ᠦᠪᠦᠷ ᠮᠤᠡᠭᠭᠤᠯ ᠎ᠤᠨ ᠬᠤᠶᠠᠳᠤᠭᠠᠷ ᠬᠤᠭᠤᠴᠠᠭᠠᠨ ᠤ᠋ ᠪᠢᠰᠢᠯᠠᠭ ᠤ᠋ᠨ ᠠᠵᠤ ᠦᠢᠯᠡᠰ ᠤ᠋ᠨ ᠲᠦᠷᠦᠯ ᠲᠡᠮᠲᠡᠭ ᠤ᠋ᠨ ᠲᠠᠨᠢᠯᠴᠠᠭᠤᠯᠭ᠎ᠠ ᠶ᠋ᠢᠨ ᠬᠤᠷᠠᠯ ᠪᠤᠯᠪᠠ
2026-07-20 09:18:41
ᠵᠣᠬᠢᠶᠠᠭ᠍ᠴᠢ᠄
ᠼᠠᠢ ᠬᠤᠡᠭ ᠨᠠᠮᠤᠭ
ᠣᠩᠱᠢᠭ᠍ᠰᠠᠨ ᠣᠳᠠᠭ᠎ᠠ᠄
★★★☆☆

7 ᠰᠠᠷ᠎ᠠ ᠶ᠋ᠢᠨ 17 ᠡᠴᠡ19 ᠤ᠋ ᠡᠳᠦᠷ ᠪᠤᠯᠲᠠᠯ᠎ᠠ᠂ ᠦᠪᠦᠷ ᠮᠤᠡᠭᠭᠤᠯ ᠤ᠋ᠨ ᠬᠤᠶᠠᠳᠤᠭᠠᠷ ᠬᠤᠭᠤᠴᠠᠭᠠᠨ ᠤ᠋ ᠪᠢᠰᠢᠯᠠᠭ ᠤ᠋ᠨ ᠠᠵᠤ ᠦᠢᠯᠡᠰ ᠤ᠋ᠨ ᠲᠦᠷᠦᠯ ᠲᠡᠮᠲᠡᠭ ᠤ᠋ᠨ ᠲᠠᠨᠢᠯᠴᠠᠭᠤᠯᠭ᠎ᠠ ᠶ᠋ᠢᠨ ᠬᠤᠷᠠᠯ ᠬᠦᠬᠡᠬᠤᠲᠠ᠎ᠳ᠋ᠤ ᠶᠠᠪᠤᠭᠳᠠᠪᠠ᠃

ᠲᠤᠰ ᠤᠳᠠᠭ᠎ᠠ᠎ᠵᠢᠨ ᠠᠵᠢᠯᠯᠠᠭ᠎ᠠ ᠨᠢ 《ᠦᠪᠦᠷ ᠮᠤᠡᠭᠭᠤᠯ ᠤ᠋ᠨ ᠪᠢᠰᠢᠯᠠᠭ ᠰᠠᠢᠨ᠂ ᠰᠠᠢᠨ ᠪᠢᠰᠢᠯᠠᠭ ᠦᠪᠦᠷ ᠮᠤᠡᠭᠭᠤᠯ ᠳ᠋ᠦ ᠪᠤᠢ 》 ᠭᠡᠬᠦ ᠭᠤᠤᠯ ᠰᠡᠳᠦᠪ᠎ᠤᠨ ᠲᠤᠭᠤᠷᠢᠨ᠎ᠳᠤ ᠶᠠᠪᠤᠭᠳᠠᠵᠤ᠂ ᠠᠵᠢᠯᠯᠠᠭ᠎ᠠ᠎ᠳᠤ ᠤᠷᠤᠯᠴᠠᠭᠰᠠᠨ ᠲᠦᠯᠦᠭᠡᠯᠡᠭᠴᠢᠳ ᠮᠠᠨ᠎ᠤ ᠤᠷᠤᠨ᠎ᠤ ᠰᠦ᠎ᠵᠢᠨ ᠠᠵᠤ ᠦᠢᠯᠡᠰ᠎ᠤᠨ ᠡᠬᠢ ᠪᠠᠶᠠᠯᠢᠭ ᠬᠢᠭᠡᠳ ᠵᠠᠬ᠎ᠠ ᠲᠡᠯᠭᠡᠬᠦᠷ᠎ᠤᠨ ᠤᠳᠤᠬᠢ ᠪᠠᠢᠳᠠᠯ᠎ᠤᠨ ᠲᠤᠬᠠᠢ ᠬᠦᠨᠵᠡᠭᠡᠢ ᠰᠤᠳᠤᠯᠤᠨ ᠶᠠᠷᠢᠯᠴᠠᠵᠤ᠂ ᠪᠢᠰᠢᠯᠠᠭ᠎ᠤᠨ ᠠᠵᠤ ᠦᠢᠯᠡᠰ᠎ᠤᠨ ᠬᠦᠭᠵᠢᠯᠳᠠ ᠵᠢᠨ ᠵᠠᠮ᠎ᠢ ᠬᠠᠢᠨ ᠰᠦᠪᠡᠭᠴᠢᠯᠡᠵᠤ᠂ ᠲᠠᠰ ᠲᠠᠪᠰᠢᠬᠦᠯᠬᠦ ᠬᠠᠮᠳᠤ᠎ᠵᠢᠨ ᠲᠠᠨᠢᠯᠳᠠ ᠪᠠᠨ ᠨᠢᠬᠳᠠᠷᠠᠭᠤᠯᠪᠠ᠃

ᠠᠵᠢᠯᠯᠠᠭ᠎ᠠ ᠶ᠋ᠢᠨ ᠬᠤᠭᠤᠴᠠᠭᠠᠨ ᠳ᠋ᠦ ᠴᠡᠯᠡᠭᠡᠷ ᠲᠠᠯ᠎ᠠ ᠶ᠋ᠢᠨ ᠬᠦᠭᠡᠲᠡᠯ᠎ᠡ ᠨᠠᠷᠠᠨ ᠠᠭᠤᠳᠠᠮ ᠲᠠᠯᠠᠪᠠᠢ ᠳ᠋ᠦ ᠪᠢᠰᠢᠯᠠᠭ ᠤ᠋ᠨ ᠭᠤᠤᠯ ᠰᠡᠳᠦᠪᠲᠦ ᠵᠠᠬ᠎ᠠ ᠳᠡᠯᠭᠡᠭᠦᠷ ᠢ᠋ ᠨᠡᠬᠡᠭᠡᠵᠦ᠂ ᠪᠥᠬᠥ᠌ ᠣᠷᠣᠨ ᠤ᠋ ᠣᠨᠴᠠᠯᠢᠭᠲᠤ᠌ ᠴᠠᠭᠠᠨ ᠢᠳᠡᠭᠡᠨ᠎ᠢ ᠳᠡᠯᠭᠡᠨ ᠪᠣᠷᠣᠯᠠᠭᠤᠯᠬᠤ᠂ ᠤᠯᠠᠮᠵᠢᠯᠠᠯᠲᠤ ᠪᠢᠰᠢᠯᠠᠭ ᠬᠢᠬᠦ᠌ ᠤᠷ᠎ᠠ ᠮᠡᠷᠭᠡᠵᠢᠯ ᠤ᠋ᠨ ᠦᠵᠡᠭᠦᠯᠭᠡ᠂ ᠪᠢᠰᠢᠯᠠᠭ ᠠᠮᠲᠠᠯᠠᠭᠤᠯᠬᠤ ᠵᠡᠷᠭᠡ ᠠᠵᠢᠯᠯᠠᠭ᠎ᠠ ᠶᠠᠪᠤᠭᠳᠠᠭᠤᠯᠤᠨ᠂ ᠬᠦᠷᠦᠯᠴᠡᠨ ᠢᠷᠡᠭᠰᠡᠳ ᠲᠦ᠍ ᠲᠠᠯ᠎ᠠ ᠨᠤᠲᠤᠭ ᠤ᠋ᠨ ᠤᠯᠠᠮᠵᠢᠯᠠᠯᠲᠤ ᠴᠠᠭᠠᠨ ᠢᠳᠡᠭᠡᠨ ᠤ᠋ ᠦᠨᠦᠷ ᠠᠮᠲᠠ ᠬᠢᠭᠡᠳ ᠰᠢᠨ᠎ᠡ ᠵᠢ ᠡᠭᠦᠳᠬᠦ᠌ ᠠᠮᠢᠵᠢᠷᠠᠯ ᠤ᠋ᠨ ᠬᠦᠴᠦᠨ ᠢ᠋ ᠮᠡᠳᠡᠷᠡᠭᠦᠯᠪᠡ᠃ ᠢᠯᠢ᠂ ᠮᠧᠩ ᠨᠢᠤ ᠵᠡᠷᠭᠡ ᠴᠠᠭᠠᠨ ᠢᠳᠡᠭᠡᠨ ᠤ᠋ ᠲᠤᠮᠤ ᠳᠠᠭᠠᠭᠤᠯᠤᠭᠴᠢ ᠠᠵᠤ ᠠᠬᠤᠶ᠋ᠢᠯᠠᠯ ᠪᠢᠰᠢᠯᠠᠭ ᠤ᠋ᠨ ᠰᠢᠨ᠎ᠡ ᠪᠦᠲᠦᠭᠡᠭᠳᠡᠬᠦᠨ ᠢ᠋ ᠳᠡᠯᠭᠡᠨ ᠦᠵᠡᠭᠦᠯᠵᠦ᠂ ᠤᠯᠠᠮᠵᠢᠯᠠᠯᠲᠤ᠌ ᠴᠠᠭᠠᠨ ᠢᠳᠡᠭᠡᠨ ᠬᠢᠭᠡᠳ ᠤᠷᠤᠰᠬᠠᠯᠲᠤ᠌ ᠬᠡᠷᠡᠭᠯᠡᠭᠡ ᠶ᠋ᠢᠨ ᠬᠤᠤᠰ ᠴᠢᠭᠯᠡᠯ᠎ᠢᠶᠡᠷ ᠠᠭᠤᠰᠤᠯᠴᠠᠬᠤ ᠵᠢ ᠪᠡᠶᠡᠯᠡᠭᠦᠯᠪᠡ᠃ ᠠᠵᠢᠯᠯᠠᠭ᠎ᠠ ᠶ᠋ᠢᠨ ᠬᠤᠭᠤᠴᠠᠭᠠᠨ ᠳ᠋ᠦ ᠪᠠᠰᠠ ᠦᠪᠦᠷ ᠮᠤᠡᠭᠭᠤᠯ ᠤ᠋ᠨ ᠪᠢᠰᠢᠯᠠᠭ ᠤ᠋ᠨ ᠠᠵᠤ ᠦᠢᠯᠡᠰ ᠤ᠋ᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ᠋  ᠶᠠᠪᠤᠭᠳᠠᠭᠤᠯᠵᠤ᠂ ᠤᠯᠤᠰ ᠤ᠋ᠨ ᠲᠤᠳᠤᠭᠠᠳᠤ ᠶ᠋ᠢᠨ ᠪᠢᠰᠢᠯᠠᠭ ᠤ᠋ᠨ ᠠᠵᠤ ᠦᠢᠯᠡᠰ ᠤ᠋ᠨ ᠤᠳᠤᠬᠢ ᠬᠦᠭᠵᠢᠯᠲᠡ ᠶ᠋ᠢᠨ ᠪᠠᠢᠳᠠᠯ ᠪᠠ ᠢᠷᠡᠭᠡᠳᠦᠢ ᠶ᠋ᠢᠨ ᠬᠦᠭᠵᠢᠯᠲᠡ ᠶ᠋ᠢᠨ ᠴᠢᠭᠯᠡᠯ ᠳ᠋ᠦ ᠬᠦᠨᠵᠡᠭᠡᠢ ᠵᠠᠳᠠᠯᠤᠯᠲᠠ ᠬᠢᠪᠡ᠃

ᠲᠤᠰ ᠤᠳᠠᠭᠠᠨ ᠤ᠋ ᠲᠠᠨᠢᠯᠴᠠᠭᠤᠯᠭ᠎ᠠ ᠶ᠋ᠢᠨ ᠬᠤᠷᠠᠯ ᠨᠢ ᠲᠦᠷᠦ ᠪᠤᠳᠤᠯᠭ᠎ᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠰᠤᠳᠤᠯᠭᠠᠨ᠂ ᠵᠠᠬ᠎ᠠ ᠳᠡᠯᠭᠡᠭᠦᠷ ᠤ᠋ᠨ ᠪᠦᠬᠦ ᠬᠡᠯᠬᠢᠶᠡᠨ ᠤ᠋ ᠡᠬᠢ ᠪᠠᠶᠠᠯᠢᠭ ᠢ᠋ ᠨᠢᠭᠡᠲᠦᠯᠲᠡᠢ ᠲᠦᠯᠦᠪᠵᠢᠭᠦᠯᠵᠤ᠂ ᠠᠵᠢᠯ ᠲᠦᠷᠦᠯ ᠤ᠋ᠨ ᠮᠡᠳᠡᠭᠡ ᠵᠠᠡᠭᠬᠢ ᠶ᠋ᠢᠨ ᠪᠡᠬᠢᠯᠡᠯᠲᠡ ᠵᠢ ᠪᠦᠲᠦᠮᠵᠢᠲᠡᠢ ᠨᠡᠪᠲᠡᠷᠡᠭᠦᠯᠦᠨ᠂ ᠤᠷᠤᠨ ᠨᠤᠲᠤᠭ ᠤ᠋ᠨ ᠤᠯᠠᠮᠵᠢᠯᠠᠯᠲᠤ ᠴᠠᠭᠠᠨ ᠢᠳᠡᠭᠡᠨ ᠤ᠋ ᠪᠠᠷᠢᠮᠵᠢᠶᠠᠵᠢᠭᠤᠯᠤᠯᠲᠠ ᠪᠠ ᠤᠳᠤᠬᠢᠴᠢᠯᠠᠯᠲᠠ ᠵᠢ ᠲᠦᠷᠭᠡᠳᠬᠡᠨ ᠠᠬᠢᠭᠤᠯᠵᠤ᠂ ᠦᠪᠦᠷ ᠮᠤᠡᠭᠭᠤᠯ ᠤ᠋ᠨ ᠲᠠᠯ᠎ᠠ ᠨᠤᠲᠤᠭ ᠤ᠋ᠨ ᠴᠢᠨᠠᠷ ᠰᠠᠢᠲᠠᠢ ᠪᠢᠰᠢᠯᠠᠭ ᠤ᠋ᠨ ᠪᠦᠬᠦ ᠤᠯᠤᠰ ᠤ᠋ᠨ ᠲᠤᠮᠤ ᠵᠠᠬ᠎ᠠ ᠳᠡᠯᠭᠡᠭᠦᠷ ᠲᠦ᠍ ᠴᠡᠷᠢᠭᠯᠡᠬᠦ ᠳ᠋ᠦ ᠬᠦᠴᠦᠨ ᠨᠡᠮᠡᠷᠢᠯᠡᠪᠡ᠃ ᠲᠠᠷᠠᠭᠠᠴᠢ ᠪᠡᠷ᠂ ᠮᠠᠨ ᠤ᠋ ᠤᠷᠤᠨ ᠰᠦ᠋ ᠶ᠋ᠢᠨ ᠦᠢᠯᠡᠰ ᠤ᠋ᠨ ᠪᠥᠬᠥ᠌ ᠠᠵᠤ ᠦᠢᠯᠡᠰ ᠤ᠋ᠨ ᠬᠡᠯᠬᠢᠶ᠎ᠡ ᠶ᠋ᠢᠨ ᠪᠠᠶ᠋ᠢᠭᠤᠯᠤᠯᠲᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠤᠯᠠᠮᠵᠢᠯᠠᠯᠲᠤ᠌ ᠤᠷ᠎ᠠ ᠮᠡᠷᠭᠡᠵᠢᠯ᠎ᠢ ᠤᠯᠠᠮᠵᠢᠯᠠᠨ ᠵᠠᠯᠭᠠᠮᠵᠢᠯᠠᠬᠤ ᠪᠠ ᠣᠲᠣ ᠦᠶ᠎ᠡ ᠶ᠋ᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ᠌ ᠵᠢ ᠨᠢᠭᠡᠳᠦᠯᠲᠡᠶ ᠲᠦᠯᠦᠪᠵᠢᠭᠦᠯᠦᠨ᠂ ᠪᠢᠰᠢᠯᠠᠭ ᠤ᠋ᠨ ᠠᠵᠤ ᠦᠢᠯᠡᠰ ᠤ᠋ᠨ ᠬᠦᠭᠵᠢᠯᠲᠡ ᠶ᠋ᠢᠨ ᠪᠠᠭᠤᠷᠠᠢ ᠭᠤᠭᠴᠤᠭ᠎ᠠ ᠵᠢ ᠨᠦᠬᠦᠪᠦᠷᠢᠯᠡᠵᠦ᠂ ᠪᠢᠰᠢᠯᠠᠭ ᠤ᠋ᠨ ᠪᠦᠲᠦᠭᠡᠭᠳᠡᠬᠦᠨ ᠤ᠋ ᠵᠠᠬ᠎ᠠ ᠳᠡᠯᠭᠡᠭᠦᠷ ᠤ᠋ᠨ ᠥᠷᠢᠰᠥᠯᠳᠦᠬᠦ᠌ ᠬᠦᠴᠦᠨ᠎ᠢ ᠲᠠᠰᠤᠷᠠᠯᠲᠠ ᠥᠬᠡᠶ ᠴᠢᠡᠭᠭᠠᠷᠠᠭᠤᠯᠤᠨ᠂ ᠲᠠᠯ᠎ᠠ ᠨᠤᠲᠤᠭ ᠤ᠋ᠨ ᠴᠠᠭᠠᠨ ᠢᠳᠡᠭᠡᠨ ᠤ᠋ ᠦᠨᠦᠷ ᠠᠮᠲᠠ ᠵᠢ ᠨᠠᠩ ᠥᠷᠭᠡᠨ ᠠᠭᠤᠳᠠᠮ ᠵᠠᠬ᠎ᠠ ᠳᠡᠯᠭᠡᠭᠦᠷ ᠲᠦ᠍ ᠬᠠᠡᠭᠬᠤᠯᠤᠭᠤᠯᠤᠨ᠂ ᠰᠦ᠋ ᠶ᠋ᠢᠨ ᠦᠢᠯᠡᠰ ᠤ᠋ᠨ ᠴᠢᠨᠠᠷ ᠰᠠᠶ᠋ᠢᠲᠠᠶ ᠬᠥᠭᠵᠢᠯᠲᠡ ᠶ᠋ᠢᠨ ᠰᠢᠨ᠎ᠡ ᠬᠠᠭᠤᠳᠠᠰᠤ ᠵᠢ ᠪᠢᠴᠢᠭᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号