ᠪᠦᠦ ᠭᠠᠩ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠪᠠ
2026-07-21 09:38:44
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 20 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠢ᠌ᠷ᠎ᠠ᠎ᠶᠢᠨ ᠬᠤᠭᠤᠴᠠᠭᠠᠨ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠳᠡᠭᠡᠷ᠎ᠡ ᠬᠠᠭᠠᠰ ᠵᠢᠯ᠎ᠦᠨ ᠪᠦᠬᠦ᠌ ᠣᠷᠣᠨ᠎ᠤ ᠠᠵᠤ ᠠᠬᠤᠢ᠎ᠶᠢᠨ ᠡᠷᠭᠢᠯᠲᠡ᠎ᠶᠢᠨ ᠪᠠᠶ᠋ᠢᠳᠠᠯ᠎ᠢ ᠵᠠᠳᠠᠯᠵᠤ᠂ ᠳᠣᠣᠷ᠎ᠠ ᠬᠠᠭᠠᠰ ᠵᠢᠯ᠎ᠦᠨ ᠠᠵᠢᠯ᠎ᠢ ᠰᠤᠳᠤᠯᠤᠨ ᠪᠠᠶ᠋ᠢᠷᠢᠯᠠᠭᠤᠯᠪᠠ᠃

ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠱᠠᠩᠬᠠᠶ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠬᠣᠲᠠ᠎ᠶᠢᠨ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠠᠷᠠᠳ᠎ᠤᠨ ᠬᠣᠲᠠ᠎ᠶᠢᠨ ᠣᠶ᠋ᠢᠯᠠᠭᠠᠭᠳᠠᠬᠤᠨ᠎ᠢ ᠪᠥᠬᠥ᠌ ᠲᠠᠯ᠎ᠠ᠎ᠪᠠᠷ ᠦᠢᠯᠡᠳᠦᠯᠭᠡᠵᠢᠭᠦᠯᠵᠦ᠍᠂ ᠮᠠᠨ᠎ᠤ ᠣᠷᠣᠨ᠎ᠤ ᠬᠣᠲᠠ᠎ᠶᠢᠨ ᠰᠢᠨᠡᠴᠢᠯᠡᠯᠲᠡ ᠵᠢᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶᠢ ᠰᠢᠨᠵᠢᠯᠡᠬᠦ᠌ ᠤᠬᠠᠭᠠᠨᠴᠢ᠎ᠪᠠᠷ ᠨᠠᠶ᠋ᠢᠷᠠᠭᠤᠯᠤᠨ ᠵᠣᠬᠢᠶᠠᠵᠤ ᠂ ᠨᠤᠷᠠᠬᠤ ᠠᠶᠤᠯᠲᠠᠶ ᠬᠠᠭᠤᠴᠢᠨ ᠬᠡᠷ ᠪᠠᠶ᠋ᠢᠰᠢᠩ᠂ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ ᠪᠣᠯᠤᠨ ᠦᠢᠯᠡᠳᠪᠦᠷᠢ᠎ᠶᠢᠨ ᠲᠣᠭᠣᠷᠢᠭ᠎ᠢ ᠥᠭᠡᠷᠡᠴᠢᠯᠡᠨ ᠰᠠᠢᠵᠢᠷᠠᠭᠤᠯᠬᠤ᠎ᠶᠢ ᠠᠬᠢᠭᠤᠯᠵᠤ᠂ ᠴᠠᠬᠢᠯᠭᠠᠨ ᠬᠠᠩᠭᠠᠬᠤ᠂ ᠤᠰᠤ ᠬᠠᠩᠭᠠᠬᠤ ᠤᠰᠤ ᠭᠠᠳᠠᠭᠰᠢᠯᠠᠭᠤᠯᠬᠤ᠂ ᠰᠢᠲᠠᠮᠠᠬᠠᠶ ᠬᠡᠶ ᠵᠡᠷᠭᠡ ᠬᠣᠭᠣᠯᠠᠶ ᠲᠤᠤᠷ᠎ᠢ ᠰᠢᠨᠡᠳᠬᠡᠨ ᠲᠠᠰ ᠳᠡᠪᠰᠢᠭᠦᠯᠬᠦ ᠵᠢ ᠬᠡᠷᠡᠭᠵᠢᠭᠦᠯᠵᠦ᠂ ᠠᠵᠢᠯ ᠣᠯᠭᠣᠯᠲᠠ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠠᠷᠠᠳ᠎ᠤᠨ ᠠᠮᠢᠳᠤᠷᠠᠯ᠎ᠤᠨ ᠪᠣᠳᠠᠲᠤ᠌ ᠶᠠᠪᠤᠳᠠᠯ᠎ᠢ ᠦᠨᠡᠨ ᠪᠤᠲᠠᠲᠠᠢ ᠰᠠᠶ᠋ᠢᠲᠤᠷ ᠬᠢᠵᠦ᠍᠂ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ᠎ᠢ ᠭᠦᠨᠵᠡᠭᠡᠶ ᠴᠡᠭᠴᠡᠯᠡᠨ ᠵᠠᠰᠠᠵᠤ᠂ ᠣᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ ᠵᠢᠷᠭᠠᠯᠲᠤ᠌ ᠲᠥᠷᠥᠭᠳᠡᠯ ᠠᠮᠤᠷ ᠲᠦᠪᠰᠢᠨ᠎ᠦ ᠲᠥᠷᠥᠭᠳᠡᠯ᠎ᠢ ᠲᠠᠰᠤᠷᠠᠯᠲᠠ ᠥᠬᠡᠶ ᠲᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ ᠳᠡᠭᠡᠷ᠎ᠡ ᠬᠠᠭᠠᠰ ᠵᠢᠯ᠎ᠦᠨ ᠪᠦᠬᠦ᠌ ᠣᠷᠣᠨ᠎ᠤ ᠠᠵᠤ ᠠᠬᠤᠢ᠎ᠶᠢᠨ ᠡᠷᠭᠢᠯᠲᠡ᠎ᠶᠢᠨ ᠪᠠᠶ᠋ᠢᠳᠠᠯ᠎ᠢ ᠵᠠᠳᠠᠯᠵᠤ᠂ ᠨᠠᠮ᠎ᠤᠨ ᠲᠥᠪ ᠬᠤᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ ᠶᠣᠰᠣᠭᠠᠷ᠂ ᠬᠥᠭᠵᠢᠯᠲᠡ᠎ᠶᠢᠨ ᠢᠲᠡᠭᠡᠯ᠎ᠢᠶᠡᠨ ᠪᠠᠲᠤᠳᠬᠠᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠲᠤᠪᠤᠢ᠌ᠯᠭᠠᠨ᠂ ᠦᠨᠳᠦᠰᠦᠨ ᠱᠠᠳᠤ ᠪᠣᠯᠤᠨ ᠠᠵᠤ ᠠᠬᠤᠶ᠋ᠢᠯᠠᠯ᠎ᠢ ᠦᠨᠡᠨ ᠬᠦ᠌ ᠬᠠᠪᠰᠤᠷᠤᠨ ᠬᠦᠴᠢᠷᠳᠡᠯ᠎ᠢ ᠨᠢ ᠰᠢ᠌ᠳᠪᠦᠷᠢᠯᠡᠵᠦ᠍᠂ ᠪᠦᠬᠦ᠌ ᠵᠢᠯ᠎ᠦᠨ ᠬᠠᠷᠠᠯᠲᠠ ᠡᠭᠦᠷᠭᠡ᠎ᠪᠡᠨ ᠪᠡᠶᠡᠯᠡᠭᠦᠯᠬᠦ᠌᠎ᠶᠢ ᠪᠠᠲᠤᠯᠠᠬᠤ ᠬᠡᠷᠡᠭᠲᠡᠢ᠃ ᠬᠤᠯᠪᠤᠭᠠᠯᠠᠨ ᠬᠢᠨᠠᠵᠤ ᠬᠤᠯᠪᠤᠭᠠᠯᠠᠨ ᠵᠥᠪᠰᠢᠶᠡᠷᠡᠬᠦ᠌ ᠲᠣᠭᠲᠠᠴᠠ᠎ᠶᠢ ᠰᠠᠶ᠋ᠢᠲᠤᠷ ᠬᠡᠷᠡᠭᠯᠡᠵᠦ᠍᠂ ᠡᠯᠡᠰᠦ ᠭᠤᠪᠢ ᠴᠦᠯᠯᠡᠷᠬᠡᠭ ᠭᠠᠵᠠᠷ᠎ᠤᠨ ᠲᠤᠮᠤ ᠰᠠᠭᠤᠷᠢᠨ᠂ ᠳ᠋ᠠᠢᠲ᠋ᠠ᠎ᠶᠢᠨ ᠲᠥᠪ᠂ 《ᠵᠢᠷᠭᠤᠭᠠᠨ ᠲᠣᠣᠷ》 ᠵᠡᠷᠭᠡ ᠭᠣᠣᠯᠳᠠᠯᠭ᠎ᠠ᠎ᠲᠠᠶ ᠲᠦᠷᠦᠯ ᠵᠦᠢᠯ᠎ᠦᠨ ᠪᠦᠳᠦᠭᠡᠨ ᠪᠠᠶ᠋ᠢᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠮᠡᠭᠳᠡᠯ᠎ᠦᠨ ᠨᠥᠭᠡᠴᠡ ᠬᠦᠴᠦᠨ᠎ᠢ ᠪᠡᠬᠢᠵᠢᠭᠦᠯᠬᠦ᠌ ᠬᠡᠷᠡᠭᠲᠡᠢ᠃ ᠠᠵᠤ ᠦᠢᠯᠡᠰ᠎ᠦᠨ ᠬᠡᠯᠬᠢᠶ᠎ᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠣᠨᠣᠴᠠᠲᠠᠢ᠎ᠪᠠᠷ ᠠᠷᠠᠯᠵᠢᠶᠠᠴᠢᠨ ᠤᠷᠢᠵᠤ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠸᠮ᠎ᠢ ᠪᠠᠶ᠋ᠢᠭᠤᠯᠬᠤ᠎ᠶᠢᠨ ᠲᠣᠭᠣᠷᠢᠨ᠎ᠳᠤ᠂ ᠨᠢᠭᠡ ᠪᠦᠯᠦᠭ ᠲᠤᠮᠤ ᠲᠦᠷᠦᠯ ᠵᠦᠢᠯ ᠰᠠᠢ᠌ᠨ ᠲᠦᠷᠦᠯ ᠵᠦᠢᠯ᠎ᠢ ᠤᠬᠠᠭᠠᠯᠠᠨ ᠲᠦᠯᠦᠪᠯᠡᠵᠦ ᠰᠢᠨ᠎ᠡ ᠪᠡᠷ ᠡᠬᠢᠯᠡᠭᠦᠯᠦᠨ᠂ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠳᠦ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠦᠢᠯᠡᠴᠢᠯᠡᠭᠡᠨ᠎ᠦ ᠦᠢᠯᠡᠰ᠎ᠦᠨ ᠴᠢᠳᠠᠪᠤᠷᠢ᠎ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ᠌᠎ᠶᠢ ᠠᠬᠢᠭᠤᠯᠵᠤ᠂ ᠪᠥᠭᠡᠮ᠎ᠢᠶᠡᠷ ᠪᠤᠷᠤᠯᠠᠭᠤᠯᠬᠤ ᠵᠢᠵᠢᠭᠯᠡᠨ ᠪᠤᠷᠤᠯᠠᠭᠤᠯᠬᠤ ᠬᠤᠨᠤᠭ ᠪᠠᠭᠤᠳᠠᠯ ᠬᠣᠭᠣᠯᠠ ᠤᠮᠲᠠ᠂ ᠭᠡᠷ ᠭᠠᠵᠠᠷ᠎ᠤᠨ ᠬᠦᠷᠦᠩᠭᠡ ᠵᠡᠷᠭᠡ ᠠᠵᠢᠯ ᠲᠦᠷᠦᠯ᠎ᠦᠨ ᠬᠡᠷᠡᠭᠯᠡᠭᠡ᠎ᠶᠢ ᠠᠬᠢᠭᠤᠯᠬᠤ ᠠᠷᠭ᠎ᠠ ᠬᠡᠮᠵᠢᠶ᠎ᠡ᠎ᠶᠢ ᠨᠠᠶ᠋ᠢᠳᠠᠪᠤᠷᠢᠵᠢᠭᠤᠯᠵᠤ᠂ ᠡᠯ᠎ᠡ ᠲᠦᠷᠦᠯ᠎ᠦᠨ ᠡᠵᠡᠩᠨᠡᠯᠲᠡ᠎ᠶᠢᠨ ᠭᠣᠣᠯ ᠴᠣᠭᠴᠠ᠎ᠶᠢ ᠪᠣᠶ᠋ᠢᠵᠢᠭᠤᠯᠤᠨ ᠪᠤᠵᠠᠭᠠᠶ᠋ᠢᠷᠠᠭᠤᠯᠵᠤ ᠂ ᠬᠡᠷᠡᠭᠯᠡᠭᠡᠨ᠎ᠦ ᠳᠠᠯᠳᠠ ᠬᠦᠴᠦᠨ᠎ᠢ ᠦᠷᠭᠦᠯᠵᠢᠯᠡᠨ ᠪᠠᠳᠠᠷᠠᠭᠤᠯᠬᠤ ᠬᠡᠷᠡᠭᠲᠡᠢ ᠭᠡᠵᠦ᠍ ᠴᠢᠬᠤᠯᠠᠴᠢᠯᠠᠪᠠ᠃

ᠬᠤᠷᠠᠯ᠎ᠡᠴᠡ᠂ ᠬᠥᠭᠵᠢᠯᠲᠡ ᠪᠣᠯᠤᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠍᠂ ᠠᠶᠤᠯᠭᠦᠢ ᠦᠢᠯᠡᠳᠪᠦᠷᠢᠯᠡᠯ ᠪᠣᠯᠤᠨ ᠦᠶᠡᠷ᠎ᠢ ᠰᠡᠷᠭᠡᠶ᠋ᠢᠯᠡᠵᠦ᠍ ᠭᠠᠩ ᠬᠠᠭᠰᠠᠷᠠᠭᠠᠨ᠎ᠲᠠᠶ ᠲᠡᠮᠡᠴᠡᠬᠦ᠌ ᠬᠦᠨᠳᠦ ᠬᠡᠴᠡᠭᠦᠦ ᠪᠠᠶ᠋ᠢᠳᠠᠯ᠎ᠢ ᠰᠡᠷᠭᠡᠭ᠎ᠢᠶᠡᠷ ᠲᠠᠨᠢᠵᠤ᠂ ᠠᠭᠤᠷᠬᠠᠢ᠂ ᠠᠶᠤᠯ᠎ᠲᠠᠶ ᠬᠢᠮᠢ᠎ᠶᠢᠨ ᠪᠣᠳᠠᠰ᠂ ᠠᠵᠤ ᠦᠢᠯᠡᠳᠪᠦᠷᠢ ᠠᠷᠠᠯᠵᠢᠶ᠎ᠠ᠂ ᠭᠠᠯ ᠰᠡᠷᠭᠡᠶ᠋ᠢᠯᠡᠵᠦ᠍ ᠭᠠᠯ ᠤᠨᠲᠠᠷᠠᠭᠠᠬᠤ᠂ ᠪᠠᠷᠢᠯᠭ᠎ᠠ᠎ᠶᠢᠨ ᠠᠵᠢᠯ᠂ ᠬᠤᠸᠠᠷ ᠫᠤᠤᠵᠢᠩ᠂ ᠵᠠᠮ ᠬᠠᠷᠢᠯᠴᠠᠭ᠎ᠠ᠂ ᠲᠦᠷᠢᠮ ᠲᠣᠭᠲᠠᠭᠠᠯ᠎ᠡᠴᠡ ᠵᠥᠷᠢᠴᠡᠨ ᠭᠠᠳᠠᠭᠰᠢ ᠳᠠᠭᠠᠭᠠᠴᠢᠯᠠᠭᠤᠯᠬᠤ ᠠᠵᠢᠯ ᠵᠡᠷᠭᠡ ᠬᠦᠷᠢᠢ᠎ᠡ ᠪᠣᠯᠤᠨ ᠲᠤᠪᠤᠶ᠋ᠢᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠲᠠᠭᠤ ᠲᠠᠢ ᠨᠢ ᠬᠠᠯᠳᠠᠵᠤ ᠪᠠᠢᠭᠠᠳ 《ᠬᠠᠤᠯᠢ ᠪᠤᠰᠤ ᠠᠵᠢᠯᠯᠠᠭ᠎ᠠ᠎ᠳᠤ ᠴᠤᠬᠢᠯᠲᠠ ᠦᠭᠴᠦ ᠲᠦᠷᠢᠮ ᠲᠤᠭᠲᠠᠭᠠᠯ᠎ᠡᠴᠡ ᠵᠥᠷᠢᠴᠡᠭᠰᠡᠨ ᠠᠵᠢᠯᠯᠠᠭ᠎ᠠ ᠵᠢ ᠵᠠᠰᠠᠵᠤ》᠂ ᠬᠦᠨᠳᠦ ᠣᠨᠴᠠ ᠶᠡᠬᠡ ᠡᠨᠳᠡᠯ ᠭᠠᠷᠬᠤ᠎ᠶᠢ ᠡᠷᠡᠰ ᠰᠡᠷᠭᠡᠶ᠋ᠢᠯᠡᠨ ᠬᠣᠷᠢᠭᠯᠠᠬᠤ ᠬᠡᠷᠡᠭᠲᠡᠢ᠃ ᠦᠶᠡᠷ᠎ᠢ ᠰᠡᠷᠭᠡᠶ᠋ᠢᠯᠡᠵᠦ᠍ ᠭᠠᠩ ᠬᠠᠭᠰᠠᠷᠠᠭᠠᠨ᠎ᠲᠠᠶ ᠲᠡᠮᠡᠴᠡᠵᠦ᠍ ᠭᠠᠮᠰᠢᠭ᠎ᠢ ᠪᠠᠭᠠᠰᠬᠠᠬᠤ ᠠᠵᠢᠯ᠎ᠢ ᠪᠣᠳᠠᠲᠠᠶ᠋ᠢᠵᠢᠭᠤᠯᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ᠎ᠢ ᠪᠠᠲᠤᠯᠠᠵᠤ᠂ ᠵᠠᠰᠠᠭ᠎ᠤᠨ ᠣᠷᠳᠣᠨ᠎ᠤ ᠳᠠᠯᠳᠠ ᠥᠷᠢ ᠥᠭᠴᠡᠭᠡ᠎ᠶᠢ ᠠᠷᠢᠯᠭᠠᠬᠤ᠂ ᠵᠠᠰᠠᠭ᠎ᠤᠨ ᠣᠷᠳᠣᠨ᠎ᠤ ᠠᠵᠤ ᠠᠬᠤᠶ᠋ᠢᠯᠠᠯ᠎ᠳᠤ ᠥᠷᠢᠲᠦᠵᠦ ᠪᠠᠢᠭ᠎ᠠ ᠲᠠᠩᠰᠠᠨ᠎ᠳᠠᠬᠢ ᠵᠣᠭᠣᠰ᠎ᠢ ᠲᠦᠯᠦᠬᠦ᠂ ᠮᠥᠩᠭᠥᠨ ᠭᠦᠢᠯᠭᠡᠭᠡᠨ᠎ᠦ ᠪᠠᠶ᠋ᠢᠭᠤᠯᠤᠮᠵᠢ᠎ᠶᠢᠨ ᠥᠭᠡᠷᠡᠴᠢᠯᠡᠯᠲᠡ᠎ᠬᠢᠵᠦ ᠲᠦᠭᠰᠢᠭᠦᠷᠢ᠎ᠵᠢ ᠠᠷᠢᠯᠭᠠᠬᠤ ᠪᠣᠯᠤᠨ ᠠᠮᠢ ᠠᠬᠤᠶ ᠣᠷᠴᠢᠨ ᠲᠣᠭᠣᠷᠢᠨ᠎ᠤ ᠬᠦᠷᠢᠶᠡᠨ᠎ᠳᠡᠬᠢ ᠡᠯ᠎ᠡ ᠲᠥᠷᠥᠯ᠎ᠦᠨ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠡᠷᠭᠡ ᠠᠵᠢᠯ᠎ᠢ ᠬᠦᠴᠦᠯᠡᠨ ᠰᠠᠶ᠋ᠢᠲᠤᠷ ᠠᠳᠬᠤᠬᠤ ᠬᠡᠷᠡᠭᠲᠡᠶ ᠭᠡᠵᠦ ᠱᠠᠭᠠᠷᠳᠠᠪᠠ᠃

ᠬᠤᠷᠠᠯ᠎ᠡᠴᠡ ᠪᠠᠰᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭᠠᠯᠢ᠎ᠶᠢᠨ ᠭᠠᠮᠰᠢᠭ᠎ᠢ ᠪᠠᠶ᠋ᠢᠴᠠᠭᠠᠨ ᠦᠨᠡᠯᠡᠬᠦ᠌ ᠲᠦᠷ ᠬᠡᠷᠡᠭᠵᠢᠭᠦᠯᠬᠦ᠌ ᠠᠷᠭ᠎ᠠ》 ᠪᠣᠯᠤᠨ 《ᠪᠦᠬᠦ᠌ ᠣᠷᠣᠨ᠎ᠤ ᠨᠡᠭᠡᠭᠡᠯᠳᠡ ᠵᠢᠨ ᠲᠤᠭᠤᠷᠢᠭ᠎ᠤᠨ ᠬᠥᠭᠵᠢᠯᠲᠡ᠎ᠶᠢᠨ ᠴᠢᠳᠠᠪᠬᠢ ᠳᠡᠰ᠎ᠢ ᠲᠦᠷᠭᠡᠳᠬᠡᠨ ᠳᠡᠭᠡᠭᠰᠢᠯᠡᠭᠦᠯᠬᠦ᠌ ᠲᠤᠬᠠᠢ ᠬᠡᠷᠡᠭᠵᠢᠭᠦᠯᠬᠦ᠌ ᠰᠠᠨᠠᠯ》 ᠢ᠋ ᠬᠢᠨᠠᠨ ᠵᠥᠪᠯᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号