ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠲᠢᠩᠬᠢᠮ᠎ᠦᠨ ᠬᠤᠢᠴᠢ ᠦᠶ᠎ᠠ ᠵᠢᠨ ᠬᠢᠨ᠎ᠢ ᠬᠠᠯᠠᠮᠵᠢᠯᠠᠬᠤ ᠠᠵᠢᠯ᠎ᠤᠨ ᠵᠥᠪᠯᠡᠯ 《ᠲᠠᠪᠤᠨ ᠠᠬᠠᠮᠠᠳ》 ᠤ᠋ᠨ ᠮᠡᠳᠡᠭᠦᠯᠦᠯᠲᠡ᠎ᠶᠢᠨ ᠪᠦᠯᠬᠦᠮ᠎ᠢ ᠪᠠᠢᠭᠤᠯᠵᠠᠢ
2026-07-21 10:38:16
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠤᠨ ᠬᠤᠢᠴᠢ ᠦᠶ᠎ᠠ ᠵᠢᠨ ᠬᠢᠨ᠎ᠢ ᠬᠠᠯᠠᠮᠵᠢᠯᠠᠬᠤ ᠠᠵᠢᠯ᠎ᠤᠨ ᠵᠦᠪᠯᠡᠯ 《ᠲᠠᠪᠤᠨ ᠠᠬᠠᠮᠠᠳ》 ᠤ᠋ᠨ ᠮᠡᠳᠡᠭᠦᠯᠦᠯᠲᠡ᠎ᠶᠢᠨ ᠪᠦᠯᠬᠦᠮ ᠎ᠢ ᠪᠠᠢᠭᠤᠯᠬᠤ ᠶᠡᠬᠡ ᠬᠤᠷᠠᠯ ᠵᠢᠴᠢ ᠠᠩᠬᠠᠨ᠎ᠤ  ᠳᠠᠯᠠᠪᠠᠢ ᠮᠡᠳᠡᠭᠦᠯᠦᠯᠲᠡ᠎ᠶᠢᠨ ᠬᠤᠷᠠᠯ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠳᠤ ᠶᠠᠪᠤᠭᠳᠠᠪᠠ᠃

ᠠᠬᠠᠮᠠᠳ ᠺᠠᠳ᠋ᠷ᠂ ᠠᠬᠠᠮᠠᠳ ᠪᠠᠢᠯᠳᠤᠭᠴᠢ᠂ ᠠᠬᠠᠮᠠᠳ ᠲᠤᠰᠬᠠᠢ ᠮᠡᠷᠭᠡᠵᠢᠯᠳᠡᠨ᠂ ᠠᠬᠠᠮᠠᠳ ᠪᠠᠭᠰᠢ᠂ ᠠᠬᠠᠮᠠᠳ ᠵᠢᠱ᠌ᠢᠶᠡᠴᠢ ᠪᠡᠷ ᠪᠦᠷᠢᠯᠳᠦᠭᠰᠡᠨ 《ᠲᠠᠪᠤᠨ ᠠᠬᠠᠮᠠᠳ》᠎ᠤ᠋ᠨ ᠮᠡᠳᠡᠭᠦᠯᠦᠯᠲᠡ᠎ᠶᠢᠨ ᠪᠦᠯᠬᠦᠮ᠎ᠢ ᠪᠠᠢᠭᠤᠯᠤᠭᠰᠠᠨ ᠨᠢ ᠦᠵᠡᠯ ᠰᠠᠨᠠᠭ᠎ᠠ ᠤᠯᠤᠰ ᠲᠦᠷᠦ᠎ᠶᠢᠨ ᠲᠠᠯ᠎ᠠ᠎ᠪᠠᠷ ᠬᠥᠮᠥᠨ᠎ᠢ ᠬᠥᠮᠥᠵᠢᠭᠦᠯᠬᠦ ᠠᠵᠢᠯ᠎ᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠮᠥᠨ᠃ ᠰᠤᠷᠭᠠᠨ ᠬᠥᠮᠦᠵᠢᠯ᠎ᠦᠨ ᠲᠢᠩᠬᠢᠮ᠎ᠡᠴᠡ᠂ ᠪᠥᠬᠥ ᠣᠷᠣᠨ᠎ᠤ ᠰᠤᠷᠭᠠᠨ ᠬᠥᠮᠦᠵᠢᠯ᠎ᠦᠨ ᠰᠢᠰᠲᠧᠮ᠎ᠦᠨ ᠬᠢᠨ ᠤᠯᠤᠰ ᠲᠥᠷᠥ᠎ᠶᠢᠨ ᠵᠣᠭᠰᠣᠴᠠ᠎ᠪᠠᠨ ᠳᠡᠭᠡᠭᠰᠢᠯᠡᠭᠦᠯᠵᠦ᠂ 《ᠲᠠᠪᠤᠨ ᠠᠬᠠᠮᠠᠳ》 ᠤ᠋ᠨ ᠡᠩᠨᠡᠭᠡ᠎ᠶᠢᠨ ᠵᠠᠯᠠᠭᠤᠴᠤᠳ ᠪᠠᠭᠠᠴᠤᠳ᠎ᠤᠨ ᠦᠵᠡᠯ ᠰᠠᠨᠠᠭ᠎ᠠ ᠤᠯᠤᠰ ᠲᠥᠷᠥ᠎ᠶᠢᠨ ᠬᠥᠮᠦᠵᠢᠯ᠎ᠳᠡᠬᠢ ᠪᠠᠢᠯᠳᠤᠬᠤ ᠪᠣᠳᠣᠯᠭ᠎ᠠ᠎ᠶᠢᠨ ᠦᠢᠯᠡᠳᠦᠯ᠎ᠢ ᠦᠨᠡᠨ ᠬᠦ᠌ ᠪᠠᠳᠠᠷᠠᠭᠤᠯᠬᠤ ᠬᠡᠷᠡᠭᠲᠡᠢ; ᠮᠡᠳᠡᠭᠦᠯᠦᠯᠲᠡ᠎ᠶᠢᠨ ᠪᠦᠯᠬᠦᠮ᠎ᠦᠨ ᠬᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ᠋ ᠪᠠᠳᠤ ᠴᠤᠭᠴᠠᠯᠠᠬᠤ ᠭᠣᠣᠯ ᠰᠢᠵᠢᠮ᠎ᠤᠨ ᠳᠤᠭᠤᠷᠢᠨ ᠳ᠋ᠤ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠪᠣᠳᠠᠲᠤ ᠪᠠᠢᠳᠠᠯ᠎ᠢ ᠭᠦᠨᠵᠡᠭᠡᠢ ᠠᠭᠤᠳᠠᠯᠵᠤ᠂ ᠦᠨᠳᠦᠰᠦᠲᠡᠨ᠎ᠦ ᠪᠦᠯᠬᠦᠮᠳᠡᠯ᠎ᠦᠨ ᠤᠬᠠᠭᠤᠯᠤᠨ ᠲᠠᠢᠯᠪᠤᠷᠢᠯᠠᠬᠤ ᠲᠦᠷᠦᠯ ᠲᠡᠮᠳᠡᠭ᠎ᠢ ᠡᠭᠦᠳᠬᠦ᠎ᠶᠢᠨ ᠬᠠᠮᠲᠤ ᠦᠨᠳᠦᠰᠦᠨ ᠱᠠᠲᠤᠨ᠎ᠳᠤ ᠭᠦᠨᠵᠡᠭᠡᠢᠷᠡᠵᠦ᠂ 《ᠲᠠᠪᠤᠨ ᠰᠠᠢᠨᠲᠠᠢ》 ᠬᠤᠢᠴᠢ ᠦᠶ᠎ᠠ ᠵᠢᠨ ᠬᠢᠨ᠎ᠢ ᠬᠠᠯᠠᠮᠵᠢᠯᠠᠬᠤ ᠠᠵᠢᠯ᠎ᠤᠨ ᠰᠢᠰᠲ᠋ᠧᠮ᠎ᠤᠨ ᠪᠠᠢᠭᠤᠯᠤᠯᠲᠠ᠎ᠳᠤ ᠬᠦᠴᠦ ᠨᠡᠮᠡᠷᠢᠯᠡᠬᠦ ᠬᠡᠷᠡᠭᠲᠡᠢ; ᠡᠯ᠎ᠡ ᠰᠠᠯᠠᠭ᠎ᠠ ᠮᠥᠴᠢᠷ᠎ᠦᠨ ᠬᠢᠨ ᠰᠠᠭᠤᠷᠢ᠎ᠪᠠᠨ ᠪᠠᠲᠤᠳᠬᠠᠵᠤ᠂ ᠬᠣᠯᠪᠤᠭᠠᠯᠠᠨ ᠬᠥᠳᠡᠯᠦᠯᠴᠡᠵᠦ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠵᠦ᠂ ᠠᠬᠠᠮᠠᠳ ᠨᠥᠬᠥᠳ᠎ᠦᠨ ᠭᠡᠷᠡᠯ ᠭᠢᠯᠪᠠᠭ᠎ᠠ᠎ᠪᠠᠨ ᠪᠠᠳᠠᠷᠠᠭᠤᠯᠬᠤ᠎ᠳᠤ ᠪᠠᠲᠤ ᠪᠡᠬᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃

ᠪᠠᠢᠭᠤᠯᠤᠭᠳᠠᠬᠤ ᠶᠡᠬᠡ ᠬᠤᠷᠠᠯ᠎ᠤᠨ ᠲᠠᠷᠠᠭ᠎ᠠ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠬᠤᠢᠴᠢ ᠦᠶ᠎ᠠ ᠵᠢᠨ ᠬᠢᠨ᠎ᠢ ᠬᠠᠯᠠᠮᠵᠢᠯᠠᠬᠤ ᠠᠵᠢᠯ᠎ᠤᠨ ᠵᠥᠪᠯᠡᠯ᠎ᠦᠨ ᠳᠡᠳ᠋ ᠡᠷᠬᠢᠯᠡᠭᠴᠢ᠂ ᠪᠦᠬᠦ ᠤᠯᠤᠰ᠎ᠤᠨ ᠬᠣᠢᠴᠢ ᠦᠶ᠎ᠡ᠎ᠶᠢᠨ ᠬᠢᠨ᠎ᠢ ᠬᠠᠯᠠᠮᠵᠢᠯᠠᠬᠤ ᠠᠵᠢᠯ᠎ᠤᠨ ᠲᠡᠷᠢᠭᠦᠨ᠎ᠦ ᠠᠵᠢᠯᠲᠠᠨ ᠭᠤᠤ ᠴᠤᠤ ᠫᠷᠤᠹᠧᠰᠰᠤᠷ 《ᠭᠦᠨᠵᠡᠭᠡᠢ ᠠᠭᠤᠰᠤᠯᠴᠠᠭᠤᠯᠵᠤ᠂ ᠨᠢᠭᠡ ᠴᠣᠭᠴᠠᠵᠢᠭᠤᠯᠤᠨ ᠬᠥᠭᠵᠢᠭᠦᠯᠬᠦ ᠪᠣᠯ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠢ ᠪᠠᠶ᠋ᠢᠭᠤᠯᠬᠤ ᠵᠠᠩᠭᠢᠯᠠᠭ᠎ᠠ᠎ᠶᠢᠨ ᠠᠷᠭ᠎ᠠ ᠬᠡᠮᠵᠢᠶ᠎ᠡ ᠮᠥᠨ》 ᠭᠡᠬᠦ ᠰᠡᠳᠦᠪ᠎ᠢᠶᠡᠷ ᠲᠤᠰᠬᠠᠢ ᠰᠡᠳᠦᠪᠲᠦ ᠮᠡᠳᠡᠭᠦᠯᠦᠯᠲᠡ ᠬᠢᠵᠡᠢ᠃ ᠲᠤᠰ ᠤᠳᠠᠭ᠎ᠠ᠎ᠶᠢᠨ 《ᠲᠠᠪᠤᠨ ᠠᠬᠠᠮᠠᠳ》 ᠤ᠋ᠨ ᠮᠡᠳᠡᠭᠦᠯᠦᠯᠲᠡ᠎ᠶᠢᠨ ᠪᠦᠯᠬᠦᠮ᠎ᠤᠨ ᠪᠠᠢᠭᠤᠯᠤᠭᠳᠠᠭᠰᠠᠨ ᠵᠢᠴᠢ ᠠᠩᠬᠠᠳᠠᠭ᠍ᠴᠢ ᠮᠡᠳᠡᠭᠦᠯᠦᠯᠲᠡ᠎ᠶᠢᠨ ᠬᠤᠷᠠᠯ᠎ᠤᠨ ᠠᠮᠵᠢᠯᠳᠠ ᠲᠠᠢ ᠶᠠᠪᠤᠭᠳᠠᠭᠰᠠᠨ ᠨᠢ ᠪᠦᠬᠦ ᠣᠷᠣᠨ᠎ᠤ ᠰᠤᠷᠭᠠᠨ ᠬᠥᠮᠦᠵᠢᠯ᠎ᠦᠨ ᠰᠢᠰᠲ᠋ᠧᠮ᠎ᠤᠨ ᠬᠢᠨ᠎ᠤ ᠬᠤᠢᠴᠢ ᠦᠶ᠎ᠠ ᠵᠢᠨ ᠬᠢᠨ᠎ᠢ᠋ ᠬᠠᠯᠠᠮᠵᠢᠯᠠᠬᠤ ᠠᠵᠢᠯ᠎ᠳᠤ ᠳᠡᠭᠡᠳᠦ ᠲᠡᠰ ᠳᠠᠪᠬᠤᠷᠭ᠎ᠠ᠎ᠶᠢᠨ ᠲᠠᠪᠴᠠᠩ᠎ᠢ ᠪᠠᠢᠭᠤᠯᠵᠤ ᠥᠭᠭᠦᠭᠰᠡᠨ᠎ᠢᠶᠡᠷ ᠪᠠᠷᠠᠬᠤ ᠦᠭᠡᠢ᠂ ᠵᠠᠯᠠᠭᠤ ᠪᠠᠭ᠍ᠰᠢ ᠰᠤᠷᠤᠭ᠍ᠴᠢᠳ᠎ᠤᠨ 《ᠲᠠᠪᠤᠨ ᠠᠬᠠᠮᠠᠳ》 ᠤ᠋ᠨ ᠵᠣᠷᠢᠭ᠋ ᠰᠠᠨᠠᠭ᠎ᠠ᠎ᠶᠢ ᠣᠢᠷ᠎ᠠ ᠵᠠᠢ᠎ᠠᠴᠠ ᠣᠢᠯᠠᠭᠠᠬᠤ᠂ ᠤᠯᠤᠰ ᠭᠡᠷ᠎ᠦᠨ ᠬᠠᠢᠷ᠎ᠠ ᠰᠡᠳᠬᠢᠯᠭᠡ᠎ᠶᠢ ᠵᠤᠵᠠᠭᠠᠳᠬᠠᠬᠤ᠂ ᠡᠷᠡᠯᠬᠡᠭᠯᠡᠨ ᠤᠷᠤᠭᠰᠢᠯᠠᠬᠤ ᠬᠦᠴᠦᠨ᠎ᠢ ᠰᠢᠩᠭᠡᠬᠡᠨ ᠠᠪᠬᠤ᠎ᠳᠤ ᠡᠷᠬᠢᠮ ᠨᠠᠨᠳᠢᠨ ᠠᠵᠠ ᠲᠣᠬᠢᠶᠠᠯ ᠬᠠᠩᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号