ᠢᠳᠡᠷᠭᠡᠭ ᠠᠯᠬᠤᠭ᠎ᠠ ᠢᠳᠡᠭᠡᠯ ᠵᠤᠷᠢᠭ ᠵᠢᠡᠷ ᠵᠢᠡᠨ ᠬᠢᠯᠢ ᠵᠢᠨ ᠱᠤᠭᠤᠮ ᠎ᠢ ᠪᠠᠳᠦ ᠰᠠᠬᠢᠵᠦ ᠦᠨᠡᠨᠴᠢ ᠰᠡᠳᠬᠢᠯ ᠰᠢᠳᠤᠷᠭᠤ ᠵᠢᠳᠭᠦᠯ ᠵᠢᠡᠷ ᠵᠢᠡᠨ ᠠᠷᠠᠳ ᠲᠦᠮᠡᠨ᠎ᠳᠦ ᠦᠢᠯᠡᠴᠢᠯᠡᠨ᠎ᠡ
2026-07-20 09:38:40
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠰᠢᠭᠤᠢ ᠳ᠋ᠡᠬᠢ ᠬᠢᠯᠢ ᠵᠢᠨ ᠲᠤᠮᠢᠯᠠᠬᠰᠠᠨ ᠰᠠᠯᠪᠤᠷᠢ ᠵᠢᠨ ᠬᠢᠯᠢ ᠵᠢ ᠬᠦᠴᠦᠷᠭᠡᠭᠵᠢᠬᠦᠯᠵᠦ ᠰᠡᠷᠬᠡᠢᠯᠡᠯᠳᠡ ᠵᠢ ᠪᠡᠬᠢᠵᠢᠬᠦᠯᠦᠭᠰᠡᠨ ᠲᠡᠮᠳᠡᠭᠯᠡᠯ


—  ᠪᠠᠭᠠᠵᠢ ᠲᠤᠨᠤᠬᠯᠠᠯ ᠵᠢᠡᠨ ᠡᠮᠬᠢᠯᠡᠨ ᠲᠢᠭᠯᠡᠵᠦ᠂ ᠮᠤᠷᠳᠠᠬᠤ ᠪᠡᠷ ᠪᠡᠯᠡᠳᠬᠡᠶ᠎ᠡ!

ᠡᠮᠦᠨᠡᠬᠡᠨ᠂ ᠡᠷᠭᠦᠨ᠎ᠡ ᠭᠣᠣᠯ᠎ᠤᠨ ᠬᠥᠪᠡᠭᠡᠨ᠎ᠦ ᠤᠷᠢᠬᠠᠨ ᠰᠠᠯᠬᠢ ᠠᠶᠠᠷᠬᠠᠨ ᠦᠯᠢᠶᠡᠵᠦ᠂ ᠥᠪᠥᠷ ᠮᠣᠩᠭᠣᠯ ᠎ᠤᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠶ᠋ᠢᠴᠠᠭᠠᠬᠤ ᠶᠡᠷᠦᠩᠬᠡᠢ ᠦᠷᠳᠡᠭᠡ᠎ᠶᠢᠨ ᠬᠥᠯᠥᠨ ᠪᠤᠢ᠌ᠷ᠎ᠤᠨ ᠬᠢᠯᠢ᠎ᠶᠢᠨ ᠬᠠᠮᠢᠶᠠᠷᠤᠯᠲᠠ᠎ᠶᠢᠨ ᠰᠠᠯᠪᠤᠷᠢ ᠠᠩᠬᠢ᠎ᠶᠢᠨ ᠰᠢᠭᠤᠢ ᠳ᠋ᠡᠬᠢ ᠬᠢᠯᠢ ᠵᠢᠨ ᠲᠣᠮᠢᠯᠠᠭᠰᠠᠨ ᠰᠠᠯᠪᠤᠷᠢ᠎ᠶᠢᠨ ᠴᠠᠭᠳᠠᠭ᠎ᠠ᠎ᠨᠠᠷ ᠦᠷ᠎ᠦᠨ ᠲᠤᠶᠠᠭ᠎ᠠ᠎ᠶᠢ ᠤᠭᠲᠤᠨ᠂ ᠬᠢᠯᠢ ᠵᠢ ᠴᠠᠭᠳᠠᠬᠤ ᠵᠠᠮ ᠳ᠋ᠠᠭᠠᠨ ᠭᠠᠷᠤᠯ᠎ᠠ᠃

《ᠨᠠᠮ ᠎ᠤᠨ ᠪᠠᠶ᠋ᠢᠭᠤᠯᠤᠯᠲᠠ ᠪᠡᠷ ᠬᠦᠳᠦᠯᠦᠨ ᠳᠠᠭᠠᠭᠤᠯᠵᠦ᠂ ᠬᠢᠯᠢ ᠬᠢᠵᠠᠭᠠᠷ᠎ᠢ ᠬᠠᠮᠠᠭᠠᠯᠠᠬᠤ ᠳ᠋ᠠᠭᠠᠨ ᠢᠳᠡ ᠬᠦᠴᠦᠨ ᠲᠠᠢ᠂ ᠦᠨᠡᠨᠴᠢ ᠦᠢᠯᠡᠴᠢᠯᠡᠬᠡ ᠪᠡᠷ ᠵᠢᠡᠨ ᠠᠷᠠᠳ ᠤ᠋ᠨ ᠰᠡᠳᠬᠢᠯ ᠎ᠢ ᠲᠤᠯᠠᠭᠠᠴᠠᠭᠤᠯᠤᠨ᠎ᠠ》᠃  ᠡᠨᠡ ᠪᠣᠯ ᠰᠢᠭᠤᠢ ᠳ᠋ᠡᠬᠢ  ᠬᠢᠯᠢ ᠎ᠶᠢᠨ ᠲᠣᠮᠢᠯᠠᠭᠰᠠᠨ ᠰᠠᠯᠪᠤᠷᠢ᠎ᠶᠢᠨ ᠳᠠᠷᠤᠭ᠎ᠠ ᠶᠢᠨ ᠬᠠᠢ ᠫᠸᠩ ᠎ᠤᠨ ᠦᠷᠭᠦᠯᠵᠢ ᠶᠠᠷᠢᠳᠠᠭ ᠦᠭᠡ ᠪᠣᠯᠤᠨ᠎ᠠ᠃ ᠡᠨᠡ ᠬᠦ᠌ 1445 ᠲᠡᠭᠰᠢ ᠳᠥᠷᠪᠡᠯᠵᠢᠨ ᠺᠢᠯᠦᠮᠸᠲᠷ ᠤ᠋ᠨ ᠳᠤᠮᠳᠠᠳᠤ ᠤᠷᠤᠰ᠎ᠤᠨ ᠬᠢᠯᠢ᠎ᠶᠢᠨ ᠣᠷᠣᠨ᠎ᠳᠤ᠂ ᠲᠡᠳᠡ ᠨᠠᠮ᠎ᠤᠨ ᠪᠠᠶ᠋ᠢᠭᠤᠯᠤᠯᠲᠠ᠎ᠪᠠᠷ ᠬᠦᠳᠦᠯᠥᠨ ᠳᠠᠭᠠᠭᠤᠯᠬᠤ᠎ᠶᠢ ᠪᠠᠷᠢᠮᠲᠠᠯᠠᠵᠤ᠂ ᠦᠨᠡᠨᠴᠢ ᠰᠢᠳᠤᠷᠭᠤ ᠴᠠᠭᠳᠠᠭ᠎ᠠ᠎ᠶᠢᠨ ᠰᠦᠭ ᠰᠦᠯᠳᠡ ᠵᠢ ᠪᠠᠲᠤ᠌ ᠱᠤᠭᠤᠵᠤ᠂ ᠤᠮᠠᠷᠠᠲᠤ᠌ ᠬᠢᠯᠢ᠎ᠶᠢᠨ ᠰᠠᠯᠬᠢ ᠰᠢᠭᠤᠷᠭ᠎ᠠ ᠵᠢᠨ ᠲᠤᠮᠳᠠᠭᠤᠷ  ᠬᠢᠯᠢ᠎ᠶᠢᠨ  ᠴᠠᠭᠳᠠᠭ᠎ᠠ᠎ᠶᠢᠨ ᠬᠠᠷᠢᠭᠤᠴᠠᠯᠭ᠎ᠠ ᠪᠠ ᠡᠭᠦᠷᠭᠡᠯᠡᠯ᠎ᠢ ᠪᠢᠴᠢᠭᠯᠡᠨ᠎ᠡ᠃


QQ20260720-093550.png


ᠨᠠᠮ᠎ᠤᠨ ᠪᠠᠶ᠋ᠢᠭᠤᠯᠤᠯᠲᠠ᠎ᠪᠠᠷ ᠬᠦᠳᠦᠯᠦᠨ ᠲᠠᠭᠠᠭᠤᠯᠵᠤ ᠴᠠᠬᠳᠠᠭ᠎ᠠ ᠠᠷᠠᠳ ᠬᠠᠮᠳᠤᠷᠠᠨ ᠬᠢᠯᠢ ᠵᠢ ᠬᠠᠮᠠᠭᠠᠯᠠᠨ᠎ᠠ

ᠣᠷᠳᠣ ᠬᠢᠯᠢ᠎ᠶᠢᠨ ᠱᠤᠭᠤᠮ ᠬᠢᠬᠡᠳ ᠪᠤᠳᠤᠯᠢᠶᠠᠨᠲᠠᠶ ᠬᠠᠮᠢᠶᠠᠷᠤᠯᠳᠠ ᠡᠵᠡᠮᠳᠡᠯ᠎ᠤᠨ ᠰᠢᠨ᠎ᠠ ᠪᠠᠶ᠋ᠢᠳᠠᠯ᠎ᠤᠨ ᠡᠮᠦᠨ᠎ᠡ᠂ ᠰᠢᠭᠤᠢ ᠳ᠋ᠡᠬᠢ  ᠬᠢᠯᠢ᠎ᠶᠢᠨ ᠲᠣᠮᠢᠯᠠᠭᠰᠠᠨ ᠰᠠᠯᠪᠤᠷᠢ᠎ᠨᠢ ᠨᠠᠮ᠎ᠤᠨ ᠪᠠᠶ᠋ᠢᠭᠤᠯᠤᠯᠲᠠ ᠬᠢᠬᠡᠳ  ᠬᠢᠯᠢ᠎ᠶᠢ ᠬᠠᠮᠢᠶᠠᠷᠴᠤ᠌ ᠬᠢᠯᠢ᠎ᠶᠢ ᠬᠠᠮᠠᠭᠠᠯᠠᠬᠤ ᠳᠤᠬᠠᠢᠯᠠᠬᠰᠠᠨ ᠠᠵᠢᠯ᠎ᠢ ᠭᠦᠨᠵᠡᠭᠡᠶ ᠠᠭᠤᠰᠤᠯᠴᠠᠭᠤᠯᠵᠤ᠂ 《 1 + 1 + 3 》 ᠵᠢᠨ ᠬᠣᠯᠪᠣᠭᠠᠯᠠᠨ ᠰᠡᠷᠭᠡᠶ᠋ᠢᠯᠡᠬᠦ᠌ ᠰᠢᠰᠲ᠋ᠧᠮ ᠎ᠢ ᠰᠢᠨᠡᠴᠢᠯᠡᠨ ᠪᠠᠶ᠋ᠢᠭᠤᠯᠵᠤ᠂ 1 ᠨᠠᠮ᠎ᠤᠨ ᠭᠡᠰᠢᠭᠦᠨ ᠠᠷᠠᠳ᠎ᠤᠨ ᠴᠠᠭᠳᠠᠭ᠎ᠠ᠎ᠪᠠᠷ ᠭᠤᠤᠯ ᠪᠣᠯᠭᠠᠨ᠂ 1 ᠲᠤᠰᠠᠯᠠᠬᠤ ᠴᠠᠭᠳᠠᠭ᠎ᠠ ᠲᠣᠬᠢᠷᠠᠭᠤᠯᠵᠤ᠂ 3 ᠣᠯᠠᠨ ᠲᠦᠮᠡᠨ ᠬᠢᠯᠢ ᠬᠠᠮᠠᠭᠠᠯᠠᠭᠴᠢ᠎ᠲᠠᠶ ᠬᠣᠯᠪᠣᠭᠠᠯᠠᠨ ᠬᠥᠳᠡᠯᠦᠯᠴᠡᠵᠦ᠍᠂ ᠴᠠᠭᠳᠠᠭ᠎ᠠ ᠠᠷᠠᠳ ᠭᠠᠷ ᠬᠣᠯᠪᠣᠯᠴᠠᠨ᠂ ᠪᠥᠬᠥ᠌ ᠣᠷᠣᠨ ᠪᠦᠰᠡ᠎ᠶᠢ ᠬᠠᠮᠤᠷᠤᠭᠰᠠᠨ ᠰᠡᠷᠭᠡᠶ᠋ᠢᠯᠡᠨ ᠡᠵᠡᠮᠳᠡᠬᠦ᠌ ᠪᠠᠶ᠋ᠢᠷᠢᠰᠢᠯ᠎ᠢ ᠪᠦᠷᠢᠯᠳᠦᠭᠦᠯᠪᠡ᠃

ᠬᠠᠬᠢᠷ ᠬᠦᠢᠲᠡᠨ᠎ᠳᠦ᠎ᠨᠠᠮ᠎ᠤᠨ ᠭᠡᠰᠢᠭᠦᠨ᠎ᠦ ᠭᠠᠪᠰᠢᠭᠠᠶ ᠠᠩᠭᠢ ᠶᠡᠷᠦᠨᠢ ᠬᠠᠮᠤᠬ ᠤ᠋ᠨ ᠲᠦᠷᠦᠬᠦᠨ ᠳ᠋ᠸ᠋ ᠡᠮᠦᠨ᠎ᠡ ᠹᠷᠣᠨᠲ  ᠲᠦ᠍  ᠭᠠᠪᠰᠢᠭᠠᠶ᠋ᠢᠯᠠᠳᠠᠭ᠃ ᠨᠢᠳᠤᠨᠤᠨ᠎ᠤ 11 ᠰᠠᠷ᠎ᠠ᠎ᠳᠤ᠂ ᠬᠠᠷᠢᠶ᠎ᠠ  ᠣᠷᠣᠨ᠎ᠳᠤ 3 ᠡᠳᠦᠷ ᠳᠠᠷᠠᠭᠠᠯᠠᠨ ᠴᠠᠰᠤ ᠣᠷᠣᠵᠤ᠂ ᠬᠡᠰᠡᠭ ᠬᠢᠯᠢ᠎ᠶᠢᠨ ᠱᠤᠭᠤᠮ ᠵᠢᠡᠷ ᠴᠠᠰᠤ ᠬᠤᠷᠠᠵᠤ᠂ ᠬᠢᠯᠢ ᠴᠠᠭᠳᠠᠬᠤ ᠮᠠᠰᠢᠨ ᠲᠡᠷᠭᠡ ᠨᠡᠪᠲᠡᠷᠡᠬᠦ᠌᠎ᠶᠢᠨ ᠠᠷᠭ᠎ᠠ ᠥᠬᠡᠶ ᠪᠣᠯᠵᠠᠶ᠃ ᠨᠠᠮ᠎ᠤᠨ ᠭᠡᠰᠢᠭᠦᠨ ᠠᠷᠠᠳ᠎ᠤᠨ ᠴᠠᠭᠳᠠᠭ᠎ᠠ ᠨᠠᠷ ᠬᠢᠯᠢ ᠬᠠᠮᠠᠭᠠᠯᠠᠭᠴᠢ᠎ᠶᠢ ᠳᠠᠭᠠᠭᠤᠯᠤᠨ ᠶᠠᠪᠠᠭᠠᠨ᠎ᠢᠶᠠᠷ ᠶᠠᠪᠤᠵᠤ᠂ ᠬᠢᠯᠢ᠎ᠶᠢᠨ ᠬᠥᠰᠢᠶ᠎ᠡ᠂  ᠲᠡᠮᠦᠷ ᠲᠤᠤᠷ ᠬᠢᠬᠡᠳ  ᠲᠦᠳᠡ  ᠵᠠᠮ᠎ᠤᠨ ᠠᠮᠤᠷ ᠲᠦᠪᠰᠢᠨ᠎ᠦ ᠳᠠᠯᠳᠠ ᠬᠡᠮ᠎ᠢ ᠬᠡᠰᠡᠭ ᠳᠠᠷᠠᠭᠠᠯᠠᠨ ᠪᠠᠶ᠋ᠢᠴᠠᠭᠠᠵᠤ᠂ ᠲᠡᠭ᠎ᠡᠴᠡ ᠳᠣᠷᠣᠭᠰᠢ 30 ᠭᠷᠠᠳᠦ᠋ᠰ᠎ᠦᠨ ᠬᠠᠬᠢᠷ ᠬᠦᠢᠳᠡᠨ᠎ᠳᠦ 12 ᠴᠠᠭ ᠲᠣᠭᠣᠷᠢᠨ ᠪᠠᠶ᠋ᠢᠴᠠᠭᠠᠵᠤ᠂ ᠬᠢᠯᠢ᠎ᠶᠢᠨ ᠱᠤᠭᠤᠮ᠎ᠤᠨ ᠠᠮᠤᠷ ᠲᠦᠪᠰᠢᠨ᠎ᠢ ᠦᠨᠡᠨ ᠬᠦ᠌ ᠪᠠᠳᠤᠯᠠᠵᠠᠢ᠃ ᠡᠶ᠋ᠢᠮᠦ᠍ ᠦᠵᠡᠭᠳᠡᠯ ᠨᠢ  ᠡᠨᠳᠡ ᠠᠯᠢ ᠬᠡᠳᠦᠶ᠋ᠢᠨ ᠬᠡᠪ᠎ᠦᠨ ᠪᠠᠶ᠋ᠢᠳᠠᠯ ᠪᠣᠯᠤᠭᠰᠠᠨ ᠪᠠᠶ᠋ᠢᠨ᠎ᠠ᠃

ᠵᠠᠯᠠᠭᠤ ᠠᠷᠠᠳ᠎ᠤᠨ ᠴᠠᠭᠳᠠᠭ᠎ᠠ ᠸᠠᠨ ᠨᠢᠩ᠂ ᠶᠢᠨ ᠬᠠᠢ ᠫᠧᠩ᠎ᠢ ᠳᠠᠭᠠᠵᠤ ᠬᠢᠯᠢ ᠴᠠᠬᠳᠠᠭᠠᠳ ᠨᠢᠭᠡᠨᠲᠡ 6 ᠵᠢᠯ ᠪᠣᠯᠵᠤ᠂ ᠬᠠᠮᠤᠭ ᠤ᠋ᠨ  ᠠᠩᠬ᠎ᠠ ᠴᠠᠰᠤ ᠰᠢᠭᠤᠷᠭᠠᠨ᠎ᠳᠤ ᠭᠠᠷ ᠬᠥᠯ ᠨᠢ ᠳᠠᠭᠠᠷᠠᠵᠤ ᠪᠡᠭᠡᠷᠡᠨ ᠲᠦᠪᠡᠭᠳᠡᠵᠦ ᠪᠠᠶ᠋ᠢᠭᠰᠠᠨ᠎ᠡᠴᠨ ᠪᠠᠨ ᠣᠳᠣ ᠰᠠᠯᠬᠢ ᠰᠢᠭᠤᠷᠭᠠᠨ᠎ᠢ ᠰᠥᠷᠴᠦ᠍ ᠰᠠᠨᠠᠭᠠᠴᠢᠯᠠᠭ᠎ᠠ᠎ᠡᠴᠨ ᠪᠠᠨ ᠨᠢᠭᠡᠳᠦᠭᠡᠷ ᠹᠷᠤᠨᠲ ᠲᠦ᠍ ᠭᠠᠪᠰᠢᠭᠠᠢᠯᠠᠬᠤ ᠪᠤᠯᠵᠠᠢ᠃  ᠡᠨᠡ ᠬᠦ᠌ ᠦᠰᠦᠨ ᠪᠣᠶ᠋ᠢᠵᠢᠯᠲᠠ ᠨᠢ ᠲᠣᠮᠢᠯᠠᠭᠰᠠᠨ ᠰᠠᠯᠪᠤᠷᠢ᠎ᠶᠢᠨ ᠨᠠᠮ᠎ᠤᠨ ᠪᠠᠶ᠋ᠢᠭᠤᠯᠤᠯᠲᠠ᠎ᠶᠢᠨ ᠰᠦᠭ ᠰᠦᠯᠳᠡ ᠵᠢ  ᠱᠤᠭᠤᠵᠤ ᠴᠠᠭᠳᠠᠭ᠎ᠠ ᠎ᠶᠢ ᠬᠥᠮᠦᠵᠢᠭᠦᠯᠦᠭᠰᠡᠨ᠎ᠦ ᠠᠮᠢᠳᠤᠯᠢᠭ ᠵᠢᠷᠤᠭᠯᠠᠯ ᠪᠣᠯᠵᠠᠶ᠃ 《ᠳᠠᠷᠤᠭ᠎ᠠ ᠮᠢᠨᠢ ᠨᠠᠮ᠎ᠳᠤ ᠣᠷᠣᠭᠠᠳ 25 ᠵᠢᠯ ᠪᠤᠯᠵᠤ ᠪᠠᠶ᠋ᠢᠭ᠎ᠠ ᠪᠤᠯᠬᠤᠷ᠂ ᠢᠮᠠᠭᠲᠠ ᠪᠣᠳᠠᠲᠤ᠌ ᠠᠵᠢᠯᠯᠠᠭ᠎ᠠ᠎ᠪᠠᠷ᠎ᠢᠶᠠᠨ ᠨᠠᠮᠠᠶ᠋ᠢ ᠬᠦᠮᠦᠵᠢᠬᠦᠯᠳᠡᠭ᠂ ᠨᠠᠮ᠎ᠤᠨ ᠭᠡᠰᠢᠭᠦᠨ᠎ᠦ ᠪᠡᠶ᠎ᠡ ᠬᠡᠮ ᠪᠣᠯ ᠬᠦᠨᠳᠦ ᠬᠠᠷᠢᠭᠤᠴᠠᠯᠭ᠎ᠠ ᠮᠥᠨ᠂ ᠰᠡᠳᠬᠢᠯ᠎ᠳᠡᠭᠡᠨ ᠬᠠᠳᠠᠩᠰᠢᠭᠰᠠᠨ ᠤᠬ ᠰᠠᠨᠠᠭ᠎ᠠ᠂ ᠠᠵᠢᠯᠯᠠᠭ᠎ᠠ ᠳᠡᠭᠡᠷ᠎ᠡ᠎ᠪᠡᠨ ᠲᠠᠯᠪᠢᠭᠳᠠᠭᠰᠠᠨ ᠡᠭᠦᠷᠭᠡᠯᠡᠯ ᠮᠥᠨ》  ᠭᠡᠵᠦ᠍ ᠸᠠᠨ ᠨᠢᠩ ᠰᠡᠳᠬᠢᠯ ᠳᠣᠭᠳᠣᠯᠤᠨ ᠬᠡᠯᠡᠨ᠎ᠡ᠃

ᠡᠳᠦᠭᠡ᠂ ᠰᠢᠭᠤᠢ ᠳ᠋ᠡᠬᠢ ᠬᠢᠯᠢ᠎ᠶᠢᠨ ᠲᠣᠮᠢᠯᠠᠭᠰᠠᠨ ᠰᠠᠯᠪᠤᠷᠢ᠎ᠶᠢᠨ ᠲᠠᠢ᠌ᠴᠢᠯᠠᠯ ᠳᠣᠣᠷ᠎ᠠ᠂ ᠲᠤᠬᠠᠢ᠎ᠶᠢᠨ ᠭᠠᠵᠠᠷ᠎ᠤᠨ 60 ᠭᠠᠷᠤᠢ ᠤᠯᠠᠨ ᠲᠦᠮᠡᠨ ᠰᠠᠨᠠᠭᠠᠴᠢᠯᠠᠭ᠎ᠠ᠎ᠡᠴᠨ ᠎ᠪᠠᠨ ᠬᠢᠯᠢ ᠬᠠᠮᠠᠭᠠᠯᠠᠬᠤ ᠠᠩᠬᠢ᠎ᠳᠤ ᠣᠷᠣᠯᠴᠠᠵᠤ᠂ ᠮᠠᠯᠴᠢᠨ᠂ ᠬᠤᠳᠠᠯᠳᠤᠭᠠᠨ᠎ᠤ ᠡᠷᠦᠬᠡ᠂ ᠤᠢ ᠰᠢᠭᠤᠢ᠎ᠶᠢᠨ ᠲᠠᠯᠠᠪᠠᠢ᠎ᠶᠢᠨ ᠠᠵᠢᠯᠳᠠᠨ ᠠᠵᠢᠯᠴᠢᠨ ᠬᠣᠶ᠋ᠢᠨ᠎ᠠ ᠬᠣᠶ᠋ᠢᠨ᠎ᠠ᠎ᠡᠴᠨ ᠎ᠪᠠᠨ 《ᠨᠡᠭᠦᠳᠡᠯ ᠬᠠᠷᠠᠭᠤᠯ᠎ᠤᠨ ᠴᠡᠷᠢᠭ 》 ᠪᠤᠯᠵᠤ᠂ ᠰᠠᠨᠠᠭᠠᠴᠢᠯᠠᠭ᠎ᠠ᠎ᠡᠴᠨ ᠎ᠪᠠᠨ ᠬᠢᠯᠢ ᠬᠢᠵᠠᠭᠠᠷ᠎ᠤᠨ ᠪᠠᠶ᠋ᠢᠳᠠᠯ᠎ᠢ ᠳᠡᠭᠡᠭᠰᠢ ᠮᠡᠳᠡᠭᠦᠯᠵᠦ᠍᠂ ᠬᠡᠷᠡᠭ ᠤ᠋ᠨ ᠪᠠᠶ᠋ᠢᠳᠠᠯ᠎ᠢ ᠬᠠᠪᠰᠤᠷᠤᠨ ᠰᠢ᠌ᠳᠪᠦᠷᠢᠯᠡᠵᠦ᠍᠂ ᠨᠠᠮ᠎ᠤᠨ ᠭᠡᠰᠢᠭᠦᠨ ᠲᠦᠷᠦᠭᠦᠯᠡᠨ ᠪᠦᠬᠦ᠌ ᠠᠷᠠᠳ᠎ᠢᠶᠠᠷ᠎ᠢᠶᠠᠨ ᠬᠢᠯᠢ᠎ᠶᠢ ᠬᠠᠮᠠᠭᠠᠯᠠᠭᠰᠠᠨ ᠠᠮᠢᠳᠤᠯᠢᠭ ᠪᠠᠶ᠋ᠢᠳᠠᠯ᠎ᠢ ᠪᠦᠷᠢᠯᠳᠦᠭᠦᠯᠵᠦ᠍᠂ ᠨᠠᠮ᠎ᠤᠨ ᠲᠤᠭ᠎ᠢ ᠬᠢᠯᠢ᠎ᠶᠢᠨ ᠱᠤᠭᠤᠮ ᠳᠡᠭᠡᠷ᠎ᠡ ᠥᠨᠳᠥᠷ  ᠲᠦ᠍  ᠨᠠᠮᠢᠷᠠᠭᠤᠯᠪᠠ᠃

ᠬᠢᠯᠢ ᠪᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠎ᠵᠢ ᠵᠠᠯᠭᠠᠮᠵᠢᠯᠠᠵᠤ ᠦᠯᠢᠭᠡᠷ ᠳᠠᠭᠤᠷᠢᠶᠠᠯ ᠎ᠢ ᠦᠶ᠎ᠡ ᠵᠢᠨ ᠦᠶ᠎ᠡ ᠳ᠋ᠡᠬᠡᠨ ᠤᠯᠠᠮᠵᠢᠯᠠᠨ᠎ᠠ

《ᠲᠤᠬᠠᠢ᠎ᠶᠢᠨ ᠵᠢᠯ᠎ᠦᠨ ᠬᠢᠯᠢ᠎ᠶᠢᠨ ᠬᠠᠮᠠᠭᠠᠯᠠᠯᠲᠠ᠎ᠶᠢᠨ ᠪᠠᠶ᠋ᠢᠯᠳᠤᠭᠴᠢᠳ ᠡᠨᠡ ᠬᠦ᠌ ᠨᠤᠲᠤᠭ ᠳᠡᠪᠢᠰᠬᠡᠷ᠎ᠢ ᠠᠮᠢ ᠨᠠᠰᠤ᠎ᠪᠠᠷ᠎ᠢᠶᠠᠨ ᠬᠠᠮᠠᠭᠠᠯᠠᠵᠤ ᠪᠠᠢᠬᠰᠠᠨ ᠶᠤᠮ ᠂ ᠪᠢᠳᠡ ᠥᠨᠥᠳᠦᠷ ᠬᠢᠯᠢ ᠬᠢᠵᠠᠭᠠᠷ᠎ᠢ ᠪᠠᠲᠤ᠌ ᠰᠠᠬᠢᠵᠤ ᠪᠠᠶ᠋ᠢᠭ᠎ᠠ ᠨᠢ ᠳᠠᠷᠤᠢ ᠠᠬᠠᠮᠠᠳ ᠦᠶ᠎ᠡ᠎ᠶᠢᠨ ᠬᠢᠨ᠎ᠦ ᠦᠨᠡᠨᠴᠢ ᠰᠢᠳᠤᠷᠭᠤ ᠵᠠᠩ ᠰᠤᠷᠳᠠᠯ ᠎ᠢ  ᠵᠠᠯᠭᠠᠮᠵᠢᠯᠠᠵᠤ ᠪᠠᠶ᠋ᠢᠭ᠎ᠠ ᠶᠠᠪᠤᠳᠠᠯ ᠪᠣᠯᠤᠨ᠎ᠠ》᠃ ᠰᠢᠭᠤᠢ ᠳ᠋ᠡᠬᠢ  ᠬᠢᠯᠢ᠎ᠶᠢᠨ ᠲᠣᠮᠢᠯᠠᠭᠰᠠᠨ ᠰᠠᠯᠪᠤᠷᠢ ᠎ᠶᠢᠨ ᠬᠢᠯᠢ ᠎ᠶᠢᠨ ᠬᠠᠮᠠᠭᠠᠯᠠᠯᠲᠠ᠎ᠶᠢᠨ ᠰᠣᠶᠣᠯ᠎ᠤᠨ ᠬᠤᠪᠢᠰᠬᠠᠯᠳᠤ ᠬᠥᠮᠦᠵᠢᠯ ᠎ᠦᠨ ᠰᠠᠭᠤᠷᠢᠨ᠎ᠳᠤ᠂ ᠵᠢᠭᠠᠨ ᠵᠢᠯᠤᠭᠤᠳᠤᠬᠴᠢ ᠺᠦᠩ ᠬᠤᠸᠠ ᠯᠢ ᠲᠣᠭᠣᠷᠢᠨ ᠦᠵᠡᠬᠦ᠌᠎ᠪᠡᠷ ᠢᠷᠡᠭᠰᠡᠨ ᠵᠢᠭᠤᠯᠴᠢᠯᠠᠬᠰᠠᠳ ᠪᠠ  ᠰᠤᠷᠤᠭᠴᠢᠳ ᠎ᠲᠤ᠌ ᠬᠢᠯᠢ᠎ᠶᠢᠨ ᠬᠠᠮᠠᠭᠠᠯᠠᠯᠲᠠ᠎ᠶᠢᠨ ᠲᠡᠦᠬᠡ᠎ᠶᠢ ᠶᠠᠷᠢᠵᠤ ᠥᠭᠴᠦ᠍ ᠪᠠᠶ᠋ᠢᠯ᠎ᠠ᠃

ᠦᠵᠡᠭᠦᠯᠭᠡ᠎ᠶᠢᠨ ᠲᠠᠩᠬᠢᠮ᠎ᠳᠦ᠂ ᠰᠢᠷᠠᠯᠠᠭᠰᠠᠨ ᠬᠢᠯᠢ ᠴᠠᠭᠳᠠᠭᠰᠠᠨ ᠡᠳᠦᠷ᠎ᠦᠨ ᠲᠡᠮᠳᠡᠭᠯᠡᠯ ᠂ ᠡᠯᠡᠭᠳᠡᠵᠦ ᠪᠠᠷᠠᠬᠳᠠᠬᠰᠠᠨ ᠭᠤᠳᠤᠯ᠂ ᠥᠩᠭᠡ ᠨᠢ ᠤᠨᠠᠭᠰᠠᠨ ᠬᠠᠨᠴᠤᠶ᠎ᠶᠢᠨ ᠲᠡᠮᠳᠡᠭ᠎ᠢ ᠲᠡᠯᠬᠡᠨ ᠲᠠᠯᠪᠢᠵᠤ᠂  ᠡᠳᠡᠬᠡᠷ  ᠬᠠᠭᠤᠴᠢᠨ ᠡᠳ᠋᠎ᠦᠨ ᠠᠷᠤ᠎ᠳᠤ᠂ ᠦᠶ᠎ᠡ ᠦᠶ᠎ᠡ᠎ᠶᠢᠨ ᠬᠢᠯᠢ ᠰᠠᠬᠢᠭᠴᠢ᠎ᠶᠢᠨ ᠥᠯᠢᠭᠡᠷ ᠪᠣᠶ᠃ ᠡᠨᠡ ᠬᠦ᠌  ᠰᠠᠭᠤᠷᠢᠨ  ᠵᠢᠯ ᠪᠦᠷᠢ 2000 ᠭᠠᠷᠤᠢ  ᠬᠥᠮᠦᠨ᠎ᠤ᠋ ᠲᠤᠭᠤᠷᠢᠨ ᠦᠵᠡᠬᠦ ᠵᠢ ᠬᠦᠯᠢᠶᠡᠨ ᠠᠪᠳᠠᠬ ᠪᠠᠢᠨ᠎ᠠ᠃

ᠲᠣᠮᠢᠯᠠᠭᠰᠠᠨ ᠰᠠᠯᠪᠤᠷᠢ  ᠨᠢ ᠲᠤᠬᠠᠶ᠎ᠶᠢᠨ ᠭᠠᠵᠠᠷ᠎ᠤᠨ ᠬᠢᠯᠢ᠎ᠶᠢᠨ ᠬᠠᠮᠠᠭᠠᠯᠠᠯᠲᠠ᠎ᠶᠢᠨ ᠲᠡᠦᠬᠡ᠎ᠶᠢ ᠭᠦᠨ ᠠᠭᠤᠳᠠᠯᠵᠤ᠂ ᠬᠢᠯᠢ᠎ᠶᠢᠨ ᠬᠠᠮᠠᠭᠠᠯᠠᠯᠲᠠ᠎ᠶᠢᠨ ᠰᠣᠶᠣᠯ᠎ᠢ ᠠᠷᠠᠳ᠎ᠤᠨ ᠴᠠᠭᠳᠠᠭ᠎ᠠ ᠲᠤᠰᠠᠯᠠᠬᠤ ᠴᠠᠭᠳᠠᠭ᠎ᠠ᠎ᠶᠢᠨ ᠡᠳᠦᠷ ᠲᠤᠲᠤᠮ᠎ᠤᠨ ᠠᠮᠢᠳᠤᠷᠠᠯ᠎ᠳᠤ ᠠᠭᠤᠰᠬᠠᠵᠤ᠂ ᠠᠷᠠᠳ᠎ᠤᠨ ᠴᠠᠭᠳᠠᠭ᠎ᠠ ᠲᠤᠰᠠᠯᠠᠬᠤ ᠴᠠᠭᠳᠠᠭ᠎ᠠ ᠨᠢᠭᠡᠪᠦᠷᠢ᠎ᠶᠢ ᠬᠢᠯᠢ᠎ᠶᠢᠨ ᠬᠠᠮᠠᠭᠠᠯᠠᠯᠲᠠ᠎ᠶᠢᠨ ᠰᠣᠶᠣᠯ᠎ᠤᠨ ᠵᠠᠯᠭᠠᠮᠵᠢᠯᠠᠭᠴᠢ᠂ ᠤᠬᠠᠭᠤᠯᠤᠨ ᠲᠠᠶ᠋ᠢᠯᠪᠤᠷᠢᠯᠠᠭᠴᠢ ᠪᠣᠯᠭᠠᠪᠠ᠃ ᠠᠷᠠᠳ᠎ᠤᠨ ᠴᠠᠭᠳᠠᠭ᠎ᠠ ᠲᠤᠰᠠᠯᠠᠬᠤ ᠴᠠᠭᠳᠠᠭ᠎ᠠ᠎ᠨᠠᠷ ᠠᠶ᠋ᠢᠯ ᠲᠣᠰᠬᠣᠨ᠂ ᠦᠵᠡᠮᠵᠢ᠎ᠶᠢᠨ ᠣᠷᠣᠨ᠎ᠳᠤ ᠬᠦᠷᠴᠦ᠍᠂ ᠣᠯᠠᠨ ᠲᠦᠮᠡᠨ ᠪᠠ ᠵᠢᠭᠤᠯᠴᠢᠯᠠᠭᠰᠠᠳ᠎ᠲᠤ᠌ ᠬᠢᠯᠢ ᠬᠢᠵᠠᠭᠠᠷ᠎ᠢᠶᠠᠨ ᠬᠠᠮᠠᠭᠠᠯᠠᠭᠰᠠᠨ ᠥᠯᠢᠭᠡᠷ᠎ᠢ ᠶᠠᠷᠢᠵᠤ ᠥᠭᠭᠦᠨ᠂ ᠬᠢᠯᠢ ᠬᠢᠵᠠᠭᠠᠷ᠎ᠢᠶᠠᠨ ᠬᠠᠮᠠᠭᠠᠯᠠᠬᠤ ᠣᠶ᠋ᠢᠯᠠᠭᠠᠭᠳᠠᠬᠤᠨ᠎ᠢ ᠳᠠᠮᠵᠢᠭᠤᠯᠵᠤ᠂ ᠬᠢᠯᠢ ᠬᠢᠵᠠᠭᠠᠷ᠎ᠢᠶᠠᠨ ᠬᠠᠶ᠋ᠢᠷᠠᠯᠠᠵᠤ ᠬᠢᠯᠢ ᠬᠢᠵᠠᠭᠠᠷ᠎ᠢᠶᠠᠨ ᠬᠠᠮᠠᠭᠠᠯᠠᠬᠤ ᠦᠷ᠎ᠡ᠎ᠶᠢ ᠬᠥᠮᠦᠨ ᠨᠢᠭᠡᠪᠦᠷᠢ᠎ᠶᠢᠨ ᠰᠡᠳᠬᠢᠯ᠎ᠳᠦ ᠦᠨᠳᠦᠰᠦᠯᠡᠭᠦᠯᠦᠨ ᠰᠣᠶᠣᠭᠠᠯᠠᠭᠤᠯᠤᠨ᠎ᠠ᠃

ᠬᠢᠯᠢ ᠬᠠᠮᠠᠭᠠᠯᠠᠭᠴᠢ ᠲᠠᠩ ᠰᠢᠤᠸᠠᠢ ᠮᠧᠶ ᠪᠣᠯ ᠨᠡᠶ᠋ᠢᠲᠡᠯᠢᠭ 《 ᠬᠢᠯᠢ ᠬᠠᠮᠠᠭᠠᠯᠠᠬᠴᠢᠳ ᠤ᠋ᠨ ᠬᠣᠶᠠᠳᠤᠭᠠᠷ ᠦᠶ᠎ᠡ  ᠵᠢᠨ ᠬᠢᠨ 》 ᠶᠤᠮ ᠂ ᠲᠡᠭᠦᠨ᠎ᠦ ᠡᠴᠢᠭᠡ᠎ᠨᠢ ᠰᠢᠭᠤᠢ ᠨᠤᠳᠤᠬ ᠎ᠢ  ᠰᠠᠬᠢᠨ ᠬᠠᠮᠠᠭᠠᠯᠠᠵᠤ ᠪᠠᠶ᠋ᠢᠭᠰᠠᠨ ᠬᠢᠯᠢ᠎ᠶᠢᠨ ᠬᠠᠮᠠᠭᠠᠯᠠᠯᠲᠠ᠎ᠶᠢᠨ ᠪᠠᠶ᠋ᠢᠯᠳᠤᠭᠴᠢ ᠪᠠᠶ᠋ᠢᠵᠠᠶ᠃ ᠬᠠᠷᠠᠬᠠᠨ ᠪᠠᠭ᠎ᠠ ᠡᠴᠨ ᠎ᠪᠠᠨ ᠡᠴᠢᠭᠡ᠎ᠶᠢᠨ᠎ᠢᠶᠡᠨ ᠤᠯᠤᠰ ᠵᠢᠡᠨ ᠬᠠᠮᠠᠭᠠᠯᠠᠨ ᠬᠢᠯᠢ ᠬᠢᠵᠠᠭᠠᠷ ᠵᠢᠡᠨ ᠰᠠᠬᠢᠬᠰᠠᠨ ᠨᠥᠯᠥᠭᠡ᠎ᠶᠢ ᠭᠥᠷᠳᠡᠵᠦ᠍᠂ ᠲᠡᠷᠡ ᠪᠠᠰᠠ ᠰᠢᠭᠤᠢ ᠳ᠋ᠸ᠋  ᠨᠤᠲᠤᠭᠰᠢᠵᠤ᠂ ᠲᠣᠮᠢᠯᠠᠭᠰᠠᠨ ᠰᠠᠯᠪᠤᠷᠢ᠎ᠶᠢᠨ ᠠᠷᠠᠳ᠎ᠤᠨ ᠴᠠᠭᠳᠠᠭ᠎ᠠ ᠲᠤᠰᠠᠯᠠᠬᠤ ᠴᠠᠭᠳᠠᠭ᠎ᠠ ᠦᠷᠭᠦᠯᠵᠢ ᠲᠡᠭᠦᠨ᠎ᠲᠡᠶ ᠬᠠᠮᠲᠤ᠌ ᠬᠢᠯᠢ᠎ᠶᠢ ᠲᠣᠭᠣᠷᠢᠨ ᠪᠠᠶ᠋ᠢᠴᠠᠭᠠᠵᠤ᠂ ᠲᠡᠭᠦᠨ᠎ᠦ ᠠᠬᠠᠮᠠᠳ ᠦᠶ᠎ᠡ᠎ᠶᠢᠨ ᠬᠢᠨ᠎ᠦ ᠬᠢᠯᠢ ᠬᠢᠵᠠᠭᠠᠷ᠎ᠢ ᠬᠠᠮᠠᠭᠠᠯᠠᠭᠰᠠᠨ ᠥᠯᠢᠭᠡᠷ᠎ᠢ ᠰᠣᠨᠣᠰᠬᠤ᠎ᠶᠢᠨ ᠬᠠᠮᠲᠤ᠌ ᠡᠲᠡᠭᠡᠷ ᠥᠯᠢᠭᠡᠷ᠎ᠢ ᠡᠮᠬᠢᠳᠬᠡᠨ ᠲᠢᠭᠯᠡᠵᠦ᠍᠂ ᠨᠠᠩ ᠣᠯᠠᠨ ᠬᠥᠮᠦᠨ᠎ᠳᠦ ᠶᠠᠷᠢᠵᠤ ᠥᠭᠲᠡᠭ᠃ 《ᠬᠢᠯᠢ ᠬᠢᠵᠠᠭᠠᠷ᠎ᠢ ᠬᠠᠮᠠᠭᠠᠯᠠᠬᠤ ᠵᠣᠷᠢᠭ ᠰᠠᠨᠠᠭ᠎ᠠ᠎ᠶᠢ ᠲᠠᠶᠠᠬᠳᠠᠵᠤ ᠪᠣᠯᠬᠤ ᠥᠬᠡᠶ᠂ ᠦᠶ᠎ᠡ᠎ᠶᠢᠨ ᠦᠶ᠎ᠡ᠎ᠳᠡᠭᠡᠨ ᠤᠯᠠᠮᠵᠢᠯᠠᠬᠤ ᠬᠡᠷᠡᠭᠲᠡᠶ》 ᠭᠡᠬᠦ ᠳᠠᠩ ᠰᠢᠤᠸᠠᠢ ᠮᠧᠶ᠎ᠶᠢᠨ ᠶᠠᠷᠢᠶ᠎ᠠ ᠨᠢ ᠲᠣᠮᠢᠯᠠᠭᠰᠠᠨ ᠰᠠᠯᠪᠤᠷᠢ᠎ᠶᠢᠨ ᠠᠷᠠᠳ᠎ᠤᠨ ᠴᠠᠭᠳᠠᠭ᠎ᠠ ᠲᠤᠰᠠᠯᠠᠬᠤ ᠴᠠᠭᠳᠠᠭ᠎ᠠ᠎ᠶᠢᠨ ᠬᠠᠮᠲᠤ᠎ᠶᠢᠨ ᠰᠡᠳᠬᠢᠯ᠎ᠦᠨ ᠳᠠᠭᠤᠨ ᠪᠤᠯᠤᠬᠰᠠᠨ ᠪᠠᠢᠨ᠎ᠠ᠃

ᠪᠦᠬᠦ ᠰᠡᠳᠬᠢᠯ ᠪᠦᠬᠦ ᠵᠤᠷᠢᠬ ᠵᠢᠡᠷ ᠠᠷᠠᠳ ᠤᠯᠠᠨ ᠳ᠋ᠠᠭᠠᠨ ᠦᠢᠯᠡᠴᠢᠯᠡᠵᠦ ᠴᠠᠬᠳᠠᠭ᠎ᠠ ᠠᠷᠠᠳ ᠤ᠋ᠨ ᠬᠤᠭᠤᠷᠤᠨᠳᠤᠬᠢ ᠬᠠᠷᠢᠴᠠᠭ᠎ᠠ ᠨᠡᠩ ᠪᠠᠳᠤᠵᠢᠨ᠎ᠠ

— ᠤᠯᠠᠨ ᠲᠦᠮᠡᠨ᠎ᠦ ᠬᠡᠷᠡᠭᠴᠡᠭᠡ ᠱᠠᠭᠠᠷᠳᠠᠯᠭ᠎ᠠ ᠬᠠᠮᠢᠭ᠎ᠠ ᠪᠠᠶ᠋ᠢᠪᠠᠯ ᠮᠠᠨ᠎ᠤ ᠦᠢᠯᠡᠴᠢᠯᠡᠭᠡ ᠲᠡᠨᠳᠡ ᠬᠦᠷᠲᠡᠯ᠎ᠡ ᠦᠷᠭᠦᠯᠵᠢᠯᠡᠨ᠎ᠡ᠃

ᠰᠢᠭᠤᠢ ᠳ᠋ᠡᠬᠢ  ᠬᠢᠯᠢ᠎ᠶᠢᠨ ᠲᠣᠮᠢᠯᠠᠭᠰᠠᠨ ᠰᠠᠯᠪᠤᠷᠢ ᠢᠮᠠᠭᠲᠠ ᠠᠷᠠᠳ᠎ᠲᠤ᠌ ᠳᠦᠬᠦᠮ ᠦᠵᠡᠭᠦᠯᠵᠦ᠍ ᠠᠷᠠᠳ᠎ᠲᠤ᠌ ᠠᠰᠢᠭ ᠬᠦᠷᠲᠡᠭᠡᠬᠦ᠌᠎ᠶᠠᠪᠤᠳᠠᠯ ᠎ᠢ  ᠲᠡᠷᠢᠭᠦᠨ ᠪᠠᠶ᠋ᠢᠷᠢᠨ᠎ᠳᠤ ᠲᠠᠯᠪᠢᠵᠤ᠂ 《ᠨᠢᠭᠡ ᠦᠷᠳᠡᠬᠡᠴᠢᠯᠡᠭᠰᠡᠨ ᠮᠠᠶᠢᠭ᠂ ᠡᠭᠦᠳᠡᠨ᠎ᠳᠦ ᠬᠦᠷᠬᠦ᠌ ᠮᠠᠶᠢᠭ᠂ ᠴᠠᠭ ᠵᠥᠷᠢᠭᠦᠯᠬᠦ᠌ ᠮᠠᠶᠢᠭ》 ᠤ᠋ᠨ  ᠠᠷᠠᠳ᠎ᠲᠤ᠌ ᠳᠦᠬᠦᠮ ᠦᠵᠡᠭᠦᠯᠬᠦ᠌ ᠦᠢᠯᠡᠴᠢᠯᠡᠭᠡ᠎ᠶᠢ ᠬᠡᠷᠡᠭᠵᠢᠭᠦᠯᠵᠦ᠍᠂ ᠬᠢᠯᠢ ᠬᠢᠵᠠᠭᠠᠷ᠎ᠤᠨ ᠤᠯᠠᠨ ᠲᠦᠮᠡᠨ ᠎ᠦ 《ᠤᠴᠢᠷ ᠶᠠᠪᠤᠳᠠᠯ ᠬᠦᠢᠴᠡᠳᠭᠡᠬᠦ᠎ᠳᠦ ᠬᠤᠯᠠ᠂ ᠤᠴᠢᠷ ᠶᠠᠪᠤᠳᠠᠯ ᠪᠦᠲᠦᠭᠡᠬᠦ᠌᠎ᠳᠦ ᠬᠦᠴᠢᠷ 》 ᠪᠠᠶ᠋ᠢᠬᠤ ᠬᠦᠴᠢᠷᠳᠡᠯ᠎ᠢ ᠰᠢ᠌ᠳᠪᠦᠷᠢᠯᠡᠪᠡ᠃

ᠬᠠᠷᠢᠶ᠎ᠠ ᠣᠷᠣᠨ᠎ᠤ ᠨᠠᠰᠤᠲᠠᠶ᠋ᠢᠴᠤᠳ᠂ ᠵᠡᠮᠳᠡᠭᠴᠦᠳ ᠵᠡᠷᠭᠡ ᠣᠨᠴᠠᠭᠠᠶ ᠬᠥᠮᠦᠰ᠎ᠲᠦ᠍ ᠴᠢᠭᠯᠡᠭᠦᠯᠦᠨ᠂ ᠠᠷᠠᠳ᠎ᠤᠨ ᠴᠠᠭᠳᠠᠭ᠎ᠠ  ᠲᠤᠰᠠᠯᠠᠬᠤ ᠴᠠᠭᠳᠠᠭ᠎ᠠ ᠲᠣᠨᠣᠭ ᠲᠥᠬᠥᠭᠡᠷᠦᠮᠵᠢ᠎ᠪᠡᠨ ᠠᠪᠴᠤ᠌ ᠬᠡᠷ᠎ᠲᠦᠨᠢ ᠬᠦᠷᠴᠦ᠍ ᠪᠡᠶ᠎ᠡ᠎ᠶᠢᠨ ᠦᠨᠡᠮᠯᠡᠯ᠂ ᠣᠷᠣᠰᠢᠨ ᠰᠠᠭᠤᠬᠤ ᠦᠨᠡᠮᠯᠡᠯ ᠬᠢᠵᠦ ᠦᠭᠬᠦᠨ᠎ᠡ᠃ ᠨᠢᠳᠤᠨᠤᠨ ᠡᠪᠦᠯ᠂ ᠭᠠᠭᠴᠠᠭᠠᠷ ᠰᠠᠭᠤᠭ᠎ᠠ ᠨᠠᠰᠤᠲᠠᠨ ᠸᠠᠩ ᠡᠮᠡᠭᠡ ᠵᠢᠨ ᠬᠦᠯ ᠭᠠᠷ ᠨᠢ ᠮᠠᠭᠤ ᠪᠤᠯᠬᠤᠷ ᠲᠤᠮᠢᠯᠠᠬᠰᠠᠨ ᠰᠠᠯᠪᠤᠷᠢ ᠳ᠋ᠸ᠋ ᠬᠦᠷᠴᠦ  ᠪᠡᠶ᠎ᠡ ᠵᠢᠨ ᠦᠨᠡᠮᠯᠡᠯ ᠵᠢᠡᠨ ᠬᠠᠯᠠᠵᠤ ᠠᠪᠬᠤ ᠵᠢᠨ  ᠠᠷᠭ᠎ᠠ ᠥᠬᠡᠶ ᠪᠤᠯᠵᠠᠢ᠃  ᠠᠷᠠᠳ᠎ᠤᠨ ᠴᠠᠭᠳᠠᠭ᠎ᠠ ᠴᠠᠰᠤ ᠰᠢᠭᠤᠷᠭᠠᠨ᠎ᠤ ᠳᠤᠮᠳᠠᠭᠤᠷ 20 ᠺᠢᠯᠣᠮᠧᠲ᠋ᠷ ᠠᠶᠠᠯᠠᠨ ᠨᠠᠰᠤᠲᠠᠨ᠎ᠤ ᠬᠡᠷ᠎ᠲᠦ᠍ ᠬᠦᠷᠴᠦ᠍᠂ ᠮᠡᠳᠡᠭᠡ ᠵᠠᠩᠭᠢ ᠴᠤᠭᠯᠠᠭᠤᠯᠤᠨ ᠬᠡᠷᠡᠯ ᠵᠢᠷᠤᠭ ᠠᠪᠴᠤ᠌᠂ 3 ᠡᠳᠦᠷ᠎ᠦᠨ ᠳᠠᠷᠠᠭ᠎ᠠ ᠰᠢᠨ᠎ᠡ ᠪᠡᠶ᠎ᠡ ᠵᠢᠨ  ᠦᠨᠡᠮᠯᠡᠯ ᠎ᠢ  ᠨᠠᠰᠤᠲᠠᠨ᠎ᠤ ᠭᠠᠷ᠎ᠲᠤ᠌ ᠬᠦᠷᠭᠡᠵᠦ᠍᠂ ᠨᠠᠰᠤᠲᠠᠨ ᠰᠡᠳᠬᠢᠯ ᠳᠣᠭᠳᠣᠯᠤᠨ ᠲᠠᠯᠠᠷᠬᠠᠵᠤ ᠪᠠᠶ᠋ᠢᠯ᠎ᠠ᠃

ᠵᠢᠭᠤᠯᠴᠢᠯᠠᠯ ᠎ᠤᠨ ᠬᠥᠭᠵᠢᠶᠡᠨᠲᠡᠶ ᠤᠯᠠᠷᠢᠯ᠎ᠳᠤ᠂ ᠰᠢᠭᠤᠢ ᠳ᠋ᠡᠬᠢ ᠬᠢᠯᠢ᠎ᠶᠢᠨ ᠲᠣᠮᠢᠯᠠᠭᠰᠠᠨ ᠰᠠᠯᠪᠤᠷᠢ ᠦᠵᠡᠮᠵᠢ᠎ᠶᠢᠨ ᠣᠷᠣᠨ᠎ᠳᠤ ᠠᠷᠠᠳ ᠎ᠲᠤ᠌ ᠲᠥᠬᠥᠮ ᠦᠵᠡᠭᠦᠯᠬᠦ᠌ ᠦᠢᠯᠡᠴᠢᠯᠡᠬᠡᠨ᠎ᠦ ᠴᠡᠭ ᠭᠠᠷᠭᠠᠵᠤ᠂ ᠵᠢᠭᠤᠯᠴᠢᠯᠠᠬᠰᠠᠳ᠎ᠲᠤ᠌ ᠵᠠᠮ ᠱᠤᠭᠤᠮ᠎ᠤᠨ ᠯᠠᠪᠯᠠᠭ᠎ᠠ᠂ ᠪᠠᠴᠢᠮ ᠪᠠᠶ᠋ᠢᠳᠠᠯ᠎ᠢ ᠠᠷᠭᠠᠴᠠᠭᠠᠬᠤ ᠠᠪᠤᠷᠠᠨ ᠲᠤᠰᠠᠯᠠᠯᠲᠠ᠂ ᠭᠡᠭᠡᠭᠰᠡᠨ ᠪᠣᠳᠠᠰ ᠎ᠢ ᠡᠷᠢᠬᠦ᠌ ᠵᠡᠷᠭᠡ ᠦᠢᠯᠡᠴᠢᠯᠡᠬᠡ ᠬᠠᠩᠭᠠᠪᠠ᠃ ᠨᠢᠳᠤᠨᠤᠨ ᠵᠤᠨ᠂ ᠨᠢᠭᠡ ᠵᠢᠭᠤᠯᠴᠢᠯᠠᠬᠴᠢ  ᠵᠢᠭᠤᠯᠴᠢᠯᠠᠨ ᠠᠶᠠᠯᠠᠬᠤ᠎ᠶᠠᠪᠤᠴᠠ ᠎ᠳᠦ ᠰᠠᠨᠠᠮᠰᠠᠷ ᠦᠭᠡᠢ᠎ᠪᠡᠷ ᠬᠦᠯ᠎ᠦᠨ ᠱᠠᠭ᠎ᠠ᠎ᠪᠠᠨ ᠪᠤᠯᠵᠠᠭᠠᠪᠠ᠃ ᠠᠷᠠᠳ᠎ᠤᠨ ᠴᠠᠭᠳᠠᠭ᠎ᠠ ᠲᠤᠰᠠᠯᠠᠮᠵᠢ ᠭᠤᠶᠤᠴᠢᠯᠠᠬᠤ  ᠤᠲᠠᠰᠤ᠎ᠶᠢ ᠲᠤᠰᠤᠮᠠᠭᠴᠠ ᠳᠠᠷᠤᠢ ᠲᠦᠷᠭᠡᠨ ᠲᠤᠬᠠᠢ᠎ᠶᠢᠨ ᠲᠠᠯᠠᠪᠠᠢ ᠎ᠳᠤ ᠬᠦᠷᠴᠦ᠍᠂ ᠵᠢᠭᠤᠯᠴᠢᠯᠠᠬᠴᠢ ᠵᠢ ᠡᠭᠦᠷᠦᠨ ᠠᠭᠤᠯᠠᠨ᠎ᠡᠴᠨ  ᠪᠠᠭᠤᠬᠤ᠎ᠶᠢᠨ ᠬᠠᠮᠲᠤ᠌ ᠡᠮᠨᠡᠯᠭᠡ ᠎ᠳᠦ ᠬᠦᠷᠭᠡᠵᠦ᠍᠂ ᠵᠢᠭᠤᠯᠴᠢᠯᠠᠬᠴᠢ ᠵᠢᠨ ᠠᠮᠤᠷ ᠲᠦᠪᠰᠢᠨ᠎ᠢ ᠪᠠᠲᠤᠯᠠᠪᠠ᠃

ᠨᠢᠳᠤᠨᠤᠨ ᠡᠴᠨ  ᠨᠠᠭᠠᠰᠢ᠂ ᠰᠢᠭᠤᠢ ᠳ᠋ᠡᠬᠢ ᠬᠢᠯᠢ᠎ᠶᠢᠨ ᠲᠣᠮᠢᠯᠠᠭᠰᠠᠨ ᠰᠠᠯᠪᠤᠷᠢ ᠠᠷᠠᠳ᠎ᠲᠤ᠌ ᠳᠥᠭᠥᠮ ᠦᠵᠡᠭᠦᠯᠬᠦ᠌ ᠦᠢᠯᠡᠴᠢᠯᠡᠭᠡ᠎ᠶᠢ ᠨᠡᠶ᠋ᠢᠲᠡ 270 ᠭᠠᠷᠤᠶ ᠤᠳᠠᠭ᠎ᠠ ᠥᠷᠨᠢᠭᠦᠯᠵᠦ᠍᠂ 130 ᠭᠠᠷᠤᠶ ᠣᠯᠠᠨ ᠲᠦᠮᠡᠨ ᠎ᠢ ᠠᠪᠤᠷᠠᠨ ᠲᠤᠰᠠᠯᠠᠵᠤ᠂ ᠬᠥᠷᠰᠢ ᠵᠡᠷᠭᠡᠯᠡᠳᠡᠭᠡ᠂ ᠬᠥᠳᠡᠯᠮᠦᠷᠢ ᠤᠯᠭᠤᠮᠵᠢ ᠵᠡᠷᠭᠡ 120 ᠭᠠᠷᠤᠶ ᠵᠠᠭᠤᠷᠠᠯᠳᠤᠭᠠᠨ᠎ᠢ ᠡᠶᠡᠳᠡᠭᠦᠯᠦᠭᠰᠡᠨ ᠪᠠᠶ᠋ᠢᠨ᠎ᠠ᠃ ᠣᠯᠠᠨ ᠤᠳᠠᠭ᠎ᠠ ᠬᠦᠷᠴᠦ᠍ ᠦᠢᠯᠡᠴᠢᠯᠡᠨ᠂ ᠪᠠᠴᠢᠮ ᠠᠪᠤᠷᠠᠨ ᠲᠤᠰᠠᠯᠠᠯᠲᠠ ᠬᠢᠵᠦ᠍᠂ ᠵᠠᠭᠤᠷᠠᠯᠳᠤᠭᠠᠨ᠎ᠢ ᠨᠠᠮᠳᠠᠭᠤᠯᠤᠨ᠂ ᠴᠠᠭᠳᠠᠭ᠎ᠠ ᠠᠷᠠᠳ᠎ᠤᠨ ᠬᠣᠭᠣᠷᠣᠨᠳᠣᠬᠢ ᠬᠠᠶ᠋ᠢᠷ᠎ᠠ ᠬᠠᠯᠠᠮᠵᠢ ᠡᠷᠭᠦᠨ᠎ᠡ ᠭᠤᠤᠯ ᠤ᠋ᠨ ᠤᠰᠤ ᠠᠳᠠᠯᠢ ᠪᠢᠯᠬᠠᠨ ᠴᠠᠯᠬᠢᠯᠠᠵᠤ᠂ 《ᠠᠷᠠᠳ᠎ᠤᠨ ᠳᠣᠲᠣᠭᠠᠳᠤ᠎ᠶᠢ ᠬᠠᠮᠠᠭᠠᠯᠠᠬᠤ ᠨᠢ ᠠᠷᠠᠳ ᠲᠦᠮᠡᠨ᠎ᠦ ᠲᠥᠯᠥᠭᠡ 》 ᠭᠡᠬᠦ᠌  ᠪᠠᠳᠤ ᠲᠠᠩᠭᠠᠷᠢᠭ ᠎ᠦ  ᠤᠮᠠᠷᠠᠲᠤ᠌ ᠬᠢᠯᠢ᠎ᠶᠢᠨ ᠡᠬᠡ ᠭᠠᠵᠠᠷ᠎ᠲᠤ᠌ ᠲᠤᠷᠠᠢᠳᠠᠯ᠎ᠠ ᠪᠢᠴᠢᠭᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号