ᠪᠦᠷᠢᠨ ᠴᠢᠳᠠᠮᠵᠢᠲᠦ ᠺᠠᠷᠲ᠎ᠢᠶᠠᠷ ᠥᠪᠥᠷ ᠮᠣᠩᠭᠣᠯ᠎ᠳᠤ ᠨᠡᠢᠳᠡᠮ ᠵᠢᠭᠤᠯᠴᠢᠯᠠᠵᠤ ᠨᠠᠢ᠍ᠮᠠᠨ ᠲᠦᠮᠡᠨ ᠬᠥᠮᠥᠨ᠎ᠤ ᠮᠠᠭᠲᠠᠭᠠᠯ ᠰᠠᠢᠰᠢᠶᠠᠯ᠎ᠢ ᠤᠯᠪᠠ
2026-07-20 09:32:55
ᠵᠣᠬᠢᠶᠠᠭ᠍ᠴᠢ᠄
ᠰᠦᠨ ᠯᠢᠦ
ᠣᠩᠱᠢᠭ᠍ᠰᠠᠨ ᠣᠳᠠᠭ᠎ᠠ᠄
★★★☆☆

ᠡᠨᠡ ᠵᠢᠯ᠎ᠦᠨ 1 ᠰᠠᠷ᠎ᠠ᠎ᠶᠢᠨ 1᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠡᠴᠡ ᠵᠢᠯᠤᠭᠣᠳᠴᠤ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠪᠦᠯᠦᠭᠯᠡᠯ᠎ᠡᠴᠡ ᠲᠠᠷᠬᠠᠭᠠᠭᠰᠠᠨ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠪᠦᠷᠢᠨ ᠴᠢᠳᠠᠮᠵᠢᠲᠦ ᠺᠠᠷᠲ᠎ᠢ ᠵᠢᠩᠬᠢᠨᠢ᠎ᠪᠡᠷ ᠰᠦᠯᠵᠢᠶᠡᠨ᠎ᠳᠦ ᠭᠠᠷᠭᠠᠨ ᠪᠤᠷᠤᠯᠠᠭᠤᠯᠪᠠ᠃ ᠡᠨᠡ ᠬᠦ᠌ 299 ᠲᠥᠭᠥᠷᠢᠭ᠎ᠦᠨ ᠦᠨ᠎ᠡ ᠪᠦᠬᠦᠢ ᠵᠢᠭᠤᠯᠴᠢᠯᠠᠯ᠎ᠤᠨ ᠣᠨ᠎ᠤ ᠺᠠᠷᠲ᠎ᠢ ᠰᠦᠯᠵᠢᠶᠡᠨ ᠳ᠋ᠦ ᠭᠠᠷᠭᠠᠭᠠᠳ ᠬᠠᠭᠠᠰ ᠵᠢᠯ ᠪᠣᠯᠣᠭ᠎ᠠ ᠦᠭᠡᠢ᠎ᠪᠡᠷ ᠬᠢᠯᠠᠯᠵᠠᠮ᠎ᠠ ᠬᠢᠷᠢ ᠪᠦᠳᠦᠮᠵᠢ ᠤᠯᠤᠯ᠎ᠠ᠄ ᠺᠠᠷᠲ ᠲᠠᠷᠬᠠᠭᠠᠭᠰᠠᠨ ᠪᠥᠬᠥ ᠬᠡᠮᠵᠢᠶ᠎ᠡ ᠨᠢ 8 ᠲᠦᠮᠡ᠎ᠶᠢ ᠳᠠᠪᠠᠵᠤ᠂  ᠰᠣᠶᠣᠯ ᠵᠢᠭᠤᠯᠴᠢᠯᠠᠯ᠎ᠤᠨ ᠬᠠᠮᠢᠶ᠎ᠠ ᠪᠦᠬᠦᠢ ᠡᠵᠡᠩᠨᠡᠯᠲᠡ᠎ᠶᠢᠨ ᠣᠷᠣᠯᠭ᠎ᠠ᠎ᠶᠢ 1600 ᠲᠦᠮᠡᠨ ᠲᠥᠭᠥᠷᠢᠭ᠎ᠲᠠᠢᠴᠢᠯᠠᠵᠠᠢ᠃

ᠪᠦᠷᠢᠨ ᠴᠢᠳᠠᠮᠵᠢᠲᠦ ᠺᠠᠷᠲ᠎ᠤᠨ 《ᠠᠷᠠᠳ᠎ᠲᠤ ᠠᠰᠢᠭ᠋ ᠬᠦᠷᠲᠡᠭᠡᠬᠦ ᠳᠠᠩᠰᠠ》᠄ ᠲᠦᠮᠡᠨ ᠲᠥᠭᠥᠷᠢᠭ᠎ᠦᠨ ᠡᠷᠬᠡ ᠠᠰᠢᠭ᠋ ᠪᠠ 199 ᠲᠥᠭᠥᠷᠢᠭ᠎ᠦᠨ 《ᠦᠨ᠎ᠡ ᠬᠠᠨᠭᠰᠢ᠎ᠶᠢᠨ ᠨᠦᠯᠦᠭᠡᠯᠡᠯᠴᠡᠯ》

《i ᠵᠢᠭᠤᠯᠴᠢᠯᠠᠯ ᠥᠪᠥᠷ ᠮᠣᠩᠭᠣᠯ》᠂ 《ᠡᠭᠦᠯᠡᠨ ᠵᠢᠭᠤᠯᠴᠢᠯᠠᠯ ᠥᠪᠥᠷ ᠮᠣᠩᠭᠣᠯ》 ᠵᠡᠷᠭᠡ ᠠᠯᠪᠠᠨ᠎ᠤ ᠲᠠᠯ᠎ᠠ᠎ᠶᠢᠨ ᠵᠢᠵᠢᠭ ᠫᠷᠣᠭ᠌ᠷᠠᠮ᠎ᠤᠨ ᠺᠠᠷᠲ ᠬᠤᠳᠠᠯᠳᠤᠨ ᠠᠪᠬᠤ ᠨᠢᠭᠤᠷ᠎ᠲᠤ᠂ 《299 ᠲᠥᠭᠥᠷᠢᠭ》᠎ᠤ᠋ᠨ ᠦᠨ᠎ᠡ ᠬᠠᠩᠰᠢ᠎ᠨᠢ 《8576 ᠲᠥᠭᠥᠷᠢᠭ ᠰᠢᠭᠤᠳ ᠬᠢᠮᠲᠠᠷᠠᠭᠤᠯᠬᠤ》᠎ᠲᠠᠢ ᠢᠯᠡ ᠬᠠᠷᠢᠴᠠᠭᠤᠯᠤᠯ ᠪᠤᠯᠵᠤ᠂ ᠬᠡᠷᠡᠭᠯᠡᠭᠴᠢᠳ᠎ᠦᠨ ᠦᠨ᠎ᠡ ᠬᠠᠩᠰᠢ᠎ᠶᠢᠨ ᠰᠡᠷᠭᠡᠭ ᠮᠡᠳᠡᠷᠡᠯ᠎ᠢ ᠲᠤᠢᠯ᠎ᠤᠨ ᠣᠨᠣᠪᠴᠢᠲᠠᠶ᠎ᠪᠠᠷ ᠬᠦᠨᠳᠡᠪᠡ᠃ ᠺᠠᠷᠲ ᠡᠵᠡᠮᠰᠢᠭᠴᠢ᠎ᠶᠢᠨ ᠡᠳ᠋ᠯᠡᠵᠦ ᠪᠣᠯᠬᠤ ᠶᠡᠷᠦᠩᠬᠡᠢ ᠡᠷᠬᠡ ᠠᠰᠢᠭ᠋ ᠨᠢ 1 ᠲᠦᠮᠡᠨ ᠲᠥᠭᠥᠷᠢᠭ ᠰᠢᠬᠠᠮ ᠪᠠᠢᠵᠤ᠂ ᠥᠪᠥᠷ ᠮᠣᠩᠭᠣᠯ᠎ᠤᠨ 12 ᠠᠢᠮᠠᠭ ᠬᠣᠲᠠ᠎ᠶᠢᠨ 126 ᠴᠢᠨᠠᠷ ᠰᠠᠢᠲᠠᠢ ᠦᠵᠡᠮᠵᠢ᠎ᠶᠢᠨ ᠣᠷᠣᠨ᠎ᠤ ᠡᠭᠦᠳᠡᠨ ᠪᠢᠯᠧᠲ᠎ᠢ ᠬᠠᠮᠤᠷᠴᠠᠢ᠂ ᠡᠭᠦᠨ᠎ᠳᠦ 5A ᠲᠠᠰ᠎ᠤᠨ 7 ᠦᠵᠡᠮᠵᠢ᠎ᠶᠢᠨ ᠣᠷᠣᠨ᠂ 4A ᠲᠠᠰ᠎ᠤᠨ 74 ᠦᠵᠡᠮᠵᠢ᠎ᠶᠢᠨ ᠣᠷᠣᠨ ᠪᠠᠭᠲᠠᠨ᠎ᠠ᠃ ᠬᠡᠪᠳᠡᠭᠡ ᠦᠭᠡᠷ᠎ᠤᠨ ᠲᠤᠬᠤᠢ ᠬᠠᠲᠤᠨ ᠭᠣᠣᠯ᠎ᠤᠨ ᠶᠡᠬᠡ ᠬᠠᠪᠴᠢᠯ᠂ ᠮᠡᠷᠭᠡᠯ ᠭᠣᠣᠯ᠂ ᠷᠠᠰᠢᠶᠠᠨ᠎ᠤ ᠴᠠᠢᠬ᠎ᠠ ᠭᠣᠣᠯ᠎ᠤᠨ ᠵᠢᠭᠤᠯᠴᠢᠯᠠᠯ᠎ᠤᠨ ᠣᠷᠣᠨ᠂ ᠪᠦᠷᠢᠶ᠎ᠡ ᠮᠠᠩᠬ᠎ᠠ ᠵᠡᠷᠭᠡ ᠨᠡᠷᠡᠲᠦ ᠦᠵᠡᠮᠵᠢ᠎ᠵᠢᠨ ᠴᠡᠭ ᠴᠤ᠌ ᠪᠠᠭᠲᠠᠵᠤ ᠪᠤᠶ᠃

ᠦᠵᠡᠮᠵᠢ᠎ᠶᠢᠨ ᠣᠷᠣᠨ᠎ᠲᠡᠳᠦᠢ ᠦᠭᠡᠢ ᠪᠦᠷᠢᠨ ᠴᠢᠳᠠᠮᠵᠢᠲᠦ ᠺᠠᠷᠲ ᠨᠢ ᠪᠠᠰᠠ 27 ᠣᠳᠣᠨ ᠲᠠᠰ᠎ᠤᠨ ᠪᠠᠭᠤᠳᠠᠯ ᠎ᠳᠤ ᠬᠢᠮᠳᠠᠷᠠᠯ᠎ᠲᠠᠢ᠂ 49 ᠺᠢᠨᠣ᠋᠎ᠶᠢᠨ ᠣᠷᠳᠣᠨ᠎ᠳᠤ ᠺᠢᠨᠣ᠋ ᠦᠵᠡᠬᠦ ᠬᠠᠷᠠᠭᠠᠯᠵᠠᠯ᠎ᠲᠠᠢ᠂ ᠡᠭᠦᠨ᠎ᠦ ᠬᠠᠮᠲᠤ ᠳᠤᠮᠳᠠᠳᠤ ᠤᠯᠤᠰ᠎ᠤᠨ ᠴᠢᠯᠠᠭᠤᠨ ᠲᠣᠰᠣ᠌ ᠬᠢᠮᠢ᠎ᠶᠢᠨ ᠠᠵᠤ ᠦᠢᠯᠡᠳᠪᠦᠷᠢ᠎ᠶᠢᠨ ᠪᠦᠯᠦᠭᠯᠡᠯ᠎ᠤᠨ ᠲᠣᠰᠣ᠌ ᠵᠢ ᠨᠡᠮᠡᠬᠦ᠎ᠪᠠ ᠱᠦᠨ ᠹᠧᠩ ᠲᠦᠷᠭᠡᠨ ᠬᠦᠷᠭᠡᠯᠲᠡ᠎ᠳᠤ ᠪᠦᠷ ᠬᠢᠮᠳᠠᠷᠠᠯ᠎ᠲᠠᠢ ᠪᠠᠢᠵᠦ᠂ ᠥᠪᠥᠷ ᠮᠣᠩᠭᠣᠯ᠎ᠤᠨ 《ᡁᠢ ᡁᠢ ᠲᠦᠩ》 ᠠᠶᠠᠯᠠᠯ᠎ᠤᠨ ᠱᠤᠭᠤᠮ᠎ᠤᠨ ᠵᠠᠭᠤᠨ ᠲᠥᠭᠥᠷᠢᠭ᠎ᠦᠨ ᠨᠢᠰᠬᠡᠯ᠎ᠦᠨ ᠪᠢᠯᠧᠲ᠎ᠦᠨ ᠲᠤᠰᠬᠠᠢ ᠬᠠᠷᠠᠭᠠᠯᠵᠠᠯ᠎ᠦᠭᠬᠦ ᠵᠡᠷᠭᠡ ᠥᠷᠲᠡᠭ ᠨᠡᠮᠡᠭᠳᠡᠯ᠎ᠦᠨ ᠡᠷᠬᠡ ᠠᠰᠢᠭ᠋᠎ᠢ ᠥᠷᠭᠡᠳᠬᠡᠵᠦ᠂ 《ᠢᠳᠡᠬᠦ ᠬᠣᠨᠣᠬᠤ ᠶᠠᠪᠤᠵᠤ ᠰᠠᠭᠤᠬᠤ ᠵᠢᠭᠤᠯᠴᠢᠯᠠᠬᠤ ᠬᠤᠳᠠᠯᠳᠤᠨ ᠠᠪᠬᠤ ᠵᠤᠭ᠎ᠠ ᠴᠡᠩᠭᠡᠯ》᠎ᠤ᠋ᠨ ᠪᠥᠬᠥ ᠬᠡᠯᠬᠢᠶ᠎ᠡ ᠵᠢᠨ ᠬᠡᠷᠡᠭᠯᠡᠭᠡᠨ᠎ᠦ ᠪᠠᠢᠳᠠᠯ᠎ᠢ ᠪᠥᠬᠥ ᠲᠠᠯ᠎ᠠ᠎ᠪᠠᠷ ᠬᠠᠮᠤᠷᠤᠭᠰᠠᠨ ᠪᠠᠢᠨ᠎ᠠ᠃

《ᠰᠦᠯᠵᠢᠶᠡᠨ ᠠᠨᠳᠠ᠎ᠶᠢᠨ ᠰᠠᠨᠠᠭᠤᠯᠭ᠎ᠠ》 ᠎ᠡᠴᠡ 《ᠠᠯᠪᠠᠨ᠎ᠤ ᠲᠠᠯ᠎ᠠ᠎ᠵᠢᠨ ᠨᠠᠢᠳᠠᠪᠤᠷᠢᠵᠢᠭᠤᠯᠤᠯᠲᠠ》 ᠬᠦᠷᠲᠡᠯ᠎ᠡ᠄ ᠪᠦᠷᠢᠨ ᠴᠢᠳᠠᠮᠵᠢᠳᠤ ᠺᠠᠷᠲ᠎ᠤᠨ ᠪᠤᠢ ᠪᠤᠯᠤᠭᠰᠠᠨ ᠥᠯᠢᠭᠡᠷ

ᠪᠦᠷᠢᠨ ᠴᠢᠳᠠᠮᠵᠢᠲᠦ ᠺᠠᠷᠲ ᠪᠤᠢ ᠪᠤᠯᠤᠭᠰᠠᠨ᠎ᠤ ᠠᠷᠤ᠎ᠳᠤ ᠪᠠᠰᠠ ᠠᠷᠠᠳ᠎ᠤᠨ ᠰᠡᠳᠬᠢᠯ᠎ᠢ ᠳᠤᠯᠠᠭᠠᠴᠡᠭᠤᠯᠤᠭᠰᠠᠨ ᠦᠯᠢᠭᠡᠷ᠎ᠪᠤᠢ᠃ 2025 ᠣᠨ᠎ᠳᠤ᠂ ᠵᠠᠷᠢᠮ ᠰᠦᠯᠵᠢᠶᠡᠨ ᠠᠨᠳᠠ ᠠᠷᠠᠳ᠎ᠤᠨ ᠰᠦᠯᠵᠢᠶ᠎ᠡ᠎ᠶᠢᠨ 《ᠤᠳᠤᠷᠢᠳᠤᠯᠭ᠎ᠠ᠎ᠳᠤ ᠦᠭᠡ ᠦᠯᠡᠳᠡᠭᠡᠬᠦ ᠰᠠᠮᠪᠠᠷ᠎ᠠ》 ᠎ᠪᠠᠷ ᠳᠠᠮᠵᠢᠭᠤᠯᠤᠨ ᠥᠪᠥᠷ ᠮᠣᠩᠭᠣᠯ᠎ᠳᠤ ᠵᠢᠭᠤᠯᠴᠢᠯᠠᠯ᠎ᠤᠨ ᠪᠦᠷᠢᠨ ᠴᠢᠳᠠᠮᠵᠢᠲᠦ ᠺᠠᠷᠲ ᠭᠠᠷᠭᠠᠬᠤ᠎ᠶᠢ ᠰᠠᠨᠠᠭᠤᠯᠵᠤ᠂ 《ᠵᠢᠭᠤᠯᠴᠢᠯᠠᠯ᠎ᠤᠨ ᠪᠦᠷᠢᠨ ᠴᠢᠳᠠᠮᠵᠢᠲᠦ ᠺᠠᠷᠲ ᠮᠠᠰᠢ ᠲᠥᠬᠥᠮ ᠪᠥᠭᠡᠳ ᠪᠠᠰᠠ ᠵᠣᠭᠣᠰᠤᠨ ᠳ᠋ᠦ ᠠᠷᠪᠢᠳᠠᠢ᠂ ᠥᠪᠥᠷ ᠮᠣᠩᠭᠣᠯ ᠴᠤ᠌ ᠪᠦᠷᠢᠨ ᠴᠢᠳᠠᠮᠵᠢᠲᠦ ᠺᠠᠷᠲ ᠭᠠᠷᠭᠠᠵᠤ᠂ ᠬᠡᠷᠡᠭᠯᠡᠭᠡ᠎ᠶᠢ ᠳᠠᠢᠴᠢᠯᠠᠬᠤ᠎ᠪᠠᠷ ᠪᠠᠷᠠᠬᠤ ᠦᠭᠡᠢ ᠡᠷᠬᠢᠨ ᠲᠣᠭᠣᠷᠢᠨ᠎ᠤ ᠬᠣᠲᠠ᠎ᠶᠢᠨ ᠰᠠᠭᠤᠭᠠᠯᠢ ᠠᠷᠠᠳ᠎ᠤᠨ ᠢᠯᠡᠭᠦᠬᠡᠨ ᠲᠣᠭᠣᠷᠢᠵᠤ ᠦᠵᠡᠬᠦ᠎ᠶᠢ ᠬᠦᠰᠡᠵᠦ ᠪᠠᠢᠨ᠎ᠠ》 ᠭᠡᠰᠡᠨ ᠦᠭᠡ ᠦᠯᠡᠳᠡᠭᠡᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠢᠳᠡᠪᠬᠢᠲᠡᠢ ᠬᠠᠷᠢᠭᠤ ᠥᠭᠭᠦᠭᠰᠡᠨ᠎ᠢᠶᠡᠷ ᠪᠠᠷᠠᠬᠤ ᠦᠭᠡᠢ᠂ ᠨᠠᠩ ᠴᠤ᠌ 2026 ᠣᠨ᠎ᠤ 1 ᠰᠠᠷ᠎ᠠ᠎ᠳᠤ ᠪᠦᠷᠢᠨ ᠴᠢᠳᠠᠮᠵᠢᠳᠤ ᠺᠠᠷᠲ᠎ᠢ ᠵᠢᠩᠬᠢᠨᠢ᠎ᠪᠡᠷ ᠨᠠᠢᠳᠠᠪᠤᠷᠢᠵᠢᠭᠤᠯᠪᠠ᠃

ᠡᠨᠡ ᠬᠦ᠌ ᠠᠷᠠᠳ᠎ᠤᠨ ᠰᠠᠨᠠᠭ᠎ᠠ᠎ᠶᠢ ᠴᠤᠭᠯᠠᠭᠤᠯᠬᠤ᠎ᠡᠴᠡ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠬᠤ ᠬᠦᠷᠲᠡᠯᠡᠬᠢ ᠲᠦᠷᠭᠡᠨ ᠴᠤᠤᠷᠢᠶᠠᠲᠤᠨ ᠳᠠᠭᠠᠬᠤ ᠲᠣᠭᠲᠡᠴᠡ ᠨᠢ ᠣᠷᠣᠨ ᠨᠤᠲᠤᠭ᠎ᠤᠨ ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ᠎ᠦᠨ ᠵᠠᠰᠠᠯᠲᠠ᠎ᠶᠢᠨ ᠰᠡᠳᠬᠢᠬᠦᠢ᠎ᠶᠢᠨ ᠲᠠᠯ᠎ᠠ᠎ᠪᠠᠷ 《ᠬᠠᠮᠢᠶᠠᠷᠤᠭ᠍ᠴᠢ》 ᠪᠠᠢᠭᠰᠠᠨ᠎ᠡᠴᠡ᠎ᠪᠠᠨ ᠦᠢᠯᠡᠴᠢᠯᠡᠭᠴᠢ》 ᠪᠣᠯᠵᠤ᠂ 《ᠡᠬᠢ ᠪᠠᠶᠠᠯᠢᠭ᠋᠎ᠢ ᠡᠵᠡᠮᠰᠢᠵᠦ》 ᠪᠠᠢᠭᠰᠠᠨ᠎ᠡᠴᠡ᠎ᠪᠠᠨ 《ᠡᠬᠢ ᠪᠠᠶᠠᠯᠢᠭ᠋᠎ᠢ ᠡᠵᠡᠩᠨᠡᠬᠦ》 ᠪᠣᠯᠵᠤ ᠲᠠᠰ ᠳᠡᠪᠰᠢᠭᠰᠡᠨ᠎ᠢ ᠬᠠᠷᠠᠭᠤᠯᠵᠤ ᠪᠠᠢᠨ᠎ᠠ᠃

ᠪᠦᠷᠢᠨ ᠴᠢᠳᠠᠮᠵᠢᠲᠦ ᠺᠠᠷᠲ᠎ᠤᠨ ᠦᠷᠲᠡᠭ ᠨᠢ ᠠᠷᠠᠳ᠎ᠲᠤ ᠠᠰᠢᠭ᠋ ᠬᠦᠷᠲᠡᠭᠡᠬᠦ ᠲᠡᠳᠦᠢ ᠪᠢᠰᠢ᠃ ᠲᠠᠷᠬᠠᠭᠠᠯᠲᠠ᠎ᠶᠢᠨ ᠲᠠᠯ᠎ᠠ᠎ᠡᠴᠡ ᠠᠪᠴᠤ ᠦᠵᠡᠪᠡᠯ《ᠪᠦᠬᠦ ᠣᠷᠣᠨ᠎ᠤ ᠴᠢᠨᠠᠷ ᠰᠠᠢᠲᠠᠢ ᠡᠬᠢ ᠪᠠᠶᠠᠯᠢᠭ᠋᠎ᠢ ᠨᠡᠢᠳᠬᠡᠵᠦ᠂ ᠵᠢᠭᠤᠯᠴᠢᠯᠠᠭᠰᠠᠳ᠎ᠤᠨ ᠵᠢᠭᠤᠯᠴᠢᠯᠠᠬᠤ ᠥᠪᠡᠷ᠎ᠦᠨ ᠦᠷᠳᠡᠭ᠎ᠢ ᠪᠠᠭᠤᠷᠠᠭᠤᠯᠵᠤ᠂ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠦ ᠳᠠᠯᠳᠠ ᠬᠦᠴᠦᠨ᠎ᠢ ᠬᠥᠭᠵᠢᠭᠡᠬᠦ》 ᠲᠦᠷᠦ᠎ᠶᠢᠨ ᠪᠣᠳᠣᠯᠭ᠎ᠠ᠎ᠶᠢᠨ ᠪᠠᠭᠠᠵᠢ ᠪᠣᠯᠣᠨ᠎ᠠ᠃ ᠪᠦᠷᠢᠨ ᠴᠢᠳᠠᠮᠵᠢᠲᠦ ᠺᠠᠷᠲ᠎ᠵᠢᠡᠷ ᠳᠠᠮᠵᠢᠨ᠂ ᠲᠠᠷᠠᠬᠠᠢ ᠪᠤᠲᠠᠷᠬᠠᠢ ᠴᠢᠨᠠᠷ ᠰᠠᠢᠲᠠᠢ ᠰᠣᠶᠣᠯ ᠵᠢᠭᠤᠯᠴᠢᠯᠠᠯ᠎ᠤᠨ ᠬᠠᠩᠭᠠᠯᠭ᠎ᠠ᠎ᠶᠢ ᠡᠷᠴᠢᠮᠵᠢᠭᠦᠯᠦᠭᠰᠡᠨ᠂ ᠬᠡᠪᠴᠢᠶᠡᠵᠢᠭᠦᠯᠦᠭᠰᠡᠨ ᠵᠢᠭᠤᠯᠴᠢᠯᠠᠯ᠎ᠤᠨ ᠦᠢᠯᠡᠳᠬᠦᠨ ᠪᠣᠯᠭᠠᠨ ᠬᠤᠪᠢᠷᠠᠭᠤᠯᠵᠤ᠂ ᠨᠠᠩ ᠴᠤ᠌ ᠪᠥᠬᠥ ᠬᠡᠯᠬᠢᠶ᠎ᠡ᠎ᠪᠡᠷ ᠢᠳᠡᠭᠡᠨ ᠤᠮᠳᠠᠭᠠᠨ᠂ ᠬᠣᠨᠣᠭ ᠪᠠᠭᠤᠳᠠᠯ᠂ ᠵᠢᠵᠢᠭᠯᠡᠨ ᠪᠤᠷᠤᠯᠠᠭᠤᠯᠬᠤ᠂ ᠵᠠᠮ ᠬᠠᠷᠢᠯᠴᠠᠭ᠎ᠠ ᠵᠡᠷᠭᠡ ᠬᠣᠯᠪᠣᠭᠳᠠᠬᠤ ᠡᠵᠡᠩᠨᠡᠯᠲᠡ᠎ᠶᠢᠨ ᠬᠡᠯᠪᠡᠷᠢ ᠪᠠᠢᠳᠠᠯ᠎ᠤᠨ ᠬᠡᠷᠡᠭᠯᠡᠭᠡ᠎ᠶᠢ ᠬᠣᠯᠪᠣᠯᠳᠤᠭᠤᠯᠤᠨ ᠳᠠᠶ᠋ᠢᠴᠢᠯᠠᠵᠤ ᠴᠢᠳᠠᠨ᠎ᠠ᠃

6 ᠰᠠᠷ᠎ᠠ᠎ᠶᠢᠨ 27 ᠎ᠤ᠋ ᠡᠳᠦᠷ ᠪᠣᠯᠲᠠᠯ᠎ᠠ᠂ ᠬᠥᠬᠡᠬᠣᠲᠠ ᠪᠤᠭᠤᠲᠤ ᠣᠷᠳᠣᠰ᠎ᠤᠨ ᠬᠣᠲᠠ᠎ᠶᠢᠨ ᠴᠠᠭᠠᠷᠢᠭ᠎ᠤᠨ ᠡᠷᠬᠡ ᠠᠰᠢᠭ᠋᠎ᠤᠨ ᠦᠵᠡᠮᠵᠢ᠎ᠶᠢᠨ ᠣᠷᠣᠨ᠎ᠤ ᠪᠣᠷᠣᠯᠠᠭᠤᠯᠤᠭᠰᠠᠨ ᠬᠡᠮᠵᠢᠶ᠎ᠡ ᠨᠢᠭᠡᠨᠲᠡ 9000 ᠬᠥᠮᠥᠨ ᠤᠳᠠᠭ᠎ᠠ᠎ᠶᠢ ᠳᠠᠪᠠᠭᠰᠠᠨ᠎ᠤ ᠬᠠᠮᠲᠤ᠂ ᠪᠦᠷᠢᠨ ᠴᠢᠳᠠᠮᠵᠢᠲᠦ ᠺᠠᠷᠲ᠎ᠨᠢ ᠵᠢᠭᠤᠯᠴᠢᠯᠠᠭᠰᠠᠳ᠎ᠤᠨ ᠬᠢᠩᠭᠠᠨ ᠠᠢᠮᠠᠭ᠂ ᠬᠥᠯᠥᠨ ᠪᠣᠶ᠋ᠢᠷ ᠬᠣᠲᠠ᠂ ᠰᠢᠯᠢ᠎ᠶᠢᠨ ᠭᠣᠣᠯ ᠠᠢᠮᠠᠭ ᠵᠡᠷᠭᠡ ᠭᠠᠵᠠᠷ ᠣᠷᠣᠨ᠎ᠳᠤ ᠣᠴᠢᠬᠤ᠎ᠶᠢ ᠲᠠᠢᠴᠢᠯᠠᠵᠦ᠂ ᠬᠡᠰᠡᠭ ᠦᠵᠡᠮᠵᠢ᠎ᠶᠢᠨ ᠣᠷᠣᠨ᠎ᠤ ᠠᠯᠳᠠᠷᠰᠢᠯ᠎ᠤᠨ ᠬᠡᠮᠵᠢᠶ᠎ᠡ ᠳᠣᠣᠷ᠎ᠠ᠂ ᠵᠢᠭᠤᠯᠴᠢᠯᠠᠭᠰᠠᠳ᠎ᠤᠨ ᠢᠷᠡᠯᠲᠡ ᠴᠦᠬᠡᠨ᠂ ᠡᠵᠡᠩᠨᠡᠯᠲᠡ᠎ᠶᠢᠨ ᠥᠪᠡᠷ᠎ᠦᠨ ᠥᠷᠲᠡᠭ ᠥᠨᠳᠥᠷ ᠪᠠᠢᠬᠤ ᠬᠦᠴᠢᠷᠳᠡᠯ᠎ᠢ ᠨᠠᠮᠳᠠᠭᠤᠯᠵᠤ᠂ ᠬᠡᠰᠡᠭ ᠦᠵᠡᠮᠵᠢ᠎ᠶᠢᠨ ᠣᠷᠣᠨ᠎ᠤ ᠵᠢᠭᠤᠯᠴᠢᠯᠠᠭᠰᠠᠳ᠎ᠤᠨ ᠲᠣᠭ᠎ᠠ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 200% ᠎ᠪᠡᠷ ᠨᠡᠮᠡᠭᠳᠡᠵᠡᠢ᠃

《ᠣᠷᠣᠨ᠎ᠤ ᠳᠣᠲᠣᠷᠠᠬᠢ ᠬᠠᠯᠠᠮᠰᠢᠯ》 ᠡᠴᠡ 《ᠪᠦᠬᠦ ᠤᠯᠤᠰ᠎ᠲᠦ ᠪᠠᠬᠠᠲᠠᠳ᠎ᠵᠢᠡᠨ ᠦᠷᠭᠡᠳᠭᠡᠭᠰᠡᠨ》 ᠬᠦᠷᠲᠡᠯ᠎ᠡ᠄ ᠡᠷᠬᠡ ᠠᠰᠢᠭ᠋ ᠦᠷᠭᠦᠯᠵᠢᠯᠡᠨ ᠥᠷᠭᠡᠵᠢᠵᠦ᠂ ᠪᠦᠷᠢᠨ ᠴᠢᠳᠠᠮᠵᠢᠲᠦ ᠺᠠᠷᠲ᠎ᠢᠶᠠᠷ ᠠᠯᠳᠠᠷᠰᠢᠬᠤ ᠶ᠋ᠢ ᠲᠦᠷᠭᠡᠳᠬᠡᠪᠡ

ᠪᠦᠷᠢᠨ ᠴᠢᠳᠠᠮᠵᠢᠲᠦ ᠺᠠᠷᠲ ᠠᠰᠢᠭ᠍ᠯᠠᠯᠲᠠ᠎ᠳᠤ ᠣᠷᠣᠭᠠᠳ ᠬᠠᠭᠠᠰ ᠰᠠᠷ᠎ᠠ ᠪᠣᠯᠣᠮᠠᠭᠴᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠲᠠᠢ ᠬᠠᠮᠲᠤᠷᠠᠨ 《ᠠᠵᠢᠯᠲᠠᠨ ᠠᠵᠢᠯᠴᠢᠨ᠎ᠤ ᠬᠡᠷᠡᠭᠯᠡᠭᠡᠨ᠎ᠦ ᠳᠠᠯᠳᠠ ᠬᠦᠴᠦᠨ᠎ᠢ ᠪᠠᠳᠠᠷᠠᠭᠤᠯᠵᠤ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ᠎ᠶᠢ ᠠᠬᠢᠭᠤᠯᠬᠤ ᠲᠤᠬᠠᠢ ᠮᠡᠳᠡᠭᠳᠡᠯ》᠎ᠢ᠋ ᠳᠠᠷᠤᠮᠠᠯᠯᠠᠨ ᠲᠠᠷᠬᠠᠭᠠᠪᠠ᠃ ᠮᠡᠳᠡᠭᠳᠡᠯ᠎ᠳᠦ᠂ ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ ᠭᠡᠰᠢᠭᠦᠳ᠎ᠦᠨ ᠡᠪᠯᠡᠯ᠎ᠤᠨ ᠵᠠᠷᠤᠳᠠᠯ᠎ᠢ ᠬᠡᠷᠡᠭᠯᠡᠵᠦ᠂ ᠭᠡᠰᠢᠭᠦᠳ᠎ᠲᠡᠭᠡᠨ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠪᠦᠷᠢᠨ ᠴᠢᠳᠠᠮᠵᠢᠲᠦ ᠺᠠᠷᠲ᠎ᠢ ᠨᠢᠭᠡᠳᠦᠯᠲᠡᠢ ᠬᠤᠳᠠᠯᠳᠤᠨ ᠠᠪᠴᠤ ᠥᠭᠭᠦ᠎ᠵᠢ ᠳᠡᠮᠵᠢᠨ᠎ᠡ᠃ ᠡᠭᠦᠨ᠎ᠦ ᠬᠠᠮᠲᠤ ᠪᠥᠬᠥ ᠣᠷᠣᠨ᠎ᠤ ᠦᠵᠡᠮᠵᠢ᠎ᠶᠢᠨ ᠣᠷᠣᠨ ᠦᠵᠡᠮᠵᠢ᠎ᠶᠢᠨ ᠴᠡᠭ᠂ ᠰᠣᠶᠣᠯ᠎ᠤᠨ ᠦᠪ᠎ᠦᠨ ᠲᠠᠯᠠᠪᠤᠷ ᠣᠷᠳᠣᠨ᠂ ᠲᠢᠶᠠᠲᠷ ᠵᠡᠷᠭᠡ ᠰᠣᠶᠣᠯ ᠵᠢᠭᠤᠯᠴᠢᠯᠠᠯ᠎ᠤᠨ ᠲᠠᠯᠠᠪᠤᠷ ᠭᠠᠵᠠᠷ᠎ᠢ ᠵᠣᠷᠢᠭ᠍ᠵᠢᠭᠤᠯᠵᠤ ᠪᠠᠢᠭᠠᠳ ᠰᠠᠷ᠎ᠠ ᠪᠦᠷᠢ 《ᠠᠵᠢᠯᠴᠢᠨ᠎ᠤ ᠡᠪᠯᠡᠯ᠎ᠦᠨ ᠭᠡᠰᠢᠭᠦᠨ᠎ᠦ ᠡᠳᠦᠷ》 ᠲᠤᠭᠲᠠᠭᠠᠵᠤ᠂ ᠺᠠᠷᠲ᠎ᠲᠠᠢ ᠭᠡᠰᠢᠭᠦᠳ᠎ᠲᠦ ᠲᠤᠰᠬᠠᠢ ᠦᠨ᠎ᠡ ᠪᠠᠭᠤᠷᠠᠭᠤᠯᠬᠤ᠂ ᠤᠷᠢᠳᠠᠪᠠᠷ ᠪᠡᠶᠡᠴᠢᠯᠡᠨ ᠣᠢᠯᠠᠭᠠᠬᠤ ᠵᠡᠷᠭᠡ ᠣᠨᠴᠠ ᠬᠠᠷᠠᠭᠠᠯᠵᠠᠯᠲᠤ ᠦᠢᠯᠡᠴᠢᠯᠡᠭᠡ ᠬᠠᠩᠭᠠᠨ᠎ᠠ ᠭᠡᠵᠦ ᠲᠤᠳᠤᠷᠬᠠᠢᠯᠠᠪᠠ᠃

ᠡᠵᠡᠩᠨᠡᠯᠲᠡ᠎ᠶᠢᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠺᠠᠷᠲ᠎ᠲᠠᠢ ᠬᠡᠷᠡᠭᠯᠡᠭᠴᠢ 47.22%᠎ᠢ᠋ ᠡᠵᠡᠯᠡᠵᠦ᠂ ᠭᠣᠣᠯ ᠵᠢᠭᠤᠯᠴᠢᠯᠠᠭᠰᠠᠳ᠎ᠤᠨ ᠤᠷᠤᠰᠴᠠ ᠨᠢ ᠬᠥᠬᠡᠬᠣᠲᠠ ᠪᠤᠭᠤᠲᠤ ᠣᠷᠳᠣᠰ᠎ᠤᠨ ᠬᠣᠲᠠ᠎ᠶᠢᠨ ᠴᠠᠭᠠᠷᠢᠭ ᠲᠤ᠌ ᠲᠥᠪᠯᠡᠷᠡᠵᠦ ᠪᠠᠢᠨ᠎ᠠ; ᠮᠤᠵᠢ᠎ᠶᠢᠨ ᠭᠠᠳᠠᠨᠠᠬᠢ ᠠᠶᠠᠨᠴᠢᠳ᠎ᠤᠨ ᠢᠷᠡᠯᠲᠡ ᠱᠠᠨᠰᠢ᠂ ᠱᠠᠨ ᠰᠢ᠂ ᠭᠤᠸᠠᠩᠳᠦ᠋ᠩ᠂ ᠱᠠᠨᠳᠦ᠋ᠩ ᠵᠡᠷᠭᠡ ᠮᠤᠵᠢ ᠣᠷᠣᠨ᠎ᠢ ᠥᠷᠭᠡᠨ᠎ᠢᠶᠡᠷ ᠬᠠᠮᠤᠷᠴᠤ᠂ ᠣᠷᠣᠨ ᠪᠦᠰᠡ ᠠᠯᠤᠰᠯᠠᠨ ᠵᠢᠭᠤᠯᠴᠢᠯᠠᠭᠰᠠᠳ᠎ᠢ ᠲᠠᠲᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃

ᠣᠳᠣᠬᠠᠨ᠎ᠳᠤ᠂ ᠪᠦᠷᠢᠨ ᠴᠢᠳᠠᠮᠵᠢᠲᠦ ᠺᠠᠷᠲ᠎ᠤᠨ ᠡᠷᠬᠡ ᠠᠰᠢᠭ᠋᠎ᠤᠨ ᠵᠠᠭᠠᠭ ᠮᠥᠨ ᠬᠦ᠌ ᠦᠷᠭᠦᠯᠵᠢᠯᠡᠨ ᠥᠷᠭᠡᠳᠴᠦ ᠪᠠᠢᠨ᠎ᠠ᠃ ᠠᠯᠪᠠᠨ᠎ᠤ ᠲᠠᠯ᠎ᠠ ᠡᠴᠡ ᠬᠣᠢᠰᠢᠳᠠ ᠲᠣᠭᠯᠠᠯᠲᠠ᠂ ᠡᠷᠡᠭᠦᠯᠵᠢᠯ ᠰᠤᠪᠢᠯᠠᠯᠲᠠ ᠰᠡᠯᠡᠭᠦᠴᠡᠯ᠂ ᠣᠨᠴᠠᠯᠢᠭ᠍ᠲᠤ ᠢᠳᠡᠭᠡᠨ ᠤᠮᠳᠠᠭᠠᠨ᠂ ᠴᠢᠨᠠᠷ ᠰᠠᠢᠲᠠᠢ ᠪᠠᠭᠤᠳᠠᠯ ᠵᠡᠷᠭᠡ ᠣᠯᠠᠨ ᠡᠰᠢᠲᠦ ᠬᠡᠷᠡᠭᠯᠡᠭᠡᠨ᠎ᠦ ᠲᠠᠯᠠᠪᠤᠷ᠎ᠲᠤ ᠠᠯᠬᠤᠮ ᠠᠯᠬᠤᠮ᠎ᠢᠶᠠᠷ ᠣᠷᠣᠭᠤᠯᠤᠨ᠎ᠠ᠃ ᠦᠪᠦᠷ ᠮᠤᠨᠭᠭᠤᠯ᠎ᠤᠨ ᠭᠦᠯ ᠪᠦᠮᠪᠦᠭᠡ᠎ᠵᠢᠨ ᠬᠡᠳᠦ ᠳᠡᠰ᠎ᠤᠨ ᠬᠣᠯᠪᠣᠭᠠᠲᠤ ᠤᠷᠤᠯᠳᠤᠭᠠᠨ ᠵᠡᠷᠭᠡ ᠤᠷᠤᠯᠳᠤᠭᠠᠨ᠎ᠲᠠᠢ ᠤᠶᠠᠯᠳᠤᠭᠤᠯᠤᠨ᠂ ᠪᠦᠷᠢᠨ ᠴᠢᠳᠠᠮᠵᠢᠲᠦ ᠺᠠᠷᠲ᠎ᠵᠢᠡᠷ ᠠᠷᠠᠳ᠎ᠲᠤ ᠠᠰᠢᠭ᠋ ᠬᠦᠷᠲᠡᠭᠡᠬᠦ ᠦᠢᠯᠡᠳᠦᠯ᠎ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ ᠭᠡᠵᠦ ᠲᠤᠳᠤᠷᠬᠠᠢᠯᠠᠪᠠ᠃

ᠡᠩ᠎ᠦᠨ ᠵᠢᠭᠤᠯᠴᠢᠯᠠᠭᠰᠠᠳ᠎ᠲᠤ ᠠᠪᠴᠤ ᠬᠡᠯᠡᠪᠡᠯ᠂ ᠡᠨᠡ ᠪᠦᠷᠢᠨ ᠴᠢᠳᠠᠮᠵᠢᠳᠤ ᠺᠠᠷᠲ ᠨᠢ ᠵᠥᠪᠬᠡᠨ ᠲᠠᠯ᠎ᠠ ᠨᠤᠲᠤᠭ᠂ ᠣᠶ ᠰᠢᠭᠤᠢ᠂ ᠡᠯᠡᠰᠦ ᠮᠠᠩᠬ᠎ᠠ᠂ ᠨᠠᠭᠤᠷ ᠴᠥᠭᠥᠷᠥᠮ᠂ ᠮᠥᠰᠥ ᠴᠠᠰᠤᠨ᠎ᠤ ᠠᠶᠠᠯᠠᠯ᠎ᠢ ᠡᠬᠢᠯᠡᠭᠦᠯᠬᠦ ᠲᠦᠯᠬᠢᠭᠦᠷ ᠪᠠᠢᠵᠤ ᠮᠡᠳᠡᠨ᠎ᠡ᠂ ᠭᠡᠪᠡᠴᠦ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠲᠦ ᠠᠪᠴᠤ ᠬᠡᠯᠡᠪᠡᠯ᠂ ᠲᠡᠷᠡ ᠨᠢ ᠡᠬᠢ ᠪᠠᠶᠠᠯᠢᠭ᠋᠎ᠢ ᠨᠡᠢᠳᠭᠡᠬᠦ ᠴᠢᠳᠠᠪᠤᠷᠢ᠎ᠶᠢᠨ ᠲᠥᠪᠯᠡᠷᠡᠩᠭᠦᠢ ᠦᠵᠡᠭᠦᠯᠭᠡ ᠪᠣᠯᠬᠤ ᠪᠥᠭᠡᠳ ᠪᠠᠰᠠ ᠴᠤ᠌ 《ᠡᠭᠦᠳᠡᠨ ᠪᠢᠯᠧᠲ᠎ᠦᠨ ᠠᠵᠤ ᠠᠬᠤᠢ》᠎ᠡᠴᠡ 《 ᠶᠡᠷᠦᠩᠬᠡᠢᠯᠡᠭᠰᠡᠨ ᠬᠡᠷᠡᠭᠯᠡᠭᠡ》 ᠳᠠᠢᠰᠢ ᠬᠡᠯᠪᠡᠷᠢ᠎ᠪᠡᠨ ᠬᠤᠪᠢᠷᠠᠭᠤᠯᠬᠤ ᠢᠳᠡᠪᠬᠢᠲᠡᠢ ᠰᠦᠪᠡᠭᠴᠢᠯᠡᠯᠲᠡ ᠪᠣᠯᠣᠨ᠎ᠠ᠃ ᠪᠦᠷᠢᠨ ᠴᠢᠳᠠᠮᠵᠢᠲᠦ ᠺᠠᠷᠲ᠎ᠢᠶᠠᠷ ᠬᠣᠯᠪᠣᠭᠠᠰᠤ ᠪᠣᠯᠭᠠᠵᠤ᠂ ᠥᠪᠥᠷ ᠮᠣᠩᠭᠣᠯ ᠶᠠᠭ 《ᠪᠦᠷᠢᠨ ᠴᠢᠳᠠᠮᠵᠢᠳᠤ ᠺᠠᠷᠲ᠎ᠢᠶᠠᠷ ᠬᠦᠳᠦᠯᠦᠨ ᠲᠠᠢᠴᠢᠯᠠᠬᠤ᠂ ᠣᠯᠠᠨ ᠠᠵᠢᠯ ᠲᠥᠷᠥᠯ ᠬᠣᠯᠪᠤᠭᠠᠯᠠᠨ ᠬᠥᠳᠡᠯᠦᠯᠴᠡᠬᠦ᠂ ᠪᠥᠬᠥ ᠣᠷᠣᠨ ᠪᠦᠰᠡ᠎ᠪᠡᠷ᠎ᠢᠶᠡᠨ ᠬᠠᠮᠵᠢᠯᠴᠠᠬᠤ》 ᠰᠣᠶᠣᠯ ᠵᠢᠭᠤᠯᠴᠢᠯᠠᠯ᠎ᠤᠨ ᠬᠥᠭᠵᠢᠯᠲᠡ᠎ᠶᠢᠨ ᠰᠢᠨ᠎ᠡ ᠪᠠᠢᠷᠢᠰᠢᠯ᠎ᠢ ᠲᠦᠷᠭᠡᠨ ᠪᠦᠷᠢᠯᠳᠦᠭᠦᠯᠵᠦ᠂ ᠥᠪᠥᠷ ᠮᠣᠩᠭᠣᠯ᠎ᠤᠨ 《 ᠪᠥᠬᠥ ᠤᠯᠠᠷᠢᠯ᠎ᠤᠨ ᠵᠢᠭᠤᠯᠴᠢᠯᠠᠯ᠂ ᠪᠥᠬᠥ ᠣᠷᠣᠨ ᠪᠦᠰᠡ᠎ᠶᠢᠨ ᠵᠢᠭᠤᠯᠴᠢᠯᠠᠯ 》 ᠎ᠤ᠋ᠨ ᠣᠨᠴᠠᠯᠢᠭ᠍ᠲᠤ ᠲᠥᠷᠥᠯ ᠲᠡᠮᠳᠡᠭ᠎ᠢ ᠴᠣᠭᠴᠠᠯᠠᠬᠤ᠎ᠳᠤ ᠤᠳᠠᠭᠠᠨ ᠳᠠᠭᠠᠭᠠᠮᠠᠭᠠᠢ ᠬᠥᠳᠡᠯᠭᠡᠬᠦ ᠬᠦᠴᠦᠨ ᠨᠡᠮᠡᠷᠢᠯᠡᠵᠦ ᠪᠣᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号