠥᠪ᠎ᠦᠨ ᠨᠠᠮ ᠵᠠᠰᠠᠭ ᠴᠡᠷᠢᠭ ᠣᠯᠠᠨ ᠲᠦᠮᠡᠨ᠎ᠦ ᠪᠦᠯᠬᠦᠮ᠎ᠦᠨ ᠡᠯ᠎ᠡ ᠰᠠᠯᠠᠭ᠎ᠠ ᠮᠥᠴᠢᠷ ᠪᠣᠯᠤᠨ ᠪᠡᠭᠡᠵᠢᠩ ᠬᠣᠲᠠ᠎ᠶᠢᠨ ᠭᠤᠤᠯ ᠬᠠᠷᠢᠭᠤᠴᠠᠯᠭᠠᠲᠠᠨ ᠨᠥᠬᠥᠳ᠂ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠲᠥᠪ ᠬᠣᠷᠢᠶ᠎ᠠ᠂ ᠪᠥᠬᠥ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠬᠠᠷᠢᠭᠤᠴᠠᠯᠭᠠᠲᠠᠨ ᠪᠣᠯᠤᠨ ᠨᠠᠮ ᠪᠦᠯᠦᠭ᠎ᠦᠨ ᠪᠤᠰᠤ ᠬᠥᠮᠦᠰ᠎ᠦᠨ ᠲᠥᠯᠥᠭᠡᠯᠡᠭᠴᠢ᠂ 《7·1᠎ᠤ᠋ ᠭᠠᠪᠢᠶᠠᠨ ᠲᠡᠮᠳᠡᠭ》 ᠭᠥᠷᠳᠡᠭᠰᠡᠳ᠎ᠦᠨ ᠲᠥᠷᠥᠯ ᠰᠠᠳᠤᠨ᠎ᠤ ᠲᠥᠯᠥᠭᠡᠯᠡᠭᠴᠢ᠂ ᠪᠠᠶ᠋ᠢᠭ᠎ᠠ ᠨᠢᠭᠡᠴᠢ᠎ᠶᠢᠨ ᠲᠥᠯᠥᠭᠡᠯᠡᠭᠴᠢ᠂ ᠥᠩᠭᠡᠷᠡᠭᠰᠡᠨ᠎ᠦ ᠭᠠᠪᠢᠶ᠎ᠠ ᠵᠢᠳᠬᠦᠯ ᠤ᠋ᠨ ᠢᠷᠠᠭᠤ ᠠᠯᠳᠠᠷᠵᠢᠡᠷ ᠬᠥᠬᠢᠭᠦᠯᠦᠭᠳᠡᠨ ᠰᠠᠶ᠋ᠢᠰᠢᠶᠠᠭᠳᠠᠭᠰᠠᠳ ᠤ᠋ᠨ ᠲᠥᠯᠥᠭᠡᠯᠡᠭᠴᠢ᠂ ᠠᠬᠠᠮᠠᠳ ᠨᠠᠮ᠎ᠤᠨ ᠭᠡᠰᠢᠭᠦᠨ᠂ ᠠᠬᠠᠮᠠᠳ ᠺᠠᠳ᠋ᠷ᠎ᠤᠨ ᠲᠥᠯᠥᠭᠡᠯᠡᠭᠴᠢ᠂ ᠬᠥᠬᠢᠭᠦᠯᠦᠨ ᠰᠠᠶ᠋ᠢᠰᠢᠶᠠᠭᠳᠠᠭᠰᠠᠨ ᠪᠥᠬᠥ᠌ ᠤᠯᠤᠰ᠎ᠤᠨ ᠰᠢᠯᠢᠳᠡᠭ ᠡᠪ ᠬᠠᠮᠲᠤ᠌ ᠨᠠᠮ᠎ᠤᠨ ᠭᠡᠰᠢᠭᠦᠨ᠂ ᠰᠢᠯᠢᠳᠡᠭ ᠨᠠᠮ᠎ᠤᠨ ᠠᠵᠢᠯ᠎ᠤᠨ ᠠᠵᠢᠯᠲᠠᠨ᠂ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠲᠥᠯᠥᠭᠡᠯᠡᠭᠴᠢ᠂ ᠳᠤᠮᠳᠠᠳᠤ ᠤᠯᠤᠰ᠎ᠲᠤ᠌ ᠠᠵᠢᠯᠯᠠᠵᠤ ᠪᠠᠶ᠋ᠢᠭ᠎ᠠ ᠭᠠᠳᠠᠭᠠᠳᠤ᠎ᠶᠢᠨ ᠲᠤᠰᠬᠠᠶ ᠮᠡᠷᠭᠡᠵᠢᠯᠲᠡᠨ᠎ᠦ ᠲᠥᠯᠥᠭᠡᠯᠡᠭᠴᠢ᠂ ᠨᠡᠶ᠋ᠢᠰᠯᠡᠯ᠎ᠦᠨ ᠦᠨᠳᠦᠰᠦᠨ ᠱᠠᠲᠤᠨ᠎ᠤ ᠨᠠᠮ᠎ᠤᠨ ᠭᠡᠰᠢᠭᠦᠨ ᠪᠣᠯᠤᠨ ᠡᠯ᠎ᠡ ᠡᠲᠡᠭᠡᠳ᠎ᠦᠨ ᠣᠯᠠᠨ ᠲᠦᠮᠡᠨ᠎ᠦ ᠲᠥᠯᠥᠭᠡᠯᠡᠭᠴᠢ᠂ ᠪᠡᠭᠡᠵᠢᠩ᠎ᠳᠦ ᠰᠠᠭᠤᠭ᠎ᠠ ᠴᠡᠷᠢᠭ ᠠᠩᠭᠢ᠎ᠶᠢᠨ ᠳᠠᠷᠤᠭ᠎ᠠ ᠪᠠᠶ᠋ᠢᠯᠳᠤᠭᠴᠢᠳ᠎ᠤᠨ ᠲᠥᠯᠥᠭᠡᠯᠡᠭᠴᠢ ᠵᠡᠷᠭᠡ 3000 ᠰᠢᠬᠠᠮ ᠬᠥᠮᠦᠨ ᠶᠡᠬᠡ ᠬᠤᠷᠠᠯ᠎ᠳᠤ ᠣᠷᠣᠯᠴᠠᠵᠠᠶ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ 7 ᠰᠠᠷ᠎ᠠ᠎ᠶᠢᠨ 1 ᠤ᠋ ᠴᠠᠬᠢᠯᠭᠠᠨ ᠮᠡᠳᠡᠭᠡ)