ᠪᠦᠭᠦ ᠣᠷᠣᠨ ᠎ᠤ ᠮᠥᠩᠭᠥᠨ ᠭᠦᠢᠯᠭᠡᠭᠡᠨ ᠎ᠦ ᠰᠢᠰᠲᠧᠮ ᠎ᠤᠨ ᠨᠠᠮ ᠎ᠤᠨ ᠪᠠᠢᠭᠤᠯᠤᠯᠲᠠ᠎ᠶᠢᠨ ᠠᠵᠢᠯ᠎ᠤᠨ ᠬᠤᠷᠠᠯ ᠬᠤᠷᠠᠯᠳᠤᠪᠠ
2026-07-20 09:13:04
ᠵᠣᠬᠢᠶᠠᠭ᠍ᠴᠢ᠄
ᠯᠢ ᠶᠦᠩ ᠲᠤᠤ
ᠣᠩᠱᠢᠭ᠍ᠰᠠᠨ ᠣᠳᠠᠭ᠎ᠠ᠄
★★★☆☆

ᠬᠤᠸᠠᠩ ᡁᠢ ᠴᠢᠶᠠᠩ  ᠶᠠᠷᠢᠶ᠎ᠠ ᠲᠠᠯᠪᠢᠵᠠᠢ


7 ᠰᠠᠷ᠎ᠠ᠎ᠶᠢᠨ 18 ᠤ᠋ ᠡᠳᠦᠷ᠂ ᠪᠦᠭᠦ ᠣᠷᠣᠨ᠎ᠤ ᠮᠥᠩᠭᠥᠨ ᠭᠦᠢᠯᠭᠡᠭᠡᠨ᠎ᠦ ᠰᠢᠰᠲᠧᠮ ᠎ᠤᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠬᠤᠷᠠᠯ ᠬᠤᠷᠠᠯᠳᠤᠪᠠ᠃

ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠎ᠤ ᠠᠷᠠᠳ ᠎ᠤᠨ ᠵᠠᠰᠠᠭ ᠎ᠤᠨ ᠣᠷᠳᠣᠨ᠎ᠤ ᠪᠠᠢᠩᠭᠤ᠎ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠳᠠᠯᠪᠢᠵᠠᠢ᠃

ᠬᠤᠸᠠᠩ ᡁᠢ ᠴᠢᠶᠠᠩ᠂ ᠪᠦᠭᠦ ᠣᠷᠣᠨ᠎ᠤ ᠮᠥᠩᠭᠥᠨ ᠭᠦᠢᠯᠭᠡᠭᠡᠨ᠎ᠤ ᠰᠢᠰᠲᠧᠮ᠎ᠤᠨ ᠭᠢᠨ ᠰᠢ᠎ᠶᠢᠨ ᠫᠢᠩ ᠤ᠋ᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ᠎ᠶᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠤᠨ ᠤᠢ᠎ᠶᠢ ᠪᠡᠯᠭᠡᠯᠡᠬᠦ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠶᠢ ᠣᠳᠣᠬᠠᠨ ᠎ᠤ ᠪᠠ ᠬᠣᠢᠰᠢᠳᠠ᠎ᠶᠢᠨ ᠨᠢᠭᠡ ᠬᠤᠭᠤᠴᠠᠭᠠᠨ᠎ᠤ ᠴᠢᠬᠤᠯᠠ ᠤᠯᠤᠰ ᠲᠥᠷᠥ᠎ᠶᠢᠨ ᠡᠭᠦᠷᠭᠡ᠎ᠪᠡᠨ ᠪᠤᠯᠭᠠᠵᠤ᠂ ᠨᠠᠮ᠎ᠤᠨ ᠤᠯᠤᠰ ᠲᠦᠷᠦ᠎ᠶᠢᠨ ᠪᠠᠢᠭᠤᠯᠤᠯᠲᠠ᠎ᠶᠢ ᠦᠷᠭᠦᠯᠵᠢᠯᠡᠨ ᠴᠢᠩᠭᠠᠳᠬᠠᠵᠤ᠂ ᠨᠠᠮ ᠎ᠤᠨ ᠰᠢᠨ᠎ᠡ ᠡᠭᠦᠳᠦᠯᠲᠡ ᠵᠢᠨ ᠤᠨᠤᠯ᠎ᠢᠶᠠᠷ ᠵᠡᠪᠰᠡᠭᠯᠡᠬᠦ ᠎ᠶᠢ ᠭᠦᠨᠵᠡᠭᠡᠢᠷᠡᠭᠦᠯᠵᠦ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠮᠥᠩᠭᠥᠨ ᠭᠦᠢᠯᠭᠡᠭᠡᠨ᠎ᠦ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ᠎ᠤ ᠰᠠᠭᠤᠷᠢ᠎ᠶᠢ ᠪᠡᠬᠢᠵᠢᠭᠦᠯᠵᠦ᠂ ᠨᠠᠮ᠎ᠤᠨ ᠪᠠᠢᠭᠤᠯᠤᠯᠲᠠ᠎ᠶᠢᠨ ᠰᠢᠰᠲᠧᠮ᠎ᠢ ᠲᠡᠭᠦᠯᠳᠡᠷᠵᠢᠭᠦᠯᠵᠦ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠡᠯ᠎ᠢ ᠡᠰᠡᠷᠭᠦᠴᠡᠬᠦ᠎ᠶᠢ ᠭᠦᠨᠵᠡᠭᠡᠢ ᠠᠬᠢᠭᠤᠯᠵᠤ᠂ ᠨᠠᠮ᠎ᠤᠨ ᠪᠠᠢᠭᠤᠯᠤᠯᠲᠠ᠎ᠶᠢᠨ ᠦᠷ᠎ᠡ ᠪᠦᠲᠦᠮᠵᠢ᠎ᠶᠢ ᠮᠥᠩᠭᠥᠨ ᠭᠦᠢᠯᠭᠡᠭᠡᠨ ᠎ᠦ ᠠᠶᠤᠯ ᠲᠦᠭᠰᠢᠭᠦᠷᠢ᠎ᠶᠢ ᠰᠡᠷᠭᠡᠢᠯᠡᠬᠦ᠂ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠬᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠠᠵᠢᠯ ᠎ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢᠨ ᠵᠠᠰᠠᠬ ᠎ᠤᠨ ᠠᠵᠢᠯ᠎ᠤᠨ ᠪᠦᠲᠦᠮᠵᠢ ᠵᠢᠨ ᠳᠤᠬᠠᠢ ᠵᠦᠪ ᠦᠵᠡᠯᠲᠡ᠎ᠶᠢ ᠪᠠᠲᠤ ᠪᠤᠢ ᠪᠤᠯᠭᠠᠨ ᠦᠢᠯᠡᠳᠦᠯᠭᠡᠵᠢᠭᠦᠯᠬᠦ ᠵᠢ  ᠠᠬᠢᠭᠤᠯᠵᠤ᠂ ᠢᠮᠠᠭᠲᠠ ᠠᠮᠤᠷ ᠲᠦᠪᠰᠢᠨ ᠯᠠᠪᠳᠠᠭᠤᠨ ᠲᠣᠭᠲᠠᠭᠤᠨ᠎ᠢᠶᠠᠷ ᠡᠵᠡᠩᠨᠡᠯᠲᠠ᠎ᠶᠢ ᠪᠠᠲᠤᠯᠠᠵᠤ᠂ ᠭᠣᠣᠯ ᠬᠠᠷᠢᠭᠤᠴᠠᠯᠭ᠎ᠠ ᠭᠣᠣᠯ ᠲᠤᠬᠠᠢᠯᠠᠭᠰᠠᠨ ᠠᠵᠢᠯ ᠎ᠳᠤ ᠠᠩᠬᠠᠷᠤᠯ ᠎ᠢᠶᠠᠨ ᠲᠥᠪᠯᠡᠷᠡᠭᠦᠯᠦᠨ ᠪᠣᠳᠠᠲᠤ ᠴᠣᠭᠴᠠ᠎ᠶᠢᠨ ᠠᠵᠤ ᠠᠬᠤᠢ᠎ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ《1571》 ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ᠂ 《ᠠᠷᠪᠠᠨ ᠲᠠᠪᠤᠳᠤᠭᠠᠷ ᠲᠠᠪᠤᠨ ᠵᠢᠯ》 ᠎ᠤ᠋ᠨ ᠰᠠᠢᠨ ᠡᠭᠢᠯᠡᠯᠲᠡ᠎ᠶᠢ ᠪᠡᠶᠡᠯᠡᠭᠦᠯᠬᠦ᠎ᠳᠦ  ᠮᠥᠩᠭᠥᠨ ᠭᠦᠢᠯᠭᠡᠭᠡᠨ ᠎ᠦ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号