《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ》 ᠵᠢ 2026 ᠣᠨ᠎ᠤ 7 ᠰᠠᠷ᠎ᠠ᠎ᠶᠢᠨ 1᠎ᠤ᠋ ᠡᠳᠦᠷ᠎ᠡᠴᠡ ᠡᠬᠢᠯᠡᠨ ᠵᠢᠩᠬᠢᠨᠢ᠎ᠪᠡᠷ ᠬᠡᠷᠡᠭᠵᠢᠭᠦᠯᠪᠡ᠃ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠠᠬᠢᠭᠤᠯᠬᠤ ᠬᠠᠤᠯᠢ᠎ᠶᠢ ᠲᠣᠭᠲᠠᠭᠠᠨ ᠨᠡᠢᠲᠡᠯᠡᠬᠰᠡᠨ ᠨᠢ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠴᠢᠬᠤᠯᠠ ᠶᠡᠬᠡ ᠠᠷᠭ᠎ᠠ ᠬᠡᠮᠵᠢᠶ᠎ᠡ ᠮᠥᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ ᠲᠤᠯᠭᠠᠮ ᠱᠠᠭᠠᠷᠳᠠᠯᠭ᠎ᠠ ᠮᠥᠨ᠂ ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ ᠶᠣᠰᠣᠭᠠᠷ ᠵᠠᠰᠠᠬᠤ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠦᠨ ᠲᠥᠯᠥᠭᠡ ᠪᠦᠯᠬᠦᠮᠳᠡᠨ ᠲᠡᠮᠡᠴᠡᠬᠦ᠎ᠶᠢ ᠠᠬᠢᠭᠤᠯᠬᠤ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃
ᠨᠢᠭᠡ
ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠳᠤ ᠣᠷᠣᠰᠢᠯ ᠪᠠ ᠶᠡᠷᠦᠩᠬᠡᠢ ᠳᠦᠷᠢᠮ᠂ ᠬᠠᠮᠲᠤ᠎ᠶᠢᠨ ᠣᠶᠤᠨ ᠰᠠᠨᠠᠭᠠᠨ᠎ᠤ ᠭᠡᠷ ᠣᠷᠣᠨ᠎ᠢ ᠪᠠᠢᠭᠤᠯᠬᠤ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠣ᠂ ᠬᠠᠮᠲᠤ ᠪᠠᠷ ᠴᠡᠴᠡᠭᠯᠡᠨ ᠬᠥᠭᠵᠢᠬᠦ ᠵᠢ ᠠᠬᠢᠭᠤᠯᠬᠤ᠂ ᠪᠠᠲᠤᠯᠠᠬᠤ ᠪᠠ ᠬᠢᠨᠠᠯᠲᠠ ᠲᠠᠯᠪᠢᠬᠤ᠂ ᠬᠠᠤᠯᠢ ᠴᠠᠭᠠᠵᠠ᠎ᠶᠢᠨ ᠬᠠᠷᠢᠭᠤᠴᠠᠯᠭ᠎ᠠ᠂ ᠳᠠᠭᠠᠯᠲᠣᠭᠣᠯᠣᠯ ᠳᠦᠷᠢᠮ ᠵᠡᠷᠭᠡ 7 ᠪᠦᠯᠦᠭ ᠲᠠᠢ᠂ ᠨᠡᠶ᠋ᠢᠲᠡ 65 ᠵᠤᠷᠪᠤᠰ ᠪᠤᠢ᠃ ᠨᠠᠮ ᠪᠠ ᠤᠯᠤᠰ᠎ᠤᠨ ᠦᠨᠳᠦᠰᠦᠲᠡᠨ᠎ᠦ ᠠᠵᠢᠯ᠎ᠤᠨ ᠲᠤᠬᠠᠢ ᠦᠨᠳᠦᠰᠦᠨ ᠪᠣᠳᠣᠯᠭ᠎ᠠ ᠴᠢᠭᠯᠡᠯᠲᠡ᠎ᠶᠢ ᠨᠡᠢᠳᠡᠯᠡᠬᠦ᠂ ᠳᠤᠮᠳᠠᠳᠤ᠎ᠶᠢᠨ ᠦᠨᠳᠦᠰᠦᠲᠡᠨ᠎ᠦ ᠦᠨᠳᠦᠰᠦᠨ ᠠᠰᠢᠭ᠋ ᠲᠤᠰᠠ ᠪᠣᠯᠣᠨ ᠪᠦᠬᠦᠯᠢ ᠴᠣᠭᠴᠠ᠎ᠶᠢᠨ ᠠᠰᠢᠭ᠋ ᠲᠤᠰᠠ᠎ᠶᠢ ᠪᠠᠳᠤᠯᠠᠨ ᠬᠠᠮᠠᠭᠠᠯᠠᠬᠤ ᠠᠬᠢᠭᠤᠯᠬᠤ ᠬᠡᠯᠪᠡᠷᠢ᠎ᠶᠢᠨ ᠬᠠᠤᠯᠢ ᠴᠠᠭᠠᠵᠠ ᠪᠣᠯᠤᠭᠰᠠᠨ᠎ᠤ ᠬᠤᠪᠢ᠎ᠳᠤ᠂ ᠲᠤᠰ ᠬᠠᠤᠯᠢ᠎ᠶᠢᠨ ᠰᠢᠰᠲ᠋ᠸᠮ ᠨᠢ ᠪᠦᠷᠢᠨ ᠪᠦᠲᠦᠨ᠂ ᠯᠣᠭᠢᠭ᠋ ᠨᠢ ᠨᠢᠭ᠍ᠲᠠ ᠴᠢᠩᠭ᠎ᠠ᠂ ᠠᠭᠤᠯᠭ᠎ᠠ ᠨᠢ ᠪᠦᠬᠦ ᠲᠠᠯ᠎ᠠ᠎ᠶᠢᠨ ᠪᠠᠢᠵᠤ᠂ ᠰᠢᠨ᠎ᠡ ᠴᠠᠭ ᠦᠶ᠎ᠡ᠎ᠳᠦ ᠨᠠᠮ᠎ᠤᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠳᠦᠷᠢᠮ ᠲᠣᠭᠲᠠᠴᠠ᠎ᠶᠢ ᠪᠦᠷᠢᠨᠰᠢᠭᠦᠯᠬᠦ᠎ᠳᠦ ᠲᠣᠳᠣᠷᠬᠠᠢ ᠴᠢᠭᠯᠡᠯ ᠪᠣᠯᠣᠨ ᠬᠠᠤᠯᠢ ᠪᠡᠷ ᠵᠠᠰᠠᠬᠤ ᠵᠢᠯᠣᠭᠣᠳᠤᠮᠵᠢ ᠬᠠᠩᠭᠠᠪᠠ᠃
ᠵᠠᠭᠤ ᠭᠠᠷᠤᠢ ᠵᠢᠯ᠎ᠦᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠮᠠᠷᠺᠰ᠎ᠤᠨ ᠦᠵᠡᠯ᠎ᠦᠨ ᠦᠨᠳᠦᠰᠦᠲᠡᠨ᠎ᠦ ᠤᠨᠤᠯ᠎ᠢ ᠳᠤᠮᠳᠠᠳᠤ ᠤᠯᠤᠰ᠎ᠤᠨ ᠦᠨᠳᠦᠰᠦᠲᠡᠨ᠎ᠦ ᠠᠰᠠᠭᠤᠳᠠᠯ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠬᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ᠎ᠶᠢ ᠪᠠᠷᠢᠮᠲᠠᠯᠠᠵᠤ᠂ ᠦᠢᠯᠡᠳᠦᠯᠭᠡ᠎ᠶᠢᠨ ᠰᠦᠪᠡᠭᠴᠢᠯᠡᠯᠲᠡ᠎ᠶᠢᠨ ᠳᠤᠮᠳᠠ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠎ᠶᠢᠨ ᠵᠢᠮ᠎ᠡ ᠶᠣᠰᠣᠴᠢ ᠴᠢᠨᠠᠷᠲᠠᠢ ᠲᠠᠨᠢᠯᠲᠠ᠎ᠶᠢ ᠲᠠᠰᠤᠷᠠᠯᠳᠠ ᠦᠭᠡᠢ ᠭᠦᠨᠵᠡᠭᠡᠢᠷᠡᠭᠦᠯᠵᠦ᠂ ᠦᠨᠳᠦᠰᠦᠲᠡᠨ᠎ᠦ ᠡᠷᠬᠡ ᠲᠡᠭᠰᠢ᠂ ᠦᠨᠳᠦᠰᠦᠲᠡᠨ᠎ᠦ ᠪᠦᠯᠬᠦᠮᠳᠡᠯ᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠴᠡᠴᠡᠭᠯᠡᠨ ᠬᠥᠭᠵᠢᠬᠦ᠎ᠪᠡᠷ ᠭᠣᠣᠯ ᠠᠭᠤᠯᠭ᠎ᠠ ᠪᠠᠨ ᠪᠣᠯᠭᠠᠭᠰᠠᠨ ᠦᠨᠳᠦᠰᠦᠲᠡᠨ᠎ᠦ ᠤᠨᠤᠯ ᠪᠠ ᠦᠨᠳᠦᠰᠦᠲᠡᠨ᠎ᠦ ᠠᠵᠢᠯ᠎ᠤᠨ ᠴᠢᠭᠯᠡᠯᠲᠡ ᠲᠦᠷᠦ᠎ᠶᠢᠨ ᠪᠣᠳᠣᠯᠭ᠎ᠠ᠎ᠶᠢ ᠲᠣᠭᠲᠠᠭᠠᠵᠤ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠦᠨᠳᠦᠰᠦᠲᠡᠨ᠎ᠦ ᠠᠰᠠᠭᠤᠳᠠᠯ᠎ᠢ ᠰᠢᠢᠳᠪᠦᠷᠢᠯᠡᠬᠦ ᠵᠥᠪ ᠵᠠᠮ᠎ᠢ ᠪᠦᠲᠦᠭᠡᠯᠴᠢ᠎ᠪᠡᠷ ᠨᠡᠭᠡᠭᠡᠭᠰᠡᠨ ᠪᠠᠢᠨ᠎ᠠ᠃ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ 《ᠬᠣᠶᠠᠷ᠎ᠢ ᠤᠶᠠᠯᠳᠤᠭᠤᠯᠬᠤ》 ᠵᠢ ᠪᠠᠷᠢᠮᠲᠠᠯᠠᠵᠦ᠂ 《ᠬᠣᠶᠠᠷ ᠶᠡᠬᠡ ᠲᠠᠯ᠎ᠠ》 ᠵᠢ ᠪᠣᠳᠣᠯᠬᠢᠯᠠᠵᠤ᠂ ᠠᠯᠢ ᠣᠯᠠᠨ ᠰᠢᠨ᠎ᠡ ᠣᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠢᠯᠳᠤᠬᠤ ᠪᠣᠳᠣᠯᠭ᠎ᠠ᠎ᠶᠢ ᠳᠤᠷᠠᠳᠤᠨ ᠭᠠᠷᠭᠠᠵᠥ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠶᠢ ᠰᠢᠨ᠎ᠡ ᠴᠠᠭ ᠦᠶ᠎ᠡ᠎ᠶᠢᠨ ᠨᠠᠮ᠎ᠤᠨ ᠦᠨᠳᠦᠰᠦᠲᠡᠨ᠎ᠦ ᠠᠵᠢᠯ᠎ᠤᠨ ᠭᠣᠣᠯ ᠰᠢᠵᠢᠮ᠂ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠵᠢᠯ᠎ᠤᠨ ᠭᠣᠣᠯ ᠰᠢᠵᠢᠮ ᠪᠣᠯᠭᠠᠬᠤ ᠬᠡᠷᠡᠭᠲᠡᠢ ᠭᠡᠵᠦ ᠲᠣᠳᠣᠷᠬᠠᠢ ᠲᠣᠷᠠᠳᠴᠤ᠂ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶᠢ ᠪᠦᠷᠢᠯᠳᠦᠭᠦᠯᠤᠨ᠂ ᠮᠠᠷᠺᠰ᠎ᠤᠨ ᠦᠵᠡᠯ᠎ᠦᠨ ᠦᠨᠳᠦᠰᠦᠲᠡᠨ᠎ᠦ ᠣᠨᠣᠯ᠎ᠦᠨ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠰᠢᠨ᠎ᠡ ᠠᠬᠤᠢ ᠪᠠᠢᠳᠠᠯ᠎ᠢ ᠨᠡᠭᠡᠭᠡᠵᠦ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠦᠨᠳᠦᠰᠦᠲᠡᠨ᠎ᠦ ᠠᠰᠠᠭᠤᠳᠠᠯ᠎ᠢ ᠰᠢᠢᠳᠪᠦᠷᠢᠯᠡᠬᠦ ᠵᠥᠪ ᠵᠠᠮ᠎ᠢ ᠪᠡᠬᠢᠵᠢᠭᠦᠯᠦᠨ ᠥᠷᠭᠡᠳᠬᠡᠵᠦ᠂ ᠰᠢᠨ᠎ᠡ ᠴᠠᠭ ᠦᠶ᠎ᠡ᠎ᠶᠢᠨ ᠮᠠᠨ᠎ᠤ ᠤᠯᠤᠰ᠎ᠤᠨ ᠦᠨᠳᠦᠰᠦᠲᠡᠨ᠎ᠦ ᠠᠵᠢᠯ᠎ᠢ ᠵᠢᠯᠤᠭᠣᠳᠣᠭᠠᠳ ᠲᠡᠦᠬᠡᠲᠦ ᠴᠢᠨᠠᠷᠲᠠᠢ ᠠᠮᠵᠢᠯᠲᠠ ᠣᠯᠵᠦ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠦᠢᠯᠡᠰ᠎ᠲᠦ ᠰᠢᠨ᠎ᠡ ᠴᠠᠭ ᠦᠶ᠎ᠡ᠎ᠶᠢᠨ ᠠᠭᠤᠯᠤᠭᠳᠠᠬᠤᠨ ᠨᠡᠮᠡᠷᠢᠯᠡᠨ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠲᠣᠭᠲᠠᠭᠠᠬᠤ᠎ᠳᠤ ᠪᠠᠲᠤ ᠪᠡᠬᠢ ᠣᠨᠣᠯ᠎ᠤᠨ ᠰᠠᠭᠤᠷᠢ ᠪᠠ ᠦᠢᠯᠡᠳᠦᠯᠭᠡ᠎ᠶᠢᠨ ᠰᠠᠭᠤᠷᠢ᠎ᠶᠢ ᠲᠠᠯᠪᠢᠵᠤ ᠥᠭᠴᠡᠢ᠃ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠠᠬᠢᠭᠤᠯᠬᠤ ᠬᠠᠤᠯᠢ ᠨᠢ ᠨᠠᠮ᠎ᠤᠨ ᠦᠨᠳᠦᠰᠦᠲᠡᠨ᠎ᠦ ᠠᠵᠢᠯ᠎ᠤᠨ ᠳᠤᠮᠳᠠ ᠡᠴᠡ ᠣᠯᠣᠭᠰᠠᠨ ᠴᠢᠬᠤᠯᠠ ᠶᠡᠬᠡ ᠤᠨᠤᠯ ᠪᠠ ᠦᠢᠯᠡᠳᠦᠯᠭᠡ᠎ᠶᠢᠨ ᠦᠷ᠎ᠡ ᠪᠦᠲᠦᠭᠡᠯ᠎ᠢ ᠬᠠᠤᠯᠢ ᠲᠣᠭᠲᠠᠭᠠᠬᠤ᠎ᠪᠠᠷ ᠳᠠᠮᠵᠢᠨ ᠤᠯᠤᠰ᠎ᠤᠨ ᠵᠣᠷᠢᠭ᠋ ᠰᠠᠨᠠᠭ᠎ᠠ ᠪᠣᠯᠭᠠᠨ ᠬᠤᠪᠢᠷᠠᠭᠤᠯᠵᠤ᠂ ᠦᠨᠳᠦᠰᠦᠲᠡᠨ᠎ᠦ ᠠᠰᠠᠭᠤᠳᠠᠯ᠎ᠢ ᠰᠢᠢᠳᠪᠦᠷᠢᠯᠡᠬᠦ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠵᠥᠪ ᠵᠠᠮ᠎ᠤᠨ ᠠᠮᠵᠢᠯᠲᠠ᠎ᠲᠠᠢ ᠲᠤᠷᠰᠢᠯᠭ᠎ᠠ᠎ᠶᠢ ᠬᠠᠤᠯᠢ ᠴᠠᠭᠠᠵᠠ᠎ᠶᠢᠨ ᠬᠡᠯᠪᠡᠷᠢ᠎ᠪᠡᠷ ᠨᠤᠲᠠᠯᠠᠵᠤ᠂ ᠦᠵᠡᠯ ᠰᠠᠨᠠᠭ᠎ᠠ᠎ᠪᠠᠷ ᠬᠥᠲᠥᠯᠥᠨ ᠳᠠᠭᠠᠭᠤᠯᠬᠤ᠂ ᠤᠨᠤᠯ᠎ᠤᠨ ᠵᠢᠯᠣᠭᠣᠳᠤᠯᠭ᠎ᠠ ᠬᠢᠬᠦ᠂ ᠬᠠᠤᠯᠢ᠎ᠪᠠᠷ ᠵᠠᠰᠠᠬᠤ ᠵᠢᠷᠤᠮᠵᠢᠯ᠎ᠢ ᠰᠢᠰᠲᠧᠮ᠎ᠲᠠᠢ ᠨᠡᠪᠲᠡᠷᠡᠭᠦᠯᠬᠦ᠎ᠶᠢ ᠪᠡᠶᠡᠯᠡᠭᠦᠯᠪᠡ᠂ ᠡᠨᠡ ᠨᠢ ᠯᠠᠪᠳᠠᠢ ᠬᠠᠤᠯᠢ᠎ᠪᠠᠷ ᠵᠠᠰᠠᠬᠤ ᠵᠠᠮ ᠳᠡᠭᠡᠷ᠎ᠡ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠤᠯᠠᠮ ᠨᠢᠭᠡ ᠠᠯᠬᠤᠮ ᠠᠬᠢᠭᠤᠯᠵᠥ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠦᠨᠳᠦᠰᠦᠲᠡᠨ᠎ᠦ ᠠᠰᠠᠭᠤᠳᠠᠯ᠎ᠢ ᠰᠢᠢᠳᠪᠦᠷᠢᠯᠡᠬᠦ ᠵᠥᠪ ᠵᠠᠮ᠎ᠤᠨ ᠬᠠᠤᠯᠢ᠎ᠪᠠᠷ ᠵᠠᠰᠠᠬᠤ ᠪᠡᠯᠭᠡ ᠲᠡᠮᠳᠡᠭ ᠪᠣᠯᠬᠤ ᠶᠤᠮ᠃
ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ ᠪᠡᠷ ᠵᠠᠰᠠᠬᠤ᠎ᠶᠢ ᠪᠠᠷᠢᠮᠲᠠᠯᠠᠬᠤ ᠪᠣᠯ ᠨᠠᠮ᠎ᠤᠨ ᠦᠨᠳᠦᠰᠦᠲᠡᠨ᠎ᠦ ᠠᠵᠢᠯ᠎ᠤᠨ ᠨᠢᠭᠡᠨ ᠦᠨᠳᠦᠰᠦᠨ ᠲᠤᠷᠰᠢᠯᠭ᠎ᠠ ᠮᠥᠨ᠃ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ᠎ᠠᠴᠠ ᠨᠠᠭᠠᠰᠢ᠂ ᠦᠨᠳᠦᠰᠦᠲᠡᠨ᠎ᠦ ᠬᠡᠷᠡᠭ ᠶᠠᠪᠤᠳᠠᠯ ᠨᠢ ᠮᠠᠨ᠎ᠤ ᠤᠯᠤᠰ᠎ᠤᠨ ᠦᠨᠳᠦᠰᠦᠨ ᠬᠠᠤᠯᠢ᠎ᠳᠤ ᠲᠣᠭᠲᠠᠭᠠᠭᠰᠠᠨ ᠴᠢᠬᠤᠯᠠ ᠠᠭᠤᠯᠭ᠎ᠠ ᠪᠣᠯᠣᠭᠰᠠᠭᠠᠷ ᠢᠷᠡᠵᠡᠢ᠃ 2018 ᠣᠨ᠎ᠤ ᠦᠨᠳᠦᠰᠦᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠥᠯ᠎ᠳᠦ 《ᠳᠤᠮᠳᠠᠳᠤ᠎ᠶᠢᠨ ᠦᠨᠳᠦᠰᠦᠲᠡᠨ》 ᠢ᠋ ᠠᠩᠬ᠎ᠠ ᠤᠳᠠᠭ᠎ᠠ ᠦᠨᠳᠦᠰᠦᠨ ᠬᠠᠤᠯᠢ᠎ᠳᠤ ᠪᠢᠴᠢᠨ ᠣᠷᠣᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠲᠣᠭᠲᠠᠭᠠᠬᠤ᠎ᠳᠤ ᠨᠠᠩ ᠲᠣᠳᠣᠷᠬᠠᠢ ᠦᠨᠳᠦᠰᠦ ᠪᠣᠯᠬᠤ ᠬᠠᠤᠯᠢ᠎ᠶᠢᠨ ᠦᠨᠳᠦᠰᠦᠯᠡᠯ ᠬᠠᠩᠭᠠᠪᠠ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ ᠴᠢᠬᠤᠯᠠ ᠶᠡᠬᠡ ᠪᠣᠳᠠᠲᠤ ᠡᠭᠦᠷᠭᠡ᠎ᠳᠦ ᠰᠠᠭᠤᠷᠢᠯᠠᠨ᠂ ᠨᠢᠬᠡ ᠬᠤᠪᠢ ᠨᠢᠭᠡᠳᠦᠯᠲᠦ ᠴᠢᠨᠠᠷᠲᠠᠢ᠂ ᠬᠥᠲᠥᠯᠪᠦᠷᠢ᠎ᠶᠢᠨ ᠴᠢᠨᠠᠷᠲᠠᠢ ᠬᠠᠤᠯᠢ ᠴᠠᠭᠠᠵᠠ᠎ᠡᠴᠡ ᠳᠦᠷᠢᠮ᠎ᠢ ᠨᠡᠢᠳᠭᠡᠬᠦ ᠪᠠ ᠲᠥᠷᠥ᠎ᠶᠢᠨ ᠪᠣᠳᠣᠯᠭ᠎ᠠ᠎ᠶᠢ ᠨᠡᠪᠲᠡᠷᠡᠭᠦᠯᠬᠦ᠎ᠶᠢ ᠴᠢᠩᠭᠠᠳᠬᠠᠬᠤ ᠶᠠᠪᠤᠳᠠᠯ ᠪᠠᠴᠢᠮ ᠱᠠᠭᠠᠷᠳᠠᠬᠳᠠᠪᠠ᠃ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢᠨ ᠡᠬᠢᠯᠡᠯᠲᠡ᠎ᠶᠢᠨ ᠬᠠᠭᠤᠳᠠᠰᠤᠨ᠎ᠳᠤ 《ᠦᠨᠳᠦᠰᠦᠨ ᠬᠠᠤᠯᠢ᠎ᠶᠢ ᠦᠨᠳᠦᠰᠦᠯᠡᠵᠦ ᠲᠤᠰ ᠬᠠᠤᠯᠢ᠎ᠶᠢ ᠲᠣᠭᠲᠠᠭᠠᠪᠠ》 ᠬᠡᠵᠦ ᠲᠣᠳᠣᠷᠬᠠᠢ ᠢᠯᠡᠷᠭᠡᠢᠯᠡᠵᠦ᠂ ᠦᠨᠳᠦᠰᠦᠨ ᠬᠠᠤᠯᠢ᠎ᠳᠠᠬᠢ ᠤᠯᠤᠰ ᠣᠷᠣᠨ᠎ᠤ ᠨᠢᠭᠡᠳᠦᠯ ᠪᠠ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠲᠤᠬᠠᠢ ᠲᠣᠭᠲᠠᠭᠠᠯ᠎ᠢᠶᠠᠷ ᠬᠠᠤᠯᠢ ᠲᠣᠭᠲᠠᠭᠠᠬᠤ ᠦᠨᠳᠦᠰᠦᠨ ᠦᠨᠳᠦᠰᠦᠯᠡᠯ ᠪᠣᠯᠭᠠᠵᠦ᠂ ᠳᠤᠮᠳᠠᠳᠤ᠎ᠶᠢᠨ ᠦᠨᠳᠦᠰᠦᠲᠡᠨ᠎ᠦ ᠨᠡᠢᠲᠡᠯᠢᠭ ᠴᠢᠨᠠᠷ᠎ᠢ ᠨᠡᠮᠡᠭᠳᠡᠭᠦᠯᠬᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠳᠦ ᠠᠰᠢᠭ᠍ᠲᠠᠢ ᠡᠰᠡᠬᠦ᠎ᠶᠢ ᠲᠡᠷᠢᠭᠦᠨ ᠴᠢᠬᠤᠯᠠ ᠪᠣᠳᠣᠯᠬᠢᠯᠠᠯ ᠪᠣᠯᠭᠠᠵᠦ᠂ ᠳᠤᠮᠳᠠᠳᠤ᠎ᠶᠢᠨ ᠦᠨᠳᠦᠰᠦᠲᠡᠨ᠎ᠦ ᠦᠨᠳᠦᠰᠦᠨ ᠠᠰᠢᠭ᠋ ᠲᠤᠰᠠ ᠪᠠ ᠪᠦᠬᠦᠯᠢ ᠴᠣᠭᠴᠠ᠎ᠶᠢᠨ ᠠᠰᠢᠭ᠋ ᠲᠤᠰᠠ᠎ᠶᠢ ᠬᠠᠮᠠᠭᠠᠯᠠᠬᠤ᠎ᠶᠢ ᠵᠣᠷᠢᠯᠳᠠ ᠪᠡ ᠲᠣᠰᠣᠯᠳᠠ ᠪᠠᠨ ᠪᠣᠯᠭᠠᠵᠦ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ ᠨᠢ ᠰᠢᠨ᠎ᠡ ᠴᠠᠭ ᠦᠶ᠎ᠡ᠎ᠶᠢᠨ ᠦᠨᠳᠦᠰᠦᠨ ᠬᠠᠤᠯᠢ ᠵᠢᠨ ᠬᠣᠯᠪᠣᠭᠳᠠᠯ ᠪᠦᠬᠦᠢ ᠲᠣᠭᠲᠠᠭᠠᠯ᠂ᠦᠨᠳᠦᠰᠦᠲᠡᠨ᠎ᠦ ᠬᠡᠷᠡᠭ ᠶᠠᠪᠤᠳᠠᠯ᠎ᠢ ᠰᠢᠢᠳᠪᠦᠷᠢᠯᠡᠬᠦ ᠪᠠ ᠦᠨᠳᠦᠰᠦᠲᠡᠨ᠎ᠦ ᠠᠵᠢᠯ᠎ᠢ ᠥᠷᠨᠢᠭᠦᠯᠬᠦ᠎ᠶᠢᠨ ᠦᠨᠳᠦᠰᠦᠨ ᠬᠠᠤᠯᠢ ᠴᠠᠭᠠᠵᠠ᠎ᠶᠢ ᠬᠡᠷᠡᠭᠵᠢᠬᠦᠯᠬᠦ ᠲᠣᠳᠣᠷᠬᠠᠢ ᠪᠠᠢᠷᠢ ᠲᠣᠭᠲᠠᠭᠠᠯᠲᠠ᠎ᠵᠢ ᠲᠣᠪᠣᠢᠯᠭᠠᠨ᠂ ᠦᠨᠳᠦᠰᠦᠲᠡᠨ᠎ᠦ ᠠᠵᠢᠯ᠎ᠤᠨ ᠬᠠᠤᠯᠢ ᠴᠠᠭᠠᠵᠠ ᠬᠠᠤᠯᠢ ᠲᠣᠭᠲᠠᠭᠠᠯ᠎ᠤᠨ ᠰᠢᠰᠲᠧᠮ᠎ᠢ ᠪᠠᠶᠠᠯᠢᠭ᠍ᠵᠢᠭᠤᠯᠤᠨ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ᠎ᠶᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ ᠳ᠋ᠤ ᠬᠠᠤᠯᠢ ᠪᠡᠷ ᠵᠠᠰᠠᠬᠤ ᠰᠠᠭᠤᠷᠢ᠎ᠶᠢ ᠪᠡᠬᠢᠵᠢᠭᠦᠯᠵᠦ᠂ ᠦᠨᠳᠦᠰᠦᠲᠡᠨ᠎ᠦ ᠬᠡᠷᠡᠭ ᠶᠠᠪᠣᠳᠠᠯ ᠤ᠋ᠨ ᠵᠠᠰᠠᠯᠳᠠ ᠵᠢᠨ ᠰᠢᠰᠲᠧᠮ ᠪᠠ ᠵᠠᠰᠠᠯᠳᠠ ᠵᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠬᠤ᠎ᠶᠢᠨ ᠦᠨᠳᠦᠰᠦ᠎ᠶᠢ ᠪᠡᠬᠢᠵᠢᠭᠦᠯᠬᠦ ᠠᠷᠭ᠎ᠠ ᠬᠡᠮᠵᠢᠶ᠎ᠡ ᠮᠥᠨ᠃
ᠤᠯᠤᠰ᠎ᠤᠨ ᠳᠣᠲᠣᠭᠠᠳᠤ᠎ᠶᠢᠨ ᠪᠠᠢᠳᠠᠯ᠎ᠠᠴᠠ ᠦᠵᠡᠪᠡᠯ᠂ ᠮᠠᠨ᠎ᠤ ᠤᠯᠤᠰ᠎ᠤᠨ ᠠᠵᠤ ᠠᠬᠤᠢ᠂ ᠤᠯᠤᠰ ᠲᠥᠷᠥ᠂ ᠰᠣᠶᠣᠯ᠂ ᠨᠡᠢᠭᠡᠮ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ ᠲᠠᠰᠤᠷᠠᠯᠲᠠ ᠦᠭᠡᠢ ᠬᠥᠭᠵᠢᠵᠦ᠂ ᠦᠨᠳᠦᠰᠦᠲᠡᠨ᠎ᠦ ᠭᠠᠵᠠᠷ ᠣᠷᠣᠨ ᠪᠥᠬᠥ ᠤᠯᠤᠰ᠎ᠲᠠᠢ ᠬᠠᠮᠲᠤ᠎ᠪᠠᠷ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢᠳᠪᠦᠷᠢᠯᠡᠬᠦ ᠲᠡᠶ᠋ᠢᠯᠠᠯᠳᠤᠭᠠᠨᠳᠦ ᠢᠯᠠᠯᠲᠠ ᠣᠯᠵᠤ᠂ ᠴᠢᠨᠡᠭᠡᠯᠢᠭ ᠨᠡᠢᠭᠡᠮ᠎ᠢ ᠪᠥᠬᠥ ᠲᠠᠯ᠎ᠠ᠎ᠪᠠᠷ ᠪᠠᠢᠭᠤᠯᠬᠤ᠂ ᠨᠡᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠠᠶᠠᠨ᠎ᠳᠤ ᠣᠷᠣᠵᠤ᠂ ᠴᠥᠭᠡᠨ ᠲᠣᠭᠠᠲᠤ ᠦᠨᠳᠦᠰᠦᠲᠡᠨ᠎ᠦ ᠳᠦᠷᠰᠦ ᠪᠠᠢᠳᠠᠯ᠂ ᠦᠨᠳᠦᠰᠦᠲᠡᠨ᠎ᠦ ᠭᠠᠵᠠᠷ ᠣᠷᠣᠨ᠎ᠤ ᠳᠦᠷᠰᠦ ᠪᠠᠢᠳᠠᠯ᠂ ᠦᠨᠳᠦᠰᠦᠲᠡᠨ᠎ᠦ ᠬᠠᠷᠢᠴᠠᠭᠠᠨ᠎ᠤ ᠳᠦᠷᠰᠦ ᠪᠠᠢᠳᠠᠯ᠂ ᠳᠤᠮᠳᠠᠳᠤ᠎ᠶᠢᠨ ᠦᠨᠳᠦᠰᠦᠲᠡᠨ᠎ᠦ ᠳᠦᠷᠰᠦ ᠪᠠᠢᠳᠠᠯ᠎ᠳᠤ ᠴᠥᠮ ᠲᠡᠭᠷᠢ ᠭᠠᠵᠠᠷ᠎ᠢ ᠳᠣᠩᠰᠣᠯᠭᠠᠮ᠎ᠠ ᠲᠡᠦᠬᠡᠲᠦ ᠴᠢᠨᠠᠷᠲᠠᠢ ᠯᠤᠲᠤ ᠶᠡᠬᠡ ᠬᠤᠪᠢᠷᠠᠯᠲᠠ ᠭᠠᠷᠴᠠᠢ᠃ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠣᠷᠣᠨ ᠪᠦᠰᠡ ᠠᠯᠤᠰᠯᠠᠨ ᠠᠵᠢᠯ ᠣᠯᠬᠤ᠂ ᠰᠤᠷᠤᠯᠴᠠᠬᠤ᠂ ᠠᠮᠢᠳᠤᠷᠠᠬᠤ ᠨᠢ ᠬᠡᠪ᠎ᠦᠨ ᠪᠠᠢᠳᠠᠯ ᠪᠣᠯᠵᠤ᠂ ᠶᠡᠬᠡᠪᠡᠷ ᠨᠡᠬᠦᠳᠡᠯᠯᠡᠡ ᠰᠢᠯᠵᠢᠬᠦ᠂ ᠶᠡᠬᠡᠪᠡᠷ ᠠᠭᠤᠰᠤᠯᠴᠠᠨ ᠰᠠᠭᠤᠷᠢᠰᠢᠬᠤ ᠰᠢᠨ᠎ᠡ ᠣᠨᠴᠠᠯᠢᠭ᠋ ᠢᠯᠡᠷᠡᠵᠦ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠥᠷᠭᠡᠴᠡ ᠪᠠ ᠭᠦᠨᠴᠡ ᠨᠢ ᠤᠷᠢᠳ ᠡᠮᠦᠨ᠎ᠡ ᠪᠠᠢᠭ᠎ᠠ ᠦᠭᠡᠢ ᠪᠤᠯᠪᠠ᠃ ᠳᠡᠯᠡᠬᠡᠢ᠎ᠶᠢᠨ ᠪᠠᠢᠳᠠᠯ᠎ᠠᠴᠠ ᠦᠵᠡᠪᠡᠯ᠂ ᠵᠠᠭᠤᠨ ᠵᠢᠯ᠎ᠦᠨ ᠬᠤᠪᠢᠰᠤᠯᠲᠠ ᠲᠦᠷᠭᠡᠰᠦᠨ ᠬᠤᠪᠢᠷᠠᠵᠤ᠂ ᠳᠡᠯᠡᠬᠡᠢ ᠶᠢᠷᠲᠢᠨᠴᠦ ᠰᠢᠨ᠎ᠡ ᠲᠣᠭᠲᠠᠭᠤᠨ ᠪᠤᠰᠤ ᠬᠤᠪᠢᠰᠤᠯᠲᠠ᠎ᠶᠢᠨ ᠬᠤᠭᠤᠴᠠᠭᠠᠨ᠎ᠳᠤ ᠣᠷᠣᠵᠤ᠂ ᠡᠯ᠎ᠡ ᠵᠦᠢᠯ᠎ᠦᠨ ᠠᠶᠤᠯ ᠲᠦᠭᠰᠢᠭᠦᠷᠢ ᠳᠠᠪᠬᠤᠴᠠᠨ᠂ ᠬᠢᠯᠢ᠎ᠶᠢᠨ ᠳᠣᠲᠣᠨ᠎ᠠ ᠭᠠᠳᠠᠨᠠᠬᠢ ᠳᠠᠢᠰᠤᠩᠨᠠᠭ᠍ᠴᠢ ᠬᠦᠴᠦᠨ ᠦᠨᠳᠦᠰᠦᠲᠡᠨ᠎ᠦ ᠠᠰᠠᠭᠤᠳᠠᠯ᠎ᠢ ᠠᠰᠢᠭ᠍ᠯᠠᠨ ᠮᠠᠨ᠎ᠤ ᠤᠯᠤᠰ᠎ᠢ ᠬᠠᠭᠠᠴᠠᠭᠤᠯᠬᠤ᠂ ᠨᠡᠪᠴᠢᠯᠲᠡ ᠬᠢᠬᠦ᠂ ᠡᠪᠳᠡᠬᠦ ᠠᠵᠢᠯᠯᠠᠭ᠎ᠠ᠎ᠪᠠᠨ ᠶᠡᠷᠦ᠎ᠡᠴᠡ ᠵᠣᠭᠰᠣᠭᠠᠭᠰᠠᠨ ᠦᠭᠡᠢ ᠶᠤᠮ᠃ ᠦᠨᠳᠦᠰᠦᠲᠡᠨ᠎ᠦ ᠠᠵᠢᠯ᠎ᠤᠨ ᠬᠦᠷᠢᠶᠡᠨ᠎ᠳᠦ ᠦᠨᠳᠦᠰᠦᠰᠠᠭᠤᠷᠢ ᠵᠢ ᠪᠡᠬᠢᠵᠢᠭᠦᠯᠬᠦ᠂ ᠵᠢᠱ᠌ᠢᠯᠲᠡ᠎ᠵᠢ ᠲᠣᠭᠲᠠᠪᠤᠷᠢᠵᠢᠭᠤᠯᠬᠤ᠂ ᠠᠯᠤᠰ ᠬᠡᠲᠦ᠎ᠳᠦ ᠠᠰᠢᠭ᠍ᠲᠠᠢ ᠬᠠᠤᠯᠢ ᠴᠠᠭᠠᠵᠠ ᠱᠠᠭᠠᠷᠳᠠᠬᠳᠠᠨ᠂ ᠬᠥᠭᠵᠢᠯᠲᠡ ᠪᠠ ᠠᠮᠤᠷ ᠲᠦᠪᠰᠢᠨ᠎ᠢ ᠨᠠᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠂ ᠬᠠᠤᠯᠢ ᠴᠠᠭᠠᠵᠠ᠎ᠶᠢᠨ ᠵᠡᠪᠰᠡᠭ᠎ᠢᠶᠡᠷ ᠦᠨᠳᠦᠰᠦᠲᠡᠨ᠎ᠦ ᠬᠦᠷᠢᠶᠡᠨ᠎ᠳᠡᠬᠢ ᠬᠦᠨᠳᠦ ᠶᠡᠬᠡ ᠠᠶᠤᠯ ᠲᠦᠭᠰᠢᠭᠦᠷᠢ ᠬᠡᠮ ᠰᠣᠭᠣᠭ᠎ᠢ ᠪᠦᠲᠦᠮᠵᠢᠲᠡᠶ ᠰᠡᠷᠭᠡᠢᠯᠡᠨ ᠠᠷᠢᠯᠭᠠᠬᠤ ᠴᠢᠬᠤᠯᠠᠳᠠᠢ ᠪᠠᠢᠪᠠ᠃ ᠴᠠᠭ ᠦᠶ᠎ᠡ᠎ᠲᠠᠢ ᠵᠡᠷᠭᠡ᠎ᠪᠡᠷ ᠤᠷᠤᠭᠰᠢᠯᠠᠨ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠠᠬᠢᠭᠤᠯᠬᠤ ᠬᠠᠤᠯᠢ᠎ᠶᠢ ᠲᠣᠭᠲᠠᠭᠠᠭᠰᠠᠨ ᠨᠢ ᠳᠤᠮᠳᠠᠳᠤ᠎ᠶᠢᠨ ᠦᠨᠳᠦᠰᠦᠲᠡᠨ᠎ᠦ ᠲᠡᠦᠬᠡ᠎ᠡᠴᠡ ᠢᠷᠡᠭᠡᠳᠦᠢ ᠲᠡᠢᠰᠢ ᠤᠷᠤᠭᠰᠢᠯᠠᠵᠤ᠂ ᠤᠯᠠᠮᠵᠢᠯᠠᠯ᠎ᠠᠴᠠ ᠤᠳᠤ ᠦᠶ᠎ᠡ ᠲᠡᠢᠰᠢ ᠤᠷᠤᠭᠰᠢᠯᠠᠵᠤ᠂ ᠤᠯᠠᠨ ᠡᠰᠢᠵᠢᠭᠰᠡᠨ ᠪᠠᠢᠳᠠᠯ ᠡᠴᠡ ᠨᠢᠭᠡ ᠴᠣᠭᠴᠠᠵᠢᠭ᠍ᠰᠠᠨ ᠬᠥᠭᠵᠢᠯᠲᠡ᠎ᠶᠢᠨ ᠶᠡᠬᠡ ᠬᠠᠨᠳᠤᠰᠢ᠎ᠳᠤ ᠵᠣᠬᠢᠴᠠᠵᠤ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶᠢᠨ ᠬᠦᠰᠡᠯ ᠡᠷᠡᠮᠡᠯᠵᠡᠯ᠎ᠢ ᠲᠤᠰᠬᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠳᠦᠷᠢᠮ ᠲᠣᠭᠲᠠᠴᠠ᠎ᠶᠢ ᠪᠦᠷᠢᠨᠰᠢᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠨᠢᠭ᠍ᠲᠠᠷᠠᠯ᠎ᠤᠨ ᠬᠦᠴᠦᠨ ᠲᠥᠪᠯᠡᠩᠭᠦᠢ ᠬᠦᠴᠦᠨ᠎ᠢ ᠤᠯᠠᠮ ᠴᠢᠨᠠᠭᠰᠢᠳᠠ ᠴᠢᠩᠭᠠᠳᠬᠠᠵᠤ᠂ ᠳᠤᠮᠳᠠᠳᠤ᠎ᠶᠢᠨ ᠦᠨᠳᠦᠰᠦᠲᠡᠨ᠎ᠦ ᠶᠡᠬᠡ ᠪᠦᠯᠬᠦᠮᠳᠡᠯ ᠵᠢᠡᠷ ᠲᠣᠮᠳᠠᠳᠣ ᠣᠯᠣᠰ᠎ᠦᠨ ᠮᠠᠶᠢᠬ᠎ᠦᠨ ᠣᠳᠣᠬᠢᠴᠢᠯᠠᠯᠳᠠ ᠵᠢ ᠠᠬᠢᠭᠣᠯᠬᠣ ᠠᠯᠣᠰ ᠬᠡᠳᠦ ᠵᠢᠨ ᠪᠣᠳᠣᠯᠭ᠎ᠠ ᠮᠦᠨ᠃
ᠬᠣᠶᠠᠷ
ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ ᠨᠢ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠰᠢᠨ᠎ᠡ ᠴᠠᠭ ᠦᠶ᠎ᠡ᠎ᠶᠢᠨ ᠦᠨᠳᠦᠰᠦᠲᠡᠨ᠎ᠦ ᠠᠵᠢᠯ᠎ᠤᠨ ᠦᠢᠯᠡᠳᠦᠯᠭᠡ᠎ᠳᠦ ᠰᠠᠭᠤᠷᠢᠯᠠᠨ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠦᠢᠯᠡᠰ᠎ᠦᠨ ᠬᠥᠭᠵᠢᠯᠲᠡ᠎ᠶᠢᠨ ᠵᠢᠮ᠎ᠡ ᠶᠣᠰᠣᠴᠢ ᠴᠢᠨᠠᠷᠲᠠᠢ ᠲᠠᠨᠢᠯᠲᠠ᠎ᠶᠢ ᠰᠢᠰᠲᠧᠮ᠎ᠲᠠᠢ ᠳ᠋ᠦᠩᠨᠡᠵᠦ᠂ ᠰᠢᠨ᠎ᠡ ᠴᠠᠭ ᠦᠶ᠎ᠡ᠎ᠶᠢᠨ ᠨᠠᠮ᠎ᠤᠨ ᠦᠨᠳᠦᠰᠦᠲᠡᠨ᠎ᠦ ᠠᠵᠢᠯ᠎ᠤᠨ ᠣᠨᠣᠯ᠎ᠤᠨ ᠰᠢᠨ᠎ᠡ ᠡᠭᠦᠳᠦᠯᠲᠡ ᠬᠢᠭᠡᠳ ᠦᠢᠯᠡᠳᠦᠯᠭᠡ᠎ᠶᠢᠨ ᠲᠤᠷᠰᠢᠯᠭ᠎ᠠ᠎ᠶᠢ ᠳᠦᠷᠢᠮᠵᠢᠭᠦᠯᠵᠦ᠂ ᠬᠠᠤᠯᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ᠎ᠳᠤ ᠪᠠᠲᠤ ᠪᠡᠬᠢ ᠬᠠᠤᠯᠢᠵᠢᠯ᠎ᠤᠨ ᠪᠠᠲᠤᠯᠠᠭ᠎ᠠ ᠬᠠᠩᠭᠠᠪᠠ᠃
ᠲᠤᠰ ᠬᠠᠤᠯᠢ᠎ᠶᠢᠨ ᠣᠷᠣᠰᠢᠯ᠎ᠤᠨ ᠬᠡᠰᠡᠭ᠎ᠲᠦ 《ᠲᠠᠪᠤᠨ ᠬᠠᠮᠲᠤ ᠵᠢᠨ ᠲᠠᠨᠢᠯᠳᠠ》 ᠵᠢᠨ ᠳᠤᠮᠳᠠᠳᠤ᠎ᠶᠢᠨ ᠦᠨᠳᠦᠰᠦᠲᠡᠨ᠎ᠦ ᠲᠡᠦᠬᠡ᠎ᠶᠢᠨ ᠦᠵᠡᠯᠲᠡ᠎ᠶᠢ ᠪᠠᠷᠢᠮᠲᠠᠯᠠᠵᠦ᠂ ᠣᠯᠠᠨ ᠲᠠᠯ᠎ᠠ᠎ᠠᠴᠠ ᠮᠠᠨ᠎ᠤ ᠤᠯᠤᠰ᠎ᠦᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠳᠤᠮᠳᠠᠳᠤ ᠤᠯᠤᠰ᠎ᠦᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ ᠬᠠᠮᠲᠤ᠎ᠪᠠᠷ ᠭᠠᠳᠠᠭᠠᠳᠤ᠎ᠶᠢᠨ ᠳᠣᠷᠣᠮᠵᠢᠯᠠᠯ᠎ᠢ ᠡᠰᠡᠷᠭᠦᠴᠡᠭᠰᠡᠨ᠂ ᠡᠬᠡ ᠣᠷᠣᠨ᠎ᠢᠶᠠᠨ ᠬᠠᠮᠲᠤ᠎ᠪᠠᠷ ᠪᠦᠳᠦᠬᠡᠨ ᠪᠠᠶ᠋ᠢᠭᠤᠯᠤᠬᠰᠠᠨ᠂ ᠢᠷᠡᠭᠡᠳᠦᠢ᠎ᠪᠠᠨ ᠬᠠᠮᠳᠣ ᠪᠡᠷ ᠴᠣᠭᠴᠠᠯᠠᠬᠰᠠᠨ ᠭᠡᠷᠡᠯ ᠰᠠᠴᠤᠷᠠᠩᠭᠤᠢ ᠥᠩᠭᠡᠷᠡᠯᠲᠡ ᠪᠠ ᠲᠡᠦᠬᠡ᠎ᠶᠢᠨ ᠬᠠᠨᠳᠤᠰᠢ᠎ᠶᠢ ᠲᠣᠭᠠᠴᠢᠵᠦ᠂ ᠦᠨᠳᠦᠰᠦᠲᠡᠨ᠎ᠨᠦᠭᠦᠳ ᠴᠢᠰᠤ ᠮᠢᠬᠠᠨ᠎ᠤ ᠪᠠᠷᠢᠯᠳᠤᠯᠭ᠎ᠠ ᠲᠠᠢ᠂ ᠠᠳᠠᠯᠢ ᠢᠲᠡᠭᠡᠯ ᠪᠢᠰᠢᠷᠡᠯ ᠲᠠᠢ᠂ ᠰᠣᠶᠣᠯ᠎ᠤᠨ ᠰᠤᠯᠢᠯᠴᠠᠭ᠎ᠠ ᠲᠠᠢ᠂ ᠠᠵᠤ ᠠᠬᠤᠢ ᠬᠠᠷᠢᠯᠴᠠᠨ ᠲᠦᠰᠢᠯᠴᠡᠭᠰᠡᠨ᠂ ᠬᠠᠢᠷ᠎ᠠ ᠰᠡᠳᠬᠢᠯᠭᠡ ᠳᠣᠲᠣᠨᠣ᠌ ᠪᠠᠢᠬᠤ ᠬᠤᠪᠢ ᠵᠠᠶᠠᠭᠠᠨ᠎ᠤ ᠬᠠᠮᠲᠤ᠎ᠶᠢᠨ ᠴᠣᠭᠴᠠ ᠪᠣᠯᠵᠤ ᠪᠦᠷᠢᠯᠳᠦᠭᠰᠡᠨ᠎ᠢ ᠲᠣᠳᠣᠷᠬᠠᠢ ᠵᠢᠭᠠᠵᠤ ᠭᠠᠷᠭᠠᠵᠥ᠂ ᠳᠤᠮᠳᠠᠳᠤ᠎ᠶᠢᠨ ᠦᠨᠳᠦᠰᠦᠲᠡᠨ᠎ᠦ ᠪᠦᠷᠢᠯᠳᠦᠨ ᠬᠥᠭᠵᠢᠭᠰᠡᠨ ᠲᠡᠦᠬᠡᠨ ᠵᠢᠮ᠎ᠡ ᠶᠣᠰᠣ᠌ ᠪᠠ ᠦᠨᠳᠦᠰᠦᠲᠡᠨ᠎ᠦ ᠠᠰᠠᠭᠤᠳᠠᠯ᠎ᠢ ᠰᠢᠢᠳᠪᠦᠷᠢᠯᠡᠬᠦ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠵᠥᠪ ᠵᠠᠮ᠎ᠤᠨ ᠠᠮᠵᠢᠯᠲᠠ᠎ᠲᠠᠢ ᠲᠤᠷᠰᠢᠯᠭ᠎ᠠ᠎ᠶᠢ ᠢᠯᠡᠷᠡᠭᠦᠯᠵᠥ᠂ ᠨᠠᠮ ᠪᠠ ᠤᠯᠤᠰ᠎ᠤᠨ ᠦᠨᠳᠦᠰᠦᠲᠡᠨ᠎ᠦ ᠠᠵᠢᠯ᠎ᠤᠨ ᠤᠯᠤᠰ ᠲᠥᠷᠥ᠎ᠶᠢᠨ ᠵᠣᠭᠰᠣᠴᠠ᠂ ᠥᠷᠲᠡᠭ᠎ᠦᠨ ᠬᠥᠭᠡᠭᠡᠴᠡᠯᠳᠦᠯ ᠪᠠ ᠡᠭᠦᠷᠭᠡ ᠬᠠᠷᠢᠭᠤᠴᠠᠯᠭ᠎ᠠ ᠵᠢ ᠢᠯᠡᠷᠬᠡᠢᠯᠡᠪᠡ᠃ ᠨᠢᠭᠡᠳᠦᠭᠡᠷ ᠪᠦᠯᠦᠭ ᠪᠤᠯᠬᠤ 《ᠶᠡᠷᠦᠩᠬᠡᠢ ᠳᠦᠷᠢᠮ》 ᠨᠢ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠣᠯᠠ ᠦᠵᠡᠯ ᠰᠠᠨᠠᠭ᠎ᠠ ᠵᠢᠨ 《ᠠᠷᠪᠠᠨ ᠬᠣᠶᠠᠷ ᠡᠷᠬᠡᠪᠰᠢ》 ᠵᠢᠨ ᠭᠣᠣᠯ ᠠᠭᠤᠯᠭ᠎ᠠ᠎ᠶᠢ ᠲᠤᠭᠤᠰᠢᠯᠠᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠢᠯᠡᠰ᠎ᠦᠨ ᠵᠢᠯᠤᠭᠣᠳᠬᠤ ᠦᠵᠡᠯ ᠰᠠᠨᠠᠭ᠎ᠠ᠂ ᠠᠵᠢᠯ᠎ᠤᠨ ᠭᠣᠣᠯ ᠰᠢᠵᠢᠮ᠂ ᠭᠣᠣᠯ ᠡᠭᠦᠷᠭᠡ᠂ ᠴᠢᠬᠤᠯᠠ ᠵᠠᠷᠴᠢᠮ ᠵᠡᠷᠭᠡ᠎ᠶᠢ ᠲᠣᠳᠣᠷᠬᠠᠢᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ᠎ᠳᠤ ᠴᠢᠭᠯᠡᠯ᠎ᠢ ᠵᠢᠭᠠᠵᠤ ᠥᠭᠴᠡᠢ᠃
ᠰᠣᠶᠣᠯ᠎ᠤᠨ ᠬᠠᠮᠲᠤ᠎ᠶᠢᠨ ᠲᠠᠨᠢᠯᠲᠠ ᠪᠣᠯ ᠬᠠᠮᠤᠭ᠎ᠤᠨ ᠭᠦᠨ ᠳᠠᠪᠬᠤᠷᠭ᠎ᠠ᠎ᠶᠢᠨ ᠬᠠᠮᠲᠤ᠎ᠶᠢᠨ ᠲᠠᠨᠢᠯᠲᠠ ᠮᠥᠨ᠂ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ᠂ ᠦᠨᠳᠦᠰᠦᠲᠡᠨ᠎ᠦ ᠡᠶ᠎ᠡ ᠨᠠᠶ᠋ᠢᠷᠠᠮᠳᠠᠭᠤ᠎ᠶᠢᠨ ᠰᠦᠭ ᠰᠦᠨᠡᠰᠦ ᠮᠥᠨ᠃ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠢ ᠪᠠᠶ᠋ᠢᠭᠤᠯᠬᠤ ᠪᠣᠯ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠤᠶᠤᠨ ᠰᠠᠨᠠᠭ᠎ᠠ ᠪᠠ ᠰᠣᠶᠣᠯ᠎ᠤᠨ ᠰᠠᠭᠤᠷᠢ ᠮᠥᠨ᠃ ᠣᠷᠴᠢᠮ᠎ᠤᠨ ᠵᠢᠯ᠎ᠳᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠰᠢᠨᠵᠢᠯᠡᠭᠡᠨ᠎ᠦ ᠰᠠᠯᠠᠭ᠎ᠠ᠎ᠶᠢᠨ ᠪᠠᠢᠭᠤᠯᠤᠯᠲᠠ ᠱᠠᠲᠤᠴᠢ ᠴᠢᠨᠠᠷᠲᠠᠢ ᠦᠷ᠎ᠡ ᠪᠦᠲᠦᠮᠵᠢ ᠣᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠴᠢᠬᠤᠯᠠ ᠶᠡᠬᠡ ᠰᠠᠭᠤᠷᠢ ᠴᠢᠨᠠᠷᠲᠠᠢ ᠠᠰᠠᠭᠤᠳᠠᠯ᠎ᠤᠨ ᠲᠤᠬᠠᠢ ᠰᠤᠳᠤᠯᠭᠠᠨ ᠦᠷᠭᠦᠯᠵᠢᠯᠡᠨ ᠭᠦᠨᠵᠡᠭᠡᠢᠷᠡᠵᠦ᠂ 《ᠳᠤᠮᠳᠠᠳᠤ᠎ᠶᠢᠨ ᠦᠨᠳᠦᠰᠦᠲᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ》 ᠶ᠋ᠢ ᠤᠳᠠᠯ ᠦᠭᠡᠢ ᠬᠡᠪᠯᠡᠨ ᠲᠠᠷᠬᠠᠭᠠᠬᠤ᠎ᠪᠠᠷ ᠪᠤᠯᠵᠥ᠂ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠲᠣᠢᠮᠣ᠌》 ᠰᠤᠷᠭᠠᠭᠤᠯᠢ᠎ᠶᠢᠨ ᠬᠦᠷᠢᠶᠡᠨ᠎ᠳᠦ ᠣᠷᠣᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠢ ᠶᠡᠬᠡ ᠳᠤᠮᠳᠠ ᠪᠠᠭ᠎ᠠ ᠰᠤᠷᠭᠠᠭᠤᠯᠢ ᠪᠠᠴᠡᠴᠡᠷᠯᠢᠭᠲᠦ ᠬᠦᠷᠭᠡᠬᠦ᠎ᠶᠢ ᠪᠡᠶᠡᠯᠡᠭᠦᠯᠵᠦ᠂ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠣᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶᠢᠨ ᠭᠣᠣᠯ ᠰᠡᠳᠦᠪᠲᠦ ᠰᠣᠶᠣᠯ᠎ᠤᠨ ᠠᠵᠢᠯᠯᠠᠭ᠎ᠠ》 ᠭᠦᠢᠵᠧᠦ᠂ ᠶᠦᠨᠨᠠᠨ᠂ ᠵᠸᠵᠢᠶᠠᠩ᠂ ᠯᠢᠶᠣᠣᠨᠢᠩ ᠵᠡᠷᠭᠡ ᠭᠠᠵᠠᠷ᠎ᠲᠦ ᠶᠠᠪᠤᠭᠳᠠᠵᠦ᠂ ᠦᠨᠳᠦᠰᠦᠲᠡᠨ᠎ᠨᠦᠭᠦᠳ ᠬᠠᠮᠲᠤ᠎ᠪᠠᠷ ᠡᠳ᠋ᠯᠡᠬᠦ ᠳᠤᠮᠳᠠᠳᠤ᠎ᠶᠢᠨ ᠰᠣᠶᠣᠯ᠎ᠤᠨ ᠲᠡᠮᠳᠡᠭ ᠪᠠ ᠳᠦᠷᠢ ᠲᠥᠷᠬᠦ᠎ᠶᠢ ᠶᠡᠬᠡᠪᠡᠷ ᠤᠯᠠᠮᠵᠢᠯᠠᠨ ᠳᠡᠯᠭᠡᠷᠡᠭᠦᠯᠵᠦ ᠪᠣᠢ ᠁ ᠡᠨᠡ ᠬᠦ᠌ ᠠᠯᠢ ᠣᠯᠠᠨ ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ ᠢ᠋ ᠨᠢᠳᠦᠨ ᠳ᠋ᠤ ᠦᠵᠡᠭᠳᠡᠮ᠎ᠡ ᠭᠠᠷ ᠲᠤ᠌ ᠪᠠᠷᠢᠬᠳᠠᠮ᠎ᠠ ᠰᠡᠳᠬᠢᠯ ᠳ᠋ᠤ ᠰᠠᠭᠤᠬᠳᠠᠮ᠎ᠠ ᠪᠤᠯᠭᠠᠵᠥ ᠪᠠᠢᠨ᠎ᠠ᠃ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ ᠨᠢ ᠦᠢᠯᠡᠳᠦᠯᠭᠡ᠎ᠶᠢᠨ ᠳᠤᠮᠳᠠᠬᠢ ᠲᠤᠷᠰᠢᠯᠭ᠎ᠠ ᠠᠷᠭ᠎ᠠ ᠬᠢᠳᠡᠯ᠎ᠢ ᠪᠣᠯᠪᠠᠰᠤᠷᠠᠭᠤᠯᠵᠦ ᠬᠠᠤᠯᠢ ᠴᠠᠭᠠᠵᠠ ᠪᠣᠯᠭᠠᠵᠦ᠂ ᠬᠣᠶᠠᠳᠤᠭᠠᠷ ᠪᠦᠯᠦᠭ ᠪᠤᠯᠬᠤ 《ᠬᠠᠮᠲᠤ᠎ᠶᠢᠨ ᠣᠶᠤᠨ ᠰᠠᠨᠠᠭᠠᠨ᠎ᠤ ᠭᠡᠷ ᠣᠷᠣᠨ᠎ᠢ ᠪᠠᠶ᠋ᠢᠭᠤᠯᠬᠤ》 ᠳᠤᠮᠳᠠ᠂ 《ᠤᠯᠤᠰ᠎ᠠᠴᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠢ ᠤᠯᠤᠰ ᠠᠷᠠᠳ᠎ᠤᠨ ᠰᠤᠷᠭᠠᠨ ᠬᠥᠮᠦᠵᠢᠯ᠂ ᠺᠠᠳ᠋ᠷ᠎ᠤᠨ ᠬᠥᠮᠦᠵᠢᠯ᠂ ᠨᠡᠢᠭᠡᠮ᠎ᠦᠨ ᠰᠤᠷᠭᠠᠨ ᠬᠥᠮᠦᠵᠢᠯ᠎ᠦᠨ ᠰᠢᠰᠲᠧᠮ》᠎ᠳ᠋ᠤ ᠣᠷᠣᠭᠣᠯᠵᠦ᠂ 《ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠱᠠᠭᠠᠷᠳᠠᠯᠭ᠎ᠠ᠎ᠶᠢ ᠭᠡᠷ ᠪᠦᠯᠢ᠂ ᠭᠡᠷ᠎ᠦᠨ ᠰᠤᠷᠭᠠᠯ ᠪᠠ ᠭᠡᠷ᠎ᠦᠨ ᠰᠤᠷᠲᠠᠯ᠎ᠤᠨ ᠪᠠᠢᠭᠤᠯᠤᠯᠲᠠ᠎ᠳᠦ ᠠᠭᠤᠰᠤᠯᠴᠠᠭᠤᠯᠬᠤ᠎ᠶᠢ ᠠᠬᠢᠭᠤᠯᠬᠤ ᠬᠡᠷᠡᠭᠲᠡᠢ》 ᠬᠡᠵᠦ ᠲᠣᠭᠳᠠᠭᠠᠵᠥ᠂ ᠲᠥᠷᠥ᠎ᠶᠢᠨ ᠪᠠᠢᠭᠤᠯᠭ᠎ᠠ᠂ ᠨᠡᠢᠭᠡᠮ᠎ᠦᠨ ᠪᠦᠯᠬᠦᠮ᠂ ᠡᠯ᠎ᠡ ᠠᠵᠤ ᠠᠬᠤᠢᠯᠠᠯ ᠠᠵᠢᠯ ᠦᠢᠯᠡᠰ᠎ᠦᠨ ᠵᠣᠬᠢᠶᠠᠨ ᠪᠠᠢᠭᠤᠯᠤᠯᠲᠠ᠂ ᠡᠯ᠎ᠡ ᠱᠠᠲᠤᠨ᠎ᠤ ᠡᠯ᠎ᠡ ᠲᠥᠷᠥᠯ᠎ᠦᠨ ᠰᠤᠷᠭᠠᠭᠤᠯᠢ ᠵᠢᠴᠢ ᠪᠤᠰᠤᠳ ᠰᠤᠷᠭᠠᠨ ᠬᠥᠮᠦᠵᠢᠯ᠎ᠦᠨ ᠪᠠᠢᠭᠤᠯᠤᠮᠵᠢ᠂ ᠨᠠᠰᠤᠨ᠎ᠳᠤ ᠦᠯᠦ ᠬᠦᠷᠦᠭᠰᠡᠳ᠎ᠦᠨ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭ᠍ᠴᠢ ᠵᠡᠷᠭᠡ᠎ᠶᠢᠨ ᠬᠠᠷᠢᠭᠤᠴᠠᠯᠭ᠎ᠠ ᠪᠠ ᠡᠭᠦᠷᠭᠡ ᠵᠢ ᠲᠣᠳᠣᠷᠬᠠᠢᠯᠠᠪᠠ᠃ ᠡᠬᠦᠨ᠎ᠦ ᠬᠠᠮᠲᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠣ ᠴᠣᠭᠴᠠᠯᠠᠬᠣ ᠭᠣᠣᠯ ᠰᠢᠵᠢᠮ᠎ᠦᠨ ᠲᠣᠭᠣᠷᠢᠨ᠎ᠳᠦ᠂ ᠨᠡᠢᠭᠡᠮ ᠵᠢᠷᠤᠮ᠎ᠤᠨ ᠭᠣᠣᠯᠯᠠᠭ᠍ᠴᠢ ᠥᠷᠲᠡᠭ᠎ᠦᠨ ᠦᠵᠡᠯᠲᠡ᠎ᠪᠡᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠂ ᠰᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ᠎ᠶᠢᠨ ᠲᠡᠦᠬᠡ᠂ ᠨᠡᠢᠭᠡᠮ ᠵᠢᠷᠤᠮ᠎ᠤᠨ ᠬᠥᠭᠵᠢᠯ᠎ᠦᠨ ᠲᠡᠦᠬᠡ᠂ ᠳᠤᠮᠳᠠᠳᠤ᠎ᠶᠢᠨ ᠦᠨᠳᠦᠰᠦᠲᠡᠨ᠎ᠦ ᠬᠥᠭᠵᠢᠯᠲᠡ᠎ᠶᠢᠨ ᠲᠡᠦᠬᠡ᠎ᠶᠢᠨ ᠤᠬᠠᠭᠤᠯᠭ᠎ᠠ ᠬᠥᠮᠦᠵᠢᠯ᠎ᠢ ᠵᠣᠬᠢᠶᠠᠨ ᠪᠠᠢᠭᠤᠯᠤᠨ ᠥᠷᠨᠢᠭᠦᠯᠬᠦ ᠪᠡᠷ ᠲᠣᠭᠳᠠᠭᠠᠵᠦ᠂ ᠳᠤᠮᠳᠠᠳᠤ᠎ᠶᠢᠨ ᠪᠣᠯᠪᠠᠰᠤᠨ᠎ᠤ ᠢᠯᠭᠠᠬᠤ ᠰᠢᠰᠲᠧᠮ᠎ᠢ ᠪᠠᠶ᠋ᠢᠭᠤᠯᠬᠤ᠎ᠶᠢ ᠠᠬᠢᠭᠤᠯᠵᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠳᠤᠮᠳᠠᠳᠤ᠎ᠶᠢᠨ ᠬᠥᠪᠡᠭᠦᠳ ᠥᠬᠢᠳ᠎ᠦᠨ ᠶᠡᠬᠡ ᠪᠦᠯᠬᠦᠮᠳᠡᠯ᠎ᠢ ᠴᠢᠩᠭᠠᠳᠬᠠᠬᠤ ᠵᠡᠷᠬᠡ ᠪᠡᠷ ᠳᠠᠮᠵᠢᠭᠤᠯᠤᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢᠭᠠᠳ ᠵᠥᠪ ᠤᠯᠤᠰ᠎ᠤᠨ ᠦᠵᠡᠯᠲᠡ᠂ ᠲᠡᠦᠬᠡ᠎ᠶᠢᠨ ᠦᠵᠡᠯᠲᠡ᠂ ᠦᠨᠳᠦᠰᠦᠲᠡᠨ᠎ᠦ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠳᠠᠬᠤᠨ᠎ᠤ ᠦᠵᠡᠯᠲᠡ ᠲᠠᠢ ᠪᠣᠯᠭᠠᠵᠥ᠂ ᠠᠭᠤᠤ ᠶᠡᠬᠡ ᠡᠬᠡ ᠤᠯᠤᠰ᠂ ᠳᠤᠮᠳᠠᠳᠤ᠎ᠶᠢᠨ ᠦᠨᠳᠦᠰᠦᠲᠡᠨ᠂ ᠳᠤᠮᠳᠠᠳᠤ᠎ᠶᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮᠳᠦ ᠲᠡᠭᠡᠳᠦ ᠬᠡᠮᠵᠢᠶᠡᠨ᠎ᠦ ᠬᠠᠮᠳᠤ ᠵᠢᠨ ᠳᠠᠨᠢᠯᠳᠠ ᠲᠠᠢ ᠪᠠᠢᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ᠎ᠳᠤ ᠬᠦᠴᠦᠷᠬᠡᠭ ᠶᠡᠬᠡ ᠣᠶᠤᠨ᠎ᠤ ᠪᠠ ᠰᠣᠶᠣᠯ᠎ᠤᠨ ᠲᠤᠯᠭᠠᠭᠤᠷᠢᠯᠠᠯ ᠬᠠᠩᠭᠠᠬᠤ ᠬᠡᠷᠡᠭᠲᠡᠢ᠃
ᠳᠤᠮᠳᠠᠳᠤ᠎ᠶᠢᠨ ᠦᠨᠳᠦᠰᠦᠲᠡᠨ ᠪᠣᠯ ᠦᠨᠳᠦᠰᠦᠲᠡᠨ᠎ᠨᠦᠭᠦᠳ᠎ᠦᠨ ᠤᠷᠲᠤ ᠬᠤᠭᠤᠴᠠᠭᠠᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠦᠷ᠎ᠡ ᠳ᠋ᠦᠩ ᠮᠥᠨ᠂ ᠦᠨᠳᠦᠰᠦᠲᠡᠨ᠎ᠨᠦᠭᠦᠳ ᠭᠠᠭᠴᠠ ᠬᠦ᠌ ᠲᠠᠰᠤᠷᠠᠯᠲᠠ ᠦᠭᠡᠢ ᠪᠦᠯᠬᠦᠮᠳᠡᠨ ᠠᠭᠤᠰᠤᠯᠴᠠᠵᠤ᠂ ᠳᠤᠮᠳᠠᠳᠤ᠎ᠶᠢᠨ ᠦᠨᠳᠦᠰᠦᠲᠡᠨ᠎ᠦ ᠶᠡᠬᠡ ᠭᠡᠷ ᠪᠦᠯᠢ᠎ᠳᠦ ᠤᠬᠠᠮᠰᠠᠷ᠎ᠠᠴᠠ᠎ᠪᠠᠨ ᠠᠭᠤᠰᠤᠯᠴᠠᠪᠠᠯ ᠰᠠᠶᠢ ᠨᠠᠩ ᠰᠠᠢᠨ ᠰᠠᠢᠬᠠᠨ ᠢᠷᠡᠭᠡᠳᠦᠢ᠎ᠲᠠᠢ ᠪᠣᠯᠵᠤ ᠴᠢᠳᠠᠨ᠎ᠠ᠃ ᠰᠢᠨ᠎ᠡ ᠴᠠᠭ ᠦᠶ᠎ᠡ᠎ᠡᠴᠡ ᠨᠠᠭᠠᠰᠢ᠂ ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ᠂ ᠠᠵᠢᠯ ᠲᠦᠷᠦᠯ᠎ᠢᠶᠡᠷ᠎ᠨᠢ ᠳᠡᠮᠵᠢᠬᠦ᠂ ᠴᠡᠭ ᠲᠣᠭᠲᠠᠭᠠᠨ ᠬᠠᠪᠰᠤᠷᠤᠨ ᠲᠡᠳᠬᠦᠬᠦ᠂ ᠪᠠᠷᠠᠭᠤᠨ ᠣᠷᠣᠨ᠎ᠢ ᠶᠡᠬᠡ ᠪᠡᠷ ᠨᠡᠭᠡᠭᠡᠨ ᠬᠦᠭᠵᠢᠬᠦᠯᠬᠦ ᠲᠥᠯᠥᠪᠯᠡᠭᠡ ᠵᠡᠷᠭᠡ ᠲᠠᠪᠴᠠᠩ᠎ᠤᠨ ᠲᠣᠭᠲᠠᠴᠠ ᠦᠷᠭᠦᠯᠵᠢᠯᠡᠨ ᠰᠢᠯᠢᠳᠡᠭᠵᠢᠵᠦ᠂ ᠡᠯ᠎ᠡ ᠭᠠᠵᠠᠷ᠎ᠤᠨ ᠬᠢᠨ ᠬᠠᠷᠢᠯᠴᠠᠨ ᠰᠢᠭᠢᠳᠬᠡᠬᠦ ᠮᠠᠶᠢᠭ᠋᠎ᠤᠨ ᠨᠡᠢᠭᠡᠮ᠎ᠦᠨ ᠪᠦᠲᠦᠴᠡ ᠪᠣᠯᠣᠨ ᠨᠡᠢᠭᠡᠮ ᠲᠣᠭᠣᠷᠢᠭ᠋᠎ᠤᠨ ᠣᠷᠴᠢᠨ ᠨᠦᠬᠦᠴᠡᠯ᠎ᠢ ᠢᠳᠡᠪᠬᠢᠲᠡᠢ ᠪᠠᠢᠭᠤᠯᠵᠤ᠂ 《ᠬᠡᠨ ᠠᠯᠢᠨ᠎ᠠᠴᠠ᠎ᠪᠠᠨ ᠦᠯᠦ ᠰᠠᠯᠵᠤ ᠴᠢᠳᠠᠬᠤ》 ᠪᠠᠢᠷᠢᠰᠢᠯ ᠲᠠᠰᠤᠷᠠᠯᠳᠠ ᠦᠭᠡᠢ ᠪᠡᠬᠢᠵᠢᠨ ᠬᠥᠭᠵᠢᠵᠦ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠡᠭᠦᠳᠦᠨ ᠪᠠᠶ᠋ᠢᠭᠤᠯᠬᠤ ᠠᠵᠢᠯ ᠠᠵᠤ ᠠᠬᠤᠢᠯᠠᠯ᠂ ᠬᠥᠳᠡᠭᠡ ᠲᠣᠰᠬᠣᠨ᠂ ᠪᠠᠢᠭᠤᠯᠭ᠎ᠠ᠂ ᠨᠡᠢᠭᠡᠮ ᠲᠣᠭᠣᠷᠢᠭ᠋᠂ ᠰᠤᠷᠭᠠᠭᠤᠯᠢ ᠵᠡᠷᠭᠡ᠎ᠳᠦ ᠭᠦᠨᠵᠡᠭᠡᠢᠷᠡᠨ ᠥᠷᠨᠢᠵᠦ᠂《ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠲᠥᠯᠥᠪᠯᠡᠭᠡ》᠂ 《ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠷᠢᠯᠴᠠᠨ ᠰᠢᠭᠢᠳᠬᠡᠬᠦ ᠮᠠᠶᠢᠭ᠋᠎ᠤᠨ ᠬᠥᠭᠵᠢᠯᠲᠡ᠎ᠶᠢᠨ ᠲᠥᠯᠥᠪᠯᠡᠭᠡ》᠂ 《ᠵᠢᠭᠤᠯᠴᠢᠯᠠᠯ᠎ᠢᠶᠠᠷ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠥᠯᠥᠪᠯᠡᠭᠡ》 ᠵᠢᠨ ᠰᠢᠨ᠎ᠡ᠎ᠶᠢ ᠡᠭᠦᠳᠴᠤ ᠦᠷᠨᠢᠬᠦᠯᠵᠦ ᠪᠣᠢ᠃ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ ᠨᠢ ᠰᠢᠨ᠎ᠡ ᠴᠠᠭ ᠦᠶ᠎ᠡ᠎ᠶᠢᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠭᠰᠠᠨ ᠦᠢᠯᠡᠳᠦᠯᠭᠡ᠎ᠶᠢᠨ ᠲᠤᠷᠰᠢᠯᠭ᠎ᠠ᠎ᠶᠢ ᠬᠠᠤᠯᠢ ᠳᠦᠷᠢᠮ ᠪᠣᠯᠭᠠᠨ ᠪᠣᠯᠪᠠᠰᠤᠷᠠᠭᠤᠯᠵᠤ᠂ ᠲᠤᠰᠬᠠᠢ ᠪᠦᠯᠦᠭ ᠪᠦᠯᠦᠭ ᠵᠢᠡᠷ ᠲᠣᠭᠳᠠᠭᠠᠯ ᠲᠣᠭᠳᠠᠭᠠᠵᠦ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠲᠥᠯᠦᠪᠵᠢᠭᠦᠯᠭᠡ ᠪᠣᠯᠣᠨ ᠣᠯᠠᠨ ᠨᠡᠶ᠋ᠢᠲᠡ᠎ᠶᠢᠨ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠬᠠᠷᠢᠯᠴᠠᠨ ᠰᠢᠭᠢᠳᠬᠡᠬᠦ ᠮᠠᠶᠢᠭ᠋᠎ᠤᠨ ᠨᠡᠢᠭᠡᠮ ᠲᠣᠭᠣᠷᠢᠭ᠋᠎ᠤᠨ ᠣᠷᠴᠢᠨ ᠨᠦᠬᠦᠴᠡᠯ ᠤ᠋ᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠬᠡᠷᠡᠭᠲᠡᠢ; ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠱᠠᠭᠠᠷᠳᠠᠯᠭ᠎ᠠ᠎ᠶᠢ ᠬᠤᠳᠠ᠎ᠶᠢᠨ ᠲᠥᠯᠦᠪᠵᠢᠭᠦᠯᠭᠡ᠂ ᠪᠦᠲᠦᠭᠡᠨ ᠪᠠᠢᠭᠤᠯᠤᠯᠲᠠ᠂ ᠵᠠᠰᠠᠯᠲᠠ ᠪᠠ ᠦᠢᠯᠡᠴᠢᠯᠡᠭᠡᠨ᠎ᠦ ᠪᠦᠬᠦ ᠶᠠᠪᠤᠴᠠ᠎ᠳᠤ ᠣᠷᠣᠭᠤᠯᠬᠣ ᠬᠡᠷᠡᠭᠳᠡᠢ; ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠂ ᠬᠥᠮᠥᠨ ᠠᠮᠠ᠎ᠶᠢᠨ ᠬᠠᠮᠢᠶᠠᠷᠤᠯᠲᠠ᠂ ᠣᠷᠣᠨ ᠰᠠᠭᠤᠴᠠ᠎ᠶᠢᠨ ᠲᠥᠷᠥ᠎ᠶᠢᠨ ᠪᠣᠳᠣᠯᠭ᠎ᠠ᠂ ᠠᠵᠢᠯ ᠣᠯᠭᠣᠵᠤ ᠦᠢᠯᠡᠰ ᠪᠤᠰᠬᠠᠬᠤ᠂ ᠨᠡᠢᠭᠡᠮ᠎ᠦᠨ ᠦᠢᠯᠡᠴᠢᠯᠡᠭᠡ ᠵᠡᠷᠭᠡ ᠲᠠᠯ᠎ᠠ᠎ᠪᠠᠷ ᠪᠣᠳᠠᠲᠠᠢ ᠠᠷᠭ᠎ᠠ ᠬᠡᠮᠵᠢᠶ᠎ᠡ ᠠᠪᠴᠤ᠂ ᠡᠯ᠎ᠡ ᠦᠨᠳᠦᠰᠦᠲᠡᠨ᠎ᠦ ᠪᠦᠯᠬᠦᠮᠳᠡᠯ ᠠᠭᠤᠰᠤᠯᠴᠠᠯ᠎ᠢ ᠠᠬᠢᠭᠤᠯᠬᠣ ᠬᠡᠷᠡᠭᠳᠡᠢ; ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠵᠣᠬᠢᠶᠠᠨ ᠪᠠᠢᠭᠤᠯᠤᠨ ᠬᠥᠲᠥᠯᠥᠨ ᠵᠢᠯᠤᠭᠣᠳᠴᠤ ᠪᠠᠢᠭᠠᠳ ᠨᠡᠢᠭᠡᠮ ᠲᠣᠭᠣᠷᠢᠭ᠋᠎ᠤᠨ ᠪᠦᠲᠦᠭᠡᠨ ᠪᠠᠢᠭᠤᠯᠤᠯᠲᠠ᠂ ᠨᠡᠢᠭᠡᠮ ᠲᠣᠭᠣᠷᠢᠭ᠋᠎ᠤᠨ ᠵᠠᠰᠠᠯᠲᠠ᠂ ᠨᠡᠢᠭᠡᠮ ᠲᠣᠭᠣᠷᠢᠭ᠋᠎ᠤᠨ ᠠᠵᠢᠯᠯᠠᠭ᠎ᠠ᠎ᠳᠤ ᠬᠠᠮᠲᠤ ᠪᠠᠷ ᠣᠷᠣᠯᠴᠠᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠡᠶ᠎ᠡ ᠵᠣᠬᠢᠴᠠᠯ᠎ᠲᠠᠢ᠎ᠪᠠᠷ ᠠᠭᠣᠰᠣᠯᠴᠠᠨ ᠰᠠᠭᠤᠷᠢᠰᠢᠬᠤ᠎ᠶᠢ ᠠᠬᠢᠭᠤᠯᠬᠤ ᠬᠡᠷᠡᠭᠲᠡᠢ; ᠰᠤᠷᠭᠠᠨ ᠬᠥᠮᠦᠵᠢᠯ᠂ ᠰᠣᠶᠣᠯ᠂ ᠪᠡᠶ᠎ᠡ᠎ᠶᠢᠨ ᠲᠠᠮᠢᠷ᠂ ᠵᠢᠭᠤᠯᠴᠢᠯᠠᠯ᠂ ᠰᠦᠯᠵᠢᠶ᠎ᠡ ᠵᠡᠷᠭᠡ᠎ᠪᠡᠷ ᠳᠠᠮᠵᠢᠭᠤᠯᠤᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠣ ᠬᠡᠷᠡᠭᠳᠡᠢ ᠬᠡᠬᠦ ᠵᠡᠷᠬᠡ ᠪᠡᠷ ᠱᠠᠭᠠᠷᠳᠠᠪᠠ᠃ ᠡᠨᠡ ᠲᠠᠯ᠎ᠠ᠎ᠶᠢᠨ ᠲᠣᠭᠲᠠᠭᠠᠯ ᠨᠢ ᠦᠨᠳᠦᠰᠦᠲᠡᠨ᠎ᠨᠦᠭᠦᠳ᠎ᠦᠨ ᠬᠥᠮᠥᠨ ᠠᠮᠠ᠎ᠶᠢᠨ ᠨᠡᠭᠦᠳᠡᠯᠯᠡᠨ ᠰᠢᠯᠵᠢᠵᠥ ᠠᠭᠣᠰᠣᠯᠴᠠᠨ ᠰᠠᠭᠤᠷᠢᠰᠢᠬᠤ᠎ᠶᠢ ᠤᠯᠠᠮ ᠨᠢᠭᠡ ᠠᠯᠬᠤᠮ ᠠᠬᠢᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠲᠤ᠎ᠪᠠᠷ ᠣᠷᠣᠰᠢᠨ ᠰᠠᠭᠤᠷᠢᠰᠢᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠨᠡᠢᠭᠡᠮ᠎ᠦᠨ ᠨᠥᠬᠥᠴᠡᠯ᠎ᠢ ᠪᠤᠢ ᠪᠣᠯᠭᠠᠵᠤ᠂ ᠦᠨᠳᠦᠰᠦᠲᠡᠨ᠎ᠨᠦᠭᠦᠳ᠎ᠦᠨ ᠣᠷᠣᠨ ᠵᠠᠢ᠂ ᠰᠣᠶᠣᠯ᠂ ᠠᠵᠤ ᠠᠬᠤᠢ᠂ ᠨᠡᠢᠭᠡᠮ᠂ ᠰᠡᠳᠬᠢᠴᠡ ᠵᠡᠷᠭᠡ ᠲᠠᠯ᠎ᠠ᠎ᠪᠠᠷ ᠪᠦᠬᠦ ᠲᠠᠯ᠎ᠠ᠎ᠪᠠᠷ ᠠᠭᠣᠰᠣᠯᠴᠠᠬᠣᠶᠢ ᠪᠡᠶᠡᠯᠡᠭᠦᠯᠬᠦ᠎ᠳᠦ ᠠᠰᠢᠭ᠍ᠲᠠᠢ ᠶᠤᠮ᠃
ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠵᠤ᠂ ᠬᠠᠮᠲᠤ᠎ᠪᠠᠷ ᠪᠠᠶᠠᠵᠢᠬᠣ᠎ᠶᠢ ᠪᠡᠶᠡᠯᠡᠭᠦᠯᠬᠦ᠎ᠳᠦ ᠨᠢᠭᠡ ᠦᠨᠳᠦᠰᠦᠲᠡᠨ᠎ᠢ ᠴᠦ᠍ ᠣᠷᠬᠢᠭ᠍ᠳᠠᠭᠤᠯᠵᠤ ᠪᠣᠯᠬᠤ ᠦᠭᠡᠢ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠠᠵᠤ ᠦᠢᠯᠡᠰ᠎ᠢᠶᠡᠷ ᠲᠡᠳᠬᠦᠨ ᠳᠡᠮᠵᠢᠬᠦ᠂ ᠪᠡᠯᠡ ᠮᠥᠩᠭᠥ ᠣᠷᠣᠭᠤᠯᠬᠤ᠂ ᠣᠨᠳᠣᠣ ᠭᠠᠵᠠᠷ᠎ᠲᠤ ᠨᠡᠭᠦᠯᠭᠡᠨ ᠶᠠᠳᠠᠭᠤ᠎ᠶᠢ ᠲᠡᠳᠬᠦᠬᠦ᠂ ᠰᠤᠷᠭᠠᠨ ᠬᠥᠮᠦᠵᠢᠯ᠎ᠢᠶᠡᠷ ᠬᠠᠪᠰᠤᠷᠤᠨ ᠲᠡᠳᠬᠦᠬᠦ ᠵᠡᠷᠭᠡ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠪᠡᠷ ᠳᠠᠮᠵᠢᠨ᠂ ᠦᠨᠳᠦᠰᠦᠲᠡᠨ᠎ᠦ ᠭᠠᠵᠠᠷ ᠣᠷᠣᠨ᠎ᠤ 3121 ᠲᠦᠮᠡᠨ ᠶᠠᠳᠠᠭᠤ ᠬᠦᠴᠢᠷᠳᠡᠯᠲᠡᠢ ᠬᠥᠮᠥᠨ ᠠᠮᠠ᠎ᠶᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ ᠦᠨᠳᠦᠰᠦᠲᠡᠨ᠎ᠦ ᠥᠪᠡᠷᠲᠡᠭᠡᠨ ᠵᠠᠰᠠᠬᠤ ᠭᠠᠵᠠᠷ ᠣᠷᠣᠨ᠎ᠤ 420 ᠶᠠᠳᠠᠭᠤ ᠬᠦᠴᠢᠷᠳᠡᠯᠲᠡᠢ ᠰᠢᠶᠠᠨ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠵᠤ᠂ ᠬᠥᠮᠥᠨ ᠠᠮᠠ᠎ᠪᠠᠷ ᠴᠥᠭᠡᠪᠲᠦᠷ 28 ᠦᠨᠳᠦᠰᠦᠲᠡᠨ᠎ᠢ ᠪᠦᠬᠦᠨ ᠵᠢᠡᠷ ᠨᠢ ᠶᠠᠳᠠᠭᠤ᠎ᠠᠴᠠ ᠠᠩᠭᠢᠵᠢᠷᠠᠭᠤᠯᠪᠠ᠃ 5 ᠥᠪᠡᠷᠲᠡᠭᠡᠨ ᠵᠠᠰᠠᠬᠤ ᠣᠷᠣᠨ᠎ᠤ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠦᠷᠳᠡᠭ 2012 ᠣᠨ᠎ᠤ 3.25 ᠲᠦᠮᠡᠨ ᠳ᠋ᠦᠩᠰᠢᠭᠤᠷ ᠲᠥᠭᠥᠷᠢᠭ᠎ᠡᠴᠡ 2025 ᠣᠨ᠎ᠤ 8.66 ᠲᠦᠮᠡᠨ ᠳ᠋ᠦᠩᠰᠢᠭᠤᠷ ᠲᠥᠭᠥᠷᠢᠭ ᠪᠣᠯᠣᠨ ᠨᠡᠮᠡᠭᠳᠡᠪᠡ᠃ ᠦᠨᠳᠦᠰᠦᠲᠡᠨ᠎ᠨᠦᠭᠦᠳ᠎ᠦᠨ ᠠᠷᠠᠳ ᠲᠦᠮᠡᠨ ᠠᠬ᠎ᠠ ᠳᠡᠭᠦᠦ ᠮᠡᠲᠦ ᠳᠣᠲᠣᠨᠣ᠌ ᠶᠠᠪᠤᠯᠴᠠᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠦᠨᠳᠦᠰᠦᠲᠡᠨ᠎ᠦ ᠭᠠᠵᠠᠷ ᠣᠷᠣᠨ᠎ᠤ ᠠᠵᠤ ᠠᠬᠤᠢ ᠦᠷᠭᠦᠯᠵᠢᠯᠡᠨ ᠲᠦᠷᠭᠡᠨ ᠬᠥᠭᠵᠢᠵᠦ᠂ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ ᠲᠦᠷᠭᠡᠨ ᠬᠦᠭᠵᠢᠬᠦ ᠵᠠᠮ᠎ᠳᠤ ᠣᠷᠣᠵᠤ᠂ ᠣᠲᠣ᠌ ᠦᠶ᠎ᠡ᠎ᠶᠢᠨ ᠲᠠᠷᠢᠶᠠᠯᠠᠩ᠂ ᠰᠣᠶᠣᠯ ᠵᠢᠭᠤᠯᠴᠢᠯᠠᠯ᠎ᠤᠨ ᠦᠢᠯᠡᠰ᠂ ᠡᠷᠡᠭᠦᠯᠵᠢᠯ ᠠᠰᠠᠷᠠᠮᠵᠢ᠎ᠶᠢᠨ ᠠᠵᠤ ᠦᠢᠯᠡᠰ᠂ ᠰᠢᠨ᠎ᠡ ᠡᠨᠧᠷᠭᠢ᠎ᠶᠢᠨ ᠠᠵᠤ ᠦᠢᠯᠡᠰ ᠵᠡᠷᠭᠡ ᠣᠨᠴᠠᠯᠢᠭ᠍ᠲᠤ ᠠᠵᠤ ᠦᠢᠯᠡᠰ ᠦᠷᠭᠦᠯᠵᠢᠯᠡᠨ ᠪᠤᠵᠠᠭᠠᠢᠷᠠᠨ ᠬᠦᠴᠦᠷᠬᠡᠭᠵᠢᠵᠦ᠂ ᠴᠢᠨᠠᠷ ᠰᠠᠢᠲᠠᠢ ᠬᠥᠭᠵᠢᠯᠲᠡ᠎ᠶᠢᠨ ᠢᠲᠡᠭᠡᠯ ᠵᠣᠷᠢᠭ᠋ ᠨᠠᠩ ᠭᠦᠢᠴᠡᠳ ᠪᠣᠯᠵᠤ᠂ ᠠᠷᠠᠳ᠎ᠤᠨ ᠠᠮᠢᠳᠤᠷᠠᠯ᠎ᠤᠨ ᠲᠦᠪᠰᠢᠨ ᠢᠯᠡᠳᠲᠡ ᠳᠡᠭᠡᠭᠰᠢᠯᠡᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ᠎ᠦ ᠲᠥᠷᠥᠭᠳᠡᠯ ᠨᠠᠩ ᠲᠡᠭᠦᠯᠳᠡᠷ᠂ ᠨᠠᠩ ᠪᠠᠲᠤᠯᠠᠭ᠎ᠠ᠎ᠲᠠᠢ᠂ ᠨᠠᠩ ᠦᠷᠭᠦᠯᠵᠢᠯᠡᠬᠦᠢᠴᠡ ᠪᠣᠯᠪᠠ᠃ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠳᠤ ᠡᠳᠡᠭᠡᠷ ᠠᠮᠵᠢᠯᠲᠠ᠎ᠲᠠᠢ ᠲᠤᠷᠰᠢᠯᠭ᠎ᠠ᠎ᠶᠢ ᠤᠯᠠᠮ ᠨᠢᠭᠡ ᠠᠯᠬᠤᠮ ᠬᠠᠤᠯᠢᠵᠢᠭᠤᠯᠵᠤ᠂ 《ᠬᠠᠮᠲᠤ᠎ᠪᠠᠷ ᠴᠡᠴᠡᠭᠯᠡᠨ ᠬᠥᠭᠵᠢᠬᠦ᠎ᠶᠢ ᠠᠬᠢᠭᠤᠯᠬᠤ》 ᠲᠠᠢ ᠤᠶᠠᠯᠳᠤᠭᠤᠯᠤᠨ ᠲᠣᠭᠲᠠᠭᠠᠯ ᠭᠠᠷᠭᠠᠪᠠ᠃ ᠬᠥᠭᠵᠢᠯᠲᠡ᠎ᠶᠢᠨ ᠲᠥᠯᠦᠪᠵᠢᠭᠦᠯᠭᠡ᠎ᠶᠢᠨ ᠲᠠᠯ᠎ᠠ᠎ᠪᠠᠷ ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠦ ᠬᠣᠯᠪᠣᠭᠳᠠᠯ ᠪᠦᠬᠦᠢ ᠰᠠᠯᠠᠭ᠎ᠠ ᠮᠥᠴᠢᠷ᠎ᠡᠴᠡ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠦᠷᠢᠶᠡᠨ᠎ᠳᠡᠬᠢ ᠲᠥᠯᠦᠪᠵᠢᠭᠦᠯᠭᠡ ᠲᠥᠯᠥᠪᠯᠡᠭᠡ᠂ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠲᠣᠭᠲᠠᠭᠠᠨ ᠬᠡᠷᠡᠭᠵᠢᠭᠦᠯᠬᠦ᠎ᠳᠡᠭᠡᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠣ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ ᠳ᠋ᠤ ᠠᠰᠢᠬᠳᠠᠢ ᠪᠠᠢᠯᠭᠠᠵᠥ᠂ ᠤᠯᠤᠰ ᠣᠷᠣᠨ᠎ᠤ ᠨᠢᠭᠡᠳᠦᠯ᠎ᠢ ᠬᠠᠮᠠᠭᠠᠯᠠᠵᠥ᠂ ᠬᠠᠭᠠᠴᠠᠭᠤᠯᠬᠤ᠎ᠶᠢ ᠡᠰᠡᠷᠭᠦᠴᠡᠬᠦ᠎ᠳᠦ ᠠᠰᠢᠭ᠍ᠲᠠᠢ ᠪᠠᠢᠯᠭᠠᠵᠤ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠂ ᠬᠥᠮᠥᠰ᠎ᠦᠨ ᠰᠡᠳᠬᠢᠯ᠎ᠢ ᠨᠢᠭ᠍ᠲᠠᠷᠠᠭᠤᠯᠬᠤ᠎ᠳᠤ ᠠᠰᠢᠭ᠍ᠲᠠᠢ ᠪᠠᠢᠯᠭᠠᠬᠤ ᠬᠡᠷᠡᠭᠲᠡᠢ; ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢ ᠠᠬᠢᠭᠤᠯᠬᠤ ᠲᠠᠯ᠎ᠠ᠎ᠪᠠᠷ᠂ ᠣᠷᠣᠨ ᠪᠦᠰᠡ᠎ᠶᠢᠨ ᠨᠢᠭᠡ ᠴᠣᠭᠴᠠᠵᠢᠭ᠍ᠰᠠᠨ ᠬᠥᠭᠵᠢᠯᠲᠡ᠎ᠶᠢᠨ ᠲᠣᠭᠲᠠᠴᠠ ᠪᠠ ᠵᠥᠷᠢᠶᠡᠲᠦ ᠣᠷᠣᠨ ᠪᠦᠰᠡ᠎ᠶᠢᠨ ᠳᠡᠮᠵᠢᠯᠭᠡ᠎ᠶᠢᠨ ᠲᠦᠷᠦ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠵᠦ᠂ ᠠᠵᠢᠯ ᠲᠦᠷᠦᠯ ᠵᠢᠡᠷ ᠲᠡᠮᠵᠢᠬᠦ᠂ ᠵᠡᠭᠦᠨ ᠪᠠᠷᠠᠭᠤᠨ ᠣᠷᠣᠨ ᠬᠠᠮᠵᠢᠯᠴᠠᠬᠤ ᠵᠡᠷᠭᠡ ᠬᠠᠪᠰᠤᠷᠤᠨ ᠲᠡᠳᠬᠦᠵᠦ ᠬᠠᠮᠵᠢᠯᠴᠠᠬᠤ ᠲᠣᠭᠲᠠᠴᠠ᠎ᠶᠢ ᠪᠦᠷᠢᠨᠰᠢᠭᠦᠯᠬᠦ ᠬᠡᠷᠭᠡᠳᠡᠢ ᠬᠡᠬᠦ ᠵᠡᠷᠬᠡ ᠪᠡᠷ ᠳᠤᠬᠳᠠᠭᠠᠪᠠ᠃ ᠡᠭᠦᠨ᠎ᠦ ᠬᠠᠮᠲᠤ ᠪᠠᠰᠠ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠬᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠬᠥᠭᠵᠢᠭᠦᠯᠬᠦ᠂ ᠤᠯᠠᠨ ᠨᠡᠶ᠋ᠢᠲᠡ᠎ᠶᠢᠨ ᠦᠨᠳᠦᠰᠦᠨ ᠦᠢᠯᠡᠴᠢᠯᠡᠭᠡᠨ᠎ᠦ ᠲᠡᠩᠴᠡᠭᠦᠷᠢᠲᠦ ᠴᠢᠨᠠᠷ ᠪᠠ ᠪᠣᠯᠣᠮᠵᠢᠲᠤ ᠴᠢᠨᠠᠷ᠎ᠢ ᠴᠢᠩᠭᠠᠳᠬᠠᠬᠤ᠂ ᠳᠤᠮᠳᠠᠳᠤ᠎ᠶᠢᠨ ᠦᠨᠳᠦᠰᠦᠲᠡᠨ᠎ᠦ ᠥᠨᠢᠳᠡ᠎ᠶᠢᠨ ᠦᠷᠭᠦᠯᠵᠢᠯᠡᠬᠦ ᠬᠥᠭᠵᠢᠯᠲᠡ᠎ᠶᠢᠨ ᠠᠮᠢ ᠠᠬᠤᠢ᠎ᠶᠢᠨ ᠣᠷᠣᠨ ᠵᠠᠢ᠎ᠶᠢ ᠬᠠᠮᠲᠤ᠎ᠪᠠᠷ ᠬᠠᠮᠠᠭᠠᠯᠠᠬᠤ᠂ ᠴᠠᠭ ᠦᠶ᠎ᠡ᠎ᠶᠢᠨ ᠰᠢᠨ᠎ᠡ ᠬᠡᠪ ᠰᠤᠷᠲᠠᠯ᠎ᠢ ᠪᠣᠢᠵᠢᠭᠤᠯᠬᠤ᠎ᠶᠢ ᠴᠢᠩᠭᠠᠳᠬᠠᠬᠤ ᠵᠡᠷᠭᠡ ᠲᠠᠯ᠎ᠠ᠎ᠪᠠᠷ ᠪᠣᠳᠠᠲᠠᠢ ᠲᠣᠭᠲᠠᠭᠠᠯ ᠭᠠᠷᠭᠠᠪᠠ᠃ ᠡᠨᠡ ᠲᠠᠯ᠎ᠠ᠎ᠶᠢᠨ ᠲᠣᠭᠲᠠᠭᠠᠯ ᠨᠢ ᠭᠣᠣᠯᠳᠠᠭᠤ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠲᠤᠭᠣᠰᠢᠯᠠᠭᠣᠯᠵᠦ᠂ ᠦᠨᠳᠦᠰᠦᠲᠡᠨ᠎ᠦ ᠭᠠᠵᠠᠷ ᠣᠷᠣᠨ᠎ᠤ ᠥᠭᠡᠷᠡᠴᠢᠯᠡᠯᠲᠡ ᠨᠡᠭᠡᠭᠡᠯᠲᠡ᠎ᠶᠢ ᠪᠥᠬᠥ ᠲᠠᠯ᠎ᠠ᠎ᠪᠠᠷ ᠭᠦᠨᠵᠡᠭᠡᠢᠷᠡᠭᠦᠯᠬᠦ᠂ ᠤᠯᠤᠰ᠎ᠤᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠳᠤ ᠪᠥᠬᠥ ᠲᠠᠯ᠎ᠠ᠎ᠪᠠᠷ ᠠᠭᠤᠰᠤᠯᠴᠠᠬᠤ᠂ ᠥᠪᠡᠷ᠎ᠢ᠎ᠪᠡᠨ ᠬᠥᠭᠵᠢᠭᠦᠯᠬᠦ ᠴᠢᠳᠠᠪᠤᠷᠢ᠎ᠪᠠᠨ ᠳᠡᠭᠡᠭᠰᠢᠯᠡᠭᠦᠯᠬᠦ ᠵᠢ ᠳᠡᠮᠵᠢᠵᠥ᠂ ᠡᠭᠦᠨ᠎ᠦ ᠤᠯᠠᠮ᠎ᠢᠶᠠᠷ ᠦᠨᠳᠦᠰᠦᠲᠡᠨ᠎ᠦ ᠭᠠᠵᠠᠷ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢ ᠲᠦᠷᠭᠡᠳᠬᠡᠵᠦ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠪᠠᠶᠠᠵᠢᠬᠤ᠎ᠶᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠨᠡᠢᠭᠡᠮ ᠵᠢᠷᠤᠮᠳᠤ ᠣᠳᠣᠬᠢᠴᠢᠯᠠᠯᠲᠠ ᠳᠠᠢᠰᠢ ᠬᠠᠮᠲᠤ᠎ᠪᠠᠷ ᠤᠷᠤᠭᠰᠢᠯᠠᠬᠤ᠎ᠶᠢ ᠠᠬᠢᠭᠤᠯᠬᠤ ᠪᠣᠯᠣᠨ᠎ᠠ᠃
ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠪᠦᠬᠦ ᠲᠠᠯ᠎ᠠ᠎ᠪᠠᠷ ᠪᠦᠲᠦᠮᠵᠢᠲᠡᠢ ᠬᠡᠷᠡᠭᠵᠢᠭᠦᠯᠬᠦ᠎ᠶᠢ ᠪᠠᠲᠤᠯᠠᠬᠤ᠎ᠶᠢᠨ ᠲᠥᠯᠥᠭᠡ᠂ ᠲᠤᠰ ᠬᠠᠤᠯᠢ᠎ᠳᠤ ᠲᠤᠰᠬᠠᠢᠯᠠᠨ 《ᠪᠠᠲᠤᠯᠠᠬᠤ ᠪᠠ ᠬᠢᠨᠠᠯᠲᠠ ᠲᠠᠯᠪᠢᠬᠤ》 ᠪᠠ 《ᠬᠠᠤᠯᠢ᠎ᠶᠢᠨ ᠬᠠᠷᠢᠭᠤᠴᠠᠯᠭ᠎ᠠ》 ᠭᠡᠬᠦ ᠬᠣᠶᠠᠷ ᠪᠦᠯᠦᠭ ᠲᠣᠬᠢᠷᠠᠭᠤᠯᠵᠤ᠂ ᠨᠠᠮ᠎ᠤᠨ ᠬᠣᠷᠢᠶ᠎ᠠ ᠨᠢᠭᠡᠳᠦᠯᠲᠡᠢ ᠤᠳᠤᠷᠢᠳᠬᠤ᠂ ᠵᠠᠰᠠᠭ᠎ᠤᠨ ᠣᠷᠳᠣᠨ ᠬᠠᠤᠯᠢ ᠶᠣᠰᠣᠭᠠᠷ ᠬᠠᠮᠢᠶᠠᠷᠬᠤ ᠂ ᠨᠢᠭᠡᠳᠦᠮᠡᠯ ᠹᠷᠣᠨᠲ᠎ᠤᠨ ᠠᠵᠢᠯ᠎ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠦᠨᠳᠦᠰᠦᠲᠡᠨ᠎ᠦ ᠠᠵᠢᠯ᠎ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠂ ᠡᠯ᠎ᠡ ᠰᠠᠯᠠᠭ᠎ᠠ ᠮᠥᠴᠢᠷ ᠬᠦᠴᠦ᠎ᠪᠡᠨ ᠬᠠᠮᠲᠤᠳᠬᠠᠨ ᠬᠠᠮᠲᠤᠷᠠᠯᠴᠠᠬᠤ᠂ ᠪᠦᠬᠦ ᠨᠡᠢᠭᠡᠮ᠎ᠢᠶᠡᠷ᠎ᠢᠶᠡᠨ ᠬᠠᠮᠲᠤ᠎ᠪᠠᠷ ᠣᠷᠣᠯᠴᠠᠬᠤ ᠵᠢ ᠪᠠᠷᠢᠮᠳᠠᠯᠠᠨ ᠳᠡᠬᠦᠯᠳᠡᠷᠵᠢᠬᠦᠯᠬᠦ ᠦᠨᠳᠦᠰᠦᠲᠡᠨ᠎ᠦ ᠠᠵᠢᠯ᠎ᠤᠨ ᠪᠠᠢᠷᠢᠰᠢᠯ᠎ᠢ ᠲᠣᠳᠣᠷᠬᠠᠢᠯᠠᠵᠤ᠂ ᠦᠨᠳᠦᠰᠦᠲᠡᠨ᠎ᠦ ᠠᠵᠢᠯ᠎ᠢ ᠵᠣᠬᠢᠴᠠᠭᠤᠯᠬᠤ ᠲᠣᠭᠲᠠᠴᠠ᠎ᠶᠢ ᠪᠦᠷᠢᠨᠰᠢᠭᠦᠯᠪᠡ; ᠠᠷᠠᠳ ᠢᠷᠭᠡᠨᠬᠤᠪᠢ ᠬᠥᠮᠥᠨ᠂ ᠲᠦᠷᠦ᠎ᠶᠢᠨ ᠪᠠᠢᠭᠤᠯᠭ᠎ᠠ ᠵᠢᠴᠢ ᠠᠯᠪᠠᠨ ᠲᠤᠰᠢᠶᠠᠯᠲᠠᠨ᠂ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠂ ᠪᠦᠯᠬᠦᠮᠵᠣᠬᠢᠶᠠᠨ ᠪᠠᠢᠭᠤᠯᠤᠯᠲᠠ᠂ ᠠᠵᠤ ᠠᠬᠤᠢᠯᠠᠯ ᠠᠵᠢᠯ ᠦᠢᠯᠡᠰ᠎ᠦᠨ ᠵᠣᠬᠢᠶᠠᠨ ᠪᠠᠢᠭᠤᠯᠤᠯᠲᠠ ᠪᠣᠯᠣᠨ ᠨᠡᠢᠭᠡᠮ᠎ᠦᠨ ᠵᠣᠬᠢᠶᠠᠨ ᠪᠠᠢᠭᠤᠯᠤᠯᠲᠠ᠂ ᠱᠠᠰᠢᠨ ᠰᠤᠷᠲᠠᠬᠤᠨ᠎ᠤ ᠪᠦᠯᠬᠦᠮ᠂ ᠦᠨᠳᠦᠰᠦᠨ ᠱᠠᠲᠤᠨ᠎ᠤ ᠤᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠢᠭᠤᠯᠤᠯᠲᠠ᠂ ᠴᠡᠷᠢᠭ ᠠᠩᠭᠢ ᠵᠡᠷᠭᠡ ᠬᠣᠯᠪᠣᠭᠳᠠᠯ ᠪᠦᠬᠦᠢ ᠪᠡᠶᠡᠴᠢ ᠴᠣᠭᠴᠠ᠎ᠶᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ ᠡᠷᠬᠡ ᠠᠰᠢᠭ᠋ ᠡᠭᠦᠷᠭᠡ ᠬᠠᠷᠢᠭᠤᠴᠠᠯᠭ᠎ᠠ᠎ᠶᠢ ᠴᠢᠬᠤᠯᠠᠴᠢᠯᠠᠪᠠ; ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠬᠣᠬᠢᠷᠠᠭᠤᠯᠬᠤ ᠪᠤᠶᠤ ᠡᠪᠳᠡᠭᠦ ᠡᠯ᠎ᠡ ᠲᠥᠷᠥᠯ᠎ᠦᠨ ᠠᠵᠢᠯᠯᠠᠭ᠎ᠠ᠎ᠶᠢᠨ ᠬᠠᠤᠯᠢ᠎ᠶᠢᠨ ᠬᠠᠷᠢᠭᠤᠴᠠᠯᠭ᠎ᠠ᠎ᠶᠢ ᠲᠣᠭᠲᠠᠭᠠᠪᠠ᠃ ᠳᠣᠯᠣᠳᠤᠭᠠᠷ ᠪᠦᠯᠦᠭ ᠪᠤᠯᠬᠤ 《ᠳᠠᠭᠠᠯᠳᠤᠭᠤᠯᠤᠯ ᠳᠦᠷᠢᠮ》 ᠳ᠋ᠤ ᠬᠣᠯᠪᠣᠭᠳᠠᠯ ᠪᠦᠬᠦᠢ ᠣᠷᠣᠨ ᠨᠤᠲᠤᠭ᠎ᠤᠨ ᠬᠢᠨ ᠲᠤᠬᠠᠢ᠎ᠶᠢᠨ ᠭᠠᠵᠠᠷ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭᠠᠯ ᠢ᠋ ᠲᠣᠭᠲᠠᠭᠠᠵᠤ ᠪᠤᠯᠤᠨ᠎ᠠ ᠬᠡᠵᠥ ᠳᠤᠬᠳᠠᠭᠠᠵᠥ᠂ ᠣᠷᠣᠨ ᠨᠤᠲᠤᠭ᠎ᠤᠨ ᠬᠠᠤᠯᠢ ᠲᠣᠭᠲᠠᠭᠠᠬᠤ᠎ᠳᠤ ᠨᠡᠩ ᠲᠣᠳᠣᠷᠬᠠᠢ ᠦᠨᠳᠦᠰᠦᠯᠡᠯ ᠬᠠᠩᠭᠠᠪᠠ᠃ ᠡᠨᠡ ᠲᠠᠯ᠎ᠠ᠎ᠶᠢᠨ ᠲᠣᠭᠲᠠᠭᠠᠯ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠤᠨ ᠳᠦᠷᠢᠮ ᠲᠣᠭᠲᠠᠴᠠ᠎ᠶᠢ ᠤᠯᠠᠮ ᠴᠢᠨᠠᠭᠰᠢᠳᠠ ᠪᠦᠷᠢᠨᠰᠢᠭᠦᠯᠦᠨ ᠪᠡᠬᠢᠵᠢᠭᠦᠯᠬᠦ᠎ᠳᠦ ᠪᠠᠲᠤ ᠪᠡᠬᠢ ᠰᠠᠭᠤᠷᠢ ᠲᠠᠯᠪᠢᠵᠤ ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶᠢ ᠤᠯᠤᠰ᠎ᠤᠨ ᠵᠠᠰᠠᠯᠲᠠ᠎ᠶᠢᠨ ᠰᠢᠰᠲᠧᠮ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠬᠤ ᠪᠦᠬᠦ ᠲᠠᠯ᠎ᠠ᠎ᠳᠤ ᠭᠦᠨᠵᠡᠭᠡᠢ ᠠᠭᠤᠰᠤᠯᠴᠠᠭᠤᠯᠬᠤ ᠴᠢᠬᠤᠯᠠ ᠶᠡᠬᠡ ᠬᠠᠤᠯᠢ ᠪᠡᠷ ᠵᠠᠰᠠᠬᠤ ᠠᠷᠭ᠎ᠠ ᠬᠡᠮᠵᠢᠶ᠎ᠡ ᠪᠣᠯᠣᠨ᠎ᠠ᠃
ᠭᠤᠷᠪᠠ
ᠣᠳᠣᠬᠠᠨ᠎ᠳᠤ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠶᠠᠭ ᠢᠲᠡᠭᠡᠯ ᠵᠣᠷᠢᠭ᠋ ᠲᠡᠭᠦᠯᠳᠡᠷ᠎ᠢᠶᠡᠷ ᠤᠯᠤᠰ᠎ᠢᠶᠠᠨ ᠬᠦᠴᠦᠷᠬᠡᠭᠵᠢᠭᠦᠯᠬᠦ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠦᠨ ᠲᠥᠯᠥᠭᠡ ᠪᠦᠯᠬᠦᠮᠳᠡᠨ ᠲᠡᠮᠡᠴᠡᠵᠦ ᠪᠠᠢᠨ᠎ᠠ᠃ 《ᠣᠨᠢᠨ ᠳᠡᠭᠡᠷ᠎ᠡ ᠨᠢ ᠶᠠᠳᠠᠭᠤ᠎ᠶᠢ ᠲᠡᠳᠬᠦᠬᠦ》ᠵᠢ ᠠᠩᠬ᠎ᠠ ᠰᠠᠨᠠᠭᠠᠴᠢᠯᠠᠭᠰᠠᠨ ᠭᠠᠵᠠᠷ ᠪᠣᠯᠬᠣ ᠬᠤᠨᠠᠨ ᠮᠤᠵᠢ᠎ᠶᠢᠨ ᠰᠢᠶᠠᠩ ᠰᠢ᠎ᠶᠢᠨ ᠲᠦᠵᠢᠶᠠ ᠦᠨᠳᠦᠰᠦᠲᠡᠨ ᠮᠢᠶᠣᠣ ᠦᠨᠳᠦᠰᠦᠲᠡᠨ᠎ᠦ ᠥᠪᠡᠷᠲᠡᠭᠡᠨ ᠵᠠᠰᠠᠬᠤ ᠵᠧᠦ᠎ᠶᠢᠨ ᠱᠢ ᠪᠠ ᠳ᠋ᠦᠩ ᠲᠣᠰᠬᠣᠨ ᠳ᠋ᠤ ᠯᠤᠲᠤ ᠶᠡᠬᠡ ᠬᠤᠪᠢᠷᠠᠯᠲᠠ ᠭᠠᠷᠪᠠ; ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ᠎ᠶᠢᠨ ᠦᠯᠢᠭᠡᠷ ᠳᠠᠭᠤᠷᠢᠶᠠᠯ ᠪᠣᠯᠤᠭᠰᠠᠨ᠎ᠤ ᠬᠤᠪᠢ᠎ᠳᠤ᠂ ᠹᠦᠵᠢᠶᠠᠨ ᠨᠢᠩᠰᠢᠶᠠ᠎ᠶᠢᠨ ᠬᠠᠮᠵᠢᠯᠴᠠᠭ᠎ᠠ ᠠᠭᠤᠯᠠ ᠳᠠᠯᠠᠢ᠎ᠶᠢ ᠳᠠᠪᠠᠵᠤ᠂ ᠲᠠᠰᠤᠷᠠᠯᠲᠠ ᠦᠭᠡᠢ ᠳᠡᠰ ᠳᠠᠪᠰᠢᠵᠤ᠂ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢ ᠠᠬᠢᠭᠤᠯᠪᠠ; ᠰᠢᠨᠵᠢᠶᠠᠩ᠎ᠤᠨ ᠰᠢᠨ᠎ᠡ᠎ᠪᠡᠷ ᠮᠠᠨᠳᠤᠭᠰᠠᠨ ᠠᠵᠤ ᠦᠢᠯᠡᠰ ᠲᠦᠷᠭᠡᠨ ᠪᠣᠢᠵᠢᠵᠤ᠂ ᠴᠡᠪᠡᠷ ᠡᠨᠧᠷᠭᠢ᠎ᠶᠢᠨ ᠤᠷᠤᠯᠳᠤᠭᠠᠨ᠎ᠤ ᠵᠠᠮ᠎ᠢ ᠪᠦᠬᠦ ᠲᠠᠯ᠎ᠠ᠎ᠪᠠᠷ ᠪᠠᠢᠷᠢᠯᠠᠭᠤᠯᠵᠤ᠂ ᠡᠬᠢ ᠪᠠᠶᠠᠯᠢᠭ᠋᠎ᠤᠨ ᠲᠣᠮᠣ᠌ ᠣᠷᠣᠨ᠎ᠠᠴᠠ ᠠᠵᠤ ᠠᠬᠤᠢ᠎ᠶᠢᠨ ᠬᠦᠴᠦᠷᠬᠡᠭ ᠣᠷᠣᠨ ᠲᠡᠢᠰᠢ ᠳᠡᠰ ᠳᠠᠪᠰᠢᠵᠤ᠂ ᠴᠢᠨᠠᠷ ᠰᠠᠢᠲᠠᠢ ᠬᠥᠭᠵᠢᠯᠲᠡ᠎ᠶᠢᠨ ᠤᠷᠤᠯᠳᠤᠭᠠᠨ᠎ᠤ ᠵᠠᠮ ᠳᠡᠭᠡᠷ᠎ᠡ 《ᠰᠢᠨᠵᠢᠶᠠᠩ ᠬᠤᠷᠳᠤᠴᠠ》 ᠵᠢ ᠭᠠᠢᠬᠠᠭᠤᠯᠪᠠ; ᠲᠥᠪᠡᠳ᠎ᠦᠨ 7 ᠲᠤᠰᠬᠠᠢ ᠣᠷᠣᠨ (ᠬᠤᠳᠠ)᠎ᠢ᠋ ᠴᠥᠮ ᠪᠦᠬᠦ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠵᠢᠱ᠌ᠢᠶ᠎ᠡ ᠦᠵᠡᠭᠦᠯᠬᠦ ᠭᠠᠵᠠᠷ (ᠬᠤᠳᠠ) ᠪᠣᠯᠭᠠᠨ ᠪᠦᠳᠦᠬᠡᠨ ᠪᠠᠢᠭᠤᠯᠵᠤ᠂ ᠦᠨᠳᠦᠰᠦᠲᠡᠨ᠎ᠨᠦᠭᠦᠳ ᠪᠦᠯᠬᠦᠮᠳᠡᠨ ᠨᠢᠭᠡ ᠭᠡᠷ ᠪᠦᠯᠢ ᠮᠡᠳᠦ ᠳᠤᠳᠤᠨᠤ ᠪᠤᠯᠬᠤ ᠬᠠᠮᠲᠤ᠎ᠪᠠᠷ ᠪᠠᠶ᠋ᠢᠭᠤᠯᠬᠤ ᠠᠵᠢᠯᠯᠠᠭ᠎ᠠ᠎ᠶᠢ ᠯᠠᠪᠳᠠᠭᠤᠨ ᠪᠠᠲᠤᠲᠠᠢ ᠠᠬᠢᠭᠤᠯᠪᠠ; ᠭᠤᠸᠠᠩᠰᠢ ᠵᠢᠨ ᠬᠢᠨ 《ᠭᠤᠷᠪᠠᠨ ᠰᠠᠷ᠎ᠠ᠎ᠶᠢᠨ ᠭᠤᠷᠪᠠᠨ》᠂ 《ᠯᠢᠦ ᠰᠠᠨ ᠵᠢᠶᠸ》 ᠵᠡᠷᠭᠡ ᠰᠣᠶᠣᠯ᠎ᠤᠨ ᠲᠥᠷᠥᠯ ᠲᠡᠮᠳᠡᠭ᠎ᠢ ᠦᠷᠭᠦᠯᠵᠢᠯᠡᠨ ᠡᠭᠦᠳᠴᠦ᠂ ᠵᠡᠰ ᠬᠡᠩᠭᠡᠷᠭᠡ᠂ ᠬᠤᠸᠠᠱᠠᠨᠤ ᠬᠠᠲᠠᠨ ᠵᠢᠷᠤᠭ ᠵᠡᠷᠭᠡ ᠰᠣᠶᠣᠯ᠎ᠤᠨ ᠦᠨᠡᠲᠦ ᠡᠷᠳᠡᠨᠢᠰ ᠢ᠋ ᠤᠯᠠᠮᠵᠢᠯᠠᠨ ᠬᠠᠮᠠᠭᠠᠯᠠᠵᠤ᠂ ᠣᠯᠠᠨ ᠲᠦᠮᠡᠨ᠎ᠦ ᠦᠵᠡᠵᠦ ᠰᠣᠨᠢᠷᠬᠠᠬᠤ ᠳᠤᠷᠠᠲᠠᠢ ᠬᠡᠯᠪᠡᠷᠢ᠎ᠪᠡᠷ ᠦᠨᠳᠦᠰᠦᠲᠡᠨ᠎ᠨᠦᠭᠦᠳ᠎ᠦᠨ ᠰᠣᠶᠣᠯ᠎ᠢ ᠤᠯᠠᠮᠵᠢᠯᠠᠨ ᠬᠠᠮᠠᠭᠠᠯᠠᠬᠤ ᠪᠠ ᠰᠢᠨ᠎ᠡ᠎ᠶᠢ ᠡᠭᠦᠳᠦᠨ ᠠᠭᠤᠰᠤᠯᠴᠠᠬᠤ᠎ᠶᠢ ᠠᠬᠢᠭᠤᠯᠪᠠ; ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠭᠠᠷ ᠬᠣᠯᠪᠣᠨ 《ᠡᠯᠡᠰᠦ ᠤᠷᠤᠭᠰᠢᠯᠠᠵᠤ ᠬᠥᠮᠥᠨ ᠤᠬᠤᠷᠢᠬᠤ》 ᠡᠴᠡ 《ᠬᠥᠮᠥᠨ ᠤᠷᠤᠭᠰᠢᠯᠠᠵᠤ ᠡᠯᠡᠰᠦ ᠤᠬᠤᠷᠢᠬᠤ》 ᠡᠯᠡᠰᠦᠷᠬᠡᠭᠵᠢᠯ᠎ᠢ ᠵᠠᠰᠠᠭᠰᠠᠨ ᠭᠠᠢᠬᠠᠮᠰᠢᠭ᠋᠎ᠢ ᠪᠢᠴᠢᠭᠯᠡᠵᠦ᠂ ᠪᠣᠬᠢᠷᠲᠤᠯ ᠦᠭᠡᠢ ᠠᠮᠢ ᠠᠬᠤᠢ᠎ᠶᠢᠨ ᠳᠡᠪᠢᠰᠬᠡᠷ ᠥᠩᠭᠡ᠎ᠶᠢ ᠨᠡᠩ ᠬᠢᠯᠠᠯᠵᠠᠭᠤᠯᠪᠠ ᠁ ᠦᠨᠳᠦᠰᠦᠲᠡᠨ᠎ᠦ ᠭᠠᠵᠠᠷ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ ᠰᠢᠨ᠎ᠡ ᠳᠠᠪᠠᠯᠲᠠ᠎ᠶᠢ ᠪᠡᠶᠡᠯᠡᠭᠦᠯᠵᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠠᠮᠢᠳᠤᠷᠠᠯ ᠰᠢᠨ᠎ᠡ ᠳᠦᠷᠰᠦ ᠪᠠᠢᠳᠠᠯ᠎ᠲᠠᠢ ᠪᠣᠯᠵᠤ᠂ ᠳᠤᠮᠳᠠᠳᠤ᠎ᠶᠢᠨ ᠰᠣᠶᠣᠯ ᠲᠠᠰᠤᠷᠠᠯᠲᠠ ᠦᠭᠡᠢ ᠰᠢᠨ᠎ᠡ ᠠᠮᠢᠵᠢᠷᠠᠯ᠎ᠤᠨ ᠬᠦᠴᠦᠨ᠎ᠲᠠᠢ ᠪᠣᠯᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠳᠤ ᠰᠢᠨ᠎ᠡ ᠳᠦᠷᠰᠦ ᠪᠠᠢᠳᠠᠯ ᠢᠯᠡᠷᠡᠵᠦ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠪᠦᠬᠦ ᠲᠠᠯ᠎ᠠ᠎ᠪᠠᠷ ᠪᠦᠲᠦᠮᠵᠢᠲᠡᠢ ᠬᠡᠷᠡᠭᠵᠢᠭᠦᠯᠬᠦ᠎ᠳᠦ ᠭᠦᠨ ᠵᠤᠵᠠᠭᠠᠨ ᠦᠢᠯᠡᠳᠦᠯᠭᠡ᠎ᠶᠢᠨ ᠰᠠᠭᠤᠷᠢ ᠲᠠᠯᠪᠢᠵᠤ ᠥᠭᠴᠡᠢ᠃
ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠪᠦᠬᠦ ᠲᠠᠯ᠎ᠠ᠎ᠪᠠᠷ ᠪᠦᠲᠦᠮᠵᠢᠲᠡᠢ ᠬᠡᠷᠡᠭᠵᠢᠭᠦᠯᠬᠦ ᠪᠣᠯ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶᠢᠨ ᠡᠭᠦᠷᠭᠡ ᠮᠥᠨ᠃ ᠲᠡᠦᠬᠡ᠎ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠵᠤ᠂ ᠭᠣᠣᠯ ᠠᠭᠤᠯᠭ᠎ᠠ᠂ ᠪᠠᠶᠠᠯᠢᠭ᠋ ᠠᠭᠤᠯᠤᠭᠳᠠᠬᠤᠨ ᠪᠣᠯᠣᠨ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠣᠣᠯᠳᠠᠯᠭ᠎ᠠ᠎ᠲᠠᠢ ᠣᠢᠯᠠᠭᠠᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠪᠦᠬᠦ ᠲᠠᠯ᠎ᠠ᠎ᠪᠠᠷ ᠪᠦᠲᠦᠮᠵᠢᠲᠡᠢ ᠬᠡᠷᠡᠭᠵᠢᠭᠦᠯᠬᠦ ᠦᠨᠳᠦᠰᠦᠨ ᠵᠢᠷᠤᠮᠯᠠᠯ᠎ᠢ ᠪᠠᠲᠤ ᠡᠵᠡᠮᠳᠡᠬᠦ ᠬᠡᠷᠡᠭᠲᠡᠢ᠃ ᠤᠬᠠᠮᠰᠠᠷ᠎ᠠᠴᠠ᠎ᠪᠠᠨ ᠨᠠᠮ ᠪᠠ ᠤᠯᠤᠰ᠎ᠤᠨ ᠠᠵᠢᠯ᠎ᠤᠨ ᠶᠡᠬᠡ ᠲᠠᠯ᠎ᠠ᠂ ᠳᠤᠮᠳᠠᠳᠤ᠎ᠶᠢᠨ ᠦᠨᠳᠦᠰᠦᠲᠡᠨ᠎ᠦ ᠦᠨᠳᠦᠰᠦᠨ ᠠᠰᠢᠭ᠋ ᠲᠤᠰᠠ ᠪᠠ ᠪᠦᠬᠦᠯᠢ ᠴᠣᠭᠴᠠ᠎ᠶᠢᠨ ᠠᠰᠢᠭ᠋ ᠲᠤᠰᠠ᠎ᠶᠢᠨ ᠥᠨᠳᠥᠷᠴᠡ ᠡᠴᠡ ᠲᠤᠰ ᠬᠠᠤᠯᠢ᠎ᠶᠢᠨ ᠬᠠᠤᠯᠢ ᠴᠠᠭᠠᠵᠠ᠎ᠶᠢᠨ ᠪᠠᠢᠷᠢ ᠲᠣᠭᠲᠠᠭᠠᠯᠲᠠ ᠪᠠ ᠬᠠᠤᠯᠢ᠎ᠪᠠᠷ ᠵᠠᠰᠠᠬᠤ ᠴᠢᠳᠠᠮᠵᠢ᠎ᠶᠢ ᠣᠨᠣᠪᠴᠢᠲᠠᠢ ᠡᠵᠡᠮᠳᠡᠬᠦ ᠬᠡᠷᠡᠭᠲᠡᠢ᠃ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢᠨ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶᠢᠨ ᠳᠦᠷᠢᠮ ᠲᠣᠭᠲᠠᠴᠠ᠎ᠶᠢᠨ ᠰᠢᠨ᠎ᠡ᠎ᠶᠢ ᠡᠭᠦᠳᠬᠦ᠂ ᠪᠠᠲᠤᠯᠠᠬᠤ ᠪᠠ ᠬᠢᠨᠠᠯᠲᠠ ᠲᠠᠯᠪᠢᠬᠤ᠎ᠶᠢ ᠴᠢᠩᠭᠠᠳᠬᠠᠬᠤ ᠵᠡᠷᠭᠡ ᠲᠠᠯ᠎ᠠ᠎ᠶᠢᠨ ᠲᠣᠭᠲᠠᠭᠠᠯ᠎ᠢ ᠬᠡᠷᠡᠭᠵᠢᠭᠦᠯᠵᠦ ᠪᠣᠯᠬᠤᠢᠴᠡ᠂ ᠬᠢᠨᠠᠯᠲᠠ ᠲᠠᠯᠪᠢᠵᠤ ᠪᠣᠯᠬᠤᠢᠴᠡ᠂ ᠮᠥᠷᠳᠡᠵᠦ ᠪᠣᠯᠬᠤᠢᠴᠡ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠦ᠂ ᠬᠠᠤᠯᠢ ᠪᠡᠷ ᠵᠠᠰᠠᠬᠤ ᠰᠡᠳᠬᠢᠬᠦᠢ ᠪᠠ ᠬᠠᠤᠯᠢ ᠪᠡᠷ ᠵᠠᠰᠠᠬᠤ ᠠᠷᠭ᠎ᠠ ᠬᠡᠯᠪᠡᠷᠢ᠎ᠪᠡᠷ ᠦᠨᠳᠦᠰᠦᠲᠡᠨ᠎ᠦ ᠬᠡᠷᠡᠭ ᠶᠠᠪᠤᠳᠠᠯ᠎ᠢ ᠵᠠᠰᠠᠬᠤ ᠴᠢᠳᠠᠪᠤᠷᠢ ᠪᠠ ᠲᠦᠪᠰᠢᠨ᠎ᠢᠶᠡᠨ ᠦᠨᠡᠨ ᠬᠦ᠌ ᠳᠡᠭᠡᠭᠰᠢᠯᠡᠭᠦᠯᠵᠦ᠂ ᠰᠢᠨ᠎ᠡ ᠴᠠᠭ ᠦᠶ᠎ᠡ᠎ᠶᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠎ᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠲᠠᠢᠯᠪᠤᠷᠢᠯᠠᠯᠲᠠ᠎ᠶᠢ ᠨᠢᠭᠡᠳᠦᠯᠲᠡᠢ ᠲᠥᠯᠥᠪᠵᠢᠬᠦᠯᠦᠨ ᠰᠠᠢᠲᠤᠷ ᠬᠢᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠱᠠᠭᠠᠷᠳᠠᠯᠭ᠎ᠠ᠎ᠶᠢ ᠡᠯ᠎ᠡ ᠬᠦᠷᠢᠶᠡᠨ᠎ᠦ ᠬᠠᠤᠯᠢ ᠴᠠᠭᠠᠵᠠ ᠬᠠᠤᠯᠢ ᠲᠣᠭᠲᠠᠭᠠᠯ᠎ᠳᠤ ᠰᠢᠰᠲᠧᠮ᠎ᠲᠠᠢ ᠠᠭᠤᠰᠬᠠᠨ ᠣᠷᠣᠭᠤᠯᠵᠤ᠂ ᠬᠠᠤᠯᠢ ᠴᠠᠭᠠᠵᠠ᠎ᠶᠢᠨ ᠰᠢᠰᠲᠧᠮ᠎ᠦᠨ ᠳᠣᠲᠣᠭᠠᠳᠤ᠎ᠳᠦ ᠵᠣᠯᠭᠠᠭᠤᠯᠤᠨ ᠵᠣᠬᠢᠴᠠᠭᠤᠯᠬᠤ᠂ ᠢᠵᠢᠯᠢ ᠴᠢᠭᠯᠡᠯ᠎ᠢᠶᠡᠷ ᠬᠦᠴᠦᠯᠡᠬᠦ᠎ᠶᠢ ᠦᠨᠡᠨ ᠬᠦ᠌ ᠪᠠᠲᠤᠯᠠᠬᠣ ᠬᠡᠷᠡᠭᠳᠡᠢ᠃ ᠬᠠᠤᠯᠢ ᠴᠠᠭᠠᠵᠠ᠎ᠶᠢᠨ ᠮᠡᠳᠡᠯᠭᠡ᠎ᠶᠢ ᠲᠦᠭᠡᠮᠡᠯᠵᠢᠭᠦᠯᠬᠦ ᠤᠬᠠᠭᠤᠯᠭ᠎ᠠ᠎ᠶᠢ ᠴᠢᠩᠭᠠᠳᠬᠠᠵᠤ᠂ ᠬᠠᠤᠯᠢ ᠲᠣᠭᠲᠠᠭᠠᠬᠤ ᠵᠣᠷᠢᠭ᠋ ᠰᠠᠨᠠᠭ᠎ᠠ ᠪᠠ ᠬᠠᠤᠯᠢ ᠴᠠᠭᠠᠵᠠ᠎ᠶᠢᠨ ᠲᠣᠭᠲᠠᠭᠠᠯ᠎ᠢ ᠬᠥᠮᠥᠰ᠎ᠦᠨ ᠰᠡᠳᠬᠢᠯ᠎ᠳᠦ ᠬᠠᠳᠠᠩᠰᠢᠭᠤᠯᠬᠤ᠎ᠶᠢ ᠠᠬᠢᠭᠤᠯᠵᠤ᠂ ᠨᠡᠢᠭᠡᠮ ᠳᠠᠶᠠᠭᠠᠷ᠎ᠲᠤ ᠬᠠᠤᠯᠢ᠎ᠶᠢ ᠬᠦᠨᠳᠦᠳᠬᠡᠬᠦ ᠬᠠᠤᠯᠢ᠎ᠶᠢ ᠰᠤᠷᠬᠤ ᠬᠠᠤᠯᠢ᠎ᠶᠢ ᠵᠢᠷᠤᠮᠯᠠᠬᠤ ᠬᠠᠤᠯᠢ᠎ᠶᠢ ᠬᠡᠷᠡᠭᠯᠡᠬᠦ ᠭᠦᠨ ᠵᠤᠵᠠᠭᠠᠨ ᠠᠭᠤᠷ ᠠᠮᠢᠰᠬᠤᠯ᠎ᠢ ᠪᠤᠢ ᠪᠣᠯᠭᠠᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠳᠤᠮᠳᠠᠳᠤ᠎ᠶᠢᠨ ᠡᠬᠡ ᠭᠠᠵᠠᠷ᠎ᠲᠤ ᠲᠤᠭᠤᠰᠢᠯᠠᠭᠤᠯᠤᠨ ᠨᠠᠢᠳᠠᠪᠤᠷᠢᠵᠢᠭᠤᠯᠬᠣ ᠬᠡᠷᠡᠭᠳᠡᠢ᠃
(ᠪᠢᠮᠪᠠᠷᠠᠰᠢ᠄ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠦᠨᠳᠦᠰᠦᠲᠡᠨ ᠪᠠ ᠱᠠᠰᠢᠨ ᠰᠤᠷᠲᠠᠬᠤᠨ᠎ᠤ ᠵᠦᠪᠯᠡᠯ᠎ᠤᠨ ᠳᠡᠳ᠋ ᠡᠷᠬᠢᠯᠡᠭᠴᠢ; ᠰᠦᠨ ᠳ᠋ᠦᠩ ᠳ᠋ᠦᠩ᠄ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠯᠪᠠᠨ ᠲᠢᠩᠬᠢᠮ᠎ᠦᠨ ᠳᠥᠷᠪᠡᠳᠦᠭᠡᠷ ᠲᠣᠪᠴᠢᠶᠠᠨ᠎ᠤ ᠺᠠᠳ᠋ᠷ )
— 《ᠦᠨᠡᠨ ᠰᠦᠯᠵᠢᠶ᠎ᠡ》 ᠡᠴᠡ