ᠲᠦᠷᠦᠭᠦᠭᠡᠨ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠤᠷᠢᠶ᠎ᠠ᠎ᠵᠢᠨ ᠵᠣᠬᠢᠶᠠᠨ ᠪᠠᠶ᠋ᠢᠭᠤᠯᠬᠤ ᠬᠡᠯᠲᠡᠰ ᠠᠯᠪᠠᠨ ᠪᠠᠶ᠋ᠢᠭᠤᠯᠭ᠎ᠠ᠎ᠶ᠋ᠢᠨ ᠵᠠᠯᠠᠭᠤ ᠺᠠᠳ᠋ᠷᠴᠤᠳ᠎ᠤᠨ ᠵᠠᠰᠠᠭ᠎ᠤᠨ ᠠᠵᠢᠯ ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶ᠋ᠢ ᠪᠣᠢ ᠪᠣᠯᠭᠠᠬᠤ ᠪᠠ ᠦᠢᠯᠡᠳᠦᠯᠭᠡᠵᠢᠭᠦᠯᠬᠦ ᠶᠠᠷᠢᠯᠴᠠᠬᠤ ᠬᠤᠷᠠᠯ ᠬᠤᠷᠠᠯᠳᠤᠭᠤᠯᠪᠠ᠃ 6 ᠵᠠᠯᠠᠭᠤ ᠺᠠᠳ᠋ᠷᠴᠤᠳ᠎ᠤᠨ ᠲᠥᠯᠦᠭᠡᠯᠡᠭᠴᠢ ᠲᠤᠰ ᠪᠡᠶ᠎ᠡ᠎ᠶ᠋ᠢᠨ ᠠᠵᠢᠯᠪᠠ ᠰᠤᠷᠤᠯᠴᠠᠯᠭᠠᠲᠠᠢᠪᠠᠨ ᠤᠶᠠᠯᠳᠤᠭᠤᠯᠤᠨ ᠶᠠᠷᠢᠯᠴᠠᠨ ᠰᠣᠯᠢᠯᠴᠠᠪᠠ᠃
ᠬᠤᠷᠠᠯ᠎ᠡᠴᠡ᠂ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ ᠪᠣᠯ ᠤᠯᠤᠰ ᠲᠥᠷᠦᠴᠢ ᠴᠢᠨᠠᠷ᠎ᠢᠶᠠᠷ ᠲᠤᠶ᠋ᠢᠯ᠎ᠤᠨ ᠴᠢᠩᠭ᠎ᠠ ᠪᠠᠶ᠋ᠢᠭᠤᠯᠭ᠎ᠠ ᠮᠥᠨ᠂ ᠵᠠᠯᠠᠭᠤ ᠵᠣᠬᠢᠶᠠᠨ ᠪᠠᠶ᠋ᠢᠭᠤᠯᠬᠤ ᠠᠵᠢᠯ᠎ᠤᠨ ᠺᠠᠳ᠋ᠷ ᠪᠣᠯᠤᠭᠰᠠᠨ᠎ᠤ ᠬᠤᠪᠢ᠎ᠳᠤ ᠡᠷᠬᠡᠪᠰᠢ ᠡᠨᠡᠬᠦ᠌ ᠦᠨᠳᠦᠰᠦᠨ ᠠᠰᠠᠭᠤᠳᠠᠯ ᠳᠡᠭᠡᠷ᠎ᠡ ᠴᠢᠭᠯᠡᠯ ᠲᠣᠳᠤᠷᠬᠠᠢ᠂ ᠰᠡᠳᠬᠢᠴᠡ ᠲᠣᠳᠤᠷᠬᠠᠢ᠂ ᠠᠯᠬᠤᠭ᠎ᠠ ᠡᠷᠡᠰ ᠪᠠᠲᠤ᠌ ᠪᠠᠶ᠋ᠢᠬᠤ ᠬᠡᠷᠡᠭᠲᠡᠢ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠷᠠᠳᠤᠭᠰᠠᠨ 《ᠤᠯᠤᠰ ᠲᠥᠷᠦ᠎ᠶ᠋ᠢ ᠡᠷᠬᠢᠮᠯᠡᠬᠦ᠂ ᠲᠦᠪ ᠭᠤᠤᠯᠴᠢ᠎ᠶ᠋ᠢ ᠴᠢᠬᠤᠯᠠᠴᠢᠯᠠᠬᠤ᠂ ᠲᠤᠬᠠᠶ᠋ᠢᠯᠠᠭᠰᠠᠨ ᠠᠵᠢᠯ᠎ᠳᠠᠭᠠᠨ ᠴᠠᠭᠠᠷᠠᠬᠤ᠂ ᠣᠪᠤᠷ ᠰᠤᠷᠲᠠᠯ ᠰᠠᠶ᠋ᠢᠨ ᠪᠠᠢᠬᠤ》 ᠱᠠᠭᠠᠷᠳᠠᠯᠭ᠎ᠠ᠎ᠶ᠋ᠢ ᠯᠠᠪᠳᠠᠭᠤᠨ ᠪᠠᠲᠤᠲᠠᠢ ᠦᠢᠯᠡᠳᠦᠯᠭᠡᠵᠢᠭᠦᠯᠵᠦ᠍᠂ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠢ ᠵᠦᠪ ᠦᠵᠡᠯᠲᠡ ᠵᠢ ᠪᠤᠢ ᠪᠤᠯᠭᠠᠬᠤ᠎ᠪᠠᠷ ᠵᠢᠯᠤᠭᠤᠳᠤᠯᠭ᠎ᠠ ᠪᠣᠯᠭᠠᠵᠤ᠂ ᠲᠤᠭ ᠲᠡᠮᠳᠡᠭ ᠲᠣᠳᠤᠷᠬᠠᠢ᠎ᠪᠠᠷ ᠤᠯᠤᠰ ᠲᠦᠷᠦ᠎ᠶ᠋ᠢ ᠡᠷᠬᠢᠮᠯᠡᠬᠦ᠎ᠵᠢ ᠲᠡᠷᠢᠭᠦᠨ ᠴᠢᠬᠤᠯᠠ ᠪᠠᠷᠢᠮᠵᠢᠶ᠎ᠠ ᠪᠣᠯᠭᠠᠵᠤ᠂ ᠵᠠᠷᠴᠢᠮ᠎ᠢ ᠪᠠᠷᠢᠮᠲᠠᠯᠡᠨ ᠲᠥᠪ ᠭᠤᠤᠯᠴᠢ᠎ᠶ᠋ᠢ ᠴᠢᠬᠤᠯᠠᠴᠢᠯᠠᠬᠤ᠎ᠶ᠋ᠢ ᠤᠷᠤᠰᠢᠨ ᠲᠤᠬᠳᠠᠨᠢᠬᠤ ᠵᠢᠨ ᠦᠨᠳᠦᠰᠦ ᠪᠣᠯᠭᠠᠵᠤ᠂ ᠲᠥᠪ ᠭᠤᠤᠯᠴᠢ ᠠᠷᠢᠭᠤᠨ ᠴᠢᠬᠡᠴᠢ ᠰᠤᠷᠲᠠᠯ᠎ᠢ ᠪᠤᠢ ᠪᠤᠯᠭᠠᠬᠤ ᠪᠡᠷ ᠵᠠᠰᠠᠭ᠎ᠦᠨ ᠠᠵᠢᠯ ᠡᠷᠬᠢᠯᠡᠬᠦ ᠲᠡᠪᠢᠰᠭᠡᠷ ᠦᠩᠭᠡ ᠪᠣᠯᠭᠠᠵᠤ᠂ 《ᠬᠤᠶᠠᠷ᠎ᠢ ᠲᠣᠭᠲᠠᠭᠠᠬᠰᠠᠨ》 ᠢ᠋ ᠦᠨᠡᠨᠴᠢ ᠪᠠᠷ ᠬᠦᠷᠢᠶᠡᠯᠡᠵᠦ᠍᠂ 《ᠬᠤᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭᠲᠡᠢ ᠬᠡᠵᠤ ᠵᠢᠭᠠᠵᠤ ᠭᠠᠷᠭᠠᠵᠠᠢ᠃
ᠬᠤᠷᠠᠯ᠎ᠡᠴᠡ᠂ ᠵᠠᠯᠠᠭᠤ ᠵᠣᠬᠢᠶᠠᠨ ᠪᠠᠶ᠋ᠢᠭᠤᠯᠬᠤ ᠠᠵᠢᠯᠳᠠᠳ ᠵᠠᠰᠠᠭ᠎ᠤᠨ ᠠᠵᠢᠯ᠎ᠦᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠢ ᠪᠣᠯᠭᠠᠬᠤ ᠪᠠ ᠦᠢᠯᠡᠳᠦᠯᠭᠡᠵᠢᠭᠦᠯᠵᠤ᠂ ᠨᠠᠮᠴᠢ ᠴᠢᠨᠠᠷ᠎ᠤᠨ ᠪᠣᠯᠪᠠᠰᠤᠷᠠᠯᠵᠢᠡᠨ ᠴᠢᠩᠭᠠᠳᠬᠠᠨ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠢ ᠪᠣᠯᠭᠠᠬᠤ ᠪᠠ ᠦᠢᠯᠡᠳᠦᠯᠭᠡᠵᠢᠭᠦᠯᠬᠦ᠌ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠨᠠᠷᠢᠨ ᠣᠶ᠋ᠢᠯᠠᠭᠠᠵᠤ᠂ 《ᠭᠤᠷᠪᠠᠨ ᠬᠤᠷᠠᠯ ᠨᠢᠭᠡ ᠬᠢᠴᠢᠶᠡᠯ》᠂ ᠭᠤᠤᠯ ᠰᠡᠳᠦᠪᠲᠦ᠍ ᠨᠠᠮ᠎ᠤᠨ ᠡᠳᠦᠷᠯᠢᠭ᠎ᠤᠨ ᠠᠵᠢᠯᠯᠠᠭ᠎ᠠ᠂ ᠵᠠᠯᠠᠭᠤᠴᠤᠳ᠎ᠤᠨ ᠤᠨᠤᠯ ᠰᠤᠷᠤᠯᠴᠠᠬᠤ ᠳᠤᠭᠤᠶ᠋ᠢᠯᠠᠩ ᠵᠡᠷᠭᠡ ᠠᠵᠢᠯᠯᠠᠭ᠎ᠠ᠎ᠳᠤ ᠲᠥᠪ ᠴᠢᠩᠭ᠎ᠠ ᠪᠡᠷ ᠨᠠᠷᠢᠨ ᠬᠢᠨᠠᠮᠠᠭᠠᠢ ᠣᠷᠤᠯᠴᠠᠵᠤ᠂ ᠵᠣᠬᠢᠶᠠᠨ ᠪᠠᠶ᠋ᠢᠭᠤᠯᠤᠯᠲᠠ᠎ᠶ᠋ᠢᠨ ᠠᠮᠢᠳᠤᠷᠠᠯ᠎ᠤᠨ ᠳᠤᠮᠳᠠ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠵᠤ᠂ ᠤᠯᠠᠨ ᠲᠦᠮᠡᠨ᠎ᠳᠤ ᠦᠢᠯᠡᠴᠢᠯᠡᠬᠦ᠌ ᠳᠤᠮᠳᠠ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠠᠶ᠋ᠢᠴᠠᠭᠠᠨ ᠰᠢᠯᠭᠠᠵᠤ᠂ 《ᠵᠣᠬᠢᠶᠠᠨ ᠪᠠᠶ᠋ᠢᠭᠤᠯᠬᠤ ᠠᠵᠢᠯ᠎ᠤᠨ ᠴᠡᠭᠴᠡᠯᠡᠨ ᠰᠠᠶ᠋ᠢᠵᠢᠷᠠᠭᠤᠯᠵᠤ ᠳᠡᠭᠡᠭᠰᠢᠯᠡᠭᠦᠯᠬᠦ᠌ ᠣᠨ》 ᠤ᠋ ᠭᠦᠨᠵᠡᠭᠡᠢ ᠪᠠᠶ᠋ᠢᠴᠠᠭᠠᠨ ᠰᠤᠳᠤᠯᠤᠯᠲᠠ᠎ᠳᠤ ᠢᠳᠡᠪᠬᠢᠲᠡᠢ ᠣᠷᠤᠯᠴᠠᠵᠤ᠂ ᠤᠯᠠᠨ ᠲᠦᠮᠡᠨ᠎ᠤ ᠰᠠᠨᠠᠯ ᠪᠠ ᠱᠠᠭᠠᠷᠳᠠᠯᠭ᠎ᠠ᠂ ᠰᠢᠭᠦᠮᠵᠢᠯᠡᠯ ᠪᠠ ᠰᠠᠨᠠᠭᠤᠯᠭ᠎ᠠ᠎ᠶ᠋ᠢ ᠯᠠᠪᠳᠠᠭᠤᠨ ᠪᠠᠲᠤᠲᠠᠢ ᠣᠶ᠋ᠢᠯᠠᠭᠠᠬᠤ ᠬᠡᠷᠡᠭᠲᠡᠢ᠃ ᠲᠡᠮᠡᠴᠡᠯ᠎ᠤᠨ ᠦᠢᠯᠡᠳᠦᠯᠭᠡ᠎ᠶ᠋ᠢᠨ ᠳᠤᠮᠳᠠ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠳᠠᠪᠲᠠᠨ ᠪᠣᠯᠪᠠᠰᠤᠷᠠᠭᠤᠯᠵᠤ᠂ ᠵᠣᠷᠢᠭᠲᠠᠢ᠎ᠪᠠᠷ ᠬᠦᠴᠢᠷ ᠪᠡᠷᠬᠡᠰᠢᠶᠡᠯ᠎ᠢ ᠡᠭᠦᠷᠭᠡᠯᠡᠵᠦ᠍᠂ ᠲᠥᠪ᠎ᠤᠨ ᠲᠣᠭᠤᠷᠢᠨ ᠪᠠᠶ᠋ᠢᠴᠠᠭᠠᠵᠤ ᠬᠠᠷᠢᠭᠤ ᠲᠤᠰᠭᠠᠭᠰᠠᠨ ᠰᠠᠨᠠᠯ᠎ᠢ ᠴᠡᠭᠴᠡᠯᠡᠨ ᠰᠠᠶ᠋ᠢᠵᠢᠷᠠᠭᠤᠯᠬᠤ᠂ ᠬᠤᠲᠠ ᠰᠢᠶᠠᠨ ᠰᠢᠶᠠᠩ᠎ᠤᠨ ᠤᠳᠤᠷᠢᠳᠭᠤ ᠪᠠᠭ᠎ᠤᠨ ᠬᠤᠭᠤᠴᠠᠭ᠎ᠠ ᠰᠣᠯᠢᠬᠤ᠂ ᠬᠥᠮᠦᠨ ᠰᠣᠩᠭᠤᠵᠤ ᠬᠥᠮᠦᠨ ᠬᠡᠷᠡᠭᠯᠡᠬᠦ᠌ ᠲᠥᠪ ᠪᠤᠰᠤ ᠰᠤᠷᠲᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠴᠢᠬᠤᠯᠠ ᠶᠡᠭᠡ ᠡᠭᠦᠷᠭᠡ᠎ᠶ᠋ᠢ ᠪᠤᠳᠠᠳᠠᠢ ᠳ᠋ᠤ ᠨᠠᠢᠳᠠᠪᠤᠷᠢᠵᠢᠭᠤᠯᠵᠤ᠂ ᠵᠣᠬᠢᠶᠠᠨ ᠪᠠᠶ᠋ᠢᠭᠤᠯᠬᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ᠎ᠶ᠋ᠢ ᠠᠬᠢᠭᠤᠯᠬᠤ ᠬᠡᠷᠡᠭᠲᠡᠢ ᠬᠡᠵᠤ ᠱᠠᠭᠠᠷᠳᠠᠵᠠᠢ᠃