ᠪᠠᠭᠠᠷᠢᠨ ᠪᠠᠷᠠᠭᠤᠨ ᠬᠣᠰᠢᠭᠤ ᠲᠥᠬᠥᠭᠡᠷᠦᠮᠵᠢᠲᠦ ᠲᠠᠷᠢᠶᠠᠯᠠᠨᠭ᠌ ᠢ᠋ ᠬᠥᠭᠵᠢᠭᠦᠯᠦᠨ ᠲᠡᠷᠢᠶᠠᠴᠢᠳ ᠢ᠋ ᠪᠠᠶᠠᠵᠢᠭᠤᠯᠵᠤ ᠪᠤᠢ
2026-07-20 15:50:09
ᠵᠣᠬᠢᠶᠠᠭ᠍ᠴᠢ᠄
ᠸᠠᠡᠭ ᠲᠠᠨ᠎ᠠ
ᠣᠩᠱᠢᠭ᠍ᠰᠠᠨ ᠣᠳᠠᠭ᠎ᠠ᠄
★★★☆☆

ᠲᠠᠷᠢᠶᠠᠯᠠᠭ᠎ᠠ ᠵᠢᠨ ᠬᠥᠭᠵᠢᠶᠡᠨᠲᠡᠢ ᠴᠠᠭ ᠳ᠌ᠤ ᠪᠠᠭᠠᠷᠢᠨ ᠪᠠᠷᠠᠭᠤᠨ ᠬᠤᠱᠢᠭᠤᠨ᠎ᠤ ᠲᠦᠬᠦᠭᠡᠷᠦᠮᠵᠢᠲᠦ ᠲᠠᠷᠢᠶᠠᠯᠠᠩ ᠤ᠋ᠨ ᠬᠦᠯᠡᠮᠵᠢᠨ᠎ᠳᠤ ᠠᠮᠢᠵᠢᠷᠠᠯ᠎ᠤᠨ ᠬᠦᠴᠦᠨ ᠵᠢᠡᠷ ᠪᠢᠯᠬᠠᠨ᠎ᠠ᠃ ᠰᠤᠷᠪᠤᠯᠵᠢᠯᠠᠭᠴᠢ ᠲᠦᠷᠦᠭᠦᠬᠡᠨ ᠴᠠᠭᠠᠨᠨᠠᠭᠤᠷ ᠪᠠᠯᠭᠠᠰᠤᠨ᠎ᠤ ᠡᠯ ᠪᠠ ᠳ᠋ᠢ ᠲᠣᠰᠭᠤᠨ᠎ᠤ ᠠᠷᠠᠳ ᠱᠠᠨᠭ᠌ ᠸᠠᠨ ᠹᠦ᠋ ᠵᠢᠨ ᠲᠦᠬᠦᠭᠡᠷᠦᠮᠵᠢᠲᠦ ᠲᠠᠷᠢᠶᠠᠯᠠᠩ᠎ᠤᠨ ᠬᠦᠯᠡᠮᠵᠢᠨ᠎ᠳᠤ ᠬᠦᠷᠬᠦ ᠳ᠋ᠤ᠂ ᠨᠢᠭᠡ ᠲᠠᠯ᠎ᠠ ᠳ᠋ᠤᠨᠢ ᠲᠣᠭᠣᠷ ᠤ᠋ᠨ ᠮᠣᠳᠣ ᠵᠢᠭᠳᠡᠷᠡᠭᠡᠳ᠂ ᠰᠠᠭᠤᠭᠰᠠᠨ ᠲᠤᠭᠤᠷ ᠨᠢ ᠤᠯᠠᠢᠮᠠᠷ ᠪᠠᠢᠵᠤ᠂ ᠳᠣᠤᠷ᠎ᠠ ᠨᠢ ᠲᠠᠷᠢᠭᠰᠠᠨ ᠴᠠᠭᠠᠨ ᠨᠣᠭᠤᠭ᠎ᠠ ᠴᠤ᠌ ᠬᠤᠷᠢᠶᠠᠯᠲᠠ ᠵᠢᠨ ᠬᠤᠭᠤᠴᠠᠭᠠᠨ᠎ᠳᠠᠭᠠᠨ ᠤᠷᠤᠭᠠᠳ ᠪᠠᠢᠯ᠎ᠠ᠃ ᠨᠥᠭᠦᠭᠡ ᠲᠠᠯ᠎ᠠ ᠳ᠋ᠤᠨᠢ ᠠᠮᠲᠠᠲᠤ ᠬᠡᠮᠬᠡ᠎ᠶ᠋ᠢᠨ ᠴᠢᠬᠢ ᠢᠳᠡᠷᠡᠭᠦᠨ ᠤᠷᠭᠤᠨ᠎ᠠ᠃ ᠡᠨᠡ ᠬᠦ᠌ 5 ᠮᠦ᠍ ᠬᠦᠷᠬᠦ᠌ ᠦᠭᠡᠢ ᠳᠤᠯᠠᠭᠠᠨ ᠬᠦᠯᠡᠮᠵᠢᠨ ᠳ᠋ᠤ 《ᠮᠣᠳᠣᠨ ᠳᠡᠭᠡᠷ᠎ᠡ ᠵᠢᠮᠢᠰ ᠰᠠᠭᠤᠵᠤ᠂ ᠮᠣᠳᠣᠨ ᠳᠤᠤᠷ᠎ᠠ ᠨᠣᠭᠤᠭ᠎ᠠ ᠲᠠᠷᠢᠬᠤ》 ᠪᠣᠰᠤᠭ᠎ᠠ ᠴᠣᠭ᠍ᠴᠠᠲᠤ ᠲᠠᠷᠢᠮᠠᠯ᠎ᠤᠨ ᠵᠠᠭ᠍ᠪᠤᠷ᠎ᠢ ᠬᠡᠷᠡᠭᠵᠢᠭᠦᠯᠦᠭᠡᠳ ᠭᠠᠵᠠᠷ ᠱᠢᠷᠣᠶ᠎ᠶ᠋ᠢᠨ ᠠᠰᠢᠭᠯᠠᠮᠵᠢ ᠵᠢ ᠶᠡᠬᠡ ᠪᠡᠷ ᠳᠡᠭᠡᠭᠰᠢᠯᠡᠭᠦᠯᠵᠠᠢ᠃

ᠱᠠᠩ ᠸᠠᠨ ᠹᠦ᠋᠎ᠶ᠋ᠢᠨ ᠲᠠᠨᠢᠯᠴᠠᠭᠤᠯᠤᠭ᠍ᠰᠠᠨ᠎ᠢᠶᠠᠷ᠂ ᠲᠡᠷᠡ 《ᠬᠠᠪᠤᠷ ᠭᠤᠸᠠ ᠲᠡᠭᠦᠵᠦ᠂ ᠨᠠᠮᠤᠷ ᠨᠣᠭᠤᠭ᠎ᠠ ᠬᠤᠷᠢᠶᠠᠬᠤ》 ᠡᠭᠡᠯᠵᠢᠯᠡᠨ ᠲᠠᠷᠢᠬᠤ ᠵᠠᠭᠪᠤᠷ᠎ᠤᠨ ᠰᠠᠭᠤᠷᠢᠨ ᠳᠡᠭᠡᠷ᠎ᠡ ᠲᠤᠭᠤᠷ᠎ᠤᠨ ᠮᠣᠳᠣ ᠵᠠᠢᠯᠠᠭᠠᠳ᠂ ᠣᠷᠣᠨ ᠵᠠᠢ᠎ᠶ᠋ᠢᠨ ᠵᠥᠷᠢᠶ᠎ᠡ ᠪᠣᠯᠣᠨ ᠤᠯᠠᠷᠢᠯ ᠤ᠋ᠨ ᠵᠦᠷᠢᠶ᠎ᠡ ᠵᠢ ᠠᠰᠢᠭᠯᠠᠵᠤ᠂ ᠲᠤᠭᠤᠷ᠎ᠤᠨ ᠮᠣᠳᠣᠨ᠎ᠳᠤᠤᠷ᠎ᠠ ᠲᠦᠷᠭᠡᠨ ᠤᠷᠭᠤᠬᠤ ᠨᠠᠪᠴᠢᠲᠤ ᠨᠣᠭᠣᠭ᠎ᠠ᠎ᠵᠢ ᠢᠵᠢ ᠪᠦᠷᠢᠳᠦᠭᠦᠯᠦᠨ ᠲᠠᠷᠢᠵᠤ᠂ ᠨᠢᠭᠡ ᠬᠡᠰᠡᠭ ᠭᠠᠵᠠᠷ ᠢ᠋ ᠭᠦᠢᠴᠡᠳ ᠠᠰᠢᠬᠯᠠᠨ᠂ ᠳᠥᠷᠪᠡᠨ ᠤᠯᠠᠷᠢᠯ ᠳ᠋ᠤ ᠣᠷᠣᠯᠭ᠎ᠠ᠎ᠪᠠᠨ ᠨᠡᠮᠡᠭ᠌ᠳᠡᠭᠦᠯᠪᠡ᠃ ᠣᠳᠣᠬᠠᠨ᠎ᠳᠤ᠂ ᠲᠡᠷᠡ 9 ᠬᠦᠯᠡᠮᠵᠢ ᠡᠵᠡᠩᠨᠡᠵᠦ᠍᠂ ᠵᠢᠯ᠎ᠤᠨ ᠣᠷᠣᠯᠭ᠎ᠠ ᠨᠢ 15 ᠲᠦᠮᠡᠨ ᠲᠥᠭᠦᠷᠢᠭ᠎ᠢ ᠳᠠᠪᠠᠵᠤ ᠪᠠᠢᠨ᠎ᠠ ᠭᠡᠨ᠎ᠡ᠃

ᠤᠯᠠᠮᠵᠢᠯᠠᠯᠲᠤ ᠲᠠᠷᠢᠮᠠᠯ ᠤ᠋ᠨ ᠪᠦᠲᠦᠴᠡ ᠳᠠᠩ ᠴᠤᠯᠭᠤᠶ᠂ ᠦᠷ᠎ᠡ ᠠᠱᠢᠭ ᠳᠣᠣᠷ᠎ᠠ ᠪᠠᠢᠳᠠᠭ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠲᠥᠯᠥᠭᠡ ᠪᠠᠭᠠᠷᠢᠨ ᠪᠠᠷᠠᠭᠤᠨ ᠬᠤᠱᠢᠭᠤ ᠲᠥᠬᠥᠭᠡᠷᠦᠮᠵᠢᠲᠦ ᠲᠠᠷᠢᠶᠠᠯᠨᠩ ᠡᠴᠡ ᠭᠠᠷᠳᠠᠨ᠂ ᠲᠠᠷᠢᠶᠠᠴᠢᠳ᠎ᠢ ᠢᠳᠡᠪᠬᠢᠲᠡᠶ ᠬᠥᠲᠥᠯᠥᠨ ᠵᠢᠯᠣᠭᠤᠳᠴᠤ᠌᠂ 《ᠰᠢᠨ᠎ᠡ》 ᠲᠡᠢᠰᠢ ᠤᠷᠤᠭ᠍ᠰᠢᠯᠠᠵᠤ᠂ 《ᠥᠨᠳᠥᠷ》 ᠲᠡᠢᠰᠢ ᠠᠪᠠᠷᠢᠵᠠᠢ᠃ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠂ ᠮᠡᠷᠭᠡᠵᠢᠯ᠎ᠤᠨ ᠵᠢᠯᠣᠭᠤᠳᠣᠯᠭ᠎ᠠ᠎ᠪᠠᠷ ᠳᠠᠮᠵᠢᠭᠤᠯᠤᠨ᠂ ᠱᠠᠨᠭ᠌ ᠸᠠᠨ ᠹᠦ ᠰᠢᠭ 《ᠳᠠᠭᠠᠭᠤᠯᠤᠭ᠍ᠴᠢ》 ᠵᠢᠨ ᠵᠣᠷᠢᠭ᠍ᠲᠠᠶ᠎ᠲᠤᠷᠱᠢᠬᠤ᠎ᠶ᠋ᠢ ᠤᠷᠮᠠᠰᠢᠭᠤᠯᠵᠤ᠂ ᠲᠤᠭᠤᠷ᠂ ᠠᠮᠲᠠᠲᠤ ᠬᠡᠮᠬᠡ ᠵᠡᠷᠭᠡ ᠥᠨᠳᠥᠷ ᠨᠡᠮᠡᠯᠲᠡ ᠥᠷᠲᠡᠭ᠎ᠪᠦᠬᠦᠢ ᠭᠤᠸᠠ ᠵᠢᠮᠢᠰ᠎ᠢ ᠣᠷᠣᠭᠤᠯᠤᠨ ᠠᠪᠴᠢᠷᠠᠬᠤ᠎ᠶ᠋ᠢᠨ ᠬᠠᠮᠲᠤ ᠠᠯᠠᠭ᠍ᠯᠠᠨ ᠲᠠᠷᠢᠬᠤ᠂ ᠡᠭᠡᠯᠵᠢᠯᠡᠨ ᠲᠠᠷᠢᠬᠤ᠂ ᠢᠵᠢ ᠪᠦᠷᠢᠳᠦᠭᠦᠯᠦᠨ ᠲᠠᠷᠢᠬᠤ ᠵᠡᠷᠭᠡ ᠥᠨᠳᠥᠷ ᠪᠦᠲᠦᠮᠵᠢᠲᠡᠶ ᠵᠠᠭ᠍ᠪᠤᠷ᠎ᠢ ᠳᠡᠯᠭᠡᠷᠡᠭᠦᠯᠵᠦ᠍᠂ 《ᠡᠪᠦᠯ᠎ᠤᠨ ᠰᠤᠯᠠ ᠲᠠᠷᠢᠶᠠᠨ ᠭᠠᠵᠠᠷ》 ᠢ᠋ 《ᠣᠷᠣᠯᠭ᠎ᠠ ᠪᠡᠨ ᠨᠡᠮᠡᠭ᠌ᠳᠡᠭᠦᠯᠬᠦ᠌ ᠲᠠᠷᠢᠶᠠᠨ ᠭᠠᠵᠠᠷ》 ᠪᠣᠯᠭᠠᠨ ᠬᠤᠪᠢᠷᠠᠭᠤᠯᠪᠠ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠵᠢᠡᠷ ᠬᠦᠴᠦ ᠨᠡᠮᠡᠷᠢᠯᠡᠬᠦ ᠪᠣᠯ ᠪᠠᠭᠠᠷᠢᠨ ᠪᠠᠷᠠᠭᠤᠨ ᠬᠤᠱᠢᠭᠤᠨ᠎ᠤ ᠲᠦᠬᠦᠭᠡᠷᠦᠮᠵᠢᠲᠦ ᠲᠠᠷᠢᠶᠠᠯᠠᠩ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠪᠠᠰᠠ ᠨᠢᠭᠡᠨ 《ᠠᠯᠲᠠᠨ ᠲᠦᠯᠬᠢᠭᠦᠷ》 ᠪᠤᠯᠤᠨ᠎ᠠ᠃ ᠰᠠᠢᠬᠠᠨ ᠵᠡᠭᠡᠯᠢ ᠭᠤᠳᠤᠮᠵᠢ᠎ᠶ᠋ᠢᠨ ᠳ᠋ᠠᠪᠠᠨ ᠲᠣᠰᠭᠤᠨ᠎ᠤ ᠢᠳᠡᠱᠢᠨ ᠨᠣᠭᠤᠭ᠎ᠠ᠎ᠶ᠋ᠢᠨ ᠬᠦᠯᠡᠮᠵᠢᠨ᠎ᠳᠤ ᠲᠠᠷᠢᠮᠠᠯ᠎ᠤᠨ ᠦᠢᠯᠡᠰ ᠡᠷᠬᠢᠯᠡᠵᠦ ᠪᠠᠢᠭ᠎ᠠ ᠡᠷᠦᠬᠡ ᠨᠤᠬᠦᠳ ᠶᠠᠭ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠠᠰᠢᠭ ᠲᠤᠰᠠ ᠵᠢ ᠡᠳ᠋ᠯᠡᠵᠦ᠍ ᠪᠠᠢᠨ᠎ᠠ᠃ ᠬᠠᠪᠤᠷ᠎ᠤᠨ ᠡᠬᠢᠨ᠎ᠤ ᠬᠦᠢᠲᠡᠨ ᠠᠭᠤᠷ ᠠᠮᠢᠰᠬᠤᠯ᠎ᠢ ᠠᠷᠭᠠᠴᠠᠭᠠᠬᠤ᠎ᠶ᠋ᠢᠨ ᠲᠥᠯᠥᠭᠡ᠂ ᠲᠠᠷᠢᠶᠠᠴᠢᠨ ᠵᠠᠩ ᠱᠤ᠌ ᠴᠧᠨ ᠬᠦᠯᠡᠮᠵᠢᠨ᠎ᠳᠡᠭᠡᠨ 《ᠭᠤᠷᠪᠠᠨ ᠳᠠᠪᠬᠤᠷ ᠪᠦᠷᠬᠦᠪᠴᠢ》 ᠪᠡᠷ ᠳᠤᠯᠠᠭᠠᠯᠠᠬᠤ ᠮᠡᠷᠭᠡᠵᠢᠯ᠎ᠢ ᠬᠡᠷᠡᠭ᠌ᠯᠡᠵᠦ᠍᠂ ᠬᠦᠯᠡᠮᠵᠢᠨ ᠳᠣᠲᠣᠷᠠᠬᠢ ᠳᠤᠯᠠᠭᠠᠨ᠎ᠤ ᠬᠡᠮᠵᠢᠶ᠎ᠡ᠎ᠶ᠋ᠢ ᠪᠦᠲᠦᠮᠵᠢᠲᠡᠶ ᠳᠡᠭᠡᠭ᠌ᠰᠢᠯᠡᠭᠦᠯᠵᠦ᠍᠂ ᠲᠠᠷᠢᠮᠠᠯ᠎ᠤᠨ ᠤᠷᠭᠤᠯᠲᠠ ᠵᠢ ᠪᠠᠲᠤᠯᠠᠵᠠᠢ᠃ ᠣᠳᠣᠬᠠᠨ᠎ᠳᠤ᠂ ᠪᠤᠷᠴᠠᠭ ᠨᠢᠭᠡᠨᠲᠡ ᠴᠢᠬᠢᠯᠡᠵᠦ᠂ ᠵᠢᠱ᠌ᠢᠯᠲᠡ᠎ᠪᠠᠷ ᠡᠩ᠎ᠤᠨ ᠬᠦᠢᠲᠡᠨ ᠰᠠᠷᠠᠪᠴᠢᠨ ᠳ᠋ᠤ ᠲᠠᠷᠢᠭᠰᠠᠨ ᠪᠤᠷᠴᠠᠭ᠎ᠠᠴᠠ ᠬᠠᠭᠠᠰ ᠰᠠᠷ᠎ᠠ ᠡᠮᠦᠨ᠎ᠡ ᠵᠠᠬ᠎ᠠ ᠳᠡᠯᠭᠡᠭᠦᠷ᠎ᠲᠤ ᠭᠠᠷᠭᠠᠬᠤ ᠪᠣᠯᠤᠨ᠎ᠠ᠃ 《ᠬᠠᠭᠠᠰ ᠰᠠᠷ᠎ᠠ ᠡᠴᠡ ᠡᠮᠦᠨ᠎ᠡ ᠵᠠᠬ᠎ᠠ ᠳᠡᠯᠭᠡᠭᠦᠷ ᠳ᠌ᠤ ᠭᠠᠷᠭᠠᠪᠠᠯ᠂ ᠨᠢᠭᠡ ᠵᠢᠩ ᠪᠤᠷᠴᠠᠭ᠎ᠢ ᠨᠢᠭᠡ ᠬᠤᠶᠠᠷ ᠲᠥᠭᠦᠷᠢᠭ ᠦᠨᠡᠲᠡᠢ ᠬᠤᠳᠠᠯᠳᠤᠵᠤ᠂ ᠨᠢᠭᠡ ᠬᠦᠯᠡᠮᠵᠢᠨ ᠡᠴᠡ ᠢᠯᠡᠭᠦᠦ ᠭᠤᠷᠪᠠ ᠲᠠᠪᠤᠨ ᠮᠢᠩᠭᠠᠨ ᠲᠥᠭᠦᠷᠢᠭ ᠤ᠋ᠨ ᠣᠷᠣᠯᠭ᠎ᠠ ᠣᠯᠣᠨ᠎ᠠ》 ᠭᠡᠵᠦ᠍ ᠵᠠᠩ ᠱᠦ᠍ ᠴᠸᠨ ᠲᠠᠨᠢᠯᠴᠠᠭᠤᠯᠤᠯ᠎ᠠ᠃

ᠳ᠋ᠠᠪᠠᠨ ᠲᠣᠰᠭᠤᠨ᠎ᠳ᠋ᠤ᠂ ᠵᠠᠩ ᠭᠦᠸᠧ ᠵᠣ᠌᠎ᠶ᠋ᠢᠨ ᠬᠢᠨ ᠤ᠋ ᠭᠤᠭᠤᠳ᠂ ᠶᠠᠩ ᠵᠧᠨ ᠫᠢᠩ᠎ᠤᠨ ᠬᠢᠨ ᠤ᠋ ᠡᠪᠡᠷᠲᠦ ᠬᠡᠮᠬᠡ᠂ ᠪᠤᠰᠤᠳ ᠲᠠᠷᠢᠶᠠᠴᠢᠨ ᠡᠷᠦᠬᠡ᠎ᠶ᠋ᠢᠨ ᠱᠢᠯᠢᠮᠳᠡᠭ᠂ ᠴᠤᠭᠤᠷ ᠨᠣᠭᠤᠭ᠎ᠠ ᠵᠡᠷᠭᠡ ᠡᠯ᠎ᠡ ᠵᠦᠢᠯ᠎ᠤᠨ ᠢᠳᠡᠱᠢᠨ ᠨᠣᠭᠤᠭ᠎ᠠ ᠳᠠᠪᠬᠤᠷ ᠪᠦᠷᠬᠦᠪᠴᠢ᠎ᠶ᠋ᠢᠨ ᠳᠤᠯᠠᠭᠠᠯᠠᠭ᠎ᠠ ᠪᠡᠷ ᠰᠠᠢᠨ ᠤᠷᠭᠤᠵᠤ ᠰᠡᠳᠬᠢᠯ᠎ᠢ ᠪᠠᠶᠠᠰᠭᠠᠨ᠎ᠠ᠃ ᠪᠦᠬᠦ᠌ ᠲᠣᠰᠭᠤᠨ᠎ᠤ 200 ᠭᠠᠷᠤᠢ ᠲᠦᠬᠦᠭᠡᠷᠦᠮᠵᠢᠲᠦ ᠲᠠᠷᠢᠶᠠᠯᠠᠩ᠎ᠤᠨ ᠬᠦᠯᠡᠮᠵᠢᠨ ᠳᠡᠭᠡᠷ᠎ᠡ ᠳᠠᠪᠬᠤᠷ ᠪᠦᠷᠬᠦᠪᠴᠢ ᠪᠦᠷᠬᠦᠭᠦᠯᠬᠦ᠂ ᠤᠰᠤ ᠪᠤᠷᠳᠤᠭᠤᠷ᠎ᠢ ᠨᠢᠭᠡ ᠴᠤᠭ᠍ᠴᠠᠵᠢᠭᠤᠯᠬᠤ᠂ ᠭᠡᠮ ᠬᠤᠷᠣᠬᠠᠢ᠎ᠶ᠋ᠢᠨ ᠬᠥᠨᠥᠭᠡᠯ᠎ᠢ ᠪᠣᠬᠢᠷᠲᠤᠯ ᠦᠭᠡᠢ ᠰᠡᠷᠭᠡᠢᠯᠡᠨ ᠡᠵᠡᠮᠳᠡᠬᠦ᠌ ᠵᠡᠷᠭᠡ ᠱᠢᠨ᠎ᠡ ᠮᠡᠷᠭᠡᠵᠢᠯ᠎ᠢ ᠬᠡᠷᠡᠭ᠌ᠯᠡᠬᠦ᠌᠎ᠪᠠᠷ ᠳᠠᠮᠵᠢᠭᠤᠯᠵᠤ᠂ ᠢᠳᠡᠱᠢᠨ ᠨᠣᠭᠤᠭ᠎ᠠ᠎ᠶ᠋ᠢᠨ ᠭᠠᠷᠤᠯᠲᠠ ᠪᠣᠯᠤᠨ ᠶᠠᠰᠤ ᠴᠢᠨᠠᠷ᠎ᠢ ᠳᠡᠭᠡᠭ᠌ᠰᠢᠯᠡᠭᠦᠯᠦᠭ᠌ᠰᠡᠨ᠎ᠢᠶᠠᠷ ᠪᠠᠷᠠᠬᠤ ᠦᠭᠡᠢ ᠨᠡᠩ ᠴᠤ᠌ ᠤᠷᠬᠢᠯ᠎ᠤᠨ ᠬᠤᠭᠤᠴᠠᠭ᠎ᠠ᠎ᠶ᠋ᠢ ᠵᠥᠷᠢᠭᠦᠯᠦᠨ᠂ ᠵᠠᠬ᠎ᠠ ᠳᠡᠯᠭᠡᠭᠦᠷ᠎ᠲᠤ ᠭᠠᠷᠭᠠᠬᠤ᠎ᠶ᠋ᠢ ᠪᠡᠶᠡᠯᠡᠭᠦᠯᠵᠦ᠍᠂ ᠲᠠᠷᠢᠮᠠᠯ᠎ᠤᠨ ᠦᠷ᠎ᠡ ᠠᠱᠢᠭ᠎ᠢ ᠢᠯᠡᠳᠲᠡ ᠳᠡᠭᠡᠭ᠌ᠰᠢᠯᠡᠭᠦᠯᠪᠡ᠃ ᠣᠳᠣᠬᠠᠨ᠎ᠳᠤ᠂ ᠪᠥᠬᠦ᠌ ᠬᠤᠱᠢᠭᠤᠨ᠎ᠤ ᠲᠦᠬᠦᠭᠡᠷᠦᠮᠵᠢᠲᠦ ᠲᠠᠷᠢᠶᠠᠯᠠᠩ᠎ᠤᠨ ᠶᠡᠷᠦᠩᠬᠡᠶ ᠲᠠᠯᠠᠪᠠᠶ 11100 ᠮᠥ᠍᠎ᠳᠤ ᠬᠦᠷᠴᠦ᠂ ᠲᠥᠪᠡᠳ ᠬᠠᠰᠢ᠂ ᠯᠠᠵᠤᠤ᠂ ᠠᠮᠲᠠᠲᠤ ᠬᠡᠮᠬᠡ᠂ ᠨᠠᠪᠴᠢᠲᠤ ᠨᠣᠭᠤᠭ᠎ᠠ ᠵᠢᠴᠢ ᠤᠨᠴᠠᠯᠢᠬ᠍ᠳᠤ ᠵᠢᠮᠢᠰ᠎ᠤᠨ ᠮᠤᠳᠤᠨ᠎ᠤ᠎ᠣᠶ ᠪᠡᠷ ᠭᠤᠤᠯ ᠪᠣᠯᠭᠠᠭ᠍ᠰᠠᠨ ᠣᠯᠠᠨ ᠡᠱᠢᠲᠦ ᠪᠦᠲᠦᠭᠡᠭ᠌ᠳᠡᠬᠦᠨ᠎ᠤ ᠪᠦᠲᠦᠴᠡ᠎ᠶ᠋ᠢ ᠪᠣᠶ ᠪᠣᠯᠭᠠᠵᠤ᠂ ᠵᠢᠯ᠎ᠤᠨ ᠭᠠᠷᠤᠯᠲᠠ 2.06 ᠲᠦᠮᠡᠨ ᠲᠣᠨ᠎ᠳᠤ ᠬᠦᠷᠴᠦ᠂ ᠦᠢᠯᠡᠳᠪᠦᠷᠢᠯᠡᠯ ᠤ᠋ᠨ ᠥᠷᠲᠡᠭ 7000 ᠲᠦᠮᠡᠨ ᠲᠥᠭᠦᠷᠢᠭ᠎ᠢ ᠳᠠᠪᠠᠵᠤ᠂ ᠲᠠᠷᠢᠶᠠᠴᠢᠳ᠎ᠢ ᠳᠠᠢᠴᠢᠯᠠᠵᠤ ᠪᠠᠶᠠᠵᠢᠯ᠎ᠤᠨ ᠵᠠᠮ᠎ᠢᠶᠠᠷ ᠵᠠᠮᠨᠠᠭᠤᠯᠤᠭᠰᠠᠨ ᠪᠠᠢᠨ᠎ᠠ᠃

ᠪᠠᠭᠠᠷᠢᠨ ᠪᠠᠷᠠᠭᠤᠨ ᠬᠤᠱᠢᠭᠤ ᠥᠷᠭᠥᠯᠵᠢᠯᠡᠨ ᠲᠥᠬᠦᠭᠡᠷᠦᠮᠵᠢᠲᠦ ᠲᠠᠷᠢᠶᠠᠯᠠᠩ᠎ᠢ ᠬᠥᠭ᠌ᠵᠢᠭᠦᠯᠬᠦ᠌᠎ᠶ᠋ᠢ ᠬᠥᠳᠡᠭᠡ ᠲᠣᠰᠭᠤᠨ᠎ᠤ ᠠᠵᠤ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠱᠢᠨ᠎ᠡ ᠲᠥᠷᠥᠯ ᠵᠦᠶ᠋ᠯ᠂ ᠱᠢᠨ᠎ᠡ ᠮᠡᠷᠭᠡᠵᠢᠯ᠂ ᠱᠢᠨ᠎ᠡ ᠵᠠᠭ᠍ᠪᠤᠷ᠎ᠢ ᠳᠡᠯᠭᠡᠷᠡᠭᠦᠯᠬᠦ᠌ ᠡᠷᠴᠢᠮ᠎ᠢᠶᠠᠨ ᠦᠷᠭᠦᠯᠵᠢᠯᠡᠨ ᠴᠢᠩᠭᠠᠳᠬᠠᠵᠤ᠂ 《ᠬᠦᠯᠡᠮᠵᠢᠨ ᠳᠣᠲᠣᠷᠠᠬᠢ》 ᠠᠵᠢᠯ᠎ᠢ ᠰᠠᠢᠲᠤᠷ ᠬᠢᠵᠦ᠍᠂ 《ᠬᠦᠯᠡᠮᠵᠢᠨ ᠭᠠᠳᠠᠨᠠᠬᠢ》 ᠳᠠᠯᠳᠠ ᠬᠦᠴᠦᠨ᠎ᠢ ᠭᠦᠨᠵᠡᠭᠡᠢ ᠠᠭᠤᠳᠠᠯᠵᠤ᠂ ᠳᠥᠷᠪᠡᠨ ᠤᠯᠠᠷᠢᠯ᠎ᠳ᠋ᠤ ᠬᠤᠷᠢᠶᠠᠯᠲᠠ ᠲᠠᠢ ᠲᠥᠬᠦᠭᠡᠷᠦᠮᠵᠢᠲᠦ ᠬᠦᠯᠡᠮᠵᠢ᠎ᠶ᠋ᠢ ᠲᠠᠷᠢᠶᠠᠴᠢᠨ ᠲᠦᠮᠡᠨ᠎ᠤ ᠣᠷᠣᠯᠭ᠎ᠠ ᠵᠢ ᠨᠡᠮᠡᠭ᠌ᠳᠡᠭᠦᠯᠦᠨ ᠪᠠᠶᠠᠵᠢᠭᠤᠯᠬᠤ 《ᠵᠢᠷᠭᠠᠯᠲᠤ ᠬᠦᠯᠡᠮᠵᠢ》 ᠪᠣᠯᠭᠠᠵᠤ᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠤ ᠲᠠᠰᠤᠷᠠᠯᠲᠠ ᠥᠬᠡᠶ ᠪᠣᠬᠢᠷᠲᠤᠯ ᠥᠬᠡᠶ ᠬᠥᠳᠡᠯᠭᠡᠬᠦ᠌ ᠬᠦᠴᠦᠨ ᠨᠡᠮᠡᠷᠢᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号