— ᠦᠪᠦᠷ ᠮᠤᠡᠭᠭᠤᠯ ᠰᠠᠢᠨ ᠲᠠᠷᠢᠶ᠎ᠠ ᠪᠡᠷ ᠡᠯᠪᠡᠭ ᠬᠤᠷᠢᠶᠠᠯᠲᠠ ᠶ᠋ᠢᠨ ᠰᠠᠭᠤᠷᠢ ᠵᠢ ᠪᠡᠬᠢᠵᠢᠭᠦᠯᠵᠤ ᠪᠠᠢᠨ᠎ᠠ
ᠦᠪᠤᠷ ᠮᠤᠩᠭᠤᠯ ᠤ᠋ᠨ ᠠᠮᠤ ᠪᠤᠳᠠᠭᠠᠨ ᠤ᠋ ᠶᠡᠷᠤᠩᠬᠡᠢ ᠤᠨᠠᠯᠳᠠ 2 ᠵᠢᠯ ᠲᠠᠷᠠᠭᠠᠯᠠᠨ 800 ᠳ᠋ᠦᠩᠰᠢᠭᠤᠷ ᠵᠢᠩ ᠢ᠋ ᠲᠠᠪᠠᠪᠠ᠃ ᠡᠨᠡ ᠬᠦ᠌ ᠡᠯᠪᠡᠭ ᠬᠤᠷᠢᠶᠠᠯᠳᠠ ᠨᠢ ᠰᠠᠢᠨ ᠲᠠᠷᠢᠶ᠎ᠠ ᠡᠴᠡ ᠰᠠᠯᠵᠤ ᠴᠢᠳᠠᠬᠤ ᠦᠬᠡᠢ ᠶᠤᠮ᠃ ᠪᠦᠷᠢᠳᠬᠡᠯ ᠵᠢᠡᠷ᠂ ᠮᠠᠨ ᠤ᠋ ᠤᠷᠤᠨ ᠤᠳᠤᠬᠠᠨ ᠪᠤᠯᠳᠠᠯ᠎ᠠ ᠨᠢᠬᠡᠨᠳᠡ 6282 ᠲᠦᠮᠡᠨ ᠮᠦ᠍ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠢ᠋ ᠪᠦᠳᠦᠬᠡᠨ ᠪᠠᠢᠭᠤᠯᠵᠤ᠂ ᠡᠨᠡ ᠨᠢ ᠪᠦᠬᠦ ᠤᠷᠤᠨ ᠤ᠋ ᠲᠠᠷᠢᠶᠠᠨ ᠭᠠᠵᠠᠷ ᠤ᠋ᠨ ᠶᠡᠷᠤᠩᠬᠡᠢ ᠲᠠᠯᠠᠪᠠᠢ ᠵᠢᠨ 1/3 ᠵᠢ ᠡᠵᠡᠯᠡᠵᠦ ᠪᠠᠢᠭ᠎ᠠ ᠪᠤᠯᠪᠠᠴᠦ ᠪᠦᠬᠦ ᠤᠷᠤᠨ ᠤ᠋ 2/3 ᠡᠴᠡ ᠳᠡᠭᠡᠭᠰᠢᠬᠢ ᠠᠮᠤ ᠪᠤᠳᠠᠭᠠᠨ ᠤ᠋ ᠶᠡᠷᠦᠡᠭᠬᠡᠢ ᠤᠨᠠᠯᠲᠠ ᠵᠢ ᠲᠤᠯᠭᠠᠭᠤᠷᠢᠯᠠᠵᠤ ᠪᠠᠢᠨ᠎ᠠ᠃
ᠤᠢᠷ᠎ᠡ ᠶ᠋ᠢᠨ ᠵᠢᠯ ᠡᠴᠡ ᠨᠠᠭᠠᠰᠢ᠂ ᠮᠠᠨ ᠤ᠋ ᠤᠷᠤᠨ 1.72 ᠳ᠋ᠦᠩᠰᠢᠭᠤᠷ ᠮᠥ᠍ ᠲᠠᠷᠢᠶᠠᠨ ᠭᠠᠵᠠᠷ ᠤ᠋ᠨ ᠡᠬᠢ ᠪᠠᠶᠠᠯᠢᠭ ᠤ᠋ᠨ ᠳᠠᠪᠠᠭᠤᠯᠢᠭ ᠲᠠᠭᠠᠨ ᠰᠠᠭᠤᠷᠢᠯᠠᠨ ᠲᠠᠷᠢᠶᠠᠨ ᠭᠠᠵᠠᠷ ᠤ᠋ᠨ ᠶᠡᠷᠦᠡᠭᠬᠡᠢ ᠬᠡᠮᠵᠢᠶ᠎ᠡ᠂ ᠶᠠᠰᠤ ᠴᠢᠨᠠᠷ ᠪᠠ ᠠᠮᠢ ᠠᠬᠤᠶ ᠭᠤᠷᠪᠠ ᠵᠢ ᠨᠢᠭᠡ ᠴᠤᠬᠴᠠᠵᠢᠭᠤᠯᠤᠭᠰᠠᠨ ᠬᠠᠮᠠᠭᠠᠯᠠᠯᠲᠠ ᠵᠢ ᠨᠢᠭᠡᠳᠦᠯᠲᠡᠶ ᠲᠥᠯᠥᠪᠵᠢᠭᠦᠯᠵᠤ᠂ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ ᠤ᠋ᠨ ᠶᠠᠰᠤ ᠴᠢᠨᠠᠷ ᠢ᠋ ᠳᠡᠭᠡᠭᠰᠢᠯᠡᠭᠦᠯᠬᠦ᠌ ᠥᠭᠡᠷᠡᠴᠢᠯᠡᠯᠲᠡ ᠵᠢ ᠪᠥᠬᠥ᠌ ᠣᠷᠣᠨ ᠪᠦᠰᠡ ᠪᠡᠷ ᠠᠬᠢᠭᠤᠯᠬᠤ ᠵᠢᠨ ᠬᠠᠮᠳᠤ ᠬᠠᠷ᠎ᠠ ᠬᠥᠷᠥᠰᠥᠲᠦ᠍ ᠭᠠᠵᠠᠷ ᠢ᠋ ᠬᠠᠮᠠᠭᠠᠯᠠᠬᠤ ᠵᠡᠷᠭᠡ ᠠᠷᠭ᠎ᠠ ᠬᠡᠮᠵᠢᠶ᠎ᠡ ᠵᠢ ᠵᠡᠷᠭᠡ ᠪᠡᠷ ᠨᠠᠶ᠋ᠢᠳᠠᠪᠤᠷᠢᠵᠢᠭᠤᠯᠤᠨ᠂ ᠲᠠᠷᠢᠶᠠᠨ ᠭᠠᠵᠠᠷ ᠤ᠋ᠨ ᠬᠦᠷᠦᠰᠦ ᠰᠢᠷᠣᠶ ᠶ᠋ᠢᠨ ᠰᠢᠮ᠎ᠡ ᠬᠦᠴᠦ ᠵᠢ ᠳᠡᠭᠡᠭᠰᠢᠯᠡᠭᠦᠯᠵᠤ᠂ ᠡᠯᠪᠡᠭ ᠬᠤᠷᠢᠶᠠᠯᠲᠠ ᠶ᠋ᠢᠨ ᠰᠠᠭᠤᠷᠢ ᠵᠢ ᠪᠡᠬᠢᠵᠢᠭᠦᠯᠤᠨ ᠤᠯᠤᠰ ᠤ᠋ᠨ ᠴᠢᠬᠤᠯᠠ 《ᠠᠮᠤᠶᠢᠨ ᠰᠠᠡᠭ》 ᠢ᠋ ᠪᠢᠯᠬᠠᠭᠤᠯᠵᠤ ᠪᠠᠢᠨ᠎ᠠ᠃
ᠳᠡᠯᠭᠡᠷ ᠵᠤᠨ ᠤ᠋ ᠬᠣᠷᠴᠢᠨ ᠨᠤᠲᠤᠭ ᠲᠤ᠌ ᠡᠷᠳᠡᠨᠢ ᠰᠢᠰᠢ ᠵᠡᠷᠭᠡ ᠡᠯᠳᠡᠪ ᠲᠠᠷᠢᠮᠠᠯ ᠰᠠᠯᠬᠢᠨ ᠤ᠋ ᠠᠶ᠎ᠡ ᠪᠡᠷ ᠬᠦᠬᠡᠷᠡᠨ ᠬᠠᠯᠢᠭᠤᠷᠠᠵᠤ᠂ ᠬᠦᠪᠡᠭᠡ ᠵᠠᠬ᠎ᠠ ᠨᠢ ᠬᠠᠷᠠᠭᠳᠠᠬᠤ ᠦᠭᠡᠢ ᠦᠷᠬᠦᠯᠵᠢᠯᠡᠨ᠎ᠡ᠃ ᠥᠭᠡᠷᠡᠴᠢᠯᠡᠨ ᠪᠠᠶ᠋ᠢᠭᠤᠯᠬᠤ ᠡᠴᠡ ᠡᠮᠦᠨ᠎ᠡ ᠡᠨᠳᠡᠬᠢ ᠲᠠᠷᠢᠶᠠᠨ ᠭᠠᠵᠠᠷ ᠲᠠᠷᠠᠬᠠᠢ ᠪᠤᠲᠠᠷᠬᠠᠢ᠂ ᠤᠰᠤᠨ ᠠᠰᠢᠭᠯᠠᠯᠲᠠ ᠶ᠋ᠢᠨ ᠲᠤᠨᠤᠭ ᠲᠥᠬᠥᠭᠡᠷᠦᠮᠵᠢ ᠨᠢ ᠬᠠᠭᠤᠴᠢᠷᠠᠠ᠂ ᠲᠠᠷᠢᠶᠠᠨ ᠳᠤᠮᠳᠠᠬᠢ ᠵᠠᠮ ᠨᠢ ᠪᠤᠷᠤᠭᠠᠨ ᠤᠷᠤᠭᠰᠠᠭᠠᠷ ᠶᠠᠪᠤᠬᠤ ᠵᠢᠨ ᠠᠷᠭ᠎ᠠ ᠦᠬᠡᠢ ᠪᠤᠯᠵᠤ᠂ ᠶᠤᠰᠤᠳᠠᠢ ᠨᠡᠷ᠎ᠡ ᠨᠢᠳᠡᠷ ᠲᠡᠭᠡᠨ ᠨᠡᠢᠴᠡᠭᠰᠡᠨ 《ᠲᠡᠭᠷᠢ ᠶ᠋ᠢᠨ ᠴᠢᠷᠠᠢ ᠬᠠᠷᠠᠭᠰᠠᠨ ᠲᠠᠷᠢᠶ᠎ᠠ》 ᠪᠠᠢᠵᠠᠢ᠃ ᠭᠠᠩ ᠬᠠᠭᠤᠷᠠᠶ ᠵᠢᠯ ᠳ᠋ᠡᠭᠡᠨ ᠤᠰᠤᠯᠠᠯᠲᠠ ᠶ᠋ᠢᠨ ᠦᠷ᠎ᠡ ᠪᠦᠲᠦᠮᠵᠢ ᠳᠤᠤᠷ᠎ᠠ᠂ ᠪᠣᠷᠣᠭᠠᠨ ᠬᠤᠷ᠎ᠠ ᠲᠠᠢ ᠪᠤᠯ ᠲᠣᠮᠣ ᠬᠡᠯᠪᠡᠷᠢ ᠶ᠋ᠢᠨ ᠲᠠᠷᠢᠶᠠᠯᠠᠩ ᠤ᠋ᠨ ᠮᠠᠰᠢᠨ ᠲᠠᠷᠢᠶᠠᠨ ᠳ᠋ᠦ ᠣᠷᠣᠬᠤ ᠳ᠋ᠦ ᠬᠦᠴᠢᠷ ᠪᠠᠢᠵᠤ᠂ ᠲᠠᠷᠢᠶᠠᠯᠠᠭ᠎ᠠ ᠶ᠋ᠢᠨ ᠴᠠᠭ ᠢ᠋ ᠶᠡᠬᠡ ᠪᠡᠷ ᠬᠠᠷᠰᠢᠯᠠᠵᠤ ᠪᠠᠢᠭᠰᠠᠨ ᠶᠤᠮ᠃
ᠡᠨᠡ ᠬᠦ᠌ ᠪᠠᠢᠳᠠᠯ ᠳ᠋ᠦ ᠴᠢᠭᠯᠡᠭᠦᠯᠦᠨ ᠲᠦᠡᠭᠯᠢᠶᠤᠤ ᠬᠤᠲᠠ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠶ᠋ᠢᠨ ᠲᠦᠷᠦᠯ ᠵᠦᠢᠯ ᠢ᠋ ᠪᠦᠬᠦ ᠬᠦᠴᠤᠨ ᠵᠢᠡᠷ ᠠᠬᠢᠭᠤᠯᠵᠤ᠂ ᠲᠠᠷᠢᠶᠠᠨ ᠭᠠᠵᠠᠷ ᠢ᠋ ᠲᠡᠭᠰᠢᠯᠡᠬᠦ᠌᠂ ᠤᠰᠤᠯᠠᠯᠲᠠ ᠶ᠋ᠢᠨ ᠬᠣᠭᠣᠯᠠᠶ ᠲᠤᠤᠷ ᠳᠡᠪᠢᠰᠬᠦ᠌᠂ ᠲᠠᠷᠢᠶᠠᠨ ᠳᠤᠮᠳᠠᠬᠢ ᠵᠠᠮ ᠢ᠋ ᠬᠠᠲᠠᠭᠤᠷᠠᠭᠤᠯᠬᠤ᠂ ᠮᠠᠰᠢᠨ ᠬᠤᠳᠳᠤᠭ ᠬᠢᠭᠡᠳ ᠴᠠᠬᠢᠯᠭᠠᠨ ᠬᠦᠴᠦᠨ ᠤ᠋ ᠲᠦᠬᠦᠭᠡᠷᠦᠮᠵᠢ ᠵᠢ ᠢᠵᠢ ᠪᠦᠷᠢᠳᠦᠬᠦᠯᠬᠦ ᠪᠡᠷ ᠳᠠᠮᠵᠢᠨ ᠲᠦᠷᠦᠯ ᠵᠦᠢᠯ ᠤ᠋ᠨ ᠤᠷᠤᠨ ᠤ᠋ ᠲᠠᠷᠠᠬᠠᠢ ᠪᠤᠲᠠᠷᠬᠠᠢ ᠲᠠᠷᠢᠶ᠎ᠠ ᠵᠢ ᠵᠠᠯᠭᠠᠯᠳᠤᠭᠤᠯᠤᠨ ᠨᠡᠢᠯᠡᠭᠦᠯᠵᠦ᠂ ᠰᠠᠭᠤᠷᠢ ᠲᠦᠬᠦᠭᠡᠷᠦᠮᠵᠢ ᠶ᠋ᠢᠨ ᠳᠤᠳᠠᠭᠤᠳᠠᠯ ᠢ᠋ ᠲᠦᠢᠯᠪᠤᠷᠢᠲᠠᠢ ᠨᠦᠬᠦᠪᠦᠷᠢᠯᠡᠨ᠂ ᠭᠠᠡᠭᠳᠠᠪᠠᠯ ᠤᠰᠤᠯᠠᠵᠤ ᠳᠡᠢᠯᠬᠦ᠂ ᠤᠰᠤᠳᠤᠪᠠᠯ ᠤᠰᠤ ᠵᠠᠯᠠᠵᠤ ᠳᠠᠢᠯᠬᠦ᠂ ᠬᠡᠵᠢᠶ᠎ᠠ ᠴᠦ᠍ ᠬᠡᠰᠡᠨ ᠮᠠᠰᠢᠨ ᠤᠷᠤᠵᠤ ᠠᠵᠢᠯᠯᠠᠵᠤ ᠲᠠᠢᠯᠬᠦ ᠦᠨᠳᠦᠷ ᠤᠨᠠᠯᠲᠠᠲᠤ ᠰᠠᠢᠨ ᠲᠠᠷᠢᠶ᠎ᠠ ᠵᠢ ᠪᠦᠲᠦᠭᠡᠨ ᠪᠠᠢᠭᠤᠯᠵᠤ ᠪᠠᠢᠨ᠎ᠠ᠃ ᠣᠲᠣᠬᠠᠨ ᠪᠣᠯᠲᠠᠯ᠎ᠠ ᠲᠦᠩᠯᠢᠶᠣᠤ ᠬᠣᠲᠠ ᠨᠢᠬᠡᠨᠳᠡ 1476 ᠲᠦᠮᠡᠨ ᠮᠦ᠍ ᠵᠢᠨ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠢ᠋ ᠪᠦᠳᠦᠬᠡᠨ ᠪᠠᠢᠭᠤᠯᠵᠤ᠂ ᠠᠮᠤ ᠪᠤᠳᠠᠭᠠᠨ ᠤ᠋ ᠤᠨᠠᠯᠲᠠ ᠵᠢ ᠲᠤᠭᠲᠠᠪᠤᠷᠢᠵᠢᠭᠤᠯᠤᠨ᠂ ᠲᠠᠷᠢᠶᠠᠴᠢᠳ ᠤ᠋ᠨ ᠣᠷᠣᠯᠭ᠎ᠠ ᠵᠢ ᠨᠡᠮᠡᠭᠳᠡᠭᠦᠯᠬᠦ᠌ᠳᠦ ᠬᠦᠴᠦᠨ ᠨᠡᠮᠡᠷᠢᠯᠡᠵᠦ᠍᠂ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠰᠠᠭᠤᠷᠢ ᠵᠢ ᠲᠠᠰᠤᠷᠠᠯᠲᠠ ᠥᠬᠡᠶ ᠪᠡᠬᠢᠵᠢᠭᠦᠯᠪᠡ᠃
《ᠦᠡᠭᠭᠡᠷᠡᠭᠰᠡᠨ ᠳ᠋ᠦ ᠲᠠᠷᠢᠶ᠎ᠠ ᠪᠠᠨ ᠤᠰᠤᠯᠠᠬᠤ ᠳ᠋ᠦ ᠨᠡᠯᠢᠶᠠᠳ ᠴᠠᠭ ᠬᠦᠴᠦ ᠵᠠᠷᠤᠴᠠᠭᠤᠯᠳᠠᠭ ᠪᠠᠢᠵᠠᠢ᠂ ᠪᠤᠷᠤᠭᠠᠨ ᠲᠠᠢ ᠡᠳᠦᠷ ᠪᠤᠯᠪᠠᠯ ᠲᠠᠷᠢᠶᠠᠨ ᠳᠤᠮᠳᠠᠬᠢ ᠵᠠᠮ ᠵᠢᠡᠷ ᠱᠢᠪᠠᠷ ᠱᠠᠯᠴᠢᠭ ᠭᠠᠷᠴᠤ ᠲᠠᠷᠢᠶᠠᠨ ᠳ᠋ᠦ ᠤᠴᠢᠬᠤ ᠶ᠋ᠢᠨ ᠴᠦ᠍ ᠠᠷᠭ᠎ᠠ ᠦᠭᠡᠢ ᠶᠤᠮ᠃ ᠤᠳᠤ ᠬᠠᠷᠢᠨ ᠤᠰᠤᠨ ᠬᠤᠳᠳᠤᠭ᠂ ᠵᠠᠮ᠂ ᠴᠠᠬᠢᠯᠭᠠᠨ ᠬᠦᠴᠦ ᠵᠢ ᠪᠦᠬᠦᠨ ᠢ᠋ ᠲᠦᠬᠦᠷᠵᠢᠭᠦᠯᠵᠦ᠂ ᠮᠠᠰᠢᠨᠴᠢᠯᠠᠯᠲᠠ ᠪᠡᠷ ᠲᠠᠷᠢᠶᠠᠯᠠᠵᠤ ᠳᠡᠢᠯᠬᠦ ᠪᠤᠯᠵᠤ᠂ ᠴᠠᠭ ᠬᠦᠴᠦ ᠵᠢ ᠶᠡᠬᠡ ᠪᠡᠷ ᠠᠷᠪᠢᠯᠠᠬᠤ ᠶ᠋ᠢᠨ ᠬᠠᠮᠲᠤ ᠠᠮᠤ ᠪᠤᠳᠠᠭᠠᠨ ᠤ᠋ ᠤᠨᠠᠯᠲᠠ ᠴᠦ᠍ ᠳᠡᠭᠡᠭᠰᠢᠯᠡᠪᠡ》 ᠭᠡᠵᠦ ᠨᠠᠢ᠍ᠮᠠᠨ ᠬᠣᠰᠢᠭᠤᠨ ᠤ᠋ ᠲᠠᠴᠢᠨᠲᠠᠯ᠎ᠠ ᠪᠠᠯᠭᠠᠰᠤ ᠵᠢᠨ ᠬᠠᠶ᠋ᠢᠯᠠᠰᠤ ᠲᠣᠰᠬᠣᠨ ᠤ᠋ ᠲᠠᠷᠢᠶᠠᠴᠢᠨ ᠱᠢ ᠵᠤᠸᠠᠩ ᠪᠠᠶᠠᠷᠲᠠᠢ ᠶᠠᠷᠢᠵᠤ ᠪᠠᠢᠯ᠎ᠠ᠃
ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ ᠤ᠋ᠨ ᠪᠥᠲᠥᠭᠡᠨ ᠪᠠᠶ᠋ᠢᠭᠤᠯᠤᠯᠲᠠ ᠪᠣᠯ ᠠᠮᠤ ᠪᠤᠳᠠᠭᠠᠨ ᠤ᠋ ᠠᠮᠤᠷ ᠲᠦᠪᠰᠢᠨ ᠤ᠋ ᠰᠠᠭᠤᠷᠢ ᠵᠢ ᠪᠥᠬᠥ᠌ ᠲᠠᠯ᠎ᠠ ᠪᠠᠷ ᠪᠡᠬᠢᠵᠢᠭᠦᠯᠬᠦ᠌ ᠵᠠᠩᠭᠢᠯᠠᠭ᠎ᠠ ᠶ᠋ᠢᠨ ᠠᠷᠭ᠎ᠠ ᠬᠡᠮᠵᠢᠶ᠎ᠡ ᠮᠥᠨ᠃ ᠡᠨᠡ ᠵᠢᠯ ᠤ᠋ᠨ ᠲᠥᠪ ᠤ᠋ᠨ ᠨᠢᠭᠡᠳᠦᠭᠡᠷ ᠲᠣᠭᠠᠲᠤ᠌ ᠪᠢᠴᠢᠭ ᠮᠠᠲ᠋ᠧᠷᠢᠶᠠᠯ ᠳ᠋ᠦ᠂ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠵᠢ ᠤᠷᠤᠨ ᠲᠦᠷᠦᠯ ᠬᠤᠪᠢᠶᠠᠨ ᠴᠢᠨᠠᠷ ᠰᠠᠢᠲᠠᠢ ᠠᠬᠢᠭᠤᠯᠵᠤ᠂ ᠲᠦᠷᠦᠯ ᠵᠦᠢᠯ ᠲᠤᠭᠲᠠᠭᠠᠬᠤ᠂ ᠪᠦᠲᠦᠭᠡᠨ ᠪᠠᠢᠭᠤᠯᠬᠤ᠂ ᠰᠢᠯᠭᠠᠨ ᠠᠪᠬᠤ ᠪᠠ ᠬᠠᠮᠢᠶᠠᠷᠴᠤ ᠬᠠᠮᠠᠭᠠᠯᠠᠬᠤ ᠲᠤᠭᠲᠠᠴᠠ ᠵᠢ ᠲᠡᠭᠦᠯᠳᠡᠷᠵᠢᠭᠦᠯᠦᠨ᠂ ᠪᠡᠯᠡ ᠮᠦᠡᠭᠬᠦ ᠶ᠋ᠢᠨ ᠬᠢᠨᠠᠯᠲᠠ ᠬᠠᠮᠢᠶᠠᠷᠤᠯᠲᠠ ᠵᠢ ᠴᠢᠡᠭᠭᠠᠳᠬᠠᠵᠤ᠂ ᠬᠦᠷᠦᠰᠦ ᠰᠢᠷᠤᠢ ᠵᠢ ᠰᠠᠢᠵᠢᠷᠠᠭᠤᠯᠬᠤ ᠪᠠ ᠰᠢᠮ᠎ᠡ ᠬᠦᠴᠦ ᠵᠢ ᠳᠡᠭᠡᠭᠰᠢᠯᠡᠭᠦᠯᠬᠦ ᠡᠷᠴᠢᠮ ᠢ᠋ ᠴᠢᠡᠭᠭᠠᠷᠠᠭᠤᠯᠤᠨᠠ ᠭᠡᠵᠦ ᠳᠤᠷᠠᠳᠴᠠᠢ᠃ ᠡᠬᠦᠨ ᠳ᠋ᠤ ᠮᠠᠨ ᠤ᠋ ᠤᠷᠤᠨ ᠲᠥᠷᠥ ᠶ᠋ᠢᠨ ᠪᠣᠳᠣᠯᠭ᠎ᠠ ᠪᠠ ᠪᠠᠯᠠ ᠮᠥᠩᠭᠥ ᠶ᠋ᠢᠨ ᠪᠠᠲᠤᠯᠠᠭ᠎ᠠ ᠵᠢ ᠦᠷᠭᠦᠯᠵᠢᠯᠡᠨ ᠴᠢᠡᠭᠭᠠᠳᠬᠠᠵᠤ᠂ ᠣᠷᠣᠨ ᠪᠦᠰᠡ ᠶ᠋ᠢᠨ ᠲᠠᠷᠢᠶᠠᠨ ᠭᠠᠵᠠᠷ ᠤ᠋ᠨ ᠤᠨᠴᠠᠯᠢᠭ ᠲᠦ᠍ ᠵᠤᠬᠢᠴᠠᠭᠤᠯᠤᠨ ᠵᠦᠷᠢᠶᠡᠴᠢᠯᠡᠭᠰᠡᠨ᠂ ᠪᠠᠷᠢᠮᠵᠢᠶᠠᠵᠢᠭᠤᠯᠤᠭᠰᠠᠨ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ ᠤ᠋ᠨ ᠪᠥᠲᠥᠭᠡᠨ ᠪᠠᠶ᠋ᠢᠭᠤᠯᠤᠯᠲᠠ ᠬᠢᠭᠡᠳ ᠪᠠᠯᠠ ᠣᠷᠣᠭᠤᠯᠤᠯᠲᠠ ᠶ᠋ᠢᠨ ᠪᠠᠷᠢᠮᠵᠢᠶ᠎ᠠ ᠵᠢ ᠰᠢᠨᠵᠢᠯᠡᠬᠦ᠌ ᠤᠬᠠᠭᠠᠨᠴᠢ ᠪᠠᠷ ᠲᠣᠭᠲᠠᠭᠠᠵᠤ᠂ ᠥᠷᠭᠡᠨ ᠣᠯᠠᠨ ᠮᠠᠯᠵᠢᠬᠤ ᠲᠠᠷᠢᠶᠠᠯᠠᠬᠤ ᠡᠷᠦᠬᠡ ᠶ᠋ᠢᠨ ᠲᠥᠷᠥᠯ ᠵᠦᠢᠯ ᠤ᠋ᠨ ᠪᠥᠲᠥᠭᠡᠨ ᠪᠠᠶ᠋ᠢᠭᠤᠯᠤᠯᠲᠠ ᠳ᠋ᠦ ᠰᠠᠨᠠᠭᠠᠴᠢᠯᠠᠭ᠎ᠠ ᠡᠴᠡ ᠪᠠᠨ ᠣᠷᠣᠯᠴᠠᠬᠤ ᠵᠢ ᠢᠳᠡᠪᠬᠢᠲᠡᠶ ᠬᠥᠲᠥᠯᠦᠨ ᠵᠢᠯᠣᠭᠣᠳᠴᠤ᠌᠂ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ ᠤ᠋ᠨ ᠪᠥᠲᠥᠭᠡᠨ ᠪᠠᠶ᠋ᠢᠭᠤᠯᠤᠯᠲᠠ ᠶ᠋ᠢᠨ ᠠᠬᠢᠴᠠ ᠵᠢ ᠲᠦᠷᠭᠡᠳᠭᠡᠵᠤ ᠪᠠᠢᠨ᠎ᠠ᠃ ᠢᠨᠵᠧᠨᠧᠷᠢᠩ ᠤ᠋ᠨ ᠶᠠᠰᠤ ᠴᠢᠨᠠᠷ ᠢ᠋ 《ᠡᠷᠬᠢᠨ ᠬᠠᠷᠠᠬᠤ》 ᠪᠠ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠵᠢ ᠦᠷᠭᠦᠯᠵᠢᠯᠡᠨ ᠦᠷᠨᠢᠭᠦᠯᠵᠤ᠂ ᠠᠰᠠᠭᠤᠳᠠᠯ ᠢ᠋ ᠵᠢᠭᠰᠠᠭᠠᠨ ᠪᠠᠶ᠋ᠢᠴᠠᠭᠠᠵᠤ ᠴᠡᠭᠴᠡᠯᠡᠨ ᠰᠠᠶ᠋ᠢᠵᠢᠷᠠᠭᠤᠯᠬᠤ ᠬᠢᠭᠡᠳ ᠲᠦᠷᠢᠮ ᠲᠣᠭᠲᠠᠭᠠᠯ ᠲᠣᠭᠲᠠᠭᠠᠬᠤ ᠵᠢ ᠨᠢᠭᠡ ᠴᠤᠭᠴᠠᠵᠢᠭᠤᠯᠤᠨ ᠠᠬᠢᠭᠤᠯᠵᠤ᠂ ᠢᠨᠵᠧᠨᠧᠷᠢᠩ ᠤ᠋ᠨ ᠶᠠᠰᠤ ᠴᠢᠨᠠᠷ ᠢ᠋ ᠳᠡᠭᠡᠭᠰᠢᠯᠡᠭᠦᠯᠵᠦ ᠪᠠᠢᠨ᠎ᠠ᠃ ᠡᠭᠦᠨ ᠤ᠋ ᠬᠠᠮᠲᠤ᠌ ᠪᠠᠰᠠ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ ᠢ᠋ ᠪᠦᠲᠦᠭᠡᠨ ᠪᠠᠶ᠋ᠢᠭᠤᠯᠤᠭᠰᠠᠨ ᠤ᠋ ᠳᠠᠷᠠᠭᠠᠬᠢ ᠬᠠᠮᠢᠶᠠᠷᠴᠤ᠌ ᠬᠠᠮᠠᠭᠠᠯᠠᠬᠤ ᠡᠷᠴᠢᠮ ᠢ᠋ ᠴᠢᠩᠭᠠᠷᠠᠭᠤᠯᠵᠤ᠂ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ ᠤ᠋ᠨ ᠠᠮᠤ ᠪᠤᠳᠠᠭᠠᠨ ᠤ᠋ ᠡᠯᠪᠡᠭ ᠬᠤᠷᠢᠶᠠᠯᠲᠠ ᠵᠢ ᠲᠤᠯᠭᠠᠭᠤᠷᠢᠯᠠᠬᠤ ᠦᠢᠯᠡᠳᠦᠯ ᠴᠢᠳᠠᠪᠬᠢ ᠵᠢ ᠦᠷᠭᠦᠯᠵᠢᠯᠡᠨ ᠪᠠᠳᠠᠷᠠᠭᠤᠯᠵᠤ ᠪᠠᠢᠨ᠎ᠠ᠃
ᠡᠨᠡ ᠵᠢᠯ ᠮᠠᠨ ᠤ᠋ ᠤᠷᠤᠨ 405 ᠲᠦᠮᠡᠨ ᠮᠦ᠍ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ ᠢ᠋ ᠪᠦᠲᠦᠭᠡᠨ ᠪᠠᠶ᠋ᠢᠭᠤᠯᠬᠤ ᠵᠢᠨ ᠬᠠᠮᠳᠤ 146 ᠲᠦᠮᠡᠨ ᠮᠦ᠍ ᠵᠢᠨ ᠥᠨᠳᠥᠷ ᠪᠦᠲᠦᠮᠵᠢᠲᠡᠢ ᠪᠡᠷ ᠤᠰᠤ ᠠᠷᠪᠢᠯᠠᠬᠤ ᠤᠰᠤᠯᠠᠯᠲᠠ ᠶ᠋ᠢᠨ ᠲᠠᠷᠢᠶᠠᠨ ᠭᠠᠵᠠᠷ ᠤ᠋ᠨ ᠪᠦᠲᠦᠭᠡᠨ ᠪᠠᠶ᠋ᠢᠭᠤᠯᠤᠯᠲᠠ ᠵᠢ ᠵᠡᠷᠭᠡᠪᠡᠷ ᠠᠬᠢᠭᠤᠯᠵᠤ ᠪᠠᠢᠨ᠎ᠠ᠃ ᠵᠢᠱ᠌ᠢᠯᠳᠡ ᠪᠡᠷ ᠵᠢᠯ ᠤ᠋ᠨ ᠰᠡᠬᠦᠯᠴᠢ ᠪᠤᠯᠬᠤ ᠳ᠋ᠤ ᠪᠦᠬᠦ ᠤᠷᠤᠨ ᠤ᠋ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠶ᠋ᠢᠨ ᠶᠡᠷᠦᠡᠭᠬᠡᠢ ᠲᠠᠯᠠᠪᠠᠢ 6700 ᠲᠦᠮᠡᠨ ᠮᠦ᠍ ᠵᠢ ᠲᠠᠪᠠᠨ᠂ ᠡᠭᠦᠷᠢᠲᠠ ᠶ᠋ᠢᠨ ᠦᠨᠳᠦᠰᠦᠨ ᠲᠠᠷᠢᠶᠠᠨ ᠭᠠᠵᠠᠷ ᠤ᠋ᠨ 50% ᠡᠴᠡ ᠳᠡᠭᠡᠭᠰᠢᠬᠢ ᠵᠢ ᠡᠵᠡᠯᠡᠵᠦ᠂ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠴᠢᠳᠠᠪᠤᠷᠢ ᠵᠢ ᠳᠠᠬᠢᠨ ᠰᠢᠨ᠎ᠡ ᠨᠢᠭᠡᠨ ᠲᠡᠭᠳᠡᠷ ᠲᠦ᠍ ᠭᠠᠷᠭᠠᠬᠤ ᠳ᠋ᠦ ᠪᠠᠲᠤ ᠰᠠᠭᠤᠷᠢ ᠲᠠᠯᠪᠢᠬᠤ ᠪᠤᠯᠤᠨ᠎ᠠ᠃
ᠡᠨᠡ ᠵᠢᠯ ᠤ᠋ᠨ ᠡᠬᠢᠨ ᠡᠴᠡ 《ᠬᠠᠷ᠎ᠠ ᠬᠦᠷᠦᠰᠦ ᠵᠢ ᠬᠠᠮᠠᠭᠠᠯᠠᠵᠤ ᠦᠢᠯᠡᠳᠪᠦᠷᠢᠯᠡᠯ ᠤ᠋ᠨ ᠴᠢᠳᠠᠪᠤᠷᠢ ᠵᠢ ᠳᠡᠭᠡᠭᠰᠢᠯᠡᠭᠦᠯᠬᠦ》 ᠪᠡᠷ ᠭᠤᠤᠯ ᠠᠭᠤᠯᠭ᠎ᠠ ᠪᠤᠯᠭᠠᠭᠰᠠᠨ ᠲᠠᠷᠢᠶᠠᠯᠠᠭ᠎ᠠ ᠶ᠋ᠢᠨ ᠬᠤᠪᠢᠰᠤᠯᠲᠠ ᠬᠢᠡᠭᠭᠠᠨ ᠤ᠋ ᠡᠬᠡ ᠭᠠᠵᠠᠷ ᠲᠦ᠍ ᠪᠦᠬᠦ ᠲᠠᠯ᠎ᠠ ᠪᠡᠷ ᠦᠷᠨᠢᠵᠦ ᠡᠬᠢᠯᠡᠵᠡᠢ᠃ ᠲᠤᠰ ᠠᠢᠮᠠᠭ ᠤ᠋ᠨ ᠬᠢᠨ ᠤᠯᠤᠰ ᠤ᠋ᠨ ᠬᠠᠷ᠎ᠠ ᠬᠦᠷᠦᠰᠦᠲᠦ ᠭᠠᠵᠠᠷ ᠢ᠋ ᠬᠠᠮᠠᠭᠠᠯᠠᠬᠤ ᠪᠠᠢᠯᠳᠤᠬᠤ ᠪᠤᠳᠤᠯᠭ᠎ᠠ ᠲᠠᠢ ᠨᠢᠭᠲᠠ ᠤᠶᠠᠯᠳᠤᠭᠤᠯᠤᠨ᠂ ᠪᠦᠬᠦ ᠤᠯᠤᠰ ᠤ᠋ᠨ ᠴᠢᠬᠤᠯᠠ ᠶᠡᠬᠡ ᠮᠡᠷᠭᠡᠵᠢᠯ ᠤ᠋ᠨ ᠬᠠᠷᠢᠯᠴᠠᠨ ᠬᠠᠮᠵᠢᠯᠴᠠᠵᠤ ᠳᠡᠯᠭᠡᠷᠡᠬᠦᠯᠬᠦ ᠲᠦᠷᠦᠯ ᠵᠦᠢᠯ ᠳ᠋ᠦ ᠰᠠᠭᠤᠷᠢᠯᠠᠵᠤ᠂ ᠡᠷᠳᠡᠨᠢ ᠰᠢᠰᠢ ᠵᠢ ᠬᠠᠮᠠᠭᠠᠯᠠᠯᠲᠠ ᠶ᠋ᠢᠨ ᠴᠢᠨᠠᠷᠲᠠᠢ ᠪᠡᠷ ᠵᠤᠷᠪᠤᠰᠯᠠᠨ ᠲᠠᠷᠢᠬᠤ ᠪᠠ ᠤᠰᠤ ᠪᠤᠷᠳᠤᠭᠤᠷ ᠢ᠋ ᠨᠢᠭᠡ ᠴᠤᠭᠴᠠᠵᠢᠭᠤᠯᠬᠤ ᠮᠡᠷᠭᠡᠵᠢᠯ ᠶ᠋ᠢᠡᠷ ᠪᠤᠭᠤᠮᠳᠠ ᠰᠢᠪᠲᠤᠯᠬᠤ ᠭᠤᠤᠯᠳᠠᠯᠭ᠎ᠠ ᠪᠤᠯᠭᠠᠨ ᠬᠦᠴᠦᠳᠠᠢ ᠠᠬᠢᠭᠤᠯᠤᠭᠰᠠᠨ ᠡᠴᠡ ᠤᠳᠤᠬᠠᠨ ᠪᠤᠯᠲᠠᠯ᠎ᠠ ᠨᠢᠭᠡᠨᠲᠡ 563.18 ᠲᠦᠮᠡᠨ ᠮᠦ᠍ ᠬᠠᠷ᠎ᠠ ᠬᠦᠷᠦᠰᠦᠲᠦ ᠲᠠᠷᠢᠶᠠᠨ ᠭᠠᠵᠠᠷ ᠲᠦ᠍ ᠬᠠᠮᠠᠭᠠᠯᠠᠯᠲᠠ ᠶ᠋ᠢᠨ ᠴᠢᠨᠠᠷᠲᠠᠢ ᠲᠠᠷᠢᠶᠠᠯᠠᠭ᠎ᠠ ᠵᠢ ᠪᠡᠶᠡᠯᠡᠭᠦᠯᠪᠠ᠃ ᠪᠠᠰᠠ ᠪᠠᠷᠢᠮᠵᠢᠶᠠᠵᠢᠭᠰᠠᠨ ᠲᠤᠷᠰᠢᠯᠲᠠ ᠶ᠋ᠢᠨ ᠵᠢᠱ᠌ᠢᠶ᠎ᠡ ᠦᠵᠡᠭᠦᠯᠬᠦ᠌ ᠰᠠᠭᠤᠷᠢᠨ ᠢ᠋ 3 ᠪᠠᠶ᠋ᠢᠭᠤᠯᠤᠨ᠂ 12 ᠵᠦᠢᠯ ᠤ᠋ᠨ ᠮᠡᠷᠭᠡᠵᠢᠯ ᠤ᠋ᠨ ᠬᠤᠷᠠᠮᠠᠯ ᠲᠤᠷᠰᠢᠯᠲᠠ ᠵᠢ ᠪᠦᠬᠦ᠌ ᠲᠠᠯᠠᠪᠠᠷ ᠥᠷᠨᠢᠭᠦᠯᠵᠤ᠂ ᠠᠮᠢ ᠠᠬᠤᠢ ᠵᠢ ᠬᠠᠮᠠᠭᠠᠯᠠᠬᠤ᠂ ᠠᠮᠤ ᠪᠤᠳᠠᠭᠠᠨ ᠤ᠋ ᠤᠨᠠᠯᠲᠠ ᠵᠢ ᠲᠠᠬᠡᠭᠰᠢᠯᠡᠬᠦᠯᠬᠦ ᠪᠠ ᠲᠠᠷᠢᠶᠠᠴᠢᠳ ᠤ᠋ᠨ ᠣᠷᠣᠯᠭ᠎ᠠ ᠵᠢ ᠨᠡᠮᠡᠭᠳᠡᠭᠦᠯᠬᠦ᠌ ᠵᠢ ᠨᠢᠭᠡ ᠴᠤᠬᠴᠠᠵᠢᠭᠤᠯᠤᠭᠰᠠᠨ ᠬᠠᠷ᠎ᠠ ᠬᠥᠷᠥᠰᠥᠲᠦ ᠭᠠᠵᠠᠷ ᠢ᠋ ᠬᠠᠮᠠᠭᠠᠯᠠᠬᠤ ᠬᠢᠡᠭᠭᠠᠨ ᠤ᠋ ᠰᠢᠨ᠎ᠡ ᠵᠠᠭᠪᠤᠷ ᠢ᠋ ᠪᠦᠷᠢᠯᠳᠦᠬᠦᠯᠵᠦ ᠡᠬᠢᠯᠡᠵᠢ᠃
ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ ᠤ᠋ ᠪᠠᠶᠠᠨᠬᠤᠰᠢᠭᠤ ᠪᠠᠯᠭᠠᠰᠤ ᠶ᠋ᠢᠨ ᠬᠤᠲᠠ ᠬᠤᠸᠠ ᠭᠠᠴᠠᠭᠠᠨ ᠤ᠋ ᠮᠡᠷᠭᠡᠵᠢᠯ ᠤ᠋ᠨ ᠵᠢᠱ᠌ᠢᠶ᠎ᠡ ᠦᠵᠡᠭᠦᠯᠬᠦ᠌ ᠰᠠᠭᠤᠷᠢᠨ ᠳ᠋ᠦ ᠦᠷᠬᠦᠯᠵᠢᠯᠡᠨ ᠵᠠᠯᠭᠠᠯᠳᠤᠵᠤ ᠬᠦᠬᠡᠷᠡᠨ ᠨᠤᠭᠤᠭᠠᠷᠠᠭᠰᠠᠨ ᠡᠷᠳᠡᠨᠢ ᠰᠢᠰᠢ ᠵᠢᠨ ᠲᠠᠷᠢᠶ᠎ᠠ ᠢᠳᠡ ᠤᠷᠭᠤᠵᠤ᠂ ᠬᠠᠵᠠᠭᠤ ᠬᠠᠪᠢ ᠶ᠋ᠢᠨ ᠤᠯᠠᠮᠵᠢᠯᠠᠯᠲᠤ ᠲᠠᠷᠢᠶ᠎ᠠ ᠲᠠᠢ ᠢᠯᠠ ᠲᠤᠳᠤ ᠬᠠᠷᠢᠴᠠᠭᠤᠯᠤᠯ ᠪᠤᠯᠵᠤ ᠬᠠᠷᠠᠭᠳᠠᠨ᠎ᠠ᠃ 《ᠪᠢᠳᠡ ᠲᠤᠰ ᠰᠠᠭᠤᠷᠢᠨ ᠳ᠋ᠠᠭᠠᠨ 7 ᠵᠢᠯ ᠬᠠᠮᠠᠭᠠᠯᠠᠯᠲᠠ ᠶ᠋ᠢᠨ ᠴᠢᠨᠠᠷᠲᠠᠢ ᠲᠠᠷᠢᠶᠠᠯᠠᠵᠦ᠂ 200 ᠮᠦ᠍ ᠲᠤᠷᠰᠢᠯᠲᠠ ᠶ᠋ᠢᠨ ᠲᠠᠷᠢᠶ᠎ᠠ ᠪᠠᠨ ᠮᠡᠷᠭᠡᠵᠢᠯ ᠢ᠋ ᠰᠢᠯᠭᠠᠨ ᠪᠠᠲᠤᠯᠠᠬᠤ ᠭᠤᠤᠯ ᠲᠠᠯᠠᠪᠤᠷ ᠪᠤᠯᠭᠠᠵᠤ᠂ ᠠᠡᠭᠬ᠎ᠠ ᠡᠬᠢᠨ ᠳ᠋ᠡᠭᠡᠨ ᠮᠦ᠍ ᠨᠢᠭᠡᠴᠢ ᠶ᠋ᠢᠨ ᠤᠨᠠᠯᠲᠠ ᠨᠢ 1200 ᠵᠢᠡᠭ ᠪᠠᠢᠭᠰᠠᠨ ᠡᠴᠡ ᠪᠠᠨ ᠤᠳᠤ ᠨᠢᠭᠡᠨᠲᠡ 2000 ᠵᠢᠡᠭ ᠢ᠋ ᠳᠠᠪᠠᠪᠠ》 ᠭᠡᠵᠦ ᠼᠦᠨ ᠰᠢᠡᠭ ᠲᠠᠷᠢᠶᠠᠯᠠᠡᠭ ᠮᠠᠯ ᠠᠵᠤ ᠠᠬᠤᠢ ᠶ᠋ᠢᠨ ᠮᠠᠰᠢᠨᠴᠢᠯᠠᠯᠲᠠ ᠶ᠋ᠢᠨ ᠲᠤᠰᠬᠠᠢ ᠬᠤᠷᠰᠢᠶ᠎ᠡ ᠶ᠋ᠢᠨ ᠬᠡᠷᠡᠭ ᠮᠡᠳᠡᠭᠴᠢᠳ ᠤ᠋ᠨ ᠳᠠᠷᠤᠭ᠎ᠠ ᠵᠠᠡᠭ ᠴᠦᠨ ᠶᠠᠡᠭ ᠶᠠᠷᠢᠵᠤ ᠪᠠᠢᠯ᠎ᠠ᠃
ᠬᠠᠷ᠎ᠠ ᠬᠥᠷᠥᠰᠥᠲᠦ ᠭᠠᠵᠠᠷ ᠪᠤᠯ 《ᠲᠠᠷᠢᠶᠠᠨ ᠭᠠᠵᠠᠷ ᠤ᠋ᠨ ᠳᠤᠲᠤᠷᠠᠬᠢ ᠮᠠᠯᠤᠷ ᠥᠲᠡᠭᠡ》 ᠪᠠᠢᠵᠤ᠂ ᠲᠠᠷᠢᠶᠠᠯᠠᠩ ᠦᠢᠯᠡᠳᠪᠦᠷᠢᠯᠡᠯ ᠤ᠋ᠨ ᠬᠣᠪᠣᠷ ᠨᠠᠨᠳᠢᠨ ᠡᠬᠢ ᠪᠠᠶᠠᠯᠢᠭ ᠪᠣᠯᠤᠨ᠎ᠠ᠃ ᠮᠠᠨ ᠤ᠋ ᠤᠷᠤᠨ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠦᠨ᠂ ᠤᠯᠤᠰ ᠡᠴᠡ ᠪᠠᠭᠤᠯᠭᠠᠭᠰᠠᠨ ᠡᠯ᠎ᠡ ᠵᠦᠢᠯ ᠤ᠋ᠨ ᠬᠠᠷ᠎ᠠ ᠬᠥᠷᠥᠰᠥᠲᠦ᠍ ᠭᠠᠵᠠᠷ ᠢ᠋ ᠬᠠᠮᠠᠭᠠᠯᠠᠬᠤ ᠡᠭᠦᠷᠭᠡ ᠵᠢ ᠳᠠᠪᠠᠭᠤᠯᠤᠨ ᠪᠡᠶᠡᠯᠡᠭᠦᠯᠵᠦ᠍᠂ ᠨᠢᠬᠡᠨᠳᠡ ᠤᠷᠤᠨ ᠨᠤᠲᠤᠭ ᠤ᠋ᠨ ᠣᠨᠴᠠᠯᠢᠭ ᠪᠦᠬᠦᠢ ᠬᠠᠷ᠎ᠠ ᠬᠥᠷᠥᠰᠥᠲᠦ᠍ ᠭᠠᠵᠠᠷ ᠢ᠋ ᠬᠠᠮᠠᠭᠠᠯᠠᠬᠤ ᠵᠠᠭᠪᠤᠷ ᠢ᠋ ᠰᠦᠪᠡᠭᠴᠢᠯᠡᠨ ᠪᠦᠷᠢᠯᠳᠦᠭᠦᠯᠵᠡᠢ᠃ ᠮᠡᠷᠭᠡᠵᠢᠯ ᠤ᠋ᠨ ᠲᠤᠯᠭᠠᠭᠤᠷᠢᠯᠠᠯ ᠤ᠋ᠨ ᠲᠠᠯ᠎ᠠ ᠪᠠᠷ᠂ ᠠᠺᠠᠳᠧᠮᠢᠴᠢᠳᠦ ᠲᠦᠰᠢᠭᠯᠡᠨ ᠰᠤᠳᠤᠯᠭᠠᠨ ᠤ᠋ ᠬᠦᠷᠢᠶᠡᠯᠡᠩ ᠪᠠᠢᠭᠤᠯᠵᠦ᠂ 7 ᠵᠦᠢᠯ ᠤ᠋ᠨ ᠵᠠᠩᠭᠢᠯᠠᠭ᠎ᠠ ᠶ᠋ᠢᠨ ᠮᠡᠷᠭᠡᠵᠢᠯ ᠢ᠋ ᠰᠤᠳᠤᠯᠤᠨ ᠨᠡᠭᠡᠭᠡᠵᠦ᠍᠂ 22 ᠵᠦᠢᠯ ᠤ᠋ᠨ ᠣᠷᠣᠨ ᠨᠤᠲᠤᠭ ᠤ᠋ᠨ ᠪᠠᠷᠢᠮᠵᠢᠶ᠎ᠠ ᠵᠢ ᠲᠤᠭᠲᠠᠭᠠᠨ᠂ 7 ᠢᠵᠢ ᠮᠡᠷᠭᠡᠵᠢᠯ ᠤ᠋ᠨ ᠵᠠᠭᠪᠤᠷ ᠪᠠ 《ᠠᠷᠤᠨ ᠬᠣᠰᠢᠭᠤ》᠂ 《ᠳᠠ ᠡᠾᠸ ᠸᠠᠨ》 2 ᠢᠵᠢ ᠶᠡᠷᠦᠩᠬᠡᠶ᠋ᠢᠯᠡᠭᠰᠡᠨ ᠵᠠᠭᠪᠤᠷ ᠵᠢᠴᠢ 1 ᠢᠵᠢ ᠬᠠᠷ᠎ᠠ ᠬᠥᠷᠥᠰᠥᠲᠦ᠍ ᠣᠷᠣᠨ ᠤ᠋ 《ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ + ᠣᠶᠤᠨᠴᠢ ᠮᠡᠷᠭᠡᠵᠢᠯ》 ᠤ᠋ᠨ ᠪᠥᠲᠥᠭᠡᠨ ᠪᠠᠶ᠋ᠢᠭᠤᠯᠤᠯᠲᠠ ᠶ᠋ᠢᠨ ᠢᠨᠵᠧᠨᠧᠷᠢᠩ ᠤ᠋ᠨ ᠵᠠᠭᠪᠤᠷ ᠢ᠋ ᠪᠦᠷᠢᠯᠳᠦᠭᠦᠯᠪᠡ᠃
2025 ᠣᠨ ᠳ᠋ᠦ᠂ ᠮᠠᠨ ᠤ᠋ ᠤᠷᠤᠨ ᠬᠠᠮᠠᠭᠠᠯᠠᠯᠲᠠ ᠶ᠋ᠢᠨ ᠴᠢᠨᠠᠷᠲᠠᠶ ᠲᠠᠷᠢᠶᠠᠯᠠᠭ᠎ᠠ ᠵᠢ ᠨᠡᠢᠳᠡ 1356.7 ᠲᠦᠮᠡᠨ ᠮᠥ᠍ (ᠤᠳᠠᠭ᠎ᠠ) ᠦᠷᠨᠢᠭᠦᠯᠵᠦ᠂ 186.1 ᠲᠦᠮᠡᠨ ᠮᠥ᠍ ᠲᠠᠷᠢᠶᠠᠨ ᠳ᠋ᠦ ᠣᠷᠭᠠᠨᠢᠭ ᠪᠣᠷᠲᠣᠭᠣᠷ ᠤᠷᠤᠭᠤᠯᠤᠨ᠂ ᠵᠡᠭᠦᠨ ᠬᠣᠶ᠋ᠢᠲᠤ ᠶ᠋ᠢᠨ ᠬᠠᠷ᠎ᠠ ᠬᠥᠷᠥᠰᠥᠲᠦ ᠭᠠᠵᠠᠷ ᠢ᠋ ᠬᠠᠮᠠᠭᠠᠯᠠᠨ ᠠᠰᠢᠭᠯᠠᠬᠤ ᠲᠥᠷᠥᠯ ᠵᠦᠢᠯ ᠢ᠋ 53.3 ᠲᠦᠮᠡᠨ ᠮᠥ᠍ ᠪᠡᠶᠡᠯᠡᠭᠦᠯᠪᠡ᠃ ᠬᠠᠷ᠎ᠠ ᠬᠥᠷᠥᠰᠥᠲᠦ᠍ ᠭᠠᠵᠠᠷ ᠢ᠋ ᠬᠠᠮᠠᠭᠠᠯᠠᠬᠤ ᠢᠨᠵᠧᠨᠧᠷᠢᠩ ᠳ᠋ᠤ ᠢᠯᠡᠷᠬᠡᠢ ᠦᠷ᠎ᠠ ᠪᠦᠳᠦᠮᠵᠢ ᠤᠯᠵᠤ᠂ ᠤᠳᠤ ᠦᠪᠤᠷ ᠮᠤᠩᠭᠤᠯ ᠤ᠋ᠨ ᠲᠥᠷᠥᠯ ᠵᠦᠢᠯ ᠤ᠋ᠨ ᠣᠷᠣᠨ ᠤ᠋ ᠲᠠᠷᠢᠶᠠᠨ ᠭᠠᠵᠠᠷ ᠤ᠋ᠨ ᠳᠤᠮᠳᠠᠴᠢ ᠣᠷᠭᠠᠨᠢᠭ ᠪᠣᠳᠠᠰ ᠤ᠋ᠨ ᠠᠭᠤᠯᠤᠭᠳᠠᠴᠠ 53.2g / kg ᠪᠣᠯᠲᠠᠯ᠎ᠠ ᠳᠡᠭᠡᠭᠰᠢᠯᠡᠵᠦ᠍᠂ ᠲᠠᠷᠢᠶᠠᠯᠠᠬᠤ ᠳᠠᠪᠬᠤᠷᠭ᠎ᠠ ᠶ᠋ᠢᠨ ᠬᠠᠷ᠎ᠠ ᠬᠦᠷᠦᠰᠦ ᠵᠢᠨ ᠬᠦᠨ ᠤ᠋ ᠬᠡᠮᠵᠢᠶ᠎ᠡ 26.9cm ᠪᠤᠯᠵᠤ ᠵᠤᠵᠠᠭᠠᠷᠠᠨ᠂ ᠬᠠᠷ᠎ᠠ ᠬᠥᠷᠥᠰᠥᠲᠦ᠍ ᠭᠠᠵᠠᠷ ᠤ᠋ᠨ ᠬᠠᠮᠠᠭᠠᠯᠠᠯᠲᠠ ᠶ᠋ᠢᠨ ᠶᠠᠰᠤ ᠴᠢᠨᠠᠷ ᠤ᠋ᠨ ᠳᠠᠪᠠᠯᠲᠠ ᠵᠢ ᠪᠡᠶᠡᠯᠡᠭᠦᠯᠦᠭᠰᠡᠨ ᠠᠵᠢ᠃