ᠲᠦᠷᠦᠬᠦᠬᠡᠨ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠤᠨ ᠬᠢᠨ ᠦᠪᠦᠷ ᠮᠤᠩᠭᠤᠯ᠎ᠤᠨ ᠰᠤᠷᠭᠠᠨ ᠬᠥᠮᠦᠵᠢᠯ᠎ᠦᠨ ᠰᠢᠰᠲᠧᠮ᠎ᠦᠨ ᠵᠣᠨ᠎ᠤ ᠠᠮᠠᠷᠠᠯᠲᠠ᠎ᠶᠢᠨ ᠬᠤᠭᠤᠴᠠᠭᠠᠨ᠎ᠤ ᠠᠮᠤᠷ ᠲᠦᠪᠰᠢᠨ᠎ᠤ ᠠᠵᠢᠯ ᠵᠢᠴᠢ ᠤᠰᠤᠨ᠎ᠳᠤ ᠴᠠᠴᠠᠬᠤ᠎ᠶᠢ ᠰᠡᠷᠭᠡᠢᠯᠡᠬᠦ ᠠᠵᠢᠯ᠎ᠤᠨ ᠳᠤᠬᠢᠷᠠᠭᠤᠯᠤᠯᠳᠠ ᠵᠢᠨ ᠬᠤᠷᠠᠯ ᠬᠢᠪᠡ᠃ ᠬᠤᠷᠠᠯ᠎ᠠᠴᠠ ᠲᠥᠪ᠎ᠦᠨ ᠠᠶᠤᠯᠭᠦᠢ ᠦᠢᠯᠡᠳᠪᠦᠷᠢᠯᠡᠯ᠎ᠦᠨ ᠬᠢᠨᠠᠨ ᠰᠢᠯᠭᠠᠬᠤ ᠲᠣᠭᠣᠷᠢᠨ ᠪᠠᠢᠴᠠᠭᠠᠬᠤ ᠳᠤᠭᠤᠢᠯᠠᠩ᠎ᠤᠨ ᠠᠷᠪᠠᠨ ᠲᠠᠪᠤᠳᠤᠭᠠᠷ ᠳᠤᠭᠤᠢᠯᠠᠩ᠎ᠤᠨ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠭᠰᠠᠨ ᠪᠠ ᠪᠦᠬᠦ ᠤᠯᠤᠰ᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠭᠠᠭᠤᠯᠢ᠎ᠶᠢᠨ ᠬᠦᠷᠢᠶᠡᠨ᠎ᠦ ᠬᠣᠭᠣᠯᠠ᠂ ᠰᠤᠷᠭᠠᠨ ᠬᠥᠮᠦᠵᠢᠯ᠎ᠦᠨ ᠬᠠᠪᠰᠤᠷᠤᠮᠵᠢ ᠪᠢᠴᠢᠭ ᠵᠠᠬᠢᠶᠠᠯᠠᠬᠤ᠂ ᠰᠤᠷᠤᠬᠴᠢ᠎ᠶᠢᠨ ᠬᠤᠪᠴᠠᠰᠤ ᠬᠤᠳᠠᠯᠳᠤᠨ ᠠᠪᠴᠦ ᠠᠰᠢᠬ ᠤᠯᠬᠤ 《ᠭᠤᠷᠪᠠᠨ ᠵᠦᠢᠯ᠎ᠦᠨ ᠴᠡᠭᠴᠡᠯᠡᠨ ᠵᠠᠰᠠᠯᠲᠠ》 ᠵᠢᠨ ᠠᠵᠢᠯ᠎ᠤᠨ ᠲᠤᠬᠠᠢ᠎ᠶᠢᠨ ᠲᠠᠯᠠᠪᠠᠢ᠎ᠶᠢᠨ ᠠᠬᠢᠭᠤᠯᠬᠤ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠪᠠ᠃
ᠬᠤᠷᠠᠯ᠎ᠠᠴᠠ᠂ ᠵᠤᠨ᠎ᠤ ᠠᠮᠠᠷᠠᠯᠲᠠ᠎ᠶᠢᠨ ᠬᠤᠭᠤᠴᠠᠭᠠᠨ᠎ᠤ ᠠᠮᠤᠷ ᠲᠦᠪᠰᠢᠨ᠎ᠦ ᠲᠣᠪᠣᠢᠮ᠎ᠠ ᠠᠰᠠᠭᠤᠳᠠᠯ ᠬᠡᠮ ᠰᠣᠭᠣᠭ᠎ᠢ ᠶᠡᠬᠡ ᠪᠡᠷ ᠴᠡᠭᠴᠡᠯᠡᠨ ᠵᠠᠰᠠᠬᠤ ᠬᠡᠷᠡᠭᠲᠡᠢ᠃ ᠰᠤᠷᠤᠭ᠍ᠴᠢᠳ᠎ᠤᠨ ᠤᠰᠤᠨ᠎ᠳᠤ ᠴᠠᠴᠠᠬᠤ᠎ᠶᠢ ᠰᠡᠷᠭᠡᠢᠯᠡᠬᠦ ᠠᠵᠢᠯ᠎ᠢ ᠡᠷᠡᠰ ᠰᠠᠢᠲᠤᠷ ᠠᠳᠬᠤᠵᠤ᠂ ᠤᠰᠤᠨ᠎ᠳᠤ ᠴᠠᠴᠠᠬᠤ᠎ᠶᠢ ᠰᠡᠷᠭᠡᠢᠯᠡᠬᠦ ᠬᠣᠯᠪᠤᠭᠠᠯᠠᠨ ᠰᠡᠷᠭᠡᠢᠯᠡᠬᠦ ᠬᠣᠯᠪᠤᠭᠠᠯᠠᠨ ᠡᠵᠡᠮᠳᠡᠬᠦ ᠲᠣᠭᠲᠠᠴᠠ ᠪᠣᠯᠣᠨ ᠭᠣᠣᠯ ᠨᠠᠭᠤᠷ᠎ᠤᠨ ᠳᠠᠷᠤᠭ᠎ᠠ᠎ᠶᠢᠨ ᠲᠣᠭᠲᠠᠴᠠ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠡᠯ᠎ᠡ ᠡᠭᠦᠷᠭᠡ ᠴᠢᠳᠠᠪᠬᠢᠳᠤ ᠰᠠᠯᠠᠭ᠎ᠠ ᠮᠥᠴᠢᠷ᠎ᠲᠠᠢ ᠬᠣᠯᠪᠤᠭᠠᠯᠠᠨ ᠴᠢᠯᠦᠭᠡᠲᠡᠢ ᠨᠡᠭᠡᠭᠡᠭᠰᠡᠨ ᠤᠰᠤᠨ ᠣᠷᠣᠨ᠎ᠤ ᠠᠮᠤᠷ ᠲᠦᠪᠰᠢᠨ᠎ᠦ ᠬᠡᠮ ᠰᠣᠭᠣᠭ᠎ᠢ ᠵᠢᠭ᠍ᠰᠠᠭᠠᠨ ᠪᠠᠢᠴᠠᠭᠠᠬᠤ ᠠᠵᠢᠯ᠎ᠢ ᠰᠠᠢᠲᠤᠷ ᠬᠢᠵᠦ᠂ ᠤᠰᠤᠨ᠎ᠳᠤ ᠴᠠᠴᠠᠬᠤ᠎ᠶᠢ ᠰᠡᠷᠭᠡᠢᠯᠡᠬᠦ ᠤᠬᠠᠭᠤᠯᠭ᠎ᠠ ᠬᠥᠮᠦᠵᠢᠯ᠎ᠢ ᠣᠯᠠᠨ ᠬᠡᠯᠪᠡᠷᠢ᠎ᠪᠡᠷ ᠥᠷᠨᠢᠭᠦᠯᠵᠦ᠂ ᠰᠤᠷᠤᠭ᠍ᠴᠢᠳ᠎ᠤᠨ ᠤᠰᠤᠨ᠎ᠳᠤ ᠴᠠᠴᠠᠬᠤ ᠡᠨᠳᠡᠯ ᠭᠠᠷᠬᠤ᠎ᠶᠢ ᠴᠢᠩᠭ᠎ᠠ ᠰᠡᠷᠭᠡᠢᠯᠡᠬᠦ ᠬᠡᠷᠡᠭᠲᠡᠢ᠃ ᠵᠣᠨ᠎ᠤ ᠠᠮᠠᠷᠠᠯᠲᠠ᠎ᠶᠢᠨ ᠬᠤᠭᠤᠴᠠᠭᠠᠨ᠎ᠤ ᠰᠤᠷᠭᠠᠭᠤᠯᠢ᠎ᠶᠢᠨ ᠬᠦᠷᠢᠶᠡᠨ᠎ᠦ ᠭᠠᠯ ᠰᠡᠷᠬᠡᠢᠯᠡᠬᠦ ᠭᠠᠯ ᠤᠨᠲᠠᠷᠠᠭᠠᠬᠤ ᠠᠮᠤᠷ ᠲᠦᠪᠰᠢᠨ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠡᠯ᠎ᠡ ᠲᠥᠷᠥᠯ᠎ᠦᠨ ᠭᠠᠯ᠎ᠤᠨ ᠡᠨᠳᠡᠯ ᠡᠴᠡ ᠰᠤᠷᠭᠠᠮᠵᠢ ᠠᠪᠴᠤ᠂ ᠰᠤᠷᠭᠠᠭᠤᠯᠢ᠎ᠶᠢᠨ ᠳᠣᠲᠣᠷᠠᠬᠢ ᠥᠨᠳᠥᠷ ᠪᠠᠷᠢᠯᠭ᠎ᠠ᠂ ᠭᠠᠯ ᠤᠨᠲᠠᠷᠠᠭᠠᠬᠤ ᠲᠤᠨᠤᠭ ᠲᠦᠬᠦᠬᠡᠷᠦᠮᠵᠢ ᠵᠢ ᠭᠣᠣᠯᠳᠠᠯᠭ᠎ᠠ᠎ᠲᠠᠢ ᠵᠢᠭ᠍ᠰᠠᠭᠠᠨ ᠪᠠᠢᠴᠠᠭᠠᠵᠤ᠂ ᠭᠠᠯ᠎ᠤᠨ ᠡᠨᠳᠡᠯ ᠭᠠᠷᠬᠤ᠎ᠶᠢ ᠡᠷᠡᠰ ᠬᠣᠷᠢᠭ᠍ᠯᠠᠬᠤ ᠬᠡᠷᠡᠭᠲᠡᠢ᠃ ᠵᠣᠨ᠎ᠤ ᠠᠮᠠᠷᠠᠯᠲᠠ᠎ᠶᠢᠨ ᠬᠤᠭᠤᠴᠠᠭᠠᠨ᠎ᠳᠠᠬᠢ ᠰᠤᠷᠭᠠᠭᠤᠯᠢ᠎ᠶᠢᠨ ᠵᠢᠵᠢᠭᠦᠷᠯᠡᠨ ᠰᠠᠬᠢᠬᠤ ᠠᠵᠢᠯ᠎ᠢ ᠴᠢᠩᠳᠠᠯᠠᠵᠤ᠂ ᠡᠨᠳᠡᠯ ᠬᠣᠬᠢᠷᠠᠯ᠎ᠢ ᠪᠠᠭᠠᠰᠬᠠᠬᠤ ᠬᠡᠷᠡᠭᠲᠡᠢ᠃ ᠰᠤᠷᠭᠠᠭᠤᠯᠢ᠎ᠶᠢᠨ ᠬᠦᠷᠢᠶᠡᠨ᠎ᠦ ᠬᠣᠭᠣᠯᠠ ᠰᠤᠷᠭᠠᠨ ᠬᠥᠮᠦᠵᠢᠯ᠎ᠦᠨ ᠬᠠᠪᠰᠤᠷᠤᠮᠵᠢ ᠪᠢᠴᠢᠭ ᠵᠠᠬᠢᠶᠠᠯᠠᠬᠤ᠂ ᠰᠤᠷᠤᠬᠴᠢ ᠵᠢᠨ ᠬᠤᠪᠴᠠᠰᠤ ᠬᠤᠳᠠᠯᠳᠤᠨ ᠠᠪᠴᠦ ᠠᠰᠢᠭ ᠤᠯᠬᠤ 《ᠭᠤᠷᠪᠠᠨ ᠵᠦᠢᠯ᠎ᠦᠨ ᠴᠡᠭᠴᠡᠯᠡᠨ ᠵᠠᠰᠠᠯᠲᠠ》 ᠶ᠋ᠢ ᠦᠷᠭᠦᠯᠵᠢᠯᠡᠨ ᠭᠦᠨᠵᠡᠭᠡᠢᠷᠡᠭᠦᠯᠵᠦ᠂ ᠵᠤᠨ᠎ᠤ ᠠᠮᠠᠷᠠᠯᠲᠠ᠎ᠶᠢᠨ ᠡᠨᠡ ᠬᠦ ᠴᠣᠩᠬᠣᠪᠴᠢ ᠬᠤᠭᠤᠴᠠᠭ᠎ᠠ᠎ᠶᠢ ᠰᠠᠢᠲᠤᠷ ᠠᠳᠬᠤᠵᠤ᠂ ᠳᠤᠲᠠᠭᠤᠳᠠᠯ ᠪᠠᠭᠤᠷᠠᠢ ᠲᠠᠯ᠎ᠠ᠎ᠪᠠᠨ ᠲᠦᠷᠭᠡᠨ ᠨᠥᠬᠥᠪᠦᠷᠢᠯᠡᠵᠦ᠂ ᠭᠡᠮ ᠠᠷᠬᠠᠭ᠎ᠢ ᠴᠠᠭ ᠲᠤᠬᠠᠢ ᠳ᠋ᠤᠨᠢ ᠲᠠᠰᠤᠷᠠᠯᠲᠠ ᠦᠭᠡᠢ ᠵᠠᠯᠠᠷᠠᠭᠤᠯᠵᠤ᠂ ᠲᠤᠰᠬᠠᠢ ᠴᠡᠭᠴᠡᠯᠡᠨ ᠵᠠᠰᠠᠯᠲᠠ᠎ᠶᠢᠨ ᠦᠷ᠎ᠡ ᠪᠦᠲᠦᠭᠡᠯ᠎ᠢ ᠲᠠᠰᠤᠷᠠᠯᠲᠠ ᠦᠭᠡᠢ ᠪᠡᠬᠢᠵᠢᠭᠦᠯᠬᠦ ᠬᠡᠷᠡᠭᠲᠡᠢ ᠬᠡᠵᠦ ᠴᠢᠬᠤᠯᠠᠴᠯᠠᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号