《ᠦᠪᠦᠷ ᠮᠤᠡᠭᠭᠤᠯ ᠤ᠋ᠨ ᠪᠢᠰᠢᠯᠠᠭ ᠰᠠᠢᠨ᠂ ᠰᠠᠢᠨ ᠪᠢᠰᠢᠯᠠᠭ ᠦᠪᠦᠷ ᠮᠤᠡᠭᠭᠤᠯ ᠳ᠋ᠦ ᠪᠤᠢ》
2026-07-21 10:07:03
ᠵᠣᠬᠢᠶᠠᠭ᠍ᠴᠢ᠄
ᠼᠠᠢ ᠬᠤᠡᠭ ᠨᠠᠮᠤᠭ
ᠣᠩᠱᠢᠭ᠍ᠰᠠᠨ ᠣᠳᠠᠭ᠎ᠠ᠄
★★★☆☆

— ᠦᠪᠦᠷ ᠮᠤᠡᠭᠭᠤᠯ ᠤ᠋ᠨ ᠬᠤᠶᠠᠳᠤᠭᠠᠷ ᠬᠤᠭᠤᠴᠠᠭᠠᠨ ᠤ᠋ ᠪᠢᠰᠢᠯᠠᠭ ᠤ᠋ᠨ ᠠᠵᠤ ᠦᠢᠯᠡᠰ ᠤ᠋ᠨ ᠲᠦᠷᠦᠯ ᠲᠡᠮᠲᠡᠭ ᠤ᠋ᠨ ᠲᠠᠨᠢᠯᠴᠠᠭᠤᠯᠭ᠎ᠠ ᠶ᠋ᠢᠨ ᠬᠤᠷᠠᠯ ᠤ᠋ᠨ ᠲᠤᠬᠠᠢ ᠲᠠᠳᠠᠯᠠᠭ᠎ᠠ


ᠳᠤᠯᠤᠭᠠᠨ ᠰᠠᠷ᠎ᠠ ᠶ᠋ᠢᠨ ᠬᠦᠬᠡᠬᠤᠲᠠ ᠳ᠋ᠤ ᠬᠤᠷ᠎ᠠ ᠪᠤᠷᠤᠭᠠᠨ ᠡᠯᠪᠡᠭᠰᠢᠨ᠂ ᠠᠭᠤᠳᠠᠮ ᠰᠠᠷᠠᠭᠤᠯ ᠴᠡᠯᠡᠭᠡᠷ ᠲᠠᠯ᠎ᠠ ᠳ᠋ᠦ ᠡᠪᠡᠰᠦ ᠮᠤᠲᠤ ᠬᠦᠬᠡᠷᠡᠨ ᠬᠤᠸᠠᠷ ᠴᠡᠴᠡᠭ ᠮᠢᠷᠠᠯᠵᠠᠨ᠎ᠠ᠃ 7 ᠰᠠᠷ᠎ᠠ ᠶ᠋ᠢᠨ 17 — 19 ᠤ᠋ ᠡᠳᠦᠷ ᠪᠤᠯᠳᠠᠯ᠎ᠠ᠂ ᠴᠡᠯᠡᠭᠡᠷ ᠲᠠᠯ᠎ᠠ ᠳ᠋ᠦ ᠰᠦ ᠰᠠᠭᠠᠯᠢ ᠶ᠋ᠢᠨ ᠦᠨᠦᠷ ᠬᠠᠡᠭᠬᠤᠯᠵᠤ᠂ ᠵᠢᠭᠤᠯᠴᠢᠯᠠᠭᠰᠠᠳ ᠤ᠋ᠨ ᠰᠡᠳᠬᠢᠯ ᠢ᠋ ᠰᠡᠷᠭᠦᠭᠡᠨ ᠰᠢᠯᠦᠰᠦ ᠵᠢ ᠬᠤᠷᠠᠭᠤᠯᠵᠤ᠂ ᠦᠪᠤᠷ ᠮᠤᠡᠭᠭᠤᠯ ᠤ᠋ᠨ ᠬᠤᠶᠠᠳᠤᠭᠠᠷ ᠬᠤᠭᠤᠴᠠᠭᠠᠨ ᠤ᠋ ᠪᠢᠰᠢᠯᠠᠭ ᠤ᠋ᠨ ᠠᠵᠤ ᠦᠢᠯᠡᠰ ᠤ᠋ᠨ ᠲᠦᠷᠦᠯ ᠲᠡᠮᠲᠡᠭ ᠤ᠋ᠨ ᠲᠠᠨᠢᠯᠴᠠᠭᠤᠯᠭ᠎ᠠ ᠶ᠋ᠢᠨ ᠬᠤᠷᠠᠯ 《ᠦᠪᠦᠷ ᠮᠤᠡᠭᠭᠤᠯ ᠤ᠋ᠨ ᠪᠢᠰᠢᠯᠠᠭ ᠰᠠᠢᠨ᠂ ᠰᠠᠢᠨ ᠪᠢᠰᠢᠯᠠᠭ ᠦᠪᠦᠷ ᠮᠤᠡᠭᠭᠤᠯ ᠳ᠋ᠦ ᠪᠤᠢ》 ᠭᠡᠬᠦ ᠭᠤᠤᠯ ᠰᠡᠳᠦᠪ ᠤ᠋ᠨ ᠲᠤᠭᠤᠷᠢᠨ ᠳ᠋ᠤ ᠠᠮᠵᠢᠯᠳᠠ ᠲᠠᠢ ᠶᠠᠪᠤᠭᠳᠠᠪᠠ᠃

ᠰᠦ᠋ ᠵᠢᠨ ᠦᠢᠯᠡᠰ ᠪᠣᠯ ᠮᠠᠨ ᠤ᠋ ᠣᠷᠣᠨ ᠤ᠋ ᠪᠡᠯᠭᠡ ᠲᠡᠮᠳᠡᠭ ᠤ᠋ᠨ ᠴᠢᠨᠠᠷᠲᠠᠶ ᠦᠪᠡᠷᠮᠢᠴᠠ ᠤᠨᠴᠠᠯᠢᠭᠳᠤ ᠳᠠᠪᠠᠭᠤᠯᠢᠭ ᠠᠵᠤ ᠦᠢᠯᠡᠰ ᠪᠠᠢᠵᠤ᠂ ᠴᠠᠭᠠᠨ ᠢᠳᠡᠭᠡᠨ ᠤ᠋ ᠬᠠᠩᠭᠠᠯᠭ᠎ᠠ ᠵᠢ ᠪᠠᠲᠤᠯᠠᠬᠤ᠂ ᠬᠥᠳᠡᠭᠡ ᠲᠣᠰᠬᠣᠨ ᠤ᠋ ᠠᠵᠤ ᠦᠢᠯᠡᠰ ᠢ᠋ ᠪᠤᠵᠠᠭᠠᠶ᠋ᠢᠷᠠᠭᠤᠯᠬᠤ᠂ ᠮᠠᠯᠴᠢᠨ ᠲᠠᠷᠢᠶᠠᠴᠢᠨ ᠤ᠋ ᠣᠷᠣᠯᠭ᠎ᠠ ᠵᠢᠨ ᠨᠡᠮᠡᠭᠳᠡᠯ ᠢ᠋ ᠳᠠᠶ᠋ᠢᠴᠢᠯᠠᠬᠤ ᠴᠢᠬᠤᠯᠠ ᠡᠭᠦᠷᠭᠡ ᠵᠢ ᠡᠭᠦᠷᠭᠡᠯᠡᠵᠦ᠍ ᠪᠠᠢᠳᠠᠭ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ᠂ ᠥᠪᠡᠷᠲᠡᠭᠡᠨ ᠵᠠᠰᠠᠬᠤ ᠣᠷᠣᠨ ᠡᠴᠡ ᠤᠷᠢᠳ ᠬᠣᠵᠢᠳ 《ᠰᠦ᠋ ᠵᠢᠨ ᠦᠢᠯᠡᠰ ᠤ᠋ᠨ ᠶᠢᠰᠦᠨ ᠵᠤᠷᠪᠤᠰ》᠂ 《ᠰᠦ᠋ ᠵᠢᠨ ᠦᠢᠯᠡᠰ ᠤ᠋ᠨ ᠭᠤᠴᠢᠨ ᠭᠤᠷᠪᠠᠨ ᠵᠤᠷᠪᠤᠰ》᠂ 《ᠰᠦ᠋ ᠵᠢᠨ ᠦᠢᠯᠡᠰ ᠤ᠋ᠨ ᠰᠢᠨ᠎ᠡ ᠶᠢᠰᠦᠨ ᠵᠤᠷᠪᠤᠰ》 ᠵᠡᠷᠭᠡ ᠰᠦ ᠵᠢᠨ ᠦᠢᠯᠡᠰ ᠤ᠋ᠨ ᠬᠦᠭᠵᠢᠯᠳᠡ ᠵᠢ ᠲᠡᠳᠬᠦᠨ ᠳᠡᠮᠵᠢᠬᠦ᠌ ᠰᠢᠷᠢᠰ ᠲᠥᠷᠥ ᠵᠢᠨ ᠪᠣᠳᠣᠯᠭ᠎ᠠ ᠵᠢ ᠨᠡᠶ᠋ᠢᠲᠡᠯᠡᠨ ᠬᠡᠷᠡᠭᠵᠢᠬᠦᠯᠵᠤ᠂ ᠰᠦ᠋ ᠵᠢᠨ ᠦᠢᠯᠡᠰ ᠢ᠋ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤ᠋ᠨ ᠪᠠᠯᠠ ᠮᠥᠩᠭᠥ ᠵᠢ ᠨᠡᠶ᠋ᠢᠲᠡ 49.2 ᠳ᠋ᠦᠩᠰᠢᠭᠤᠷ ᠲᠥᠭᠥᠷᠢᠭ ᠪᠠᠭᠤᠯᠭᠠᠨ᠂《ᠰᠢᠷᠬᠡᠭ ᠡᠪᠡᠰᠦ ᠡᠴᠡ ᠴᠣᠮᠣ ᠰᠦ᠋ ᠬᠦᠷᠲᠡᠯ᠎ᠡ᠂ ᠳᠠᠬᠢᠭᠠᠳ ᠬᠡᠰᠡᠭ ᠪᠢᠰᠢᠯᠠᠭ ᠬᠦᠷᠲᠡᠯᠡᠬᠢ》 ᠪᠥᠬᠥ᠌ ᠠᠵᠤ ᠦᠢᠯᠡᠰ ᠤ᠋ᠨ ᠬᠡᠯᠬᠢᠶ᠎ᠡ ᠵᠢᠨ ᠬᠥᠭᠵᠢᠯᠲᠡ ᠵᠢ ᠪᠥᠬᠥ᠌ ᠬᠦᠴᠦᠨ ᠵᠢᠡᠷ ᠵᠢᠡᠨ ᠠᠬᠢᠭᠤᠯᠪᠠ᠃ 2025 ᠣᠨ ᠳ᠋ᠤ ᠮᠠᠨ ᠤ᠋ ᠤᠷᠤᠨ ᠣᠷᠣᠨ ᠤ᠋ ᠰᠠᠭᠠᠯᠢ ᠵᠢᠨ ᠦᠨᠢᠶ᠎ᠡ᠂ ᠦᠨᠢᠶᠡᠨ ᠰᠦ᠋ ᠵᠢᠨ ᠭᠠᠷᠤᠯᠲᠠ ᠪᠠ ᠬᠡᠪᠴᠢᠶᠡᠵᠢᠯ ᠡᠴᠡ ᠳᠡᠭᠡᠭᠰᠢᠬᠢ ᠴᠠᠭᠠᠨ ᠢᠳᠡᠭᠡᠨ ᠤ᠋ ᠭᠠᠷᠤᠯᠲᠠ ᠬᠡᠬᠦ 3 ᠵᠦᠢᠯ ᠤ᠋ᠨ ᠭᠤᠤᠯ ᠭᠦᠢᠴᠡᠳᠭᠡᠯ ᠲᠣᠭ᠎ᠠ᠎ᠪᠡᠷ ᠴᠥᠮ ᠪᠥᠬᠥ᠌ ᠤᠯᠤᠰ ᠲᠦ᠍ ᠲᠦᠷᠦᠬᠦᠯᠡᠵᠤ᠂ ᠪᠥᠬᠥ᠌ ᠠᠵᠤ ᠦᠢᠯᠡᠰ ᠤ᠋ᠨ ᠬᠡᠯᠬᠢᠶ᠎ᠡ ᠵᠢᠨ ᠦᠢᠯᠡᠳᠬᠦᠨ ᠤ᠋ ᠥᠷᠲᠡᠭ 3000 ᠳ᠋ᠦᠩᠰᠢᠭᠤᠷ ᠲᠥᠭᠥᠷᠢᠭ ᠢ᠋ ᠳᠠᠪᠠᠭᠰᠠᠨ ᠶᠤᠮ᠃

ᠪᠢᠰᠢᠯᠠᠬ ᠪᠤᠯ ᠦᠪᠤᠷ ᠮᠤᠩᠭᠤᠯ ᠤ᠋ᠨ ᠴᠠᠭᠠᠨ ᠢᠳᠡᠬᠡᠨ ᠤ᠋ ᠲᠤᠳᠤᠷᠠᠬᠢ ᠭᠤᠤᠯᠯᠠᠬᠤ ᠪᠦᠳᠦᠬᠡᠭᠳᠡᠬᠦᠨ ᠪᠤᠯᠤᠨ᠎ᠠ᠃ ᠤᠷᠳᠤ ᠬᠤᠭᠤᠴᠠᠭᠠᠨ ᠤ᠋ ᠲᠤᠷᠰᠢ᠂ ᠮᠠᠨ ᠤ᠋ ᠤᠷᠤᠨ ᠡᠬᠢ ᠪᠠᠶᠠᠯᠢᠭ ᠤ᠋ᠨ ᠳᠠᠪᠠᠭᠤᠯᠢᠭ ᠲᠠᠭᠠᠨ ᠰᠠᠭᠤᠷᠢᠯᠠᠨ ᠲᠠᠯ᠎ᠠ ᠨᠤᠲᠤᠭ ᠤ᠋ᠨ ᠤᠯᠠᠮᠵᠢᠯᠠᠯᠲᠤ ᠴᠠᠭᠠᠨ ᠢᠳᠡᠭᠡᠨ ᠤ᠋ ᠪᠠᠷᠢᠮᠵᠢᠶᠠᠵᠢᠭᠤᠯᠤᠯᠲᠠ ᠪᠠ ᠠᠵᠤ ᠦᠢᠯᠡᠳᠪᠦᠷᠢᠵᠢᠯᠲᠡ ᠵᠢ ᠠᠬᠢᠭᠤᠯᠵᠤ᠂ ᠪᠢᠰᠢᠯᠠᠭ ᠤ᠋ᠨ ᠠᠵᠤ ᠦᠢᠯᠡᠰ ᠤ᠋ᠨ ᠴᠢᠨᠡᠷ ᠰᠠᠢᠲᠠᠢ ᠬᠦᠭᠵᠢᠯᠲᠡ ᠶ᠋ᠢᠨ ᠰᠠᠭᠤᠷᠢ ᠵᠢ ᠪᠡᠬᠢᠵᠢᠭᠦᠯᠦᠭᠰᠡᠬᠡᠷ ᠢᠷᠡᠵᠠᠢ᠃

ᠲᠤᠰ ᠬᠤᠭᠤᠴᠠᠭᠠᠨ ᠤ᠋ ᠪᠢᠰᠢᠯᠠᠭ ᠤ᠋ᠨ ᠠᠵᠤ ᠦᠢᠯᠡᠰ ᠤ᠋ᠨ ᠲᠦᠷᠦᠯ ᠲᠡᠮᠲᠡᠭ ᠤ᠋ᠨ ᠲᠠᠨᠢᠯᠴᠠᠭᠤᠯᠭ᠎ᠠ ᠶ᠋ᠢᠨ ᠬᠤᠷᠠᠯ ᠳ᠋ᠦ ᠬᠦᠬᠡᠬᠤᠲᠠ᠂ ᠰᠢᠯᠢ ᠶ᠋ᠢᠨ ᠭᠤᠤᠯ ᠠᠢᠮᠠᠭ ᠤ᠋ᠨ ᠰᠢᠯᠤᠭᠤᠨ ᠬᠦᠬᠡ ᠬᠤᠰᠢᠭᠤ ᠪᠡᠷ ᠲᠦᠷᠦᠭᠦᠲᠡᠢ ᠪᠦᠬᠦ ᠤᠷᠤᠨ ᠤ᠋ ᠡᠯ᠎ᠡ ᠭᠠᠵᠠᠷ ᠤ᠋ᠨ ᠴᠠᠭᠠᠨ ᠢᠳᠡᠭᠡᠨ ᠤ᠋ ᠠᠵᠤ ᠠᠬᠤᠢᠯᠠᠯ᠂ ᠲᠤᠰᠬᠠᠢ ᠬᠤᠷᠰᠢᠶ᠎ᠠ ᠪᠤᠯᠤᠨ ᠮᠠᠯᠴᠢᠨ ᠲᠠᠷᠢᠶᠠᠴᠢᠳ ᠪᠢᠰᠢᠯᠠᠬ᠂ ᠤᠯᠠᠮᠵᠢᠯᠠᠯᠲᠤ ᠴᠠᠭᠠᠨ ᠢᠳᠡᠭᠡᠨ ᠪᠠ ᠰᠢᠨ᠎ᠠ ᠪᠦᠲᠦᠭᠡᠭᠳᠡᠭᠦᠨ ᠶ᠋ᠢᠡᠨ ᠳᠡᠯᠭᠡᠨ ᠪᠤᠷᠤᠯᠠᠭᠤᠯᠵᠤ᠂ ᠴᠠᠭᠠᠨ ᠢᠳᠡᠭᠡᠨ ᠤ᠋ ᠪᠤᠳᠠᠰ ᠤ᠋ᠨ ᠪᠤᠰᠤ ᠰᠤᠶᠤᠯ ᠤ᠋ᠨ ᠦᠪᠯᠡᠨ ᠤᠯᠠᠮᠵᠢᠯᠠᠭᠴᠢᠳ ᠡᠴᠡ ᠲᠤᠬᠠᠢ ᠶ᠋ᠢᠨ ᠲᠠᠯᠠᠪᠠᠢ ᠳ᠋ᠦ ᠬᠤᠷᠤᠳ ᠬᠢᠵᠤ᠂ ᠬᠦᠷᠦᠯᠴᠡᠨ ᠢᠷᠡᠭᠰᠡᠨ ᠵᠢᠭᠤᠯᠴᠢᠯᠠᠭᠰᠠᠳ ᠲᠦ᠍ ᠰᠢᠨ᠎ᠡ ᠬᠢᠭᠰᠡᠨ ᠬᠤᠷᠤᠳ ᠪᠢᠰᠢᠯᠠᠭ ᠵᠢᠡᠨ ᠠᠮᠲᠠᠯᠠᠭᠤᠯᠤᠨ᠂ ᠦᠪᠤᠷ ᠮᠤᠩᠭᠤᠯ ᠤ᠋ᠨ ᠮᠢᠡᠭᠭᠠᠨ ᠵᠢᠯ ᠦᠪᠯᠡᠨ ᠤᠯᠠᠮᠵᠢᠯᠠᠭᠰᠠᠨ ᠪᠢᠰᠢᠯᠠᠭ ᠤ᠋ᠨ ᠰᠤᠶᠤᠯ ᠤ᠋ᠨ ᠷᠢᠳᠢ ᠰᠢᠳᠢ ᠬᠢᠭᠡᠳ ᠠᠵᠤ ᠦᠢᠯᠡᠰ ᠤ᠋ᠨ ᠰᠢᠨ᠎ᠠ ᠵᠢ ᠡᠭᠦᠳᠬᠦ ᠠᠮᠢᠵᠢᠷᠠᠯ ᠤ᠋ᠨ ᠬᠦᠴᠦᠨ ᠢ᠋ ᠮᠡᠳᠡᠷᠡᠭᠦᠯᠪᠡ᠃

ᠲᠠᠨᠢᠯᠴᠠᠭᠤᠯᠭ᠎ᠠ ᠶ᠋ᠢᠨ ᠬᠤᠷᠠᠯ ᠤ᠋ᠨ ᠬᠤᠭᠤᠴᠠᠭᠠᠨ ᠳ᠋ᠦ ᠠᠵᠢᠯ ᠲᠦᠷᠦᠯ ᠤ᠋ᠨ ᠳᠤᠰᠬᠠᠢ ᠮᠡᠷᠭᠡᠵᠢᠯᠲᠡᠨ᠂ ᠠᠵᠤ ᠠᠬᠤᠢᠯᠠᠯ ᠤ᠋ᠨ ᠬᠠᠷᠢᠭᠤᠴᠠᠯᠭᠠᠲᠠᠨ ᠪᠠ ᠬᠤᠳᠠᠯᠳᠤᠭᠠᠴᠢᠳ ᠨᠢᠭᠡ ᠲᠢᠡᠭᠬᠢᠮ ᠳ᠋ᠦ ᠴᠤᠭᠯᠠᠷᠠᠨ᠂ ᠤᠯᠤᠰ ᠤ᠋ᠨ ᠳᠤᠲᠤᠭᠠᠳᠤ ᠶ᠋ᠢᠨ ᠪᠢᠰᠢᠯᠠᠭ ᠤ᠋ᠨ ᠠᠵᠤ ᠦᠢᠯᠡᠰ ᠤ᠋ᠨ ᠬᠦᠭᠵᠢᠯᠲᠡ ᠶ᠋ᠢᠨ ᠤᠳᠤᠬᠢ ᠪᠠᠢᠳᠠᠯ ᠪᠠ ᠢᠷᠡᠭᠡᠳᠦᠢ ᠶ᠋ᠢᠨ ᠬᠦᠭᠵᠢᠯᠲᠡ ᠶ᠋ᠢᠨ ᠴᠢᠭᠯᠡᠯ ᠢ᠋ ᠭᠦᠨᠵᠡᠭᠡᠢ ᠵᠠᠳᠠᠯᠵᠤ᠂ ᠦᠪᠤᠷ ᠮᠤᠩᠭᠤᠯ ᠤ᠋ᠨ ᠪᠢᠰᠢᠯᠠᠭ ᠤ᠋ᠨ ᠠᠵᠤ ᠦᠢᠯᠡᠰ ᠤ᠋ᠨ ᠪᠠᠷᠢᠮᠵᠢᠶᠠᠵᠢᠭᠰᠠᠨ᠂ ᠲᠦᠷᠦᠯ ᠲᠡᠮᠲᠡᠭᠵᠢᠭᠰᠡᠨ ᠬᠦᠭᠵᠢᠯᠲᠡ ᠳ᠋ᠦ ᠴᠢᠭᠯᠡᠯ ᠬᠠᠡᠭᠭᠠᠭᠰᠠᠨ ᠪᠠᠢᠨ᠎ᠠ᠃

《ᠦᠪᠦᠷ ᠮᠤᠡᠭᠭᠤᠯ ᠤ᠋ᠨ ᠪᠢᠰᠢᠯᠠᠭ ᠰᠠᠢᠨ᠂ ᠰᠠᠢᠨ ᠪᠢᠰᠢᠯᠠᠭ ᠦᠪᠦᠷ ᠮᠤᠡᠭᠭᠤᠯ ᠳ᠋ᠦ ᠪᠤᠢ》᠃ ᠪᠢᠰᠢᠯᠠᠭ ᠪᠤᠯ ᠦᠪᠤᠷ ᠮᠤᠩᠭᠤᠯ ᠤ᠋ᠨ ᠰᠦ ᠶ᠋ᠢᠨ ᠦᠢᠯᠡᠰ ᠤ᠋ᠨ ᠦᠷᠳᠡᠭ ᠢ᠋ ᠨᠡᠮᠡᠭᠳᠡᠬᠦᠯᠬᠦ ᠭᠤᠤᠯᠳᠠᠯᠭ᠎ᠠ᠂ ᠲᠠᠯ᠎ᠠ ᠨᠤᠲᠤᠭ ᠤ᠋ᠨ ᠤᠨᠴᠠᠯᠢᠭᠲᠦ ᠨᠡᠷ᠎ᠡ ᠶ᠋ᠢᠨ ᠬᠠᠭᠤᠳᠠᠰᠤ᠂ ᠮᠠᠯᠴᠢᠨ ᠲᠠᠷᠢᠶᠠᠴᠢᠨ ᠤ᠋ ᠤᠷᠤᠯᠭ᠎ᠠ ᠶ᠋ᠢᠨ ᠨᠡᠮᠡᠭᠳᠡᠯ ᠤ᠋ᠨ ᠭᠠᠷᠳᠠᠴᠠ ᠮᠦᠨ᠃ ᠳᠠᠷᠠᠭᠠᠴᠢ ᠪᠡᠷ ᠪᠢᠳᠡ ᠪᠢᠰᠢᠯᠠᠭ ᠤ᠋ᠨ ᠪᠠᠷᠢᠮᠵᠢᠶ᠎ᠠ ᠪᠤᠯᠤᠨ ᠶᠠᠰᠤ ᠴᠢᠨᠠᠷ ᠢ᠋ ᠴᠢᠡᠭᠭ᠎ᠠ ᠡᠵᠡᠮᠳᠡᠨ᠂ ᠲᠦᠷᠦᠯ ᠵᠦᠢᠯ ᠢ᠋ ᠰᠢᠨᠡᠴᠢᠯᠡᠨ ᠪᠠᠶᠠᠯᠢᠭᠵᠢᠭᠤᠯᠵᠤ᠂ ᠪᠢᠰᠢᠯᠠᠭ ᠤ᠋ᠨ ᠠᠵᠤ ᠦᠢᠯᠡᠰ ᠢ᠋ ᠪᠤᠵᠠᠭᠠᠢᠷᠠᠭᠤᠯᠤᠨ᠂ ᠲᠠᠯ᠎ᠠ ᠨᠤᠲᠤᠭ ᠤ᠋ᠨ ᠰᠠᠢᠨ ᠰᠦ ᠪᠡᠷ ᠰᠠᠢᠨ ᠪᠢᠰᠢᠯᠠᠭ ᠬᠢᠵᠦ᠂ ᠰᠠᠢᠨ ᠪᠢᠰᠢᠯᠠᠭ ᠢ᠋ ᠪᠦᠬᠦ ᠤᠯᠤᠰ ᠲᠦ᠍ ᠠᠯᠳᠠᠷᠰᠢᠭᠤᠯᠬᠤ ᠪᠡᠷ ᠬᠦᠴᠦᠯᠡᠨ ᠴᠢᠷᠮᠠᠢᠨ᠎ᠠ 》 ᠭᠡᠵᠦ ᠦᠪᠡᠷᠳᠡᠬᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠡ ᠬᠦᠳᠡᠭᠡ ᠲᠤᠰᠬᠤᠨ ᠤ᠋ ᠮᠠᠯᠵᠢᠬᠤ ᠤᠷᠤᠨ ᠤ᠋ ᠲᠢᠡᠭᠬᠢᠮ ᠤ᠋ᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号