ᠤᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠠᠵᠤ ᠦᠢᠯᠡᠳᠪᠦᠷᠢ᠎ᠶᠢᠨ ᠠᠵᠤ ᠠᠬᠤᠶ᠋ᠢᠯᠠᠯ᠎ᠤᠨ 《ᠠᠭᠤᠷ ᠠᠮᠢᠰᠬᠤᠯ᠎ᠤᠨ ᠵᠢᠭᠡᠯᠡᠯᠭᠡ》 ᠪᠤᠭᠤᠲᠤ᠌ ᠬᠣᠲᠠ᠎ᠳᠤ ᠨᠠᠢᠳᠠᠪᠤᠷᠢᠵᠢᠭᠳᠠᠪᠠ᠃ ᠥᠪᠥᠷ ᠮᠣᠩᠭᠣᠯ᠎ᠤᠨ ᠶᠠ ᠰᠢᠨ ᠯᠦᠩ ᠱᠦᠨ ᠣᠨᠴᠠᠭᠠᠶ ᠪᠣᠯᠣᠳ ᠲᠡᠮᠦᠷ᠎ᠦᠨ ᠬᠢᠵᠠᠭᠠᠷᠲᠤ᠌ ᠺᠣᠮᠫᠠᠨᠢ ᠠᠭᠤᠷ ᠠᠮᠢᠰᠬᠤᠯ᠎ᠤᠨ ᠨᠥᠬᠥᠷᠰᠡᠭ ᠪᠠᠶ᠋ᠢᠳᠠᠯ᠎ᠤᠨ ᠦᠨᠡᠯᠡᠯᠲᠡ᠎ᠶᠢᠨ ᠦᠷ᠎ᠡ ᠳ᠋ᠦᠩ᠎ᠳᠦ ᠲᠦᠰᠢᠭᠯᠡᠨ᠂ ᠰᠢᠩ ᠶᠧ ᠪᠠᠩᠬᠢ᠎ᠶᠢᠨ ᠪᠤᠭᠤᠲᠤ᠎ᠶᠢᠨ ᠬᠤᠪᠢᠶᠠᠷᠢ ᠪᠠᠩᠬᠢ ᠡᠴᠡ 3.9 ᠳ᠋ᠦᠩᠰᠢᠭᠤᠷ ᠲᠥᠭᠥᠷᠢᠭ᠎ᠦᠨ ᠢᠲᠡᠭᠡᠮᠵᠢ ᠵᠢᠨ ᠵᠢᠭᠡᠯᠡᠯᠭᠡ᠎ᠶᠢ ᠣᠯᠵᠤ᠂ ᠣᠳᠣᠬᠠᠨ᠎ᠤ ᠥᠪᠡᠷᠲᠡᠭᠡᠨ ᠵᠠᠰᠠᠬᠤ ᠣᠷᠣᠨ᠎ᠤ 《ᠠᠭᠤᠷ ᠠᠮᠢᠰᠬᠤᠯ᠎ᠤᠨ ᠵᠢᠭᠡᠯᠡᠯᠭᠡ》 ᠵᠢᠨ ᠳᠠᠩ ᠤᠳᠠᠭᠠᠨ᠎ᠤ ᠵᠣᠭᠣᠰ᠎ᠤᠨ ᠲᠣᠭ᠎ᠠ᠎ᠶᠢᠨ ᠰᠢᠨ᠎ᠡ ᠲᠡᠮᠳᠡᠭᠯᠡᠯ᠎ᠢ ᠡᠭᠦᠳᠦᠭᠰᠡᠨ ᠪᠠᠢᠨ᠎ᠠ᠃
ᠤᠯᠤᠰ᠎ᠤᠨ ᠴᠢᠬᠤᠯᠠ ᠠᠵᠤ ᠦᠢᠯᠡᠳᠪᠦᠷᠢ᠎ᠶᠢᠨ ᠰᠠᠭᠤᠷᠢᠨ ᠪᠣᠯᠤᠭᠰᠠᠨ᠎ᠤ ᠬᠤᠪᠢ᠎ᠳᠤ᠂ ᠪᠤᠭᠤᠲᠤ᠌ ᠬᠣᠲᠠ ᠨᠢ 41 ᠠᠵᠤ ᠦᠢᠯᠡᠳᠪᠦᠷᠢ᠎ᠶᠢᠨ ᠶᠡᠬᠡ ᠲᠥᠷᠥᠯ ᠤᠨ ᠳᠣᠲᠣᠷᠠᠬᠢ 39 ᠵᠢ ᠦᠮᠴᠢᠯᠡᠵᠦ᠂ ᠠᠵᠤ ᠦᠢᠯᠡᠰ᠎ᠦᠨ ᠲᠥᠷᠥᠯ ᠵᠦᠢᠯ ᠨᠢ ᠬᠡᠳᠤᠢᠪᠡᠷ ᠪᠦᠷᠢᠨ ᠭᠦᠶ᠋ᠴᠡᠳ ᠪᠣᠯᠪᠠᠴᠤ᠌᠂ ᠠᠶᠤᠩᠭ᠎ᠠ ᠴᠠᠬᠢᠯᠭᠠᠨ᠂ ᠶᠡᠬᠡ ᠰᠠᠯᠬᠢ ᠵᠡᠷᠭᠡ ᠭᠠᠶ ᠭᠠᠮᠰᠢᠭ᠎ᠤᠨ ᠴᠢᠨᠠᠷᠲᠠᠶ ᠴᠠᠭ ᠠᠭᠤᠷ᠎ᠤᠨ ᠪᠣᠯᠣᠳ ᠲᠡᠮᠦᠷ᠂ ᠬᠣᠪᠣᠷ ᠰᠢᠷᠣᠶ ᠵᠡᠷᠭᠡ ᠲᠤᠯᠭᠠᠭᠤᠷᠢ ᠠᠵᠤ ᠦᠢᠯᠡᠰ᠎ᠦᠨ ᠠᠶᠤᠯᠭᠦᠢ ᠦᠢᠯᠡᠳᠪᠦᠷᠢᠯᠡᠯ ᠳ᠋ᠤ ᠲᠤᠯᠭᠠᠭᠤᠷᠢᠯᠠᠵᠦ ᠪᠠᠶ᠋ᠢᠭ᠎ᠠ ᠬᠠᠲᠠᠭᠤ ᠴᠢᠩᠭ᠎ᠠ ᠰᠢᠯᠭᠠᠯᠳᠠ ᠲᠠᠢ ᠣᠷᠳᠣ ᠬᠤᠭᠤᠴᠠᠭ᠎ᠠ᠎ᠪᠠᠷ ᠨᠢᠭᠤᠷᠯᠠᠵᠦ ᠪᠠᠶ᠋ᠢᠳᠠᠭ᠃
ᠠᠵᠤ ᠠᠬᠤᠶ᠋ᠢᠯᠠᠯ᠎ᠤᠨ 《ᠪᠠᠯᠠ ᠣᠷᠣᠭᠤᠯᠬᠤ ᠳᠤᠷ᠎ᠠ ᠥᠬᠡᠶ᠂ ᠰᠡᠷᠭᠡᠶ᠋ᠢᠯᠡᠬᠦ᠌ ᠳᠤᠷ᠎ᠠ ᠥᠬᠡᠶ》 ᠪᠠᠶ᠋ᠢᠭ᠎ᠠ ᠡᠮᠵᠡᠭ ᠭᠠᠵᠠᠷ᠎ᠲᠤ᠌ ᠴᠢᠭᠯᠡᠭᠦᠯᠦᠨ᠂ ᠪᠤᠭᠤᠲᠤ᠌ ᠬᠣᠲᠠ᠎ᠶᠢᠨ ᠴᠠᠭ ᠠᠭᠤᠷ᠎ᠤᠨ ᠲᠣᠪᠴᠢᠶ᠎ᠠ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠪᠤᠭᠤᠲᠤ᠌ ᠬᠣᠲᠠ᠎ᠶᠢᠨ ᠬᠤᠪᠢᠶᠠᠷᠢ ᠪᠠᠩᠬᠢ᠎ᠲᠠᠶ ᠬᠠᠮᠲᠤᠷᠠᠨ 《ᠪᠤᠭᠤᠲᠤ᠌ ᠬᠣᠲᠠ᠎ᠶᠢᠨ ᠠᠵᠤ ᠦᠢᠯᠡᠳᠪᠦᠷᠢ᠎ᠶᠢᠨ ᠠᠵᠤ ᠠᠬᠤᠶ᠋ᠢᠯᠠᠯ᠎ᠤᠨ ᠠᠭᠤᠷ ᠠᠮᠢᠰᠬᠤᠯ᠎ᠤᠨ ᠨᠥᠬᠥᠷᠰᠡᠭ ᠪᠠᠶ᠋ᠢᠳᠠᠯ᠎ᠢ ᠦᠨᠡᠯᠡᠬᠦ᠌ ᠠᠷᠭ᠎ᠠ (ᠲᠤᠷᠰᠢᠨ ᠬᠡᠷᠡᠭᠵᠢᠭᠦᠯᠬᠦ᠌)》 ᠵᠢ ᠳᠠᠷᠤᠮᠠᠯᠯᠠᠨ ᠲᠠᠷᠬᠠᠭᠠᠵᠤ᠂ ᠪᠠᠶ᠋ᠢᠭᠠᠯᠢ᠎ᠶᠢᠨ ᠭᠠᠮᠰᠢᠭ᠎ᠤᠨ ᠠᠶᠤᠯ ᠲᠦᠭᠰᠢᠭᠦᠷᠢ᠂ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ᠌ ᠴᠢᠳᠠᠪᠤᠷᠢ ᠵᠡᠷᠭᠡ ᠲᠠᠪᠤᠨ ᠲᠠᠯ᠎ᠠ᠎ᠶᠢ ᠬᠠᠮᠤᠷᠤᠭᠰᠠᠨ ᠨᠢᠭᠡᠨ ᠢᠵᠢ ᠬᠡᠮᠵᠢᠶᠡᠵᠢᠭᠦᠯᠦᠨ ᠦᠨᠡᠯᠡᠬᠦ᠌ ᠰᠢᠰᠲ᠋ᠧᠮ᠎ᠢ ᠪᠠᠶ᠋ᠢᠭᠤᠯᠵᠤ᠂ ᠬᠡᠶ᠋ᠢᠰᠪᠦᠷᠢ ᠬᠠᠤᠯᠢ ᠲᠣᠭᠲᠠᠭᠠᠯ᠎ᠤᠨ ᠱᠠᠭᠠᠷᠳᠠᠯᠭ᠎ᠠ᠎ᠶᠢ ᠬᠡᠮᠵᠢᠶᠡᠵᠢᠭᠦᠯᠵᠦ᠍ ᠪᠣᠯᠬᠤ ᠢᠲᠡᠭᠡᠮᠵᠢ᠎ᠶᠢᠨ ᠭᠦᠶ᠋ᠴᠡᠳᠬᠡᠯ ᠲᠣᠭ᠎ᠠ ᠪᠣᠯᠭᠠᠨ ᠬᠤᠪᠢᠷᠠᠭᠤᠯᠵᠠᠢ᠃
ᠪᠤᠭᠤᠲᠤ᠌ ᠬᠣᠲᠠ᠎ᠶᠢᠨ ᠴᠠᠭ ᠠᠭᠤᠷ᠎ᠤᠨ ᠲᠣᠪᠴᠢᠶ᠎ᠠ ᠶᠠ ᠰᠢᠨ ᠯᠦᠩ ᠱᠦᠨ ᠣᠨᠴᠠᠭᠠᠢ ᠪᠣᠯᠣᠳ᠎ᠤᠨ ᠦᠢᠯᠡᠳᠪᠦᠷᠢᠯᠡᠯ᠎ᠦᠨ ᠡᠮᠦᠨ᠎ᠡ ᠹᠷᠣᠨᠲ᠎ᠲᠤ᠌ ᠭᠦᠨᠵᠡᠭᠡᠶ᠋ᠢᠷᠡᠵᠦ᠍᠂ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ᠌ 《9 ᠪᠠᠶ᠋ᠢᠬᠤ》 ᠪᠠᠷᠢᠮᠵᠢᠶ᠎ᠠ᠎ᠲᠠᠶ ᠴᠢᠩᠭ᠎ᠠ ᠬᠠᠷᠢᠴᠠᠭᠤᠯᠵᠤ᠂ ᠬᠠᠷᠢᠭᠤᠴᠠᠯᠭ᠎ᠠ᠎ᠶᠢᠨ ᠰᠢᠰᠲ᠋ᠧᠮ᠂ ᠪᠠᠴᠢᠮ ᠪᠠᠶ᠋ᠢᠳᠠᠯ᠎ᠢ ᠠᠷᠭᠠᠴᠠᠭᠠᠬᠤ ᠪᠡᠯᠡᠳᠬᠡᠯ ᠲᠥᠰᠦᠯ᠎ᠡᠴᠡ ᠬᠢᠨᠠᠨ ᠬᠡᠮᠵᠢᠬᠦ᠌ ᠲᠥᠬᠥᠭᠡᠷᠦᠮᠵᠢ᠂ ᠡᠳ᠋ ᠪᠣᠳᠠᠰ᠎ᠤᠨ ᠪᠠᠲᠤᠯᠠᠭ᠎ᠠ ᠵᠡᠷᠭᠡ ᠲᠠᠯ᠎ᠠ᠎ᠪᠠᠷ ᠵᠤᠢᠯ ᠳᠠᠷᠠᠭᠠᠯᠠᠨ ᠬᠢᠨᠠᠨ ᠰᠢᠯᠭᠠᠬᠤ ᠪᠠ ᠬᠤᠪᠢ ᠥᠭᠴᠦ᠍᠂ ᠡᠴᠦᠰ᠎ᠲᠡᠬᠡᠨ 《ᠠᠭᠤᠷ ᠠᠮᠢᠰᠬᠤᠯ᠎ᠤᠨ ᠨᠥᠬᠥᠷᠰᠡᠭ᠎ᠦᠨ ᠬᠡᠮᠵᠢᠶ᠎ᠡ᠎ᠶᠢᠨ ᠦᠨᠡᠯᠡᠯᠲᠡ᠎ᠶᠢᠨ ᠮᠡᠳᠡᠭᠦᠯᠦᠯᠲᠡ》 ᠵᠢ ᠪᠦᠷᠢᠯᠳᠦᠭᠦᠯᠵᠦ᠍᠂ ᠠᠵᠤ ᠠᠬᠤᠶ᠋ᠢᠯᠠᠯ᠎ᠤᠨ ᠣᠤᠯ᠎ᠤᠨ ᠳᠠᠯᠳᠠ ᠴᠢᠨᠠᠷᠲᠠᠶ ᠠᠮᠤᠷ ᠲᠦᠪᠰᠢᠨ᠎ᠦ ᠬᠠᠮᠢᠶᠠᠷᠤᠯᠲᠠ᠎ᠶᠢᠨ ᠬᠢᠷᠢ ᠬᠡᠮᠵᠢᠶ᠎ᠡ᠎ᠶᠢ ᠢᠯᠡ ᠴᠢᠨᠠᠷᠲᠠᠶ ᠢᠲᠡᠭᠡᠮᠵᠢ᠎ᠶᠢᠨ ᠲᠣᠭ᠎ᠠ ᠪᠠᠷᠢᠮᠲᠠ ᠪᠣᠯᠭᠠᠨ ᠬᠤᠪᠢᠷᠠᠭᠤᠯᠵᠤ᠂ ᠪᠠᠩᠬᠢ᠎ᠶᠢᠨ ᠢᠲᠡᠭᠡᠮᠵᠢ ᠣᠯᠭᠣᠬᠤ ᠲᠣᠭ᠎ᠠ ᠬᠡᠮᠵᠢᠶ᠎ᠡ ᠬᠢᠭᠡᠳ ᠬᠦᠦ ᠮᠥᠩᠭᠥ᠎ᠶᠢᠨ ᠨᠣᠷᠮ᠎ᠠ᠎ᠶᠢᠨ ᠬᠠᠷᠠᠭᠠᠯᠵᠠᠯ᠎ᠢ ᠬᠢᠨᠠᠨ ᠲᠣᠭᠲᠠᠭᠠᠬᠤ᠎ᠶᠢᠨ ᠭᠤᠤᠯ ᠦᠨᠳᠦᠰᠦᠯᠡᠯ ᠪᠣᠯᠭᠠᠵᠤ᠂ 《ᠴᠠᠭ ᠠᠭᠤᠷ᠎ᠤᠨ ᠲᠣᠭ᠎ᠠ ᠪᠠᠷᠢᠮᠲᠠ᠎ᠶᠢ ᠢᠲᠡᠭᠡᠮᠵᠢ᠎ᠶᠢᠨ ᠡᠳ᠋ ᠬᠥᠷᠥᠩᠭᠡ ᠪᠣᠯᠭᠠᠨ ᠬᠤᠪᠢᠷᠠᠭᠤᠯᠬᠤ》 ᠵᠢ ᠦᠨᠡᠨ ᠬᠦ᠌ ᠪᠡᠶᠡᠯᠡᠭᠦᠯᠵᠦ᠍᠂ 《ᠨᠠᠩ ᠠᠮᠤᠷ ᠲᠦᠪᠰᠢᠨ᠂ ᠨᠡᠩ ᠭᠢᠯᠪᠠᠷ ᠪᠠᠯᠠ ᠬᠤᠷᠠᠮᠳᠤᠯᠠᠭ᠎ᠠ》 ᠵᠢᠨ ᠵᠦᠪ ᠴᠢᠭᠯᠡᠯ ᠤᠨ ᠵᠤᠷᠢᠬᠵᠢᠭᠤᠯᠭᠠ ᠵᠢᠨ ᠲᠤᠬᠳᠠᠴᠠ ᠵᠢ ᠠᠩᠬ᠎ᠠ ᠠᠯᠬᠤᠮ ᠪᠦᠷᠢᠯᠳᠦᠭᠦᠯᠦᠭᠰᠡᠨ ᠪᠠᠢᠨ᠎ᠠ᠃