ᠥᠪᠥᠷ ᠮᠣᠩᠭᠣᠯ ᠬᠡᠭᠡᠷ᠎ᠡ ᠵᠢᠨ ᠠᠮᠢᠲᠠᠨ ᠤᠷᠭᠤᠮᠠᠯ ᠢ᠋ ᠬᠠᠮᠠᠭᠠᠯᠠᠬᠤ ᠠᠵᠢᠯ᠎ᠢ ᠪᠠᠢᠷᠢᠯᠠᠭᠤᠯᠵᠠᠢ
2026-07-21 11:14:54
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠣᠢᠷ᠎ᠠ ᠳ᠋ᠤ 2026 ᠣᠨ ᠤ᠋ 2 ᠳ᠋ᠤᠭᠠᠷ ᠲᠣᠭᠠᠲᠤ ᠶᠡᠷᠦᠩᠬᠡᠢ ᠣᠶ ᠰᠢᠭᠤᠢ ᠵᠢᠨ ᠳᠠᠷᠤᠭ᠎ᠠ ᠵᠢᠨ ᠵᠠᠷᠯᠢᠭ ᠢ᠋ ᠨᠡᠢᠲᠡᠯᠡᠵᠦ᠂ ᠣᠶ ᠰᠢᠭᠤᠢ ᠵᠢᠨ ᠳᠠᠷᠤᠭ᠎ᠠ ᠵᠢᠨ ᠬᠠᠷᠢᠭᠤᠴᠠᠯᠭ᠎ᠠ ᠶ᠋ᠢ ᠪᠣᠳᠠᠲᠠᠢᠵᠢᠭᠤᠯᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶ᠋ᠢ ᠪᠣᠳᠠᠲᠠᠢ ᠠᠳᠬᠤᠬᠤ᠂ ᠡᠬᠢ ᠡᠭᠦᠰᠦᠯ ᠡᠴᠡ ᠨᠢ ᠵᠠᠰᠠᠬᠤ ᠶ᠋ᠢ ᠴᠢᠩᠭ᠎ᠠ ᠠᠳᠬᠤᠬᠤ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠶ᠋ᠢ ᠴᠢᠩᠭᠠᠳᠬᠠᠬᠤ ᠵᠡᠷᠭᠡ ᠲᠠᠯ᠎ᠠ᠎ᠪᠠᠷ᠂ ᠰᠢᠪᠠᠭᠤᠨ ᠤ᠋ ᠲᠥᠷᠥᠯ ᠵᠡᠷᠭᠡ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭᠠᠯᠠᠬᠤ ᠠᠵᠢᠯ᠎ᠢ ᠪᠥᠬᠥ ᠲᠠᠯ᠎ᠠ᠎ᠪᠠᠷ ᠴᠢᠩᠭᠠᠳᠬᠠᠬᠤ ᠲᠤᠬᠠᠢ ᠪᠠᠢᠷᠢᠯᠠᠭᠤᠯᠪᠠ᠃

ᠶᠡᠷᠦᠩᠬᠡᠢ ᠣᠶ ᠰᠢᠭᠤᠢ ᠵᠢᠨ ᠳᠠᠷᠤᠭ᠎ᠠ ᠵᠢᠨ ᠵᠠᠷᠯᠢᠭ᠋ ᠲᠤ᠌᠂ ᠡᠯ᠎ᠡ ᠱᠠᠲᠤᠨ ᠤ᠋ ᠣᠶ ᠰᠢᠭᠤᠢ ᠵᠢᠨ ᠳᠠᠷᠤᠭ᠎ᠠ᠎ᠬᠡᠭᠡᠷ᠎ᠡ ᠵᠢᠨ ᠠᠮᠢᠲᠠᠨ᠎ᠢ ᠬᠠᠮᠠᠭᠠᠯᠠᠬᠤ ᠨᠢᠭᠡᠳᠦᠭᠡᠷ ᠬᠠᠷᠢᠭᠤᠴᠠᠯᠭᠠᠲᠠᠨ ᠤ᠋ ᠲᠤᠰᠢᠶᠠᠯ ᠬᠠᠷᠢᠭᠤᠴᠠᠯᠭ᠎ᠠ ᠪᠡᠨ ᠦᠨᠡᠨ ᠬᠦ᠌ ᠭᠦᠢᠴᠡᠳᠬᠡᠵᠦ᠂ ᠴᠢᠬᠤᠯᠠ ᠶᠡᠬᠡ ᠵᠦᠢᠯᠡᠰ᠎ᠢ ᠪᠡᠶ᠎ᠡ᠎ᠪᠡᠷ᠎ᠢᠶᠡᠨ ᠪᠠᠢᠷᠢᠯᠠᠭᠤᠯᠵᠤ᠂ ᠵᠣᠬᠢᠴᠠᠭᠤᠯᠵᠤ᠂ ᠱᠠᠯᠠᠪᠳᠠᠭᠤᠯᠤᠨ ᠰᠢᠢᠳᠪᠦᠷᠢᠯᠡᠭᠦᠯᠬᠦ ᠬᠡᠷᠡᠭᠲᠡᠢ; ᠰᠢᠪᠠᠭᠤᠨ ᠤ᠋ ᠲᠥᠷᠥᠯ ᠵᠡᠷᠭᠡ ᠬᠡᠭᠡᠷ᠎ᠡ ᠵᠢᠨ ᠠᠮᠢᠲᠠᠨ ᠤ᠋ ᠬᠠᠮᠠᠭᠠᠯᠠᠯᠲᠠ ᠶ᠋ᠢ ᠣᠨ ᠤ᠋ ᠠᠵᠢᠯ ᠤ᠋ᠨ ᠠᠮᠵᠢᠯᠲᠠ ᠪᠦᠲᠦᠮᠵᠢ ᠶ᠋ᠢ ᠰᠢᠯᠭᠠᠨ ᠬᠢᠨᠠᠬᠤ ᠳ᠋ᠤ ᠣᠷᠣᠭᠤᠯᠤᠨ᠎ᠠ; 《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠬᠠᠷᠢᠶ᠎ᠠ ᠣᠷᠣᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠡᠬᠢ ᠡᠭᠦᠰᠦᠯ ᠡᠴᠡ ᠨᠢ ᠵᠠᠰᠠᠬᠤ᠂ ᠪᠥᠬᠥ ᠣᠷᠣᠨ ᠪᠦᠰᠡ ᠶ᠋ᠢ ᠪᠦᠷᠬᠦᠭᠦᠯᠬᠦ》 ᠣᠷᠳᠣ᠌ ᠬᠤᠭᠤᠴᠠᠭᠠᠨ ᠤ᠋ ᠪᠦᠲᠦᠮᠵᠢᠲᠡᠶ ᠲᠣᠭᠲᠠᠴᠠ ᠶ᠋ᠢ ᠪᠦᠷᠢᠨᠰᠢᠭᠦᠯᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠵᠢᠯᠤᠭᠣᠳᠴᠤ ᠪᠠᠢᠴᠠᠭᠠᠬᠤ ᠬᠡᠷᠡᠭᠲᠡᠢ ᠭᠡᠵᠤ ᠲᠤᠳᠤᠷᠬᠠᠢᠯᠠᠪᠠ᠃

ᠶᠡᠷᠦᠩᠬᠡᠢ ᠣᠶ᠎ᠰᠢᠭᠤᠢ ᠵᠢᠨ ᠳᠠᠷᠤᠭ᠎ᠠ ᠵᠢᠨ ᠵᠠᠷᠯᠢᠭ᠋ ᠲᠤ᠌᠂ ᠣᠷᠣᠰᠢᠨ ᠠᠮᠢᠳᠤᠷᠠᠬᠤ ᠭᠠᠵᠠᠷ᠂ ᠦᠷᠡᠵᠢᠬᠦ ᠭᠠᠵᠠᠷ᠂ ᠡᠪᠦᠯᠵᠢᠬᠦ ᠭᠠᠵᠠᠷ ᠵᠢᠴᠢ ᠨᠡᠭᠦᠳᠡᠯ᠎ᠦᠨ ᠰᠢᠪᠠᠭᠤ ᠵᠢᠨ ᠨᠢᠰᠦᠯᠲᠡ ᠵᠢᠨ ᠵᠠᠮ ᠵᠡᠷᠭᠡ ᠭᠣᠣᠯᠳᠠᠯᠭ᠎ᠠ᠎ᠲᠠᠢ ᠣᠷᠣᠨ ᠪᠦᠰᠡ ᠳ᠋ᠤ ᠠᠩᠬᠠᠷᠤᠯ ᠵᠢᠡᠨ ᠲᠥᠪᠯᠡᠷᠡᠭᠦᠯᠵᠦ᠂ ᠲᠤᠤᠷᠵᠢᠭ᠍ᠰᠠᠨ ᠬᠠᠮᠢᠶᠠᠷᠤᠯᠲᠠ ᠬᠠᠮᠠᠭᠠᠯᠠᠯᠲᠠ ᠵᠢᠨ ᠨᠢᠭᠡᠴᠢ ᠶ᠋ᠢ ᠰᠢᠨᠵᠢᠯᠡᠬᠦ ᠤᠬᠠᠭᠠᠨᠴᠢ᠎ᠪᠠᠷ ᠵᠠᠭᠠᠭᠯᠠᠨ ᠲᠣᠭᠲᠠᠭᠠᠬᠤ ᠬᠡᠷᠡᠭᠲᠡᠢ; 《ᠰᠤᠷᠲᠠᠯ ᠴᠡᠭᠴᠡᠯᠡᠯᠲᠡ》᠂ 《ᠰᠦᠯᠵᠢᠶᠡᠨ ᠪᠠᠮᠪᠠᠢ》 ᠠᠵᠢᠯᠯᠠᠭ᠎ᠠ ᠪᠠ ᠰᠢᠪᠠᠭᠤᠨ ᠤ᠋ ᠲᠥᠷᠥᠯ᠎ᠢ ᠬᠠᠮᠠᠭᠠᠯᠠᠬᠤ ᠭᠤᠷᠪᠠᠨ ᠵᠢᠯ᠎ᠦᠨ ᠠᠵᠢᠯᠯᠠᠭ᠎ᠠ ᠶ᠋ᠢ ᠪᠠᠢᠩᠭᠤᠵᠢᠭᠤᠯᠤᠨ ᠥᠷᠨᠢᠭᠦᠯᠵᠦ᠂ ᠰᠢᠪᠠᠭᠤ ᠠᠩᠨᠠᠬᠤ ᠡᠯ᠎ᠡ ᠵᠦᠢᠯ ᠤ᠋ᠨ ᠪᠠᠭᠠᠵᠢ ᠬᠡᠷᠡᠭᠰᠡᠯ᠎ᠢ ᠴᠡᠪᠡᠷᠯᠡᠵᠦ ᠴᠡᠭᠴᠡᠯᠡᠨ ᠵᠠᠰᠠᠬᠤ ᠶ᠋ᠢ ᠠᠬᠢᠭᠤᠯᠤᠨ᠎ᠠ; 《 ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠬᠡ ᠬᠠᠭᠤᠷᠠᠢ ᠵᠢᠨ ᠬᠡᠭᠡᠷ᠎ᠡ ᠵᠢᠨ ᠠᠮᠢᠲᠠᠨ ᠤ᠋ ᠬᠥᠨᠥᠭᠡᠯ᠎ᠦᠨ ᠨᠥᠬᠥᠪᠦᠷᠢ ᠥᠭᠬᠦ ᠬᠠᠮᠢᠶᠠᠷᠤᠯᠲᠠ ᠵᠢᠨ ᠠᠷᠭ᠎ᠠ》 ᠶ᠋ᠢ ᠴᠢᠩᠭ᠎ᠠ ᠨᠠᠢᠳᠠᠪᠤᠷᠢᠵᠢᠭᠤᠯᠵᠤ᠂ ᠠᠶᠤᠯ ᠶᠡᠬᠡᠲᠡᠢ ᠣᠷᠣᠨ ᠪᠦᠰᠡ ᠶ᠋ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠬᠤ ᠵᠢᠨ ᠬᠠᠮᠲᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠳ᠋ᠤ ᠣᠷᠣᠭᠤᠯᠤᠨ᠎ᠠ ᠬᠡᠮᠡᠨ ᠱᠠᠭᠠᠷᠳᠠᠪᠠ᠃

ᠶᠡᠷᠦᠩᠬᠡᠢ ᠣᠶ᠎ᠰᠢᠭᠤᠢ ᠵᠢᠨ ᠳᠠᠷᠤᠭ᠎ᠠ ᠵᠢᠨ ᠵᠠᠷᠯᠢᠭ᠋ ᠲᠤ᠌᠂ ᠬᠡᠭᠡᠷ᠎ᠡ ᠵᠢᠨ ᠠᠮᠢᠲᠠᠨ ᠤᠷᠭᠤᠮᠠᠯ ᠳ᠋ᠤ ᠴᠣᠬᠢᠯᠲᠠ ᠥᠭᠬᠦ ᠬᠠᠤᠯᠢ ᠪᠤᠰᠤ ᠠᠷᠠᠯᠵᠢᠶᠠᠨ ᠤ᠋ ᠬᠠᠮᠲᠤᠷᠠᠭᠰᠠᠨ ᠬᠤᠷᠠᠯ ᠤ᠋ᠨ ᠲᠣᠭᠲᠠᠴᠠ ᠵᠢᠨ ᠦᠢᠯᠡᠳᠦᠯ᠎ᠢ ᠪᠠᠳᠠᠷᠠᠭᠤᠯᠵᠤ᠂ ᠣᠶ ᠰᠢᠭᠤᠢ ᠪᠠ ᠨᠤᠲᠤᠭ ᠪᠡᠯᠴᠢᠭᠡᠷ᠂ ᠳᠣᠲᠣᠭᠠᠳᠤ ᠶ᠋ᠢ ᠬᠠᠮᠠᠭᠠᠯᠠᠬᠤ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠰᠢᠤᠳᠠᠨ᠂ ᠰᠦᠯᠵᠢᠶᠡᠨ᠎ᠦ ᠮᠡᠳᠡᠭᠡ ᠵᠠᠩᠭᠢ᠂ ᠲᠠᠷᠢᠶᠠᠯᠠᠩ ᠮᠠᠯ ᠠᠵᠤ ᠠᠬᠤᠢ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠬᠤ ᠶ᠋ᠢ ᠠᠬᠢᠭᠤᠯᠬᠤ ᠬᠡᠷᠡᠭᠲᠡᠢ; ᠪᠠᠷᠢᠬᠤ᠂ ᠲᠡᠭᠡᠭᠡᠪᠦᠷᠢᠯᠡᠬᠦ᠂ ᠬᠤᠳᠠᠯᠳᠤᠬᠤ᠂ ᠢᠳᠡᠬᠦ᠂ ᠲᠡᠵᠢᠭᠡᠬᠦ ᠵᠠᠩᠭᠢᠯᠠᠭ᠎ᠠ ᠵᠢᠨ ᠭᠣᠭᠴᠣᠭ᠎ᠠ ᠶ᠋ᠢ ᠴᠢᠩᠭ᠎ᠠ ᠠᠩᠬᠠᠷᠴᠤ᠂ ᠨᠡᠭᠦᠳᠡᠯ᠎ᠦᠨ ᠰᠢᠪᠠᠭᠤ ᠵᠢᠨ ᠨᠡᠭᠦᠳᠡᠯ ᠤ᠋ᠨ ᠵᠠᠮ ᠳᠠᠭᠠᠤ᠂ ᠪᠠᠢᠭᠠᠯᠢ ᠵᠢᠨ ᠬᠠᠮᠠᠭᠠᠯᠠᠯᠲᠠ ᠵᠢᠨ ᠭᠠᠵᠠᠷ ᠤ᠋ᠨ ᠡᠷᠬᠢᠨ ᠲᠣᠭᠣᠷᠢᠨ᠂ ᠬᠣᠲᠠ ᠬᠥᠳᠡᠭᠡ ᠵᠢᠨ ᠠᠭᠤᠯᠵᠠᠷ ᠭᠠᠵᠠᠷ᠂ ᠴᠡᠴᠡᠭ ᠰᠢᠪᠠᠭᠤᠨ ᠤ᠋ ᠵᠠᠬ᠎ᠠ᠂ ᠲᠠᠷᠢᠶᠠᠯᠠᠩ ᠤ᠋ᠨ ᠠᠷᠠᠯᠵᠢᠶᠠᠨ ᠤ᠋ ᠵᠠᠬ᠎ᠠ᠂ ᠰᠦᠯᠵᠢᠶᠡᠨ᠎ᠦ ᠠᠷᠠᠯᠵᠢᠶᠠᠨ ᠤ᠋ ᠲᠠᠪᠴᠠᠩ ᠵᠡᠷᠭᠡ ᠭᠣᠣᠯᠳᠠᠯᠭ᠎ᠠ᠎ᠲᠠᠢ ᠲᠠᠯᠠᠪᠤᠷ ᠭᠠᠵᠠᠷ ᠲᠤ᠌ ᠪᠠᠢᠩᠭᠤᠵᠢᠭ᠍ᠰᠠᠨ ᠵᠢᠭ᠍ᠰᠠᠭᠠᠨ ᠪᠠᠢᠴᠠᠭᠠᠯᠲᠠ ᠴᠡᠭᠴᠡᠯᠡᠨ ᠵᠠᠰᠠᠯᠲᠠ ᠶ᠋ᠢ ᠥᠷᠨᠢᠭᠦᠯᠦᠨ᠎ᠡ; ᠬᠠᠤᠯᠢ ᠪᠤᠰᠤ᠎ᠪᠠᠷ ᠰᠢᠪᠠᠭᠤ ᠠᠩᠨᠠᠬᠤ᠂ ᠠᠯᠠᠬᠤ᠂ ᠬᠤᠳᠠᠯᠳᠤᠨ ᠠᠪᠬᠤ᠂ ᠲᠡᠭᠡᠭᠡᠪᠦᠷᠢᠯᠡᠬᠦ᠂ ᠬᠤᠳᠠᠯᠳᠤᠬᠤ᠂ ᠢᠳᠡᠬᠦ ᠵᠡᠷᠭᠡ ᠬᠠᠤᠯᠢ᠎ᠡᠴᠡ ᠵᠥᠷᠢᠴᠡᠭᠰᠡᠨ ᠦᠢᠯᠡ ᠠᠵᠢᠯᠯᠠᠭ᠎ᠠ ᠶ᠋ᠢ ᠬᠠᠤᠯᠢ ᠶᠣᠰᠣᠭᠠᠷ ᠴᠢᠩᠭ᠎ᠠ ᠪᠠᠢᠴᠠᠭᠠᠨ ᠰᠢᠢᠳᠪᠦᠷᠢᠯᠡᠵᠦ᠂ ᠬᠠᠤᠯᠢ ᠪᠤᠰᠤ ᠠᠰᠢᠭ᠋ ᠲᠤᠰᠠ ᠵᠢᠨ ᠬᠡᠯᠬᠢᠶ᠎ᠡ ᠶ᠋ᠢ ᠦᠨᠡᠨ ᠬᠦ᠌ ᠲᠠᠰᠤᠯᠤᠨ᠎ᠠ; ᠡᠷᠡᠭᠦᠦ ᠰᠢᠢᠳᠬᠡᠯ᠎ᠢ ᠵᠣᠯᠭᠠᠯᠳᠤᠭᠤᠯᠬᠤ ᠶ᠋ᠢ ᠴᠢᠩᠭᠠᠳᠬᠠᠵᠤ᠂ ᠬᠦᠨᠳᠦ ᠶᠡᠬᠡ ᠬᠡᠷᠡᠭ᠎ᠢ ᠬᠠᠮᠲᠤᠷᠠᠨ ᠱᠠᠯᠠᠪᠳᠠᠭᠤᠯᠤᠨ ᠰᠢᠢᠳᠪᠦᠷᠢᠯᠡᠬᠦ ᠬᠡᠷᠡᠭᠲᠡᠢ ᠭᠡᠵᠤ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号