ᠤᠢᠷ᠎ᠠ ᠳ᠋ᠤ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠂ ᠪᠠᠭᠠᠴᠤᠳ᠎ᠤᠨ ᠠᠵᠢᠯ᠎ᠤᠨ ᠵᠦᠪᠯᠡᠯ᠎ᠡᠴᠡ ᠭᠤᠤᠯᠯᠠᠨ ᠡᠷᠭᠢᠯᠡᠭᠰᠡᠨ 《ᠦᠶ᠎ᠡ ᠦᠶ᠎ᠡ ᠵᠢᠨ ᠵᠠᠯᠠᠭᠤᠴᠤᠳ ᠨᠠᠮ ᠵᠢᠡᠨ ᠲᠠᠭᠠᠨ ᠤᠷᠤᠬᠰᠢᠯᠠᠨ᠎ᠠ》 ᠭᠡᠬᠦ ᠳᠤᠮᠳᠠᠳᠤ ᠤᠯᠤᠰ ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠣᠶ᠎ᠶᠢ ᠪᠡᠯᠭᠡᠯᠡᠬᠦ᠌ ᠭᠤᠤᠯ ᠰᠡᠳᠦᠪᠲᠦ᠍ ᠡᠪᠯᠡᠯ᠎ᠤᠨ ᠡᠳᠦᠷᠯᠢᠭ᠎ᠦᠨ ᠠᠵᠢᠯᠯᠠᠭ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠵᠡᠰᠬᠦᠯᠡᠩ᠎ᠦᠨ ᠣᠷᠳᠣᠨ᠎ᠳᠤ ᠶᠠᠪᠤᠭᠳᠠᠪᠠ᠃ ᠡᠯ᠎ᠡ ᠬᠦᠷᠢᠶᠡᠨ᠎ᠦ ᠨᠠᠮ᠎ᠤᠨ ᠭᠡᠰᠢᠭᠦᠨ᠎ᠦ ᠲᠥᠯᠥᠭᠡᠯᠡᠭᠴᠢ᠂ ᠡᠪ ᠬᠠᠮᠲᠤ᠌ ᠵᠠᠯᠠᠭᠤᠴᠤᠳ᠎ᠤᠨ ᠡᠪᠯᠡᠯ᠎ᠦᠨ ᠭᠡᠰᠢᠭᠦᠨ᠎ᠦ ᠲᠥᠯᠥᠭᠡᠯᠡᠭᠴᠢ᠂ ᠪᠠᠭᠠᠴᠤᠳ᠎ᠤᠨ ᠬᠣᠰᠢᠭᠤᠴᠢ ᠠᠩᠭᠢ᠎ᠶᠢᠨ ᠭᠡᠰᠢᠭᠦᠨ᠎ᠦ ᠲᠥᠯᠥᠭᠡᠯᠡᠭᠴᠢ ᠵᠢᠴᠢ 《ᠤᠯᠠᠭᠠᠨ ᠪᠦᠴᠡ ᠲᠠᠶ᠋ᠢᠯᠪᠤᠷᠢᠯᠠᠭᠴᠢ》 ᠠᠵᠢᠯᠯᠠᠭ᠎ᠠ᠎ᠳᠤ ᠣᠷᠣᠯᠴᠠᠪᠠ᠃
ᠠᠵᠢᠯᠯᠠᠭ᠎ᠠ ᠨᠢ 《ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠵᠣᠷᠢᠭ ᠰᠠᠨᠠᠭᠠᠨ᠎ᠤ ᠴᠠᠳᠢᠭ》 ᠭᠣᠣᠯ ᠰᠡᠳᠦᠪᠲᠦ᠍ ᠦᠵᠡᠭᠦᠯᠭᠡ᠎ᠶᠢ ᠲᠣᠭᠣᠷᠢᠨ ᠦᠵᠡᠬᠦ᠌ ᠳᠤᠮᠳᠠ ᠡᠬᠢᠯᠡᠪᠡ᠃ ᠪᠦᠬᠦ᠌ ᠬᠥᠮᠦᠰ ᠲᠠᠶ᠋ᠢᠯᠪᠤᠷᠢᠯᠠᠭᠴᠢ᠎ᠶᠢᠨ ᠵᠢᠯᠤᠭᠤᠳᠤᠯᠭ᠎ᠠ ᠳᠣᠣᠷ᠎ᠠ᠂ ᠬᠣᠪᠣᠷ ᠨᠠᠨᠳᠢᠨ ᠲᠡᠦᠬᠡ᠎ᠶᠢᠨ ᠭᠡᠷᠡᠯ ᠵᠢᠷᠤᠭ᠂ ᠬᠦᠨᠳᠦ ᠨᠦᠰᠡᠷ ᠬᠤᠪᠢᠰᠬᠠᠯ᠎ᠤᠨ ᠳᠤᠷᠠᠰᠬᠠᠯᠲᠤ᠌ ᠵᠦᠢᠯᠡᠰ᠎ᠢᠶᠡᠷ ᠳᠠᠮᠵᠢᠭᠤᠯᠵᠤ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠰᠦᠷ ᠳᠠᠯᠠᠶ᠋ᠢᠴᠠᠲᠠᠢ ᠵᠠᠭᠤᠨ ᠵᠢᠯ᠎ᠦᠨ ᠲᠡᠮᠡᠴᠡᠯ᠎ᠦᠨ ᠥᠩᠭᠡᠷᠡᠯᠲᠡ᠎ᠶᠢ ᠡᠷᠭᠢᠴᠡᠭᠦᠯᠵᠦ᠍᠂ ᠠᠭᠤᠤ ᠶᠡᠬᠡ ᠨᠠᠮ ᠪᠠᠶ᠋ᠢᠭᠤᠯᠬᠤ ᠵᠣᠷᠢᠭ ᠰᠠᠨᠠᠭᠠᠨ᠎ᠤ ᠪᠠᠶᠠᠯᠢᠭ ᠠᠭᠤᠯᠤᠭᠳᠠᠬᠤᠨ ᠪᠣᠯᠤᠨ ᠴᠠᠭ ᠦᠶ᠎ᠡ᠎ᠶᠢᠨ ᠦᠨ᠎ᠡ ᠦᠷᠳᠡᠭ᠎ᠢ ᠭᠦᠨᠵᠡᠭᠡᠢ ᠣᠶ᠋ᠢᠯᠠᠭᠠᠪᠠ᠃
ᠤᠬᠠᠭᠤᠯᠤᠨ ᠲᠠᠶ᠋ᠢᠯᠪᠤᠷᠢᠯᠠᠬᠤ ᠭᠣᠭᠴᠣᠭ᠎ᠠ᠎ᠳᠤ᠂ ᠠᠳᠠᠯᠢ ᠪᠤᠰᠤ ᠬᠦᠷᠢᠶᠡᠨ᠎ᠡᠴᠡ ᠢᠷᠡᠭᠰᠡᠨ ᠭᠤᠷᠪᠠᠨ ᠲᠥᠯᠥᠭᠡᠯᠡᠭᠴᠢ ᠵᠠᠯᠠᠭᠤᠴᠤᠳ ᠪᠠᠭᠠᠴᠤᠳᠲᠤ᠌ ᠰᠡᠳᠬᠢᠯ ᠬᠥᠳᠡᠯᠭᠡᠮ᠎ᠡ ᠤᠬᠠᠭᠤᠯᠤᠨ ᠲᠠᠢᠯᠪᠤᠷᠢᠯᠠᠯᠳᠠ ᠬᠢᠪᠡ᠃ ᠥᠪᠡᠷᠲᠡᠭᠡᠨ ᠵᠠᠰᠠᠬᠤ ᠣᠷᠣᠨ᠎ᠤ ᠠᠬᠠᠮᠠᠳ ᠴᠡᠷᠢᠭ᠎ᠦᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠦᠨ ᠶᠦᠨ ᠭᠦᠸᠧ ᠬᠤᠸᠠ ᠡᠪᠦᠭᠡ ᠳ᠋ᠦᠸᠸ ᠰᠦᠩ ᠨᠢᠶᠠᠨ᠎ᠤ ᠪᠠᠭᠠᠲᠤᠷᠯᠢᠭ ᠦᠢᠯᠡ ᠠᠵᠢᠯᠯᠠᠭ᠎ᠠ᠎ᠶᠢ ᠭᠦᠨ ᠰᠡᠳᠬᠢᠯᠭᠡ᠎ᠲᠡᠶ᠎ᠪᠡᠷ ᠶᠠᠷᠢᠪᠠ; ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠳᠡᠰ᠎ᠤᠨ ᠭᠠᠪᠢᠶᠠᠲᠠᠨ᠂ 《ᠬᠠᠮᠤᠭ᠎ᠤᠨ ᠭᠤᠶᠤ ᠴᠡᠷᠢᠭ᠎ᠦᠨ ᠠᠯᠪᠠ᠎ᠡᠴᠡ ᠬᠠᠯᠠᠭᠳᠠᠭᠰᠠᠳ》 ᠬᠤᠸᠠᠩ ᠭᠦᠸᠧ ᠼᠠᠢ ᠭᠠᠯ ᠲᠦᠢᠮᠡᠷᠲᠦ᠍ ᠲᠠᠭᠠᠷᠢᠨ ᠣᠷᠣᠵᠤ 13 ᠲᠠᠢ᠌ᠴᠢᠨ ᠨᠥᠬᠥᠳ᠎ᠢᠶᠡᠨ ᠠᠪᠤᠷᠠᠵᠤ ᠭᠠᠷᠭᠠᠭᠰᠠᠨ ᠬᠦᠮᠦᠰ᠎ᠢ ᠲᠤᠭᠳᠤᠯᠤᠭᠤᠯᠤᠮ᠎ᠠ ᠥᠩᠭᠡᠷᠡᠯᠲᠡ᠎ᠪᠡᠨ ᠬᠤᠪᠢᠶᠠᠯᠴᠠᠵᠤ᠂ 《ᠬᠠᠮᠢᠭ᠎ᠠ ᠬᠡᠷᠡᠭᠴᠡᠭᠡ᠎ᠲᠡᠶ ᠪᠣᠯ ᠪᠢ ᠲᠡᠨᠳᠡ ᠣᠴᠢᠨ᠎ᠠ᠂ ᠤᠯᠠᠨ ᠲᠦᠮᠡᠨ᠎ᠳᠦ ᠦᠢᠯᠡᠴᠢᠯᠡᠬᠦ᠌ ᠨᠢ ᠴᠦ᠍ ᠤᠯᠤᠰ ᠣᠷᠣᠨ᠎ᠢᠶᠠᠨ ᠬᠠᠮᠠᠭᠠᠯᠠᠵᠤ ᠪᠠᠶ᠋ᠢᠭ᠎ᠠ ᠶᠠᠪᠤᠳᠠᠯ ᠪᠣᠯᠤᠨ᠎ᠠ》 ᠭᠡᠬᠦ᠌ ᠠᠮᠠᠯᠠᠯᠳᠠ ᠪᠡᠷ ᠵᠢᠡᠨ ᠭᠠᠯ ᠰᠡᠷᠭᠡᠶ᠋ᠢᠯᠡᠵᠦ ᠭᠠᠯ ᠤᠨᠲᠠᠷᠠᠭᠠᠬᠤ ᠪᠠᠶ᠋ᠢᠯᠳᠤᠭᠴᠢ᠎ᠶᠢᠨ ᠦᠨᠡᠨᠴᠢ ᠰᠢᠳᠤᠷᠭᠤ ᠬᠠᠷᠢᠭᠤᠴᠠᠯᠭ᠎ᠠ ᠡᠭᠦᠷᠭᠡᠯᠡᠯ᠎ᠢ ᠲᠠᠶ᠋ᠢᠯᠪᠤᠷᠢᠯᠠᠵᠦ᠂ ᠲᠤᠬᠠᠶ᠎ᠶᠢᠨ ᠲᠠᠯᠠᠪᠤᠷ᠎ᠤᠨ ᠵᠠᠯᠠᠭᠤᠴᠤᠳ ᠪᠠᠭᠠᠴᠤᠳ᠎ᠤᠨ ᠡᠷᠴᠢ ᠵᠤᠷᠢᠬ᠎ᠢ ᠬᠦᠪᠴᠢᠯᠡᠪᠡ᠃
ᠪᠠᠭᠠᠴᠤᠳ᠎ᠤᠨ ᠬᠣᠰᠢᠭᠤᠴᠢ ᠠᠩᠭᠢ᠎ᠶᠢᠨ ᠭᠡᠰᠢᠭᠦᠳ᠎ᠦᠨ ᠲᠥᠯᠥᠭᠡᠯᠡᠭᠴᠢᠳ ᠢᠳᠡᠪᠬᠢᠲᠡᠶ᠎ᠪᠡᠷ ᠲᠠᠶ᠋ᠢᠰᠠᠨ᠎ᠳᠤ ᠭᠠᠷᠴᠤ᠌ ᠰᠤᠷᠤᠯᠴᠠᠭᠰᠠᠨ ᠲᠥᠷᠥᠭᠳᠡᠯ᠎ᠢᠶᠡᠨ ᠬᠤᠪᠢᠶᠠᠯᠴᠠᠵᠤ᠂ ᠴᠢᠩ ᠦᠨᠡᠨᠴᠢ ᠦᠭᠡ ᠶᠠᠷᠢᠶ᠎ᠠ᠎ᠪᠠᠷ ᠬᠤᠪᠢᠰᠬᠠᠯ᠎ᠤᠨ ᠵᠣᠷᠢᠭ ᠰᠠᠨᠠᠭ᠎ᠠ᠎ᠶᠢ ᠤᠯᠠᠮᠵᠢᠯᠠᠨ ᠵᠠᠯᠭᠠᠮᠵᠢᠯᠠᠵᠤ᠂ ᠴᠠᠭ ᠦᠶ᠎ᠡ᠎ᠶᠢᠨ ᠰᠢᠨ᠎ᠡ ᠬᠥᠮᠦᠨ ᠪᠣᠯᠬᠤ᠎ᠪᠠᠷ ᠴᠢᠷᠮᠠᠶ᠋ᠢᠬᠤ ᠡᠷᠡᠰ ᠵᠣᠷᠢᠭ᠎ᠢᠶᠠᠨ ᠢᠯᠡᠳᠬᠡᠪᠡ᠃ ᠪᠥᠬᠥ᠌ ᠨᠠᠮ᠎ᠤᠨ ᠭᠡᠰᠢᠭᠦᠳ ᠨᠠᠮ᠎ᠤᠨ ᠲᠣᠭ᠎ᠤᠨ ᠡᠮᠦᠨ᠎ᠡ ᠨᠠᠮ᠎ᠳᠤ ᠣᠷᠣᠬᠤ ᠲᠠᠩᠭᠠᠷᠢᠭ᠎ᠤᠨ ᠦᠭᠡᠰ᠎ᠢᠶᠡᠨ ᠳᠠᠬᠢᠨᠲᠠ ᠤᠩᠰᠢᠵᠤ᠂ ᠪᠠᠭᠠᠴᠤᠳ᠎ᠤᠨ ᠬᠣᠰᠢᠭᠤᠴᠢ ᠠᠩᠭᠢ᠎ᠶᠢᠨ ᠭᠡᠰᠢᠭᠦᠳ ᠠᠩᠭᠢ᠎ᠶᠢᠨ ᠲᠣᠭ᠎ᠤᠨ ᠡᠮᠦᠨ᠎ᠡ ᠬᠣᠰᠢᠭᠤᠴᠢ ᠠᠩᠭᠢ᠎ᠳᠤ ᠣᠷᠣᠬᠤ ᠲᠠᠩᠭᠠᠷᠢᠭ᠎ᠤᠨ ᠦᠭᠡᠰ᠎ᠢᠶᠡᠨ ᠳᠠᠬᠢᠨᠲᠠ ᠤᠩᠰᠢᠪᠠ᠃
ᠲᠤᠰ ᠤᠳᠠᠭ᠎ᠠ᠎ᠶᠢᠨ ᠠᠵᠢᠯᠯᠠᠭ᠎ᠠ ᠨᠢ 《ᠦᠵᠡᠭᠦᠯᠭᠡ᠎ᠶᠢ ᠰᠣᠨᠢᠷᠬᠠᠬᠤ᠂ ᠦᠯᠢᠭᠡᠷ ᠰᠣᠨᠣᠰᠬᠤ᠂ ᠵᠣᠷᠢᠭ ᠰᠠᠨᠠᠭ᠎ᠠ᠎ᠶᠢ ᠣᠶ᠋ᠢᠯᠠᠭᠠᠬᠤ᠂ ᠲᠠᠩᠭᠠᠷᠢᠭ᠎ᠤᠨ ᠦᠭᠡᠰ᠎ᠢ ᠤᠩᠰᠢᠬᠤ》 ᠪᠡᠷ ᠭᠣᠣᠯ ᠰᠢᠵᠢᠮ ᠪᠣᠯᠭᠠᠵᠤ᠂ ᠬᠤᠪᠢᠰᠬᠠᠯ᠎ᠤᠨ ᠬᠥᠮᠦᠵᠢᠯ᠂ ᠦᠯᠢᠭᠡᠷ ᠳᠠᠭᠤᠷᠢᠶᠠᠯ᠎ᠤᠨ ᠵᠢᠯᠣᠭᠣᠳᠤᠮᠵᠢ ᠪᠣᠯᠤᠨ ᠦᠢᠯᠡᠳᠦᠯᠭᠡ᠎ᠶᠢᠨ ᠪᠡᠶᠡᠴᠢ ᠣᠶ᠋ᠢᠯᠠᠭᠠᠯᠲᠠ᠎ᠶᠢ ᠣᠷᠭᠠᠨᠢᠭ᠎ᠢᠶᠠᠷ ᠠᠭᠤᠰᠤᠯᠴᠠᠭᠤᠯᠵᠤ᠂ ᠥᠷᠭᠡᠨ ᠤᠯᠠᠨ ᠵᠠᠯᠠᠭᠤᠴᠤᠳ ᠪᠠᠭᠠᠴᠤᠳ ᠲᠸ᠋ ᠢᠲᠡᠭᠡᠯ ᠪᠢᠰᠢᠷᠡᠯ᠎ᠦᠨ ᠬᠦᠴᠦᠨ ᠴᠢᠳᠠᠯ ᠣᠯᠭᠤᠵᠠᠢ᠃